ᠰᠢᠨ᠎ᠡ ᠪᠠᠷᠭᠤ ᠵᠡᠬᠦᠨ ᠬᠤᠰᠢᠭᠤᠨ ᠤ ᠲᠡᠤᠬᠡ ᠶᠢᠨ ᠲᠤᠷᠠᠰᠬᠠᠯᠳᠤ ᠵᠤᠶᠢᠯᠡᠰ ᠤᠨ ᠭᠠᠵᠠᠷ ᠨᠢ ︽ᠶᠢᠰᠤᠨ ᠰᠠᠷ᠎ᠠ ᠶᠢᠨ ᠠᠷᠪᠠᠨ ᠨᠠᠶᠢᠮᠠᠨ︾᠎ ᠤ ᠤᠯᠤᠰ ᠢᠶᠠᠨ ᠬᠠᠶᠢᠷᠠᠯᠠᠬᠤ ᠭᠤᠤᠯ ᠰᠡᠳᠤᠪᠳᠤ ᠰᠤᠷᠭᠠᠨ ᠬᠦᠮᠤᠵᠢᠯ ᠎ ᠤᠨ ᠬᠦᠳᠡᠯᠬᠡᠬᠡᠨ ᠦᠷᠨᠢᠬᠦᠯᠪᠡ
ᠨᠡᠶᠢᠲᠡᠯᠡᠭᠰᠡᠨ ᠴᠠᠭ᠄
2018-09-20
    9 ᠰᠠᠷ᠎ᠠ ᠶᠢᠨ 18᠎ ᠤ ᠡᠳᠤᠷ᠂ ᠬᠤᠰᠢᠭᠤᠨ ᠤ ᠲᠡᠤᠬᠡ ᠶᠢᠨ ᠲᠤᠷᠠᠰᠬᠠᠯᠳᠤ ᠵᠤᠶᠢᠯᠡᠰ ᠤᠨ ᠭᠠᠵᠠᠷ ᠨᠢ ᠤᠯᠤᠰ ᠤᠨ ᠢᠴᠢᠬᠦᠷᠢ ᠪᠠᠨ ᠮᠠᠷᠳᠠᠬᠤ ᠦᠬᠡᠢ᠂ ᠲᠤᠮᠳᠠᠳᠤ ᠪᠠᠨ ᠬᠠᠶᠢᠷᠠᠯᠠᠬᠤ ︽ᠶᠢᠰᠤᠨ ᠰᠠᠷ᠎ᠠ ᠶᠢᠨ ᠠᠷᠪᠠᠨ ᠨᠠᠶᠢᠮᠠᠨ︾᠎ ᠤ ᠤᠯᠤᠰ ᠢᠶᠠᠨ ᠬᠠᠶᠢᠷᠠᠯᠠᠬᠤ ᠭᠤᠤᠯ ᠰᠡᠳᠤᠪᠳᠤ ᠰᠤᠷᠭᠠᠨ ᠬᠦᠮᠤᠵᠢᠯ ᠤᠨ ᠬᠦᠳᠡᠯᠬᠡᠬᠡᠨ ᠦᠷᠨᠢᠬᠦᠯᠵᠤ᠂ ᠦᠷᠭᠡᠨ ᠤᠯᠠᠨ ᠰᠤᠷᠤᠭᠴᠢᠳ ᠤᠨ ᠦᠨᠳᠤᠰᠤᠳᠠᠨ ᠢᠶᠠᠨ ᠬᠡᠬᠦ ᠬᠠᠷᠢᠭᠤᠴᠠᠯᠭᠠᠳᠤ ᠤᠪᠤᠷ ᠢ ᠤᠯᠠᠮ ᠨᠢᠬᠡ ᠠᠯᠬᠤᠮ ᠨᠡᠮᠡᠭᠳᠡᠬᠦᠯᠦᠨ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯ ᠢ ᠬᠦᠮᠤᠵᠢᠬᠦᠯᠵᠤ᠂ ᠨᠤᠭᠤᠷᠠᠰᠢ ᠦᠬᠡᠢ ᠠᠭᠤᠤ ᠶᠡᠭᠡ ᠦᠨᠳᠤᠰᠤᠳᠠᠨ ᠤ ᠴᠤᠭ ᠰᠦᠯᠳᠠ ᠶᠢ ᠪᠠᠳᠠᠷᠠᠭᠤᠯᠬᠤ ᠪᠠᠷ ᠦᠷᠢᠶᠠᠯᠠᠭᠰᠠᠨ ᠪᠠᠶᠢᠨ᠎ᠠ᠃
    ᠬᠤᠰᠢᠭᠤᠨ ᠤ ᠲᠡᠤᠬᠡ ᠶᠢᠨ ᠲᠤᠷᠠᠰᠬᠠᠯᠳᠤ ᠵᠤᠶᠢᠯᠡᠰ ᠤᠨ ᠭᠠᠵᠠᠷ ᠨᠢ ᠠᠮᠤᠭᠤᠯᠠᠩ ᠨᠢᠬᠡᠳᠤᠭᠡᠷ ᠪᠠᠭ᠎ᠠ ᠰᠤᠷᠭᠠᠭᠤᠯᠢ ᠶᠢᠨ 200 ᠢᠯᠡᠬᠦᠤ ᠪᠠᠭᠰᠢ ᠰᠤᠷᠤᠭᠴᠢᠳ ᠢ ᠵᠤᠬᠢᠶᠠᠨ ᠪᠠᠶᠢᠭᠤᠯᠤᠨ ᠨᠤᠮᠤᠨ ᠬᠠᠨ ᠤ ᠲᠠᠶᠢᠨ ᠤ ᠦᠯᠡᠳᠡᠭᠳᠡᠯ ᠤᠨ ᠲᠡᠯᠬᠡᠨ ᠦᠵᠡᠬᠦᠯᠬᠦ ᠲᠢᠩᠬᠢᠮ ᠢ ᠲᠤᠭᠤᠷᠢᠨ ᠦᠵᠡᠵᠤ᠂ ᠰᠤᠷᠤᠭᠴᠢᠳ ᠲᠤ ᠪᠤᠳᠠᠳᠠᠢ ᠲᠠᠶᠢᠯᠪᠤᠷᠢᠯᠠᠬᠤ ᠪᠠ ᠲᠡᠤᠬᠡ ᠶᠢ ᠡᠷᠬᠢᠴᠡᠬᠦᠯᠬᠦ ᠪᠠᠷ ᠲᠠᠮᠵᠢᠨ ᠲᠠᠶᠢᠨ ᠲᠠᠵᠢᠨ ᠠᠴᠠ ᠬᠦᠮᠤᠨ ᠲᠦᠷᠤᠯᠬᠢᠳᠠᠨ ᠳᠤ ᠠᠪᠴᠢᠷᠠᠭᠰᠠᠨ ᠭᠠᠢ ᠭᠠᠮᠰᠢᠭ ᠢ ᠤᠶᠢᠯᠭᠠᠭᠤᠯᠵᠤ᠂ ᠦᠨᠳᠤᠰᠤᠳᠠᠨ ᠤ ᠢᠴᠢᠬᠦᠷᠢ ᠪᠠᠨ ᠴᠡᠬᠡᠵᠢᠯᠡᠨ᠂ ᠬᠡᠤᠬᠡᠳ ᠪᠠᠭᠠᠴᠤᠳ ᠢ ᠤᠳᠤ ᠠᠴᠠ ᠡᠬᠢᠯᠡᠨ ᠪᠢᠴᠢᠭ ᠨᠤᠮ ᠪᠠᠨ ᠰᠠᠶᠢᠨ ᠰᠤᠷᠴᠤ᠂ ᠡᠷᠳᠡᠮ ᠮᠡᠳᠡᠯᠬᠡ ᠪᠠᠷ ᠦᠪᠡᠷ ᠤᠨ ᠪᠡᠶ᠎ᠡ ᠎ ᠪᠠᠨ ᠵᠡᠪᠰᠡᠭᠯᠡᠨ᠂ ᠲᠡᠤᠬᠡ ᠪᠠᠨ ᠮᠠᠷᠳᠠᠬᠤ ᠦᠬᠡᠢ᠂ ᠬᠤᠪᠢᠰᠬᠠᠯᠴᠢᠳ ᠤᠨ ᠵᠤᠷᠢᠭ ᠰᠠᠨᠠᠭ᠎ᠠ ᠶᠢ ᠲᠠᠭᠠᠭᠠᠨ ᠰᠤᠷᠴᠤ᠂ ᠤᠯᠤᠰ ᠢᠶᠠᠨ ᠬᠠᠶᠢᠷᠠᠯᠠᠨ᠂ ᠬᠦᠰᠡᠯ ᠢᠳᠡᠭᠡᠯ ᠵᠤᠷᠢᠭ ᠢᠶᠠᠨ ᠪᠠᠳᠤᠳᠬᠠᠵᠤ᠂ ᠲᠤᠮᠳᠠᠳᠤ ᠶᠢᠨ ᠦᠨᠳᠤᠰᠤᠳᠠᠨ ᠤ ᠠᠭᠤᠤ ᠶᠡᠭᠡ ᠮᠠᠨᠳᠤᠬᠤ ᠶᠢᠨ ᠲᠦᠯᠤᠭᠡ ᠨᠤᠭᠤᠷᠠᠰᠢ ᠦᠬᠡᠢ ᠴᠢᠷᠮᠠᠶᠢᠬᠤ ᠬᠡᠷᠡᠭᠳᠠᠢ ᠭᠡᠵᠤ ᠤᠷᠢᠶᠠᠯᠠᠭᠰᠠᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ  ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号