ᠦᠪᠡᠷᠳᠡᠭᠡᠨ ᠵᠠᠰᠠᠬᠤ ᠤᠷᠤᠨ ᠤ ︽ᠵᠠᠭᠤᠨ ᠮᠡᠷᠭᠡᠵᠢᠯᠳᠠᠨ ᠠᠶᠢᠮᠠᠭ ᠬᠤᠳᠠ ᠬᠤᠰᠢᠭᠤ ᠰᠢᠶᠠᠨ ᠳᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠵᠢᠯᠡᠬᠦᠯᠬᠦ︾ ᠬᠦᠳᠡᠯᠬᠡᠬᠡᠨ ᠰᠢᠨ᠎ᠡ ᠪᠠᠷᠭᠤ ᠵᠡᠭᠦᠨ ᠬᠤᠰᠢᠭᠤᠨ ᠳᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-06-21
    2018 ᠣᠨ ᠤ ᠦᠪᠤᠷ ᠮᠦᠩᠭᠤᠯ ᠤᠨ ︽ᠵᠠᠭᠤᠨ ᠮᠡᠷᠭᠡᠵᠢᠯᠳᠠᠨ ᠠᠶᠢᠮᠠᠭ ᠬᠤᠳᠠ ᠬᠤᠰᠢᠭᠤ ᠰᠢᠶᠠᠨ ᠳᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠵᠢᠯᠡᠬᠦᠯᠬᠦ ᠤᠨ ᠤ︾ ᠬᠦᠳᠡᠯᠬᠡᠬᠡᠨ ᠤ ᠮᠡᠷᠭᠡᠵᠢᠯᠳᠠᠳ 6 ᠰᠠᠷ᠎ᠠ ᠶᠢᠨ 12᠎ ᠤ ᠡᠳᠤᠷ ᠮᠠᠨ ᠤ ᠬᠤᠰᠢᠭᠤᠨ ᠳᠤ ᠬᠦᠨᠵᠡᠭᠡᠶᠢᠷᠡᠵᠤ᠂ ᠮᠠᠯᠴᠢᠨ ᠲᠦᠮᠡᠨ ᠰᠢᠨᠵᠢᠯᠡᠬᠦ ᠤᠬᠠᠭᠠᠨ ᠲᠦᠭᠡᠮᠵᠢᠯᠡᠬᠦᠯᠬᠦ ᠠᠵᠢᠯᠯᠠᠭ᠎ᠠ ᠦᠷᠨᠢᠬᠦᠯᠪᠡ᠃     ᠠᠵᠢᠯᠯᠠᠭᠠᠨ ᠳᠤ ᠦᠪᠤᠷ ᠮᠤᠩᠭᠤᠯ ᠤᠨ ᠮᠠᠯ ᠤᠨ ᠠᠰᠢᠭ ᠰᠢᠮ᠎ᠡ ᠶᠢᠨ ᠪᠦᠳᠦᠬᠡᠭᠳᠡᠬᠦᠨ ᠶᠢ ᠪᠤᠯᠪᠠᠰᠤᠷᠠᠭᠤᠯᠬᠤ ᠰᠤᠳᠤᠯᠭᠠᠨ ᠤ ᠨᠡᠶᠢᠬᠡᠮᠯᠢᠭ ᠤᠨ ᠳᠡᠳ᠋ ᠬᠡᠷᠡᠭ ᠮᠡᠳᠡᠭᠴᠢ ᠶᠢᠨ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ᠂ ᠳ᠋ᠤᠺᠳᠤᠷ ᠲᠢᠶᠠᠨ ᠵᠢᠶᠠᠨ ᠵᠢᠶᠦ᠋ᠨ ᠠᠴᠠ ᠰᠦᠨ ᠤ ᠵᠦᠢᠯᠡᠰ ᠢ ᠢᠰᠬᠡᠬᠦ᠂ ᠦᠬᠡᠷ ᠤᠨ ᠮᠢᠬ᠎ᠠ ᠪᠤᠯᠪᠠᠰᠤᠷᠠᠭᠤᠯᠬᠤ ᠵᠡᠷᠭᠡ ᠮᠠᠯᠴᠢᠳ ᠲᠤ ᠵᠤᠬᠢᠴᠠᠬᠦ ᠠᠭᠤᠯᠭ᠎ᠠ ᠲᠠᠢ ᠮᠡᠳᠡᠯᠬᠡ ᠢ ᠲᠠᠶᠢᠯᠪᠤᠷᠢᠯᠠᠨ ᠶᠠᠷᠢᠭᠰᠡᠨ ᠪᠠᠶᠢᠨ᠎ᠠ᠃ ᠪᠦᠬᠦ ᠬᠤᠰᠢᠭᠤᠨ ᠤ ᠡᠯ᠎ᠡ ᠰᠤᠮᠤᠨ ᠪᠠᠯᠭᠠᠰᠤᠨ ᠤ ᠬᠤᠶᠠᠷ ᠵᠠᠭᠤᠭᠠᠳ ᠮᠠᠯᠴᠢᠨ ᠲᠤᠰ ᠤᠳᠠᠭᠠᠨ ᠤ ᠠᠵᠢᠯᠯᠠᠭᠠᠨ ᠳᠤ ᠤᠷᠤᠯᠴᠠᠵᠤ ᠬᠢᠴᠢᠶᠠᠯ ᠰᠤᠨᠤᠰᠪᠠ᠃ ᠮᠡᠷᠭᠡᠵᠢᠯᠳᠠᠳ ᠤᠨ ᠪᠦᠯᠬᠦᠮ ᠨᠢ ᠪᠠᠰᠠ ᠠᠮᠤᠭᠤᠯᠠᠩ ᠨᠢᠭᠡᠳᠤᠭᠡᠷ ᠲᠤᠮᠳᠠᠳᠤ ᠰᠤᠷᠭᠠᠭᠤᠯᠢ ᠳᠤ ᠬᠦᠨᠵᠡᠭᠡᠶᠢᠷᠡᠨ ᠪᠠᠭᠰᠢ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠵᠢᠯᠡᠬᠦᠯᠬᠦ ᠶᠢᠨ ᠬᠠᠮᠳᠤ ᠪᠡᠶ᠎ᠡ ᠶᠢᠨ ᠪᠠᠶᠢᠴᠠᠭᠠᠯᠳᠠ ᠬᠢᠵᠤ ᠦᠭᠬᠦᠭᠰᠡᠨ ᠪᠠᠶᠢᠨ᠎ᠠ᠃     ᠤᠶᠢᠯᠭᠠᠭᠰᠠᠨ ᠢᠶᠠᠷ᠂ ᠲᠤᠰ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ ︽ᠲᠦᠮᠡᠨ ᠨᠡᠷᠡᠰ ᠮᠡᠷᠭᠡᠵᠢᠯᠳᠠᠨ ᠦᠨᠳᠤᠰᠤᠨ ᠱᠠᠳᠤᠨ ᠳᠤ ᠤᠶᠢᠯᠡᠴᠢᠯᠡᠬᠦ︾ ᠬᠦᠳᠡᠯᠬᠡᠬᠡᠨ ᠤ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠬᠤ ᠶᠢᠨ ᠲᠤᠰᠠᠳᠠ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ︽ᠵᠠᠭᠤᠨ ᠮᠡᠷᠭᠡᠵᠢᠯᠳᠠᠨ ᠠᠶᠢᠮᠠᠭ ᠬᠤᠳᠠ ᠬᠤᠰᠢᠭᠤ ᠰᠢᠶᠠᠨ ᠳᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠵᠢᠯᠡᠬᠦᠯᠬᠦ ᠤᠨ︾᠎ ᠤ ᠬᠦᠳᠡᠯᠬᠡᠬᠡᠨ ᠢ ᠵᠤᠬᠢᠶᠠᠨ ᠪᠠᠶᠢᠭᠤᠯᠵᠤ᠂ ᠦᠨᠳᠤᠰᠤᠨ ᠱᠠᠳᠤᠨ ᠳᠤ ᠤᠶᠢᠯᠡᠴᠢᠯᠠᠵᠤ᠂ ᠰᠢᠨᠵᠢᠯᠡᠬᠦ ᠤᠬᠠᠭᠠᠨ ᠢ ᠲᠦᠭᠡᠮᠵᠢᠯᠡᠬᠦᠯᠵᠤ᠂ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠪᠦᠬᠦ ᠠᠷᠠᠳ ᠤᠨ ᠰᠢᠨᠵᠢᠯᠡᠬᠦ ᠮᠡᠷᠭᠡᠵᠢᠯ ᠤᠨ ᠬᠢᠷᠢ ᠬᠡᠮᠵᠢᠶ᠎ᠡ ᠶᠢ ᠲᠡᠭᠡᠭᠰᠢᠯᠡᠬᠦᠯᠬᠦ ᠳᠤ ᠬᠦᠴᠤ ᠨᠡᠮᠡᠷᠢᠯᠡᠵᠤ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号