ᠦᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠮᠠᠯᠴᠢᠳ ᠤᠨ ᠲᠤᠰᠬᠠᠢ ᠬᠤᠷᠰᠢᠶᠠᠵᠢᠯ ᠨᠢ ᠬᠤᠷ᠎ᠠ | ᠶᠢᠨ ᠲᠠᠷᠠᠭᠠᠬᠢ ᠬᠤᠯᠤᠰᠤᠨ ᠰᠤᠶᠤᠭ᠎ᠠ ᠮᠡᠳᠦ ᠡᠳᠦᠷ ᠢᠷᠡᠬᠦᠶ᠎ᠡ ᠬᠦᠭᠵᠢᠨ ᠪᠤᠵᠠᠭᠠᠶᠢᠷᠠᠵᠦ᠂ ᠨᠡᠯᠢᠶᠡᠳ ᠴᠢᠩᠭ᠎ᠠ | ᠠᠮᠢᠵᠢᠷᠠᠯ ᠤᠨ ᠬᠦᠴᠦᠨ ᠲᠠᠢ ᠪᠤᠯᠤᠭᠰᠠᠨ ᠪᠠᠶᠢᠨ᠎ᠠ᠃ ᠦᠢᠷ᠎ᠠ ᠶᠢᠨ ᠡᠳᠦᠷ᠂ ᠦᠪᠦᠷᠪᠤᠯᠠᠭ ᠰᠤᠮᠤᠨ ᠳᠤ | ᠤᠳᠤᠬᠢᠴᠢᠯᠠᠭᠰᠠᠨ ᠮᠠᠯᠵᠢᠬᠤ ᠦᠢᠯᠡᠳᠪᠤᠷᠢᠯᠡᠯ ᠤᠨ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ ᠫᠠᠶᠢᠰᠠ | ᠡᠯᠬᠦᠨ ᠪᠠᠶᠢᠭᠤᠯᠤᠭᠳᠠᠵᠦ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ︽ᠴᠢᠨᠡᠬᠡᠯᠢᠭᠵᠢᠯ ᠤᠨ ᠠᠶᠠᠰ︾ ᠢ | ᠬᠦᠭᠯᠡᠭᠰᠡᠨ ᠪᠠᠶᠢᠨ᠎ᠠ᠃ | | ᠵᠤᠨ ᠤ ᠵᠢᠷᠭᠤᠭᠠᠨ ᠰᠠᠷ᠎ᠠ ᠶᠢᠨ ᠦᠪᠦᠷᠪᠤᠯᠠᠭ ᠰᠤᠮᠤᠨ ᠤ ᠤᠯᠠᠭᠠᠨᠨᠠᠭᠤᠷ ᠭᠠᠴᠠᠭ᠎ᠠ ᠲᠠᠯ᠎ᠠ ᠨᠢ ᠨᠤᠭᠤᠭᠠᠷᠠᠵᠦ᠂ | ᠲᠡᠭᠷᠢ ᠨᠢ ᠬᠦᠬᠡᠷᠡᠨ᠂ ᠦᠪᠦᠷᠪᠤᠯᠠᠭ ᠰᠤᠮᠤᠨ ᠤ ᠤᠳᠤᠬᠢᠴᠢᠯᠠᠭᠰᠠᠨ ᠮᠠᠯᠵᠢᠬᠤ ᠦᠢᠯᠡᠳᠪᠤᠷᠢᠯᠡᠯ ᠤᠨ ᠲᠡᠵᠢᠬᠡᠨ | ᠦᠷᠡᠵᠢᠬᠦᠯᠬᠦ ᠲᠤᠰᠬᠠᠢ ᠬᠤᠷᠰᠢᠶᠠᠵᠢᠯ ᠨᠢ ᠰᠤᠮᠤᠨ ᠤ ᠤᠳᠤᠷᠢᠳᠤᠯᠭ᠎ᠠ ᠪᠠ ᠭᠠᠴᠠᠭᠠᠨ ᠤ ᠮᠠᠯᠴᠢᠳ ᠤᠨ ᠬᠠᠮᠳᠤ | ᠶᠢᠨ ᠬᠡᠷᠡᠴᠢᠯᠡᠯ ᠲᠤᠤᠷ᠎ᠠ᠂ ᠵᠢᠩᠬᠢᠨᠢ ᠪᠠᠷ ᠪᠠᠶᠢᠭᠤᠯᠤᠭᠳᠠᠯ᠎ᠠ᠃ ᠪᠤᠯᠤᠳᠪᠠᠭᠠᠳᠤᠷ ᠲᠤᠰ ᠬᠤᠷᠰᠢᠶᠠᠵᠢᠯ ᠤᠨ | ᠬᠠᠷᠢᠭᠤᠴᠠᠯᠭᠠᠳᠠᠨ ᠪᠤᠯᠤᠭᠰᠠᠨ ᠤ ᠬᠤᠪᠢ ᠳᠤ ᠬᠤᠷᠰᠢᠶᠠᠵᠢᠯ ᠪᠠᠶᠢᠭᠤᠯᠤᠭᠰᠠᠨ ᠵᠤᠷᠢᠯᠭ᠎ᠠ ᠶᠢᠨ ᠲᠤᠬᠠᠢ | ᠰᠤᠷᠪᠤᠯᠵᠢᠯᠠᠭᠴᠢ ᠳᠤ ᠡᠶᠢᠨᠬᠦ ᠲᠠᠶᠢᠯᠪᠤᠷᠢᠯᠠᠯ᠎ᠠ᠃ | ᠦᠢᠯᠠᠭᠠᠭᠰᠠᠨ ᠢᠶᠠᠷ᠂ ᠬᠤᠷᠰᠢᠶᠠᠵᠢᠯ ᠤᠨ ᠲᠠᠩᠰᠠᠨ ᠳᠤ ᠲᠡᠮᠳᠡᠭᠯᠡᠬᠦᠯᠦᠭᠰᠡᠨ ᠪᠡᠯᠡ ᠮᠦᠩᠬᠦ 430 ᠲᠦᠮᠡ | ᠪᠠᠶᠢᠵᠦ᠂ ᠤᠳᠤᠬᠠᠨ ᠳᠤ 7 ᠬᠤᠷᠰᠢᠶᠠᠵᠢᠯ ᠤᠨ ᠬᠡᠰᠢᠬᠦᠨ ᠲᠠᠢ᠂ ᠡᠬᠦᠨ ᠳᠤ 5 ᠬᠡᠰᠢᠬᠦᠨ ᠨᠢ ᠪᠡᠯᠡ ᠮᠦᠩᠬᠦ ᠪᠠᠷ | ᠪᠡᠯᠡ ᠤᠷᠤᠵᠦ᠂ 2 ᠬᠡᠰᠢᠬᠦᠨ ᠨᠢ ᠠᠮᠢᠳᠤᠷᠠᠯ ᠬᠦᠴᠢᠷᠳᠡᠢ ᠡᠷᠦᠬᠡ ᠪᠠᠶᠢᠵᠦ᠂ ᠬᠦᠳᠡᠯᠮᠦᠷᠢ ᠬᠦᠴᠦ ᠪᠠᠷ ᠪᠡᠯᠡ | ᠤᠷᠤᠵᠠᠢ᠃ ᠨᠢᠳᠦᠨ ᠡᠮᠦᠨ᠎ᠡ᠂ ᠲᠤᠰ ᠬᠤᠷᠰᠢᠶᠠᠵᠢᠯ ᠤᠨ 1300 ᠭᠠᠷᠤᠢ ᠪᠠᠷᠭᠤ ᠡᠬᠦᠯᠳᠡᠷ ᠤᠨ ᠬᠤᠨᠢ᠂ 200 | ᠭᠠᠷᠤᠢ ᠰᠢᠮᠧᠨᠲ᠋ᠧᠷ ᠦᠬᠡᠷ ᠲᠡᠵᠢᠬᠡᠨ ᠦᠷᠡᠵᠢᠬᠦᠯᠵᠦ ᠪᠤᠢ᠃ ᠪᠤᠯᠤᠳᠪᠠᠭᠠᠳᠤᠷ ᠰᠤᠷᠪᠤᠯᠵᠢᠯᠠᠭᠴᠢ ᠳᠤ ᠡᠬᠦᠯᠳᠡᠷ | ᠰᠠᠶᠢᠵᠢᠷᠠᠭᠤᠯᠤᠭᠰᠠᠨ ᠤ ᠲᠠᠷᠠᠭᠠᠬᠢ ᠰᠢᠮᠧᠨᠲ᠋ᠧᠷ ᠦᠬᠡᠷ ᠨᠢ ᠨᠢᠬᠡᠨᠳᠡ ᠠᠳᠡᠬᠢ ᠤᠰᠤ ᠡᠪᠡᠰᠦᠨ ᠳᠤ ᠲᠠᠰᠴᠦ᠂ ᠰᠦ᠂ | ᠮᠢᠬᠠᠨ ᠤ ᠬᠡᠷᠡᠭᠯᠡᠬᠡᠨ ᠤ ᠴᠢᠨᠠᠷ ᠨᠢ ᠴᠤ ᠨᠡᠯᠢᠶᠡᠳ ᠰᠠᠶᠢᠨ ᠪᠠᠶᠢᠵᠦ᠂ ᠬᠤᠷᠰᠢᠶᠠᠵᠢᠯ ᠤᠨ ᠲᠠᠷᠠᠭ᠎ᠠ ᠠᠯᠬᠤᠮ ᠤᠨ | ᠲᠦᠷᠢᠮᠵᠢᠬᠦᠨ᠂ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠭᠤᠤᠯᠳᠠᠯᠠᠭ᠎ᠠ ᠪᠤᠯᠵᠦ ᠪᠠᠶᠢᠨ᠎ᠠ ᠬᠡᠵᠦ ᠪᠠᠶᠢᠪᠠ᠃ | ᠠᠳᠡ ᠪᠠᠰᠠ ᠤᠨᠴᠠᠭᠠᠶᠢᠯᠠᠨ ᠲᠤᠷᠠᠳᠤᠰᠢᠭᠤᠳᠠᠢ ᠨᠢ ᠲᠤᠰ ᠬᠤᠷᠰᠢᠶᠠᠵᠢᠯ ᠨᠢ ᠪᠠᠰᠠ 200 ᠭᠠᠷᠤᠢ ᠨᠤᠲᠤᠭ | ᠤᠨ ᠠᠳᠤᠭᠤ ᠲᠡᠵᠢᠬᠡᠵᠦ ᠪᠤᠢ᠃ ᠪᠠᠷᠭᠤ ᠨᠤᠲᠤᠭ ᠤᠨ ᠠᠳᠤᠭᠤ ᠨᠢ ᠵᠤᠬᠢᠴᠠᠬᠤ ᠴᠢᠳᠠᠪᠤᠷᠢ ᠪᠠᠷ ᠴᠢᠩᠭ᠎ᠠ᠂ | ᠲᠠᠭᠠᠭᠠᠮᠠᠭᠠᠢ ᠲᠡᠰᠪᠦᠷᠢᠳᠡᠢ᠂ ᠦᠯᠴᠢᠷ᠂ ᠦᠷᠡᠵᠢᠯ ᠤᠨ ᠨᠤᠷᠮ᠎ᠠ ᠦᠨᠳᠦᠷ ᠵᠡᠷᠬᠡ ᠲᠠᠯ᠎ᠠ ᠶᠢᠨ ᠲᠠᠪᠠᠭᠤᠯᠢᠭ | ᠨᠦᠬᠦᠴᠡᠯ ᠲᠠᠢ ᠪᠠᠶᠢᠵᠦ᠂ ᠬᠤᠷᠰᠢᠶᠠᠵᠢᠯ ᠨᠢ ᠨᠤᠲᠤᠭ ᠤᠨ ᠠᠳᠤᠭᠤ ᠪᠠᠨ ᠬᠠᠮᠠᠭᠠᠯᠠᠨ ᠬᠦᠭᠵᠢᠬᠦᠯᠵᠦ᠂ ᠡᠬᠦᠨ ᠤ | ᠤᠯᠠᠮ ᠠᠴᠠ ᠨᠤᠲᠤᠭ ᠤᠨ ᠠᠳᠤᠭᠤᠨ ᠦᠢᠯᠡᠰ ᠤᠨ ᠨᠡᠷᠡᠳᠦ ᠲᠡᠮᠳᠡᠭ ᠤᠨ ᠦᠷ᠎ᠡ ᠠᠰᠢᠭ ᠢ ᠲᠡᠬᠡᠭᠰᠢᠯᠡᠬᠦᠯᠬᠦ | ᠡᠬᠦᠳᠡᠨ ᠠᠴᠠ ᠨᠤᠲᠤᠭ ᠤᠨ ᠠᠳᠤᠭᠤ ᠲᠡᠵᠢᠬᠡᠵᠦ ᠪᠠᠶᠢᠭ᠎ᠠ ᠶᠤᠮ᠃ | 2017 ᠤᠨ ᠤ 7 ᠰᠠᠷᠠᠶᠢᠨ 17 ᠤ ᠡᠳᠦᠷ ᠬᠤᠷᠰᠢᠶᠠᠵᠢᠯ ᠪᠠᠶᠢᠭᠤᠯᠬᠤ ᠶᠡᠭᠡ ᠬᠤᠷᠠᠯ ᠬᠤᠷᠠᠯᠳᠤᠭᠰᠠᠨ ᠠᠴᠠ | ᠵᠢᠩᠬᠢᠨᠢ ᠪᠠᠷ ᠪᠠᠶᠢᠭᠤᠯᠤᠭᠳᠠᠬᠤ ᠪᠤᠯᠳᠠᠯ᠎ᠠ᠂ ᠬᠤᠷᠰᠢᠶᠠᠵᠢᠯ ᠤᠨ ᠮᠠᠯᠴᠢᠳ ᠶᠠᠪᠤᠬᠤ ᠲᠤᠳᠤᠮ ᠤᠷᠮᠠᠰᠢᠨ ᠵᠤᠷᠢᠭᠵᠢᠵᠦ | ᠂ ᠤᠨᠴᠠᠭᠠᠶᠢᠯᠠᠨ ᠬᠤᠷᠰᠢᠶᠠᠵᠢᠯ ᠳᠤ ᠤᠷᠤᠭᠰᠠᠨ ᠠᠮᠢᠳᠤᠷᠠᠯ ᠬᠦᠴᠢᠷᠳᠡᠢ ᠡᠷᠦᠬᠡ ᠶᠢᠨ ᠬᠢᠨ ᠨᠡᠩ ᠴᠤ ᠠᠮᠢᠳᠤᠷᠠᠯ | ᠳᠤ ᠪᠠᠨ ᠢᠳᠡᠬᠡᠯ ᠲᠡᠬᠦᠯᠳᠡᠷ ᠪᠤᠯᠵᠦ᠂ ᠬᠤᠷᠰᠢᠶᠠᠵᠢᠯ ᠤᠨ ᠪᠤᠰᠤᠳ ᠬᠡᠰᠢᠬᠦᠳ ᠲᠠᠢ ᠰᠡᠳᠬᠢᠯ ᠨᠢᠬᠡᠳᠦᠨ ᠬᠦᠴᠦ | ᠬᠠᠮᠳᠤᠷᠠᠨ᠂ ᠬᠤᠷᠰᠢᠶᠠᠵᠢᠯ ᠤᠨ ᠬᠦᠭᠵᠢᠯᠳᠡ ᠶᠢ ᠠᠬᠢᠭᠤᠯᠤᠨ᠎ᠠ ᠬᠡᠵᠦ ᠢᠳᠡᠬᠡᠯ ᠲᠡᠬᠦᠯᠳᠡᠷ ᠶᠠᠷᠢᠵᠦ ᠪᠠᠶᠢᠪᠠ᠃ | ᠬᠤᠷᠰᠢᠶᠠᠵᠢᠯ ᠤᠨ ᠬᠠᠷᠢᠭᠤᠴᠠᠯᠭᠠᠳᠠᠨ ᠪᠤᠯᠤᠭᠰᠠᠨ ᠪᠤᠯᠤᠳᠪᠠᠭᠠᠳᠤᠷ ᠴᠤ ᠬᠤᠷᠰᠢᠶᠠᠵᠢᠯ ᠤᠨ ᠢᠷᠡᠬᠡᠳᠦᠢ ᠶᠢᠨ | ᠬᠦᠭᠵᠢᠯᠳᠡ ᠳᠤ ᠢᠳᠡᠬᠡᠯ ᠲᠡᠬᠦᠯᠳᠡᠷ ᠪᠠᠶᠢᠪᠠ᠃ | | ᠬᠤᠷᠰᠢᠶᠠᠵᠢᠯ ᠢᠶᠠᠷ ᠲᠠᠮᠵᠢᠨ᠂ ᠠᠵᠦ ᠠᠬᠤᠢ ᠪᠠ ᠨᠡᠶᠢᠬᠡᠮ ᠤᠨ ᠦᠷ᠎ᠡ ᠠᠰᠢᠭ ᠤᠨ ᠬᠤᠤᠰ ᠬᠤᠷᠢᠶᠠᠯᠳᠠ ᠶᠢ | ᠪᠡᠶᠡᠯᠡᠬᠦᠯᠵᠦ᠂ ᠮᠠᠯᠵᠢᠬᠤ ᠤᠷᠤᠨ ᠤ ᠮᠠᠯᠴᠢᠳ ᠤᠨ ᠲᠤᠰᠬᠠᠢ ᠬᠤᠷᠰᠢᠶᠠᠵᠢᠯ ᠤᠨ ᠪᠦᠳᠦᠬᠡᠨ ᠪᠠᠶᠢᠭᠤᠯᠤᠯᠳᠠ ᠶᠢᠨ | ᠵᠢᠱᠢᠶ᠎ᠡ ᠦᠵᠡᠬᠦᠯᠬᠦ ᠨᠡᠶᠢᠳᠡᠯᠢᠭ ᠵᠢᠱᠢᠶ᠎ᠡ ᠪᠤᠯᠭᠠᠬᠤ ᠪᠤᠯ ᠪᠤᠯᠤᠳᠪᠠᠭᠠᠳᠤᠷ ᠤᠨ ᠬᠤᠷᠰᠢᠶᠠᠵᠢᠯ ᠪᠠᠶᠢᠭᠤᠯᠤᠭᠰᠠᠨ | ᠠᠩᠬᠠᠨ ᠤ ᠬᠦᠰᠡᠯ ᠡᠷᠡᠮᠡᠯᠵᠡᠯ ᠪᠤᠯᠬᠤ ᠶᠤᠮ᠃ ᠲᠡᠬᠦᠨ ᠤ ᠡᠨᠡᠬᠦ ᠬᠦᠰᠡᠯ ᠨᠢ ᠴᠤ ᠰᠤᠮᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠲᠡᠮᠵᠢᠯᠬᠡ ᠶᠢ ᠤᠯᠵᠦ᠂ ᠰᠤᠮᠤᠨ ᠤ ᠭᠤᠤᠯ ᠬᠠᠷᠢᠭᠤᠴᠠᠯᠭᠠᠳᠠᠨ ᠠᠴᠠ ᠬᠤᠷᠰᠢᠶᠠᠵᠢᠯ | ᠪᠠᠶᠢᠭᠤᠯᠤᠭᠳᠠᠬᠤ ᠶᠤᠰᠤᠯᠠᠯ ᠳᠤ ᠤᠷᠤᠯᠴᠠᠵᠦ᠂ ᠬᠤᠷᠰᠢᠶᠠᠵᠢᠯ ᠨᠢ ᠬᠤᠶᠢᠰᠢᠳᠠ ᠬᠦᠭᠵᠢᠯᠳᠡ ᠶᠢᠨ ᠵᠠᠮ ᠳᠤ ᠪᠠᠨ | ᠢᠳᠡᠷᠡᠬᠦᠨ ᠠᠯᠬᠤᠵᠦ᠂ ᠲᠤᠰᠬᠠᠢ ᠬᠤᠷᠰᠢᠶᠠᠵᠢᠯ ᠤᠨ ︽ᠭᠤᠤᠯ ᠬᠦᠴᠦᠨ︾ ᠪᠠ ᠠᠮᠢᠳᠤᠷᠠᠯ ᠬᠦᠴᠢᠷᠳᠡᠢ ᠡᠷᠦᠬᠡ | ᠶᠢᠨ ᠤᠷᠤᠯᠭ᠎ᠠ ᠶᠢ ᠨᠡᠮᠡᠭᠳᠡᠬᠦᠯᠵᠦ ᠴᠢᠨᠡᠬᠡᠯᠢᠭᠵᠢᠯ ᠤᠨ ᠵᠠᠮ ᠢᠶᠠᠷ ᠵᠠᠮᠨᠠᠬᠤ ︽ᠵᠠᠮ ᠲᠠᠭᠠᠭᠤᠯᠤᠭᠴᠢ︾ ᠶᠢᠨ | ᠦᠢᠯᠡᠳᠦᠯ ᠢ ᠦᠨᠡᠨᠬᠦ ᠪᠠᠳᠠᠷᠠᠭᠤᠯᠬᠤ ᠶᠢ ᠬᠦᠰᠡᠵᠡᠢ᠃ |