ᠮᠠᠨ ᠤ ᠬᠤᠰᠢᠭᠤ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ ᠪᠠᠷ ᠢᠳᠡᠰᠢᠨ ᠤ ᠮᠠᠯ ᠤᠨ ᠡᠬᠦᠯᠳᠡᠷ ᠰᠠᠶᠢᠵᠢᠷᠠᠭᠤᠯᠬᠤ ᠬᠡᠷᠡᠭᠯᠡᠬᠡᠨ ᠤ ᠮᠡᠷᠬᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠭᠰᠡᠨ
ᠨᠡᠶᠢᠲᠡᠯᠡᠭᠰᠡᠨ ᠴᠠᠭ᠄
2018-06-15
    ᠰᠢᠨ᠎ᠡ ᠪᠠᠷᠭᠤ ᠵᠡᠬᠦᠨ ᠬᠤᠰᠢᠭᠤᠨ ᠤ ᠰᠤᠷᠭᠠᠨ ᠬᠦᠮᠦᠵᠢᠯ ᠰᠢᠨᠵᠢᠯᠡᠭᠡ ᠮᠡᠷᠬᠡᠵᠢᠯ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠦᠯᠳᠡ ᠶᠢᠨ ᠦᠷᠳᠡᠭᠡ ᠠᠴᠠ ᠲᠠᠭᠠᠭᠠᠴᠢᠯᠠᠨ ᠡᠷᠬᠢᠯᠡᠭᠰᠡᠨ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ ᠪᠠᠷ ᠢᠳᠡᠰᠢᠨ ᠤ ᠮᠠᠯ ᠤᠨ ᠡᠬᠦᠯᠳᠡᠷ ᠰᠠᠶᠢᠵᠢᠷᠠᠭᠤᠯᠬᠤ ᠬᠡᠷᠡᠭᠯᠡᠬᠡᠨ ᠤ ᠮᠡᠷᠬᠡᠵᠢᠯ ᠤᠨ ᠪᠤᠯᠪᠠᠰᠤᠷᠠᠯ ᠤᠨ ᠠᠩᠬᠢ 6 ᠳ᠋ᠤᠭᠠᠷ ᠰᠠᠷᠠᠶᠢᠨ 15᠎ ᠤ ᠡᠳᠦᠷ ᠠᠮᠤᠭᠤᠯᠠᠩ ᠪᠠᠯᠭᠠᠰᠤᠨ ᠎ ᠳᠤ ᠠᠮᠵᠢᠯᠳᠠᠳᠠᠢ ᠶᠠᠪᠤᠭᠳᠠᠵᠦ᠂ ᠬᠤᠰᠢᠭᠤ ᠵᠠᠰᠠᠭ ᠤᠨ ᠤᠷᠳᠤᠨ ᠤ ᠳᠡᠳ᠋ ᠬᠤᠰᠢᠭᠤᠨ ᠲᠠᠷᠤᠭ᠎ᠠ ᠵᠠᠩ ᠯᠢ ᠫᠢᠩ ᠵᠢᠴᠢ ᠬᠤᠰᠢᠭᠤᠨ ᠤ ᠰᠤᠷᠭᠠᠨ ᠬᠦᠮᠦᠵᠢᠯ ᠰᠢᠨᠵᠢᠯᠡᠭᠡ ᠮᠡᠷᠬᠡᠵᠢᠯ ᠤᠨ ᠲᠤᠪᠴᠢᠶ᠎ᠠ᠂ ᠡᠯ᠎ᠡ ᠰᠤᠮᠤ ᠪᠠᠯᠭᠠᠰᠤᠨ ᠤ ᠰᠢᠨᠵᠢᠯᠡᠭᠡ ᠮᠡᠷᠬᠡᠵᠢᠯ ᠢ ᠬᠤᠪᠢᠳᠠᠨ ᠬᠠᠮᠢᠶᠠᠷᠴᠦ ᠪᠠᠶᠢᠭ᠎ᠠ ᠳᠡᠳ᠋ ᠰᠤᠮᠤᠨ ᠲᠠᠷᠤᠭ᠎ᠠ᠂ ᠬᠤᠰᠢᠭᠤᠨ ᠤ ᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠦᠯᠳᠡ ᠶᠢᠨ ᠦᠷᠳᠡᠭᠡ᠂ ᠠᠮᠤᠭᠤᠯᠠᠩ ᠪᠠᠯᠭᠠᠰᠤᠨ ᠤ ᠰᠦᠨ ᠤ ᠦᠬᠡᠷ ᠤᠨ ᠬᠤᠷᠰᠢᠶᠠᠵᠢᠯ ᠤᠨ ᠬᠠᠮᠢᠶᠠᠳᠠᠢ ᠬᠠᠷᠢᠭᠤᠴᠠᠯᠭᠠᠳᠠᠳ ᠪᠤᠯᠪᠠᠰᠤᠷᠠᠯ ᠳᠤ ᠤᠷᠤᠯᠴᠠᠪᠠ᠃
    ᠬᠤᠷᠠᠯ ᠲᠡᠬᠡᠷ᠎ᠡ᠂ ᠵᠠᠩ ᠯᠢ ᠫᠢᠩ ᠶᠠᠷᠢᠶᠠᠨ ᠳᠠᠭᠠᠨ᠄ ᠲᠤᠰ ᠤᠳᠠᠭᠠᠨ ᠤ ᠪᠤᠯᠪᠠᠰᠤᠷᠠᠯ ᠤᠨ ᠵᠤᠷᠢᠯᠭ᠎ᠠ ᠪᠤᠯ ᠤᠳᠤᠬᠢᠴᠢᠯᠠᠭᠰᠠᠨ ᠮᠠᠯ ᠠᠵᠦ ᠠᠬᠤᠢ ᠶᠢᠨ ᠡᠬᠦᠯᠳᠡᠷ ᠪᠤᠶᠢᠵᠢᠭᠤᠯᠬᠤ᠂ ᠲᠡᠵᠢᠬᠡᠨ ᠦᠷᠡᠵᠢᠬᠦᠯᠬᠦ᠂ ᠪᠤᠷᠳᠤᠨ ᠲᠡᠵᠢᠬᠡᠬᠦ᠂ ᠡᠵᠡᠩᠨᠡᠯᠳᠡ ᠬᠠᠮᠢᠶᠠᠷᠤᠯᠳᠠ ᠵᠡᠷᠬᠡ ᠮᠡᠷᠬᠡᠵᠢᠯ ᠮᠡᠳᠡᠯᠬᠡ ᠶᠢᠨ ᠪᠤᠯᠪᠠᠰᠤᠷᠠᠯ ᠦᠷᠨᠢᠬᠦᠯᠬᠦ ᠪᠠᠷ ᠲᠠᠮᠵᠢᠨ᠂ ᠪᠢᠳᠡᠨ ᠤ ᠮᠠᠯ ᠲᠡᠵᠢᠬᠡᠪᠦᠷᠢ ᠲᠡᠵᠢᠬᠡᠨ ᠦᠷᠡᠵᠢᠬᠦᠯᠬᠦ ᠰᠢᠨᠵᠢᠯᠡᠭᠡ ᠮᠡᠷᠬᠡᠵᠢᠯ ᠤᠨ ᠬᠡᠪ ᠪᠤᠯᠪᠠᠰᠤᠷᠠᠯ ᠢ ᠲᠡᠬᠡᠭᠰᠢᠯᠡᠬᠦᠯᠵᠦ᠂ ᠮᠠᠯᠵᠢᠬᠤ ᠦᠢᠯᠡᠳᠪᠤᠷᠢᠯᠡᠯ ᠤᠨ ᠴᠢᠳᠠᠪᠬᠢ ᠶᠢ ᠤᠯᠠᠮ ᠢᠶᠠᠷ ᠲᠡᠬᠡᠭᠰᠢᠯᠡᠬᠦᠯᠦᠨ᠂ ᠮᠠᠯ ᠠᠵᠦ ᠠᠬᠤᠢ ᠶᠢᠨ ᠬᠦᠭᠵᠢᠯᠳᠡ ᠶᠢ ᠠᠬᠢᠭᠤᠯᠵᠦ᠂ ᠤᠳᠤᠬᠢᠴᠢᠯᠠᠭᠰᠠᠨ ᠮᠠᠯ ᠲᠡᠵᠢᠬᠡᠪᠦᠷᠢ ᠶᠢ ᠲᠡᠵᠢᠬᠡᠨ ᠦᠷᠡᠵᠢᠬᠦᠯᠬᠦ ᠮᠡᠳᠡᠯᠬᠡ ᠶᠢ ᠪᠤᠲᠠᠲᠠᠢ ᠦᠢᠯᠡᠳᠪᠤᠷᠢᠯᠡᠯ ᠤᠨ ᠬᠦᠴᠦᠨ ᠪᠤᠯᠭᠠᠨ ᠬᠤᠪᠢᠷᠠᠭᠤᠯᠵᠦ᠂ ᠪᠤᠬᠢᠷᠳᠤᠯ ᠦᠬᠡᠢ ᠤᠷᠭᠠᠨᠢᠭ ᠮᠠᠯ ᠎ ᠤᠨ ᠠᠰᠢᠭ ᠰᠢᠮ᠎ᠡ ᠶᠢᠨ ᠪᠦᠳᠦᠬᠡᠭᠳᠡᠬᠦᠨ ᠶᠢ ᠦᠢᠯᠡᠳᠪᠤᠷᠢᠯᠡᠵᠦ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠂ ᠬᠤᠰᠢᠭᠤᠨ ᠤ ᠮᠠᠯ ᠠᠵᠦ ᠠᠬᠤᠢ ᠶᠢᠨ ᠵᠠᠬ᠎ᠠ ᠲᠡᠯᠬᠡᠬᠦᠷ ᠤᠨ ᠦᠷᠢᠰᠦᠯᠳᠦᠬᠡᠨ ᠤ ᠬᠦᠴᠦᠨ ᠶᠢ ᠲᠡᠬᠡᠭᠰᠢᠯᠡᠬᠦᠯᠬᠦ ᠵᠡᠷᠬᠡ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠬᠤ ᠪᠤᠯᠤᠨ᠎ᠠ᠃ ᠪᠤᠯᠪᠠᠰᠤᠷᠠᠯ ᠳᠤ ᠤᠷᠤᠯᠴᠠᠭᠰᠠᠨ ᠬᠦᠮᠦᠰ ᠨᠢ ᠬᠤᠶᠢᠰᠢᠳᠠ ᠶᠢᠨ ᠦᠢᠯᠡᠳᠪᠤᠷᠢᠯᠡᠯ ᠠᠮᠢᠳᠤᠷᠠᠯ ᠲᠤᠮᠳᠠ ᠪᠠᠨ ᠰᠤᠷᠤᠭᠰᠠᠨ ᠪᠠᠨ ᠦᠢᠯᠡᠳᠦᠯᠬᠡᠵᠢᠬᠦᠯᠵᠦ᠂ ᠰᠢᠨᠵᠢᠯᠡᠬᠦ ᠤᠬᠠᠭᠠᠨᠴᠢ ᠲᠡᠵᠢᠬᠡᠨ ᠦᠷᠡᠵᠢᠬᠦᠯᠬᠦ ᠬᠢᠷᠢ ᠲᠦᠪᠰᠢᠨ ᠶᠢ ᠲᠡᠬᠡᠭᠰᠢᠯᠡᠬᠦᠯᠦᠨ᠂ ᠤᠷᠤᠯᠭ᠎ᠠ ᠪᠠᠨ ᠨᠡᠮᠡᠭᠳᠡᠬᠦᠯᠬᠦ ᠶᠢ ᠬᠦᠰᠡᠵᠦ ᠪᠠᠶᠢᠨ᠎ᠠ ᠬᠡᠵᠡᠢ᠃     ᠪᠤᠯᠪᠠᠰᠤᠷᠠᠯ ᠲᠤᠮᠳᠠ᠂ ᠠᠮᠤᠭᠤᠯᠠᠩ ᠪᠠᠯᠭᠠᠰᠤᠨ ᠤ ᠰᠦᠨ ᠤ ᠦᠬᠡᠷ ᠤᠨ ᠬᠤᠷᠰᠢᠶᠠᠵᠢᠯ ᠤᠨ ᠬᠡᠷᠡᠭ ᠮᠡᠳᠡᠭᠴᠢ ᠶᠢᠨ ᠲᠠᠷᠤᠭ᠎ᠠ᠂ ᠮᠠᠯ ᠠᠵᠦ ᠠᠬᠤᠢ ᠶᠢᠨ ᠲᠤᠰᠬᠠᠢ ᠮᠡᠷᠬᠡᠵᠢᠯᠳᠡᠨ ᠸᠠᠩ ᠵᠢᠶᠠᠨ ᠸᠧᠢ ᠠᠴᠠ ᠤᠯᠠᠨ ᠪᠦᠬᠦᠳᠡ ᠳᠤ ᠮᠢᠬᠠᠨ ᠤ ᠦᠬᠡᠷ᠂ ᠮᠢᠬᠠᠨ ᠤ ᠬᠤᠨᠢᠨ ᠤ ᠡᠬᠦᠯᠳᠡᠷ ᠰᠠᠶᠢᠵᠢᠷᠠᠭᠤᠯᠬᠤ ᠴᠢᠬᠤᠯᠠ ᠴᠢᠨᠠᠷ ᠵᠢᠴᠢ ᠠᠷᠭ᠎ᠠ ᠠᠪᠴᠠᠯ ᠵᠡᠷᠬᠡ ᠶᠢ ᠲᠠᠶᠢᠯᠪᠤᠷᠢᠯᠠᠵᠠᠢ᠃
    ᠦᠢᠯᠠᠠᠭᠠᠭᠰᠠᠨ ᠢᠶᠠᠷ᠂ ᠤᠯᠠᠨ ᠵᠢᠯ ᠤᠨ ᠲᠤᠷᠰᠢ᠂ ᠬᠤᠰᠢᠭᠤᠨ ᠤ ᠰᠤᠷᠭᠠᠨ ᠬᠦᠮᠦᠵᠢᠯ ᠰᠢᠨᠵᠢᠯᠡᠭᠡ ᠮᠡᠷᠬᠡᠵᠢᠯ ᠎ ᠤᠨ ᠲᠤᠪᠴᠢᠶ᠎ᠠ᠂ ᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠦᠯᠳᠡ ᠶᠢᠨ ᠦᠷᠳᠡᠭᠡ ᠨᠢ ︽ᠪᠤᠲᠠᠲᠠᠢ ᠪᠠᠶᠢᠳᠠᠯ᠂ ᠪᠤᠲᠠᠲᠠᠢ ᠬᠡᠷᠡᠭᠯᠡᠭᠡ᠂ ᠪᠤᠲᠠᠲᠠᠢ ᠦᠷ᠎ᠡ ᠠᠰᠢᠭ︾᠎ ᠤᠨ ᠵᠤᠷᠴᠢᠮ ᠢ ᠪᠠᠷᠢᠮᠳᠠᠯᠠᠨ᠂ ᠦᠨᠳᠦᠰᠦᠨ ᠱᠠᠳᠤᠨ ᠳᠤ ᠬᠦᠨᠵᠡᠬᠡᠶᠢᠷᠡᠵᠦ᠂ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠲᠤᠮᠳᠠ ᠤᠷᠤᠰᠢᠵᠦ ᠪᠠᠶᠢᠭ᠎ᠠ ᠪᠤᠲᠠᠲᠠᠢ ᠠᠰᠠᠭᠤᠳᠠᠯ ᠎ ᠳᠤ ᠬᠠᠨᠳᠤᠭᠤᠯᠤᠨ᠂ ᠮᠠᠯᠴᠢᠨ ᠲᠠᠷᠢᠶᠠᠴᠢᠳ ᠤᠨ ᠪᠤᠲᠠᠲᠠᠢ ᠬᠡᠷᠡᠭᠯᠡᠬᠡᠨ ᠤ ᠮᠡᠷᠬᠡᠵᠢᠯ ᠤᠨ ᠪᠤᠯᠪᠠᠰᠤᠷᠠᠯ ᠨᠡᠶᠢᠳᠡ ᠵᠢᠯ ᠪᠦᠷᠢ ᠬᠡᠳᠦᠨ ᠵᠠᠭᠤᠨ ᠬᠦᠮᠦᠨ ᠤᠳᠠᠭᠠᠨ ᠤ ᠪᠤᠯᠪᠠᠰᠤᠷᠠᠯ ᠦᠷᠨᠢᠬᠦᠯᠦᠨ᠂ ᠬᠡᠷ ᠪᠦᠯᠢ ᠶᠢᠨ ᠬᠦᠳᠡᠭᠡ ᠲᠤᠰᠬᠤᠨ ᠤ ᠮᠡᠷᠬᠡᠵᠢᠯᠳᠡᠨ ᠶᠢ ᠪᠤᠶᠢᠵᠢᠭᠤᠯᠬᠤ ᠵᠤᠷᠢᠯᠭ᠎ᠠ ᠳᠤ ᠪᠠᠨ ᠬᠦᠷᠴᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号