ᠰᠢᠨ᠎ᠡ ᠪᠠᠷᠭᠤ ᠵᠡᠬᠦᠨ ᠬᠤᠰᠢᠭᠤᠨ ᠤ ᠨᠠᠮ ᠤᠨ ᠭᠡᠰᠢᠬᠦᠨ ᠤ ᠭᠤᠣᠯᠯᠠᠭᠴᠢ ᠡᠷᠦᠭᠡ ᠨᠢ ᠭᠦᠭᠦᠷᠭᠡ ᠬᠤᠯᠪᠣᠭᠠᠰᠦ ᠶᠢᠨ ᠦᠢᠯᠡᠳᠦᠯ ᠢᠶᠠᠨ ᠪᠠᠳᠠᠷᠠᠭᠤᠯᠵᠦ ᠮᠠᠯᠴᠢᠳ ᠲᠤ ᠠᠰᠢᠭ ᠭᠦᠷᠳᠡᠭᠡᠵᠦ ᠪᠠᠶᠢᠭ᠎ᠠ
ᠨᠡᠶᠢᠲᠡᠯᠡᠭᠰᠡᠨ ᠴᠠᠭ᠄
2018-07-06
    ᠮᠠᠯᠵᠢᠬᠤ ᠣᠷᠣᠨ ᠤ ᠦᠨᠳᠦᠰᠣᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠡ ᠶᠢᠨ ᠴᠢᠭ ᠣᠯᠠᠨ᠂ ᠭᠡᠪᠴᠢᠶ᠎ᠠ ᠦᠷᠭᠡᠨ᠂ ᠮᠠᠯᠴᠢᠳ ᠤᠨ ᠰᠠᠭᠤᠷᠢᠰᠢᠯ ᠲᠠᠷᠬᠠᠢ ᠪᠣᠳᠠᠷᠬᠠᠢ ᠪᠣᠳᠠᠳᠠᠢ ᠪᠠᠶᠢᠳᠡᠯ ᠳᠤ ᠵᠣᠬᠢᠴᠠᠭᠤᠯᠣᠨ᠂ ᠰᠢᠨ᠎ᠡ ᠪᠠᠷᠭᠤ ᠵᠡᠬᠦᠨ ᠬᠤᠰᠢᠭᠤ ᠨᠢ ︽ᠨᠠᠮ ᠤᠨ ᠭᠡᠰᠢᠬᠦᠨ ᠤ ᠭᠤᠣᠯᠯᠠᠬᠤ ᠡᠷᠦᠭᠡ︾᠎ ᠶᠢᠨ ᠠᠵᠢᠯ ᠤᠨ ᠭᠡᠯᠪᠡᠷᠢ ᠮᠠᠶ᠋ᠢᠭ ᠢ ᠲᠦᠭᠡᠮᠵᠢᠬᠦᠯᠵᠦ᠂ ᠭᠠᠴᠠᠭ᠎ᠠ ᠪᠣᠯᠭᠠᠨ ᠳᠤ 3 —5 ᠨᠠᠮ ᠤᠨ ᠭᠡᠰᠢᠬᠦᠨ ᠤ ᠭᠤᠣᠯᠯᠠᠬᠤ ᠡᠷᠦᠭᠡ ᠪᠠᠶᠢᠭᠤᠯᠵᠦ᠂ ᠨᠠᠮ ᠤᠨ ᠭᠡᠰᠢᠬᠦᠨ ᠤ ᠭᠤᠣᠯᠯᠠᠬᠤ ᠡᠷᠦᠭᠡ ᠪᠣᠯᠭᠠᠨ ᠨᠢ 20 ᠮᠠᠯᠴᠢᠨ‌ᠡᠷᠦᠭᠡ ᠲᠠᠢ ᠬᠠᠷᠢᠯᠴᠠᠵᠦ᠂ ᠨᠠᠮ ᠪᠠ ᠮᠠᠯᠴᠢᠳ ᠤᠨ ᠲᠣᠮᠳᠠ ᠭᠦᠭᠦᠷᠭᠡ ᠬᠤᠯᠪᠣᠭᠠᠰᠦ ᠶᠢᠨ ᠦᠢᠯᠡᠳᠦᠯ ᠦᠵᠡᠬᠦᠯᠵᠦ᠂  ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠡ ᠶᠢᠨ ᠡᠯ᠎ᠡ ᠲᠦᠷᠦᠯ ᠤᠨ ᠠᠵᠢᠯ ᠤᠨ ᠣᠷᠣᠭᠰᠢᠳᠠᠢ ᠶᠠᠪᠣᠭᠳᠠᠬᠤ ᠳᠤ ᠪᠠᠳᠣᠯᠭ᠎ᠠ ᠬᠠᠨᠭ᠍ᠭᠠᠵᠦ ᠪᠣᠢ᠃     ᠨᠠᠮ ᠤᠨ 97 ᠵᠢᠯ ᠤᠨ ᠣᠢ ᠶᠢᠨ ᠪᠠᠶᠠᠷ ᠭᠦᠷᠴᠦ ᠢᠷᠡᠭᠦ ᠲᠠᠰᠢᠷᠠᠮ ᠳᠤ ᠰᠢᠨ᠎ᠡ ᠪᠠᠷᠭᠤ ᠵᠡᠬᠦᠨ ᠬᠤᠰᠢᠭᠤᠨ ᠎ ᠤ ᠰᠢᠨᠠᠪᠣᠯᠠᠭ ᠰᠣᠮᠣᠨ ᠤ ᠭᠦᠨᠪᠦ᠋ᠷᠢᠳᠦ ᠭᠠᠴᠠᠭᠠᠨ ᠳᠤ ᠪᠠᠶᠢᠷᠢᠯᠠᠬᠤ ᠲᠣᠰ ᠬᠤᠰᠢᠭᠤᠨ ᠤ ᠴᠣᠷ ᠤᠨ ᠭᠠᠭᠴᠠ ᠮᠣᠩᠭᠤᠯ ᠭᠡᠷ ᠲᠤ ᠲᠠᠶᠢᠯᠦᠮᠵᠢ ᠰᠣᠷᠣᠯᠴᠠᠯᠭ᠎ᠠ ᠬᠢᠬᠦ ᠵᠢᠱᠢᠶ᠎ᠡ ᠦᠵᠡᠬᠦᠯᠬᠦ ᠭᠠᠵᠠᠷ ᠪᠣᠯᠬᠤ᠂ ︽ᠨᠠᠮ ᠤᠨ ᠭᠡᠰᠢᠬᠦᠨ ᠎ ᠤ ᠭᠤᠣᠯᠯᠠᠬᠤ ᠡᠷᠦᠭᠡ︾ ᠮᠠᠯᠴᠢᠨ ᠪᠠᠳᠮᠠᠰᠠᠨᠳᠡ ᠳᠤ ᠮᠠᠯᠴᠢᠨ ᠨᠠᠮ ᠤᠨ ᠭᠡᠰᠢᠬᠦᠳ ᠬᠤᠷᠠᠨ ᠴᠣᠭᠯᠠᠭᠤᠯᠵᠦ᠂ ᠨᠠᠮ ᠎ ᠤᠨ ᠲᠦᠷᠢᠮ ᠪᠠ ᠰᠢ ᠶᠢᠨ ᠫᠢᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠠᠮᠳᠦ ᠪᠠᠷ ᠰᠣᠷᠣᠯᠴᠠᠪᠠ᠃     ᠪᠠᠳᠮᠠᠰᠠᠨᠳᠡ 2016 ᠣᠨ ᠳᠤ ᠬᠦᠯᠦᠨ ᠪᠣᠶᠢᠷ ᠬᠤᠳᠠ ᠶᠢᠨ ᠲᠡᠰ ᠤᠨ ︽ᠨᠠᠮ ᠤᠨ ᠭᠡᠰᠢᠬᠦᠨ ᠤ ᠭᠤᠣᠯᠯᠠᠬᠤ ᠡᠷᠦᠭᠡ︾᠎ ᠪᠠᠷ ᠦᠨᠡᠯᠡᠭᠳᠡᠵᠦ᠂ ᠬᠦᠯᠦᠨ ᠪᠣᠶᠢᠷ ᠬᠤᠳᠠ ᠶᠢᠨ ᠨᠠᠮ ᠤᠨ ᠭᠡᠰᠢᠬᠦᠨ ᠣᠯᠠᠨ ᠲᠦᠮᠡᠨ ᠤ ᠲᠠᠶᠢᠯᠦᠮᠵᠢ ᠰᠣᠷᠣᠯᠴᠯᠠᠭ᠎ᠠ ᠶᠢᠨ ᠭᠠᠵᠠᠷ ᠤᠨ ᠬᠢᠴᠢᠶᠠᠯ ᠲᠠᠶᠢᠯᠪᠣᠷᠢᠯᠠᠭᠴᠢ ᠪᠠᠭᠰᠢ ᠪᠣᠯᠣᠭᠰᠡᠨ ᠤ ᠬᠤᠪᠢ ᠳᠤ᠂ ᠲᠡᠷᠡ ᠭᠠᠴᠠᠭᠠᠨ ᠤ ᠨᠠᠮ ᠤᠨ ᠭᠡᠰᠢᠬᠦᠨ ᠣᠯᠠᠨ ᠲᠦᠮᠡᠨ ᠢᠶᠠᠨ ᠲᠠᠶᠢᠴᠢᠯᠠᠨ ᠲᠠᠭᠠᠭᠤᠯᠵᠦ᠂ ᠲᠦᠷᠦ ᠶᠢᠨ ᠪᠣᠳᠣᠯᠭ᠎ᠠ ᠎ ᠶᠢᠨ ᠣᠨᠣᠯ ᠤᠨ ᠬᠢᠷᠢ ᠲᠦᠪᠰᠢᠨ ᠪᠠ ᠪᠠᠶᠠᠵᠢᠨ ᠴᠢᠨᠡᠭᠡᠯᠢᠭᠵᠢᠬᠦ ᠴᠢᠳᠠᠪᠣᠷᠢ ᠶᠢ ᠲᠠᠰᠣᠯᠳᠡ ᠦᠭᠡᠢ ᠲᠡᠭᠡᠭᠰᠢᠯᠡᠬᠦᠯᠵᠦ ᠂ ᠦᠷᠭᠡᠨ ᠣᠯᠠᠨ ᠨᠠᠮ ᠤᠨ ᠭᠡᠰᠢᠬᠦᠨ ᠣᠯᠠᠨ ᠲᠦᠮᠡᠨ ᠤ ᠦᠨᠳᠣᠷ ᠦᠨᠡᠯᠡᠯᠳᠡ ᠶᠢ ᠣᠯᠣᠭᠰᠡᠨ ᠪᠠᠶᠢᠨ᠎ᠠ᠃       ᠪᠠᠳᠮᠠᠰᠠᠨᠳᠡ ᠵᠣᠭᠠᠴᠡᠯ ᠤᠨ ᠭᠠᠵᠠᠷ ᠡᠷᠬᠢᠯᠡᠭᠰᠡᠨ ᠤ ᠭᠤᠷᠪᠠᠨ ᠵᠢᠯ ᠤᠨ ᠲᠣᠳᠣᠷ᠎ᠠ 60 ᠭᠠᠷᠣᠢ ᠶᠠᠳᠠᠭᠤ ᠮᠠᠯᠴᠢᠳ ᠢ ᠡᠳᠣᠷ ᠲᠤ100 —200 ᠲᠦᠭᠦᠷᠢᠭ ᠤᠨ ᠭᠦᠯᠦᠰᠦ ᠪᠠᠷ ᠭᠦᠯᠦᠰᠦᠯᠡᠨ‌ᠠᠵᠢᠯᠠᠭᠤᠯᠵᠦ᠂ ᠣᠷᠣᠯᠭ᠎ᠠ ᠣᠯᠭᠤᠵᠦ ᠴᠢᠳᠠᠭᠰᠡᠨ ᠢᠶᠠᠷ ᠪᠠᠷᠠᠬᠤ ᠦᠭᠡᠢ᠂ ᠮᠠᠯᠴᠢᠳ ᠲᠤ ᠭᠡᠷᠭᠢᠨ ᠠᠵᠦ ᠦᠢᠯᠡᠰ ᠡᠷᠬᠢᠯᠡᠬᠦ᠂ ᠬᠤᠨᠢ ᠮᠠᠯ ᠢᠶᠠᠨ ᠭᠡᠷᠬᠢᠨ ᠠᠷᠴᠢᠯᠠᠵᠦ ᠲᠣᠳᠣᠮᠳᠣᠪᠠᠯ ᠦᠷ᠎ᠡ ᠠᠰᠢᠭ ᠨᠡᠩ ᠦᠨᠳᠣᠷ ᠪᠣᠯᠬᠤ ᠲᠠᠯ᠎ᠠ ᠪᠠᠷ ᠵᠢᠭᠠᠨ ᠦᠭᠴᠦ᠂ ᠲᠡᠳᠡᠨ ᠤ ᠴᠢᠨᠡᠭᠡᠭᠵᠢᠯ ᠤᠨ ᠵᠠᠮ ᠣᠷᠣᠭᠤ ᠠᠯᠬᠤᠬᠤ ᠡᠷᠴᠢᠮ ᠢ ᠨᠢ ᠴᠢᠩᠭᠠᠯᠡᠵᠦ ᠦᠭᠴᠡᠢ᠃     ᠣᠳᠣᠬᠠᠨ ᠰᠢᠨ᠎ᠡ ᠪᠠᠷᠭᠤ ᠵᠡᠬᠦᠨ ᠬᠤᠰᠢᠭᠤᠨ ᠳᠤ ᠪᠠᠳᠮᠠᠰᠠᠨᠳᠡ ᠲᠠᠢ ᠠᠳᠠᠯᠢᠬᠠᠨ  ︽ᠨᠠᠮ ᠤᠨ ᠭᠡᠰᠢᠬᠦᠨ ᠤ ᠭᠤᠣᠯᠯᠠᠬᠤ ᠡᠷᠦᠭᠡ︾ ᠨᠡᠶᠢᠳᠡ 218 ᠪᠠᠶᠢᠵᠦ᠂ ᠲᠡᠳᠡ 4000 ᠭᠠᠷᠣᠢ ᠮᠠᠯᠴᠢᠨ ᠡᠷᠦᠭᠡ ᠪᠠ ᠲᠦᠮᠡ ᠭᠠᠷᠣᠢ ᠮᠠᠯᠴᠢᠳ ᠢ ᠲᠠᠶᠢᠴᠢᠯᠠᠨ ᠲᠠᠭᠠᠭᠤᠯᠵᠦ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠣᠯᠳᠡ ᠪᠠᠷ ᠭᠤᠣᠯ ᠠᠵᠢᠯᠯᠠᠭᠠᠨ ᠎ ᠤ ᠲᠠᠯᠠᠪᠠᠢ ᠪᠣᠯᠭᠠᠭᠰᠡᠨ᠂ ︽ᠨᠠᠮ ᠤᠨ ᠭᠡᠰᠢᠬᠦᠨ ᠤ ᠭᠤᠣᠯᠯᠠᠬᠤ ᠡᠷᠦᠭᠡ︾᠎ ᠶᠢᠨ ᠦᠢᠯᠡᠴᠢᠯᠡᠭᠡᠨ ᠤ ᠲᠠᠪᠳᠡᠮᠵᠢ ᠶᠢ ᠭᠦᠨᠵᠡᠭᠡᠶᠢᠷᠡᠬᠦᠯᠵᠦ᠂ ︽ᠨᠠᠮ ᠤᠨ ᠭᠡᠰᠢᠬᠦᠨ ᠤ ᠭᠤᠣᠯᠯᠠᠬᠤ ᠡᠷᠦᠭᠡ︾᠎ ᠶᠢᠨ ᠲᠡᠭᠡᠭᠰᠢ ᠨᠠᠮ ᠤᠨ ᠡᠭᠦᠷ ᠪᠠ ᠨᠠᠮ ᠎ ᠤᠨ ᠲᠣᠭᠤᠶᠢᠯᠠᠩ ᠲᠠᠢ ᠬᠠᠷᠢᠯᠴᠠᠬᠤ᠂ ᠲᠣᠷᠣᠭᠰᠢ ᠨᠠᠮ ᠤᠨ ᠭᠡᠰᠢᠬᠦᠨ᠂ ᠮᠠᠯᠴᠢᠨ ᠲᠦᠮᠡᠨ ᠲᠠᠢ ᠬᠠᠷᠢᠯᠴᠠᠬᠤ ᠭᠦᠭᠦᠷᠭᠡ ᠬᠤᠯᠪᠣᠭᠠᠰᠦ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠵᠦ᠂ ᠮᠠᠯᠵᠢᠬᠤ ᠣᠷᠣᠨ ᠤ ᠨᠠᠮ ᠤᠨ ᠠᠵᠢᠯ ᠎ ᠤᠨ ᠪᠦᠷᠭᠦᠯᠳᠡ ᠶᠢ ᠠᠬᠢᠭᠤᠯᠵᠦ ᠴᠢᠳᠠᠭᠰᠡᠨ ᠢᠶᠠᠷ ᠪᠠᠷᠠᠬᠤ ᠦᠭᠡᠢ᠂ ᠴᠠᠭᠠᠨ ᠢᠳᠡᠭᠡ᠂ ᠣᠯᠭᠠᠨ ᠢᠳᠡᠭᠡ᠂ ᠠᠶᠠᠯᠠᠯ ᠵᠢᠭᠤᠯᠴᠢᠯᠠᠯ᠂ ᠮᠢᠬᠠᠨ ᠤ ᠬᠤᠨᠢ ᠦᠭᠡᠷ ᠤᠨ ᠬᠤᠷᠰᠢᠶᠠᠵᠢᠯ ᠵᠡᠷᠭᠡ ᠣᠳᠣᠬᠢᠴᠢᠯᠠᠭᠰᠡᠨ ᠠᠵᠦ ᠦᠢᠯᠡᠰ ᠢᠶᠠᠷ ᠮᠠᠯᠴᠢᠳ ᠢᠶᠠᠨ  ᠲᠠᠭᠠᠭᠤᠯᠵᠦ ᠴᠢᠨᠡᠭᠡᠭᠵᠢᠯ ᠤᠨ ᠵᠠᠮ ᠢᠶᠠᠷ ᠵᠠᠮᠨᠠᠵᠦ᠂ ︽ᠨᠠᠮ ᠤᠨ ᠭᠡᠰᠢᠬᠦᠨ ᠤ ᠭᠤᠣᠯᠯᠠᠬᠤ ᠡᠷᠦᠭᠡ ︾᠎ ᠨᠢ ᠦᠨᠡᠨᠬᠦ ᠲᠦᠷᠦ ᠶᠢᠨ ᠪᠣᠳᠣᠯᠭ᠎ᠠ ᠶᠢᠨ ︽ᠣᠬᠠᠭᠤᠯᠣᠭᠴᠢ︾᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢᠨ ︽ᠮᠡᠳᠡᠭᠦᠯᠦᠭᠴᠢ︾᠂  ᠶᠠᠳᠠᠭᠤ ᠶᠢ ᠲᠡᠳᠬᠦᠵᠦ ᠪᠠᠭᠤᠷᠠᠢ ᠶᠢ ᠲᠡᠮᠵᠢᠬᠦ ︽ᠬᠠᠷᠢᠯᠴᠠᠭᠴᠢ︾᠂ ᠭᠡᠮ ᠰᠣᠭᠤᠭ ᠢ ︽ᠢᠯᠡᠷᠡᠭᠦᠯᠦᠭᠴᠢ︾᠂ ᠴᠢᠨᠡᠭᠡᠭᠵᠢᠯ ᠢᠶᠠᠷ ᠵᠠᠮᠨᠠᠬᠤ ︽ᠵᠢᠱᠢᠶᠡᠴᠢ︾ ᠪᠣᠯᠵᠦ᠂ ᠮᠠᠯᠴᠢᠨ ᠲᠦᠮᠡᠨ ᠲᠠᠢ ᠬᠠᠷᠢᠯᠴᠠᠵᠦ᠂ ᠮᠠᠯᠴᠢᠨ ᠲᠦᠮᠡᠨ ᠳᠤ ᠦᠢᠯᠡᠴᠢᠯᠡᠬᠦ ᠲᠠᠷᠬᠠᠨ ᠡᠭᠦᠷᠭᠡ ᠶᠢ ᠡᠭᠦᠷᠭᠡᠯᠡᠵᠦ  ᠶᠠᠪᠣᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号