ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠎ ᠶᠢᠨ ᠵᠦᠪᠯᠡᠯ ᠤᠨ ᠱᠦᠵᠢ ᠴᠠᠩ ᠴᠢᠩ ᠮᠠᠨ ᠤ ᠬᠤᠰᠢᠭᠤᠨ ᠳᠤ ᠢᠷᠡᠵᠦ ᠠᠵᠢᠯ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2018-06-25
    6 ᠳ᠋ᠤᠭᠠᠷ ᠰᠠᠷᠠᠶᠢᠨ 22᠎ ᠤ ᠡᠳᠦᠷ ᠠᠴᠠ 23᠎ ᠤ ᠡᠳᠦᠷ ᠪᠤᠯᠳᠠᠯ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠴᠠᠩ ᠴᠢᠩ ᠵᠡᠷᠬᠡ ᠤᠳᠤᠷᠢᠳᠤᠯᠭ᠎ᠠ ᠮᠠᠨ ᠤ ᠬᠤᠰᠢᠭᠤᠨ ᠳᠤ ᠢᠷᠡᠵᠦ᠂ ᠠᠵᠦ ᠠᠬᠤᠶᠢᠯᠠᠯ ᠢᠶᠠᠷ ᠬᠦᠷᠴᠦ᠂ ᠭᠠᠴᠠᠭ᠎ᠠ ᠪᠠᠷ ᠪᠠᠭᠤᠨ᠂ ᠡᠷᠦᠬᠡ ᠪᠠᠷ ᠬᠦᠨᠵᠡᠬᠡᠶᠢᠷᠡᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ᠂ ᠨᠠᠮ ᠤᠨ ᠪᠠᠶᠢᠭᠤᠯᠤᠯᠳᠠ ᠶᠢᠨ ᠠᠵᠢᠯ᠂ ᠠᠷᠠᠳ ᠤᠨ ᠲᠤᠮᠳᠠᠬᠢ ᠦᠨᠳᠦᠷ ᠬᠦᠤ ᠲᠠᠢ ᠵᠢᠬᠡᠯᠡᠯᠬᠡ ᠶᠢ ᠬᠤᠷᠢᠭᠯᠠᠨ ᠡᠵᠡᠮᠳᠡᠬᠦ᠂ ᠵᠠᠬᠢᠳᠠᠯ ᠰᠤᠷᠪᠤᠯᠵᠢᠯᠭ᠎ᠠ ᠲᠤᠭᠳᠠᠭᠤᠨ ᠢ ᠬᠠᠮᠠᠭᠠᠯᠬᠤ ᠵᠡᠷᠬᠡ ᠠᠵᠢᠯ ᠳᠤ ᠪᠠᠶᠢᠴᠠᠭᠠᠨ ᠵᠢᠯᠤᠭᠤᠳᠤᠯᠭ᠎ᠠ ᠶᠠᠪᠤᠭᠤᠯᠵᠠᠢ᠃ ᠬᠤᠰᠢᠭᠤᠨ ᠤ ᠤᠳᠤᠷᠢᠳᠤᠯᠭ᠎ᠠ ᠬᠠᠢ ᠴᠢᠩ᠂ ᠼᠤᠤ ᠹᠧᠩ ᠴᠦᠨ᠂ ᠡᠤ ᠰᠢᠦᠸᠧᠢ ᠶᠥᠩ᠂ ᠴᠢ ᠱᠠᠨ ᠵᠢᠶᠠᠨ᠂ ᠭᠧᠩ ᠬᠤᠤ᠂ ᠵᠠᠩ᠂ ᠮᠠᠨᠳᠠ ᠨᠠᠷ ᠪᠠᠷ᠎ᠠ ᠪᠤᠯᠤᠯᠴᠠᠪᠠ᠃     6 ᠰᠠᠷᠠᠶᠢᠨ 22᠎ ᠤ ᠡᠳᠦᠷ᠂ ᠴᠠᠩ ᠴᠢᠩ ᠵᠡᠷᠬᠡ ᠤᠳᠤᠷᠢᠳᠤᠯᠭ᠎ᠠ ᠤᠯᠠᠠᠨᠠᠭᠤᠷ ᠭᠠᠴᠠᠭᠠᠨ ᠤ ᠮᠠᠯᠴᠢᠨ ᠠᠶᠢᠯ ᠎ ᠤᠨ ᠵᠤᠭᠠᠴᠠᠯ ᠡᠷᠬᠢᠯᠡᠵᠦ ᠪᠠᠶᠢᠭ᠎ᠠ ᠤᠳᠤᠨᠪᠠᠷᠰ ᠪᠠ ᠬᠦᠬᠡ ᠲᠦᠯᠦ ᠮᠠᠯᠴᠢᠨ ᠠᠶᠢᠯ ᠤᠨ ᠵᠤᠭᠠᠴᠠᠯ ᠪᠦᠷᠢᠨ ᠤ ᠬᠢ ᠎ ᠪᠠᠷ ᠬᠦᠷᠴᠦ᠂ ᠲᠡᠳᠡᠨᠦᠰ ᠤᠨ ᠭᠤᠤᠯ ᠡᠵᠡᠩᠨᠡᠯᠳᠡ ᠶᠢᠨ ᠲᠦᠷᠦᠯ ᠵᠦᠢᠯ᠂ ᠤᠨᠴᠠᠯᠢᠭᠳᠦ ᠵᠢᠭᠤᠯᠴᠢᠯᠠᠯ ᠤᠨ ᠦᠵᠡᠮᠵᠢ ᠵᠡᠷᠬᠡ ᠦᠨᠳᠦᠰᠦᠨ ᠪᠠᠶᠢᠳᠠᠯ ᠢ ᠨᠠᠷᠢᠯᠢᠭ ᠠᠰᠠᠭᠤᠨ ᠦᠢᠯᠠᠭᠠᠵᠠᠢ᠃ ᠴᠠᠩ ᠴᠢᠩ ᠠᠴᠠ ᠲᠡᠳᠡᠨᠦᠰ ᠤᠨ ᠤᠳᠤᠬᠢ ᠬᠠᠨᠳᠤᠰᠢ ᠪᠠᠶᠢᠳᠠᠯ ᠳᠤ ᠵᠤᠬᠢᠴᠠᠨ᠂ ᠦᠨᠳᠦᠰᠦᠳᠡᠨ ᠤ ᠤᠨᠴᠠᠯᠢᠭᠳᠦ ᠮᠠᠯᠴᠢᠨ ᠠᠶᠢᠯ ᠤᠨ ᠵᠤᠭᠠᠴᠠᠯ ᠡᠷᠬᠢᠯᠡᠨ ᠤᠷᠤᠯᠭ᠎ᠠ ᠪᠠᠨ ᠨᠡᠮᠡᠭᠳᠡᠬᠦᠯᠵᠦ ᠪᠠᠶᠢᠭ᠎ᠠ ᠳᠤ ᠬᠦᠢᠴᠡᠳ ᠦᠨᠡᠯᠡᠯᠳᠡ ᠦᠭᠴᠦ᠂ ᠵᠢᠭᠠᠬᠤ ᠳᠠᠭᠠᠨ᠄ ᠬᠠᠮᠢᠶᠠᠳᠠᠢ ᠰᠠᠯᠠᠭ᠎ᠠ ᠮᠦᠴᠢᠷ ᠨᠢ ᠮᠠᠯᠴᠢᠨ ᠠᠶᠢᠯ ᠤᠨ ᠵᠤᠭᠠᠴᠠᠯ ᠤᠨ ᠲᠦᠷᠢᠮᠵᠢᠬᠦᠨ ᠬᠦᠭᠵᠢᠯᠳᠡ ᠲᠠᠢ ᠪᠤᠯᠬᠤ ᠶᠢ ᠲᠠᠶᠢᠴᠢᠯᠠᠨ ᠬᠠᠪᠰᠤᠷᠴᠦ᠂ ᠭᠠᠵᠠᠷ ᠤᠷᠤᠨ ᠤ ᠪᠤᠲᠠᠲᠠᠢ ᠪᠠᠶᠢᠳᠠᠯ ᠳᠤ ᠵᠤᠬᠢᠴᠠᠭᠤᠯᠤᠨ᠂ ᠵᠢᠭᠤᠯᠴᠢᠯᠠᠯ ᠤᠨ ᠪᠦᠳᠦᠬᠡᠭᠳᠡᠬᠦᠨ ᠤ ᠲᠦᠷᠦᠯ ᠢ ᠪᠠᠶᠠᠯᠢᠭᠵᠢᠭᠤᠯᠵᠦ᠂ ᠤᠯᠠᠨ ᠠᠵᠦ ᠦᠢᠯᠡᠰ ᠤᠨ ᠬᠡᠯᠬᠢᠶᠡᠵᠢᠯ ᠤᠨ ᠬᠠᠮᠳᠤ ᠶᠢᠨ ᠬᠦᠭᠵᠢᠯᠳᠡ ᠶᠢ ᠠᠬᠢᠭᠤᠯᠤᠨ᠂ ᠦᠨᠳᠦᠰᠦᠳᠡᠨ ᠤ ᠰᠤᠶᠤᠯ ᠤᠨ ᠤᠯᠠᠮᠵᠢᠯᠠᠯ ᠪᠠ ᠮᠠᠯᠴᠢᠨ ᠠᠶᠢᠯ ᠤᠨ ᠵᠢᠭᠤᠯᠴᠢᠯᠠᠯ ᠎ ᠤᠨ ᠡᠵᠡᠩᠨᠡᠯᠳᠡ ᠶᠢ ᠬᠠᠷᠢᠯᠴᠠᠨ ᠤᠶᠠᠯᠳᠤᠭᠤᠯᠬᠤ  ᠎ ᠶᠢ ᠵᠤᠷᠢᠬᠤ ᠶᠢᠨ ᠬᠠᠮᠳᠤ ᠨᠡᠯᠢᠶᠡᠳ ᠲᠡᠬᠦᠯᠳᠡᠷᠵᠢᠭᠰᠡᠨ ᠮᠠᠯᠴᠢᠨ ᠠᠶᠢᠯ ᠤᠨ ᠵᠤᠭᠠᠴᠠᠯ ᠢ ᠬᠦᠴᠦ ᠲᠠᠯᠪᠢᠨ ᠲᠡᠮᠵᠢᠵᠦ᠂ ᠲᠠᠭᠤᠷᠢᠶᠠᠯ ᠦᠵᠡᠬᠦᠯᠦᠨ ᠲᠠᠶᠢᠴᠢᠯᠠᠬᠤ ᠪᠠᠷ ᠲᠠᠮᠵᠢᠨ ᠮᠠᠯᠴᠢᠨ ᠲᠦᠮᠡᠨ ᠤ ᠬᠠᠮᠳᠤᠪᠠᠷ ᠴᠢᠨᠡᠬᠡᠯᠢᠭᠵᠢᠬᠦ ᠶᠢ ᠲᠠᠶᠢᠴᠢᠯᠠᠬᠤ ᠬᠡᠷᠡᠭᠳᠡᠢ ᠬᠡᠪᠡ᠃
    ᠵᠠᠯᠭᠠᠭᠠᠳ᠂ ᠴᠠᠩ ᠴᠢᠩ ᠨᠠᠷ ᠠᠮᠤᠭᠤᠯᠠᠩ ᠪᠠᠯᠭᠠᠰᠤᠨ ᠤ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠬᠤ ᠦᠵᠡᠬᠦᠯᠬᠡ ᠶᠢᠨ ᠲᠢᠩᠬᠢᠮ ᠢᠶᠠᠷ ᠬᠦᠷᠴᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠬᠦᠳᠦᠨ ᠪᠠᠶᠢᠭᠤᠯᠬᠤ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠬᠤ ᠶᠢᠨ ᠬᠠᠮᠳᠤ ᠮᠠᠯᠴᠢᠳ ᠤᠨ ᠭᠠᠷ ᠤᠷᠠᠯᠠᠯ ᠤᠨ ᠪᠦᠳᠦᠬᠡᠭᠳᠡᠬᠦᠨ ᠤ ᠲᠡᠯᠬᠡᠨ ᠦᠵᠡᠬᠦᠯᠬᠡ ᠶᠢ ᠰᠤᠨᠢᠷᠬᠠᠵᠠᠢ᠃ ᠴᠠᠩ ᠴᠢᠩ ᠵᠢᠭᠠᠬᠤ ᠳᠠᠭᠠᠨ᠄ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠬᠤ ᠠᠵᠢᠯᠯᠠᠭ᠎ᠠ ᠪᠤᠯ ᠨᠢᠬᠡ ᠲᠦᠷᠦᠯ ᠤᠨ ᠤᠷᠳᠤ ᠬᠤᠭᠤᠴᠠᠭᠠᠳᠤ ᠴᠢᠨᠠᠷᠳᠠᠢ ᠡᠬᠦᠷᠬᠡ᠂ ᠰᠢᠰᠲ᠋ᠧᠮ ᠲᠠᠢ ᠢᠨᠵᠧᠨᠧᠷᠢᠩ ᠪᠠᠶᠢᠵᠦ᠂ ᠠᠵᠢᠯ ᠤᠨ ᠲᠤᠭᠳᠠᠴᠠ ᠶᠢ ᠲᠡᠬᠦᠯᠳᠡᠷᠵᠢᠬᠦᠯᠦᠨ᠂ ᠡᠬᠦᠳᠦᠨ ᠪᠠᠶᠢᠭᠤᠯᠬᠤ ᠠᠵᠢᠯ ᠢ ᠪᠠᠶᠢᠩᠭᠤᠵᠢᠭᠰᠠᠨ ᠬᠠᠮᠢᠶᠠᠷᠤᠯᠳᠠ ᠲᠤᠮᠳᠠ ᠤᠷᠤᠭᠤᠯᠵᠦ᠂ ᠡᠬᠦᠳᠦᠨ ᠪᠠᠶᠢᠭᠤᠯᠬᠤ ᠠᠵᠢᠯ ᠢᠶᠠᠷ ᠲᠠᠮᠵᠢᠨ ᠠᠷᠠᠳ ᠤᠨ ᠠᠮᠢᠳᠤᠷᠠᠯ ᠤᠨ ᠴᠢᠨᠡᠬᠡᠯᠢᠭᠵᠢᠯ ᠢ ᠨᠡᠮᠡᠭᠳᠡᠬᠦᠯᠬᠦ ᠬᠡᠷᠡᠭᠳᠡᠢ ᠬᠡᠰᠡᠨ ᠪᠠᠶᠢᠨ᠎ᠠ᠃     ᠮᠤᠩᠭᠤᠯ ᠢᠶᠠᠷ ᠤᠷᠴᠢᠭᠤᠯᠤᠨ ᠦᠢᠯᠡᠳᠬᠦ ᠰᠠᠭᠤᠷᠢᠨ ᠭᠠᠵᠠᠷ ᠪᠠ ︽ᠤᠶᠤᠨᠴᠢ ᠮᠠᠯᠵᠢᠬᠤ ᠤᠷᠤᠨ︾᠎ ᠤ ᠲᠦᠷᠦᠯ ᠵᠦᠢᠯ ᠤᠨ ᠤᠶᠤᠨᠴᠢ ᠲᠦᠪ ᠲᠤ ᠴᠠᠩ ᠴᠢᠩ ᠬᠠᠷᠢᠭᠤ ᠮᠡᠳᠡᠬᠦᠯᠦᠯᠳᠡ ᠰᠤᠨᠤᠰᠬᠤ᠂ ᠤᠬᠠᠭᠤᠯᠭ᠎ᠠ ᠶᠢᠨ ᠹᠢᠯᠢᠮ ᠰᠤᠨᠢᠷᠬᠠᠬᠤ ᠵᠡᠷᠬᠡ ᠬᠡᠯᠪᠡᠷᠢ ᠪᠠᠷ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠦᠷᠨᠢᠯᠳᠡ ᠶᠢᠨ ᠪᠠᠶᠢᠳᠠᠯ ᠢ ᠬᠦᠨᠵᠡᠬᠡᠢ ᠦᠢᠯᠠᠭᠠᠵᠦ᠂  ᠤᠷᠴᠢᠭᠤᠯᠤᠨ ᠦᠢᠯᠡᠳᠬᠦ ᠰᠠᠭᠤᠷᠢᠨ ᠭᠠᠵᠠᠷ ᠪᠠ ︽ᠤᠶᠤᠨᠴᠢ ᠮᠠᠯᠵᠢᠬᠤ ᠤᠷᠤᠨ︾᠎ ᠤ ᠲᠠᠪᠴᠠᠩ ᠢ ᠠᠰᠢᠭᠯᠠᠨ᠂ ᠨᠠᠮ ᠤᠨ ᠪᠠᠶᠢᠭᠤᠯᠤᠯᠳᠠ ᠶᠢᠨ ᠠᠵᠢᠯ ᠤᠨ ᠰᠤᠷᠤᠯᠴᠠᠯᠭ᠎ᠠ ᠬᠦᠮᠦᠵᠢᠯ ᠤᠨ ᠬᠠᠮᠢᠶᠠᠷᠤᠯᠳᠠ ᠶᠢᠨ ᠬᠡᠯᠪᠡᠷᠢ ᠶᠢ ᠰᠢᠨᠡᠴᠢᠯᠡᠵᠦ᠂ ︽ᠤᠶᠤᠨᠴᠢ ᠨᠠᠮ ᠤᠨ ᠪᠠᠶᠢᠭᠤᠯᠤᠯᠳᠠ︾᠎ ᠶᠢ ᠡᠬᠦᠳᠦᠨ ᠪᠠᠶᠢᠭᠤᠯᠵᠦ᠂ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨᠵᠢᠯᠡᠬᠦ ᠤᠬᠠᠭᠠᠨᠴᠢ ᠬᠢᠷᠢ ᠲᠦᠪᠰᠢᠨ ᠶᠢ ᠲᠡᠬᠡᠭᠰᠢᠯᠡᠬᠦᠯᠬᠦ ᠶᠢ ᠱᠠᠭᠠᠷᠳᠠᠵᠠᠢ᠃     ᠶᠠᠳᠠᠭᠤ ᠶᠢ ᠲᠡᠳᠬᠦᠬᠦ ᠲᠤᠯᠤᠭᠠᠶᠢᠯᠠᠭᠴᠢ ᠠᠵᠦ ᠠᠬᠤᠶᠢᠯᠠᠯ ᠪᠤᠯᠬᠤ ᠾᠧ ᠮᠤ᠋ ᠶᠠᠩ ᠭᠤᠸᠠᠩ ᠠᠮᠢ ᠠᠬᠤᠢ ᠎ ᠶᠢᠨ ᠲᠠᠷᠢᠶᠠᠯᠠᠩ ᠤᠨ ᠦᠢᠯᠡᠰ ᠤᠨ ᠬᠢᠵᠠᠭᠠᠷᠳᠦ ᠺᠤᠮᠫᠠᠨᠢ ᠳᠤ ᠴᠠᠩ ᠴᠢᠩ ᠠᠵᠦ ᠠᠬᠤᠶᠢᠯᠠᠯ ᠤᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠲᠤᠮᠳᠠ ᠲᠤᠯᠤᠭᠠᠶᠢᠯᠠᠭᠴᠢ ᠠᠵᠦ ᠠᠬᠤᠶᠢᠯᠠᠯ ᠤᠨ ᠶᠠᠳᠠᠭᠤ ᠶᠢ ᠲᠡᠳᠬᠦᠵᠦ ᠬᠠᠪᠰᠤᠷᠤᠨ ᠲᠠᠶᠢᠴᠢᠯᠠᠬᠤ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠬᠤ ᠶᠢᠨ ᠬᠠᠮᠳᠤ ᠬᠠᠮᠢᠶᠠᠳᠠᠢ ᠬᠠᠷᠢᠭᠤᠴᠠᠯᠭᠠᠳᠠᠳ ᠲᠠᠢ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠰᠠᠨᠠᠯ ᠎ ᠢᠶᠠᠨ ᠰᠤᠯᠢᠯᠴᠠᠵᠠᠢ᠃ ᠴᠠᠩ ᠴᠢᠩ ᠪᠠᠰᠠ ᠭᠠᠨᠵᠤᠤᠷ ᠰᠤᠮᠤᠨ ᠤ ᠠᠮᠢᠳᠤᠷᠠᠯ ᠬᠦᠴᠢᠷᠳᠡᠢ ᠡᠷᠦᠬᠡ ᠪᠠ ᠬᠠᠨᠳᠠᠭᠠᠢ ᠰᠤᠮᠤᠨ ᠤ ᠨᠢᠬᠡᠨᠳᠡ ᠶᠠᠳᠠᠭᠤ ᠠᠴᠠ ᠠᠩᠬᠢᠵᠢᠷᠠᠭᠰᠠᠨ ᠡᠷᠦᠬᠡ ᠪᠠᠷ ᠬᠦᠷᠴᠦ᠂ ᠪᠤᠯᠭᠤᠭᠠᠨ ᠲᠤᠬᠤᠨᠢᠭᠤᠯᠵᠦ᠂ ᠲᠡᠳᠡᠨᠦᠰ ᠤᠨ ᠬᠡᠷ ᠪᠦᠯᠢ ᠶᠢᠨ ᠬᠡᠰᠢᠬᠦᠨ᠂ ᠶᠠᠳᠠᠷᠠᠭᠤᠷᠠᠭᠰᠠᠨ ᠰᠢᠯᠳᠠᠭᠠᠨ᠂ ᠤᠷᠤᠯᠭ᠎ᠠ ᠶᠢᠨ ᠢᠷᠡᠯᠳᠡ ᠵᠡᠷᠬᠡ ᠪᠠᠶᠢᠳᠠᠯ ᠵᠢᠴᠢ ᠭᠠᠴᠠᠭᠠᠨ ᠤ ᠨᠢᠬᠡᠳᠦᠬᠡᠷ ᠱᠦᠵᠢ ᠶᠢᠨ ᠶᠠᠳᠠᠭᠤ ᠶᠢ ᠲᠡᠳᠬᠦᠵᠦ ᠪᠠᠶᠢᠭ᠎ᠠ ᠠᠵᠢᠯ ᠤᠨ ᠪᠠᠶᠢᠳᠠᠯ ᠢ ᠨᠠᠷᠢᠯᠢᠭ ᠠᠰᠠᠭᠤᠨ ᠦᠢᠯᠠᠭᠠᠵᠠᠢ᠃ ᠪᠠᠶᠢᠴᠠᠭᠠᠯᠳᠠ ᠲᠤᠮᠳᠠ᠂ ᠶᠠᠳᠠᠭᠤ ᠠᠴᠠ ᠠᠩᠬᠢᠵᠢᠷᠠᠭᠰᠠᠨ ᠡᠷᠦᠬᠡ ᠪᠠᠳᠮᠠᠴᠤᠭᠳᠤ ᠶᠢᠨ ᠬᠢᠨ ᠮᠠᠯ ᠠᠵᠦ ᠠᠬᠤᠢ ᠪᠠᠨ ᠴᠢᠷᠮᠠᠶᠢᠨ ᠬᠦᠭᠵᠢᠬᠦᠯᠬᠦ ᠶᠢᠨ ᠵᠡᠷᠬᠡᠪᠡᠷ ᠡᠯᠺᠲ᠋ᠧᠷᠦᠨ ᠬᠤᠳᠠᠯᠳᠤᠭᠠᠨ ᠤ ᠲᠠᠪᠴᠠᠩ ᠢ ᠠᠰᠢᠭᠯᠠᠨ᠂ ᠦᠨᠳᠦᠰᠦᠳᠡᠨ ᠤ ᠭᠠᠷ ᠤᠷᠠᠯᠠᠯ ᠤᠨ ᠪᠦᠳᠦᠬᠡᠭᠳᠡᠬᠦᠨ ᠢᠶᠠᠨ ᠪᠤᠷᠤᠯᠠᠭᠤᠯᠵᠦ ᠪᠠᠶᠢᠭ᠎ᠠ ᠶᠢ ᠦᠢᠯᠭᠠᠭᠠᠳ ᠴᠠᠩ ᠴᠢᠩ ᠲᠡᠳᠡᠨ ᠤ ᠢᠳᠡᠪᠬᠢᠳᠡᠢ ᠰᠡᠳᠬᠢᠨ᠂ ᠵᠤᠷᠢᠭᠳᠠᠢ ᠴᠢᠷᠮᠠᠶᠢᠨ ᠤᠷᠤᠭᠰᠢᠯᠠᠵᠦ ᠪᠠᠶᠢᠭ᠎ᠠ ᠳᠤ ᠦᠨᠳᠦᠷ ᠦᠨᠡᠯᠡᠯᠳᠡ ᠦᠭᠪᠡ᠃ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠴᠠᠩ ᠴᠢᠩ ᠪᠠᠰᠠ ᠬᠠᠨᠳᠠᠭᠠᠢ ᠰᠤᠮᠤᠨ ᠤ ᠨᠤᠮᠤᠬᠠᠨᠪᠦ᠋ᠷᠢᠳᠦ ᠎ ᠶᠢᠨ ᠬᠢᠯᠢ ᠶᠢᠨ ᠬᠠᠮᠠᠭᠠᠯᠠᠯᠳᠠ ᠶᠢᠨ ᠲᠤᠮᠢᠯᠠᠭᠰᠠᠨ ᠰᠠᠯᠪᠤᠷᠢ᠂ ᠬᠠᠨᠳᠠᠭᠠᠢ ᠭᠠᠴᠠᠭᠠᠨ ᠤ ᠲᠡᠵᠢᠬᠡᠨ ᠦᠷᠡᠵᠢᠬᠦᠯᠬᠦ ᠰᠢᠨ᠎ᠡ ᠲᠤᠭᠤᠷᠢᠭ᠂ ᠡᠪᠦᠳᠦᠭ ᠪᠤᠭᠤᠮᠳᠠ ᠵᠡᠷᠬᠡ ᠭᠠᠵᠠᠷ ᠤᠳ ᠢᠶᠠᠷ ᠬᠦᠷᠴᠦ᠂ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ ᠪᠠ ᠪᠤᠭᠤᠮᠳᠠ ᠶᠢᠨ ᠠᠵᠦ ᠠᠬᠤᠢ ᠶᠢᠨ ᠠᠵᠢᠯ ᠤᠨ ᠦᠷᠨᠢᠯᠳᠡ ᠶᠢᠨ ᠠᠵᠢᠯ ᠢ ᠪᠦᠬᠦ ᠲᠠᠯ᠎ᠠ ᠪᠠᠷ ᠦᠢᠯᠠᠭᠠᠪᠠ᠃     6 ᠳ᠋ᠤᠭᠠᠷ ᠰᠠᠷᠠᠶᠢᠨ 23᠎ ᠤ ᠡᠳᠦᠷ ᠮᠠᠨ ᠤ ᠬᠤᠰᠢᠭᠤ ᠬᠠᠷᠢᠭᠤ ᠮᠡᠳᠡᠬᠦᠯᠦᠯᠳᠡ ᠶᠢᠨ ᠬᠤᠷᠠᠯ ᠬᠤᠷᠠᠯᠳᠤᠭᠤᠯᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠲᠠᠷᠤᠭ᠎ᠠ ᠬᠠᠢ ᠴᠢᠩ ᠠᠴᠠ ᠭᠤᠷᠪᠠᠨ ᠶᠡᠭᠡ ᠰᠢᠪᠳᠤᠯᠤᠯᠳᠠ ᠶᠢᠨ ᠪᠠᠶᠢᠯᠳᠤᠭᠠᠨ ᠤ ᠠᠬᠢᠭᠤᠯᠤᠯᠳᠠ ᠶᠢᠨ ᠪᠠᠶᠢᠳᠠᠯ ᠵᠢᠴᠢ ᠤᠳᠤᠬᠠᠨ ᠤ ᠡᠯ᠎ᠡ ᠲᠦᠷᠦᠯ ᠤᠨ ᠭᠤᠤᠯᠳᠠᠯᠠᠭᠠᠳᠠᠢ ᠠᠵᠢᠯ ᠤᠨ ᠦᠷᠨᠢᠯᠳᠡ ᠶᠢᠨ ᠪᠠᠶᠢᠳᠠᠯ ᠢ ᠬᠠᠷᠢᠭᠤ ᠮᠡᠳᠡᠬᠦᠯᠵᠡᠢ᠃     ᠴᠠᠩ ᠴᠢᠩ ᠢᠯᠡᠷᠬᠡᠶᠢᠯᠡᠬᠦ ᠳᠡᠭᠡᠨ᠄ ᠰᠢᠨ᠎ᠡ ᠪᠠᠷᠭᠤ ᠵᠡᠬᠦᠨ ᠬᠤᠰᠢᠭᠤ ᠨᠢ ᠨᠠᠮ ᠤᠨ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠤᠷᠢ ᠪᠠᠶᠢᠷᠢᠯᠠᠭᠤᠯᠤᠯᠳᠠ ᠶᠢ ᠰᠠᠶᠢᠳᠤᠷ ᠲᠤᠤᠱᠠᠯᠠᠭᠤᠯᠤᠨ ᠨᠠᠶᠢᠳᠠᠪᠤᠷᠢᠵᠢᠭᠤᠯᠵᠦ᠂ ᠠᠵᠢᠯ ᠤᠨ ᠰᠡᠳᠬᠢᠴᠡ ᠲᠤᠳᠤᠷᠬᠠᠢ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠲᠠᠢ᠂ ᠨᠡᠶᠢᠬᠡᠮ ᠡᠶ᠎ᠡ ᠵᠤᠬᠢᠴᠠᠩᠭᠤᠢ᠂ ᠤᠨᠴᠠᠭᠠᠶᠢᠯᠠᠨ ᠨᠠᠮ ᠤᠨ ᠬᠡᠰᠢᠬᠦᠨ ᠺᠠᠳ᠋ᠷ ᠤᠯᠠᠨ ᠲᠦᠮᠡᠨ ᠤ ᠶᠤᠰᠤ ᠮᠤᠷᠠᠯ ᠬᠡᠪ ᠰᠤᠷᠳᠠᠯ᠂ ᠠᠵᠢᠯ ᠦᠢᠯᠡᠰ ᠡᠷᠬᠢᠯᠡᠬᠦ ᠤᠷᠮ᠎ᠠ ᠵᠤᠷᠢᠭ ᠢᠳᠡᠪᠬᠢᠳᠡᠢ ᠪᠠᠶᠢᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠲᠤᠭᠳᠠᠭᠤᠨ ᠪᠠᠶᠢᠨ᠎ᠠ ᠬᠡᠵᠡᠢ᠃
    ᠲᠠᠷᠠᠭ᠎ᠠ ᠠᠯᠬᠤᠮ ᠤᠨ ᠠᠵᠢᠯ ᠤᠨ ᠲᠠᠯ᠎ᠠ ᠪᠠᠷ ᠴᠠᠩ ᠴᠢᠩ ᠴᠢᠩᠭᠠᠳᠬᠠᠭᠰᠠᠨ ᠨᠢ᠄ ᠰᠢᠨ᠎ᠡ ᠪᠠᠷᠭᠤ ᠵᠡᠬᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠪᠦᠬᠦ ᠬᠤᠰᠢᠭᠤᠨ ᠤ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠤᠯᠤᠰ ᠲᠦᠷᠦ ᠶᠢᠨ ᠵᠤᠭᠰᠤᠴᠠ ᠪᠠᠨ ᠲᠡᠬᠡᠭᠰᠢᠯᠡᠬᠦᠯᠦᠨ᠂ ︽ᠲᠦᠷᠪᠡᠨ ᠲᠠᠯ᠎ᠠ ᠶᠢᠨ ᠤᠬᠠᠮᠰᠠᠷ︾᠎ ᠢ ᠪᠠᠳᠤᠵᠢᠭᠤᠯᠵᠦ᠂ ᠲᠡᠮᠡᠴᠡᠬᠦ ᠬᠠᠷᠠᠯᠳᠠ ᠪᠠᠨ ᠲᠤᠳᠤᠷᠬᠠᠶᠢᠯᠠᠨ᠂ ᠠᠵᠢᠯ ᠤᠨ ᠠᠷᠭ᠎ᠠ ᠠᠪᠴᠠᠯ ᠢᠶᠠᠨ ᠨᠠᠷᠢᠯᠢᠭᠵᠢᠭᠤᠯᠵᠦ᠂ ᠨᠠᠮ ᠤᠨ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠰᠢᠢᠳᠪᠤᠷᠢ ᠪᠠᠶᠢᠷᠢᠯᠠᠭᠤᠯᠤᠯᠳᠠ ᠶᠢ ᠪᠤᠲᠠᠲᠠᠢ ᠳᠤ ᠲᠤᠤᠱᠯᠠᠭᠤᠯᠬᠤ ᠬᠡᠷᠡᠭᠳᠡᠢ᠃ ᠬᠤᠳᠠ ᠶᠢᠨ ᠨᠠᠮ ᠎ ᠤᠨ ᠬᠤᠷᠢᠶ᠎ᠠ ᠶᠢᠨ ᠲᠦᠷᠪᠡᠳᠦᠬᠡᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠳᠤ ᠲᠤᠷᠠᠳᠤᠭᠰᠠᠨ ︽ᠬᠤᠶᠠᠷ ᠤᠷᠤᠨ ᠭᠤᠷᠪᠠᠨ ᠭᠠᠵᠠᠷ ᠨᠢᠬᠡ ᠬᠡᠷ ᠬᠦᠷᠢᠶᠡᠯᠡᠩ︾᠎ ᠤᠨ ᠬᠠᠷᠠᠯᠳᠠ ᠶᠢᠨ ᠲᠤᠭᠤᠷᠢᠨ ᠳᠤ ᠪᠤᠲᠠᠲᠠᠢ ᠪᠠᠶᠢᠳᠠᠯ ᠲᠠᠢ ᠤᠶᠠᠯᠳᠤᠭᠤᠯᠤᠨ᠂ ᠵᠢᠭᠤᠯᠴᠢᠯᠠᠯ᠂ ᠪᠤᠭᠤᠮᠳᠠ᠂ ᠮᠠᠯ ᠠᠵᠦ ᠠᠬᠤᠢ ᠵᠡᠷᠬᠡ ᠬᠦᠭᠵᠢᠯᠳᠡ ᠶᠢᠨ ᠰᠡᠳᠬᠢᠴᠡ ᠢ ᠲᠡᠬᠦᠯᠳᠡᠷᠵᠢᠬᠦᠯᠵᠦ᠂ ᠠᠵᠦ ᠠᠬᠤᠢ ᠨᠡᠶᠢᠬᠡᠮ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠳᠡᠢ᠃ ᠠᠮᠢᠳᠤᠷᠠᠯ ᠬᠦᠴᠢᠷᠳᠡᠢ ᠬᠦᠮᠦᠨ ᠠᠮᠠ ᠶᠢᠨ ᠤᠷᠮ᠎ᠠ ᠵᠤᠷᠢᠭ ᠢ ᠬᠦᠪᠴᠢᠯᠡᠬᠦ᠂ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠤ ᠤᠪᠤᠷ ᠰᠤᠷᠳᠠᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠵᠡᠷᠬᠡ ᠲᠠᠯ᠎ᠠ ᠳᠤ ᠬᠦᠴᠦ ᠲᠠᠯᠪᠢᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢ ᠰᠠᠶᠢᠳᠤᠷ ᠬᠢᠬᠦ ᠬᠡᠷᠡᠭᠳᠡᠢ᠃ ᠬᠠᠷᠢᠭᠤᠴᠠᠯᠭ᠎ᠠ ᠪᠠᠨ ᠪᠤᠲᠠᠲᠠᠶᠢᠵᠢᠭᠤᠯᠤᠨ᠂ ᠪᠠᠶᠢᠳᠠᠯ ᠢ ᠨᠠᠷᠢᠯᠢᠭ ᠦᠢᠯᠠᠭᠠᠵᠦ᠂ ᠠᠷᠠᠳ ᠤᠨ ᠲᠤᠮᠳᠠᠬᠢ ᠦᠨᠳᠦᠷ ᠬᠦᠤ ᠲᠠᠢ ᠵᠢᠬᠡᠯᠡᠯᠬᠡ ᠶᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠬᠡᠷᠡᠭᠳᠡᠢ᠃ ᠵᠢᠭᠤᠯᠴᠢᠯᠠᠯ ᠤᠨ ᠦᠵᠡᠮᠵᠢ ᠎ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠬᠦ ᠠᠵᠢᠯ ᠢ ᠰᠠᠶᠢᠳᠤᠷ ᠬᠢᠵᠦ᠂ ᠬᠠᠤᠯᠢ ᠶᠤᠰᠤᠭᠠᠷ ᠰᠠᠶᠢᠳᠤᠷ ᠬᠠᠮᠢᠶᠠᠷᠬᠤ ᠬᠡᠷᠡᠭᠳᠡᠢ᠃ ᠵᠠᠬᠢᠳᠠᠯ ᠰᠤᠷᠪᠤᠯᠵᠢᠯᠭ᠎ᠠ ᠲᠤᠭᠳᠠᠭᠤᠨ ᠢ ᠬᠠᠮᠠᠭᠠᠯᠠᠬᠤ᠂ ᠨᠡᠶᠢᠬᠡᠮ ᠤᠨ ᠲᠤᠭᠳᠠᠭᠤᠨ ᠢ ᠬᠠᠮᠠᠭᠠᠯᠠᠬᠤ᠂ ᠬᠢᠯᠢ ᠬᠢᠵᠠᠭᠠᠷ ᠤᠨ ᠬᠠᠮᠢᠶᠠᠷᠤᠯᠳᠠ ᠡᠵᠡᠮᠳᠡᠯᠳᠡ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠬᠡᠶᠢᠯᠡᠬᠦ ᠵᠡᠷᠬᠡ ᠠᠵᠢᠯ ᠢ ᠴᠢᠩᠭᠠᠳᠬᠠᠵᠦ᠂ ︽ᠠᠮᠤᠷ ᠲᠦᠪᠰᠢᠨ ᠰᠢᠨ᠎ᠡ ᠪᠠᠷᠭᠤ ᠵᠡᠬᠦᠨ ᠬᠤᠰᠢᠭᠤᠨ︾᠎ ᠤ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠦ᠂ ᠶᠡᠭᠡ ᠴᠤᠭᠴᠠ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠲᠡᠬᠡᠷ᠎ᠡ ᠬᠦᠴᠦ ᠲᠠᠯᠪᠢᠨ᠂ ᠨᠠᠮ ᠤᠨ ᠤᠯᠠᠨ ᠲᠦᠮᠡᠨ ᠤ ᠠᠵᠢᠯ ᠤᠨ ᠬᠢᠷᠢ ᠲᠦᠪᠰᠢᠨ ᠶᠢ ᠲᠡᠬᠡᠭᠰᠢᠯᠡᠬᠦᠯᠬᠦ ᠬᠡᠷᠡᠭᠳᠡᠢ ᠬᠡᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号