ᠬᠤᠰᠢᠭᠤ ᠨᠠᠮ ᠤᠨ ᠬᠤᠷᠢᠶᠠᠨ ᠤ ᠠᠷᠪᠠᠨ ᠲᠦᠷᠪᠡᠳᠦᠬᠡᠷ ᠬᠤᠭᠤᠴᠠᠭᠠᠨ ᠤ ᠲᠦᠴᠢᠳᠦᠬᠡᠷ ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠵᠢᠴᠢ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ 2018 ᠤᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2018-09-20
    9 ᠰᠠᠷᠠᠶᠢᠨ 18᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠪᠠᠶᠠᠷ ᠬᠤᠰᠢᠭᠤ ᠨᠠᠮ ᠤᠨ ᠬᠤᠷᠢᠶᠠᠨ ᠤ ᠠᠷᠪᠠᠨ ᠲᠦᠷᠪᠡᠳᠦᠬᠡᠷ ᠬᠤᠭᠤᠴᠠᠭᠠᠨ ᠤ ᠲᠦᠴᠢᠳᠦᠬᠡᠷ ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠵᠢᠴᠢ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ 2018 ᠤᠨ ᠤ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ ᠤᠯᠤᠰ ᠲᠦᠷᠦ ᠬᠠᠤᠯᠢ ᠴᠠᠭᠠᠵᠠ᠂ ᠵᠤᠬᠢᠶᠠᠨ ᠪᠠᠶᠢᠭᠤᠯᠬᠤ ᠬᠡᠯᠳᠡᠰ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ᠂ ᠤᠬᠠᠭᠤᠯᠬᠤ ᠬᠡᠯᠳᠡᠰ᠂ ᠨᠢᠬᠡᠳᠦᠮᠡᠯ ᠹᠷᠤᠨᠲ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠵᠡᠷᠬᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠯᠳᠡᠰ ᠤᠨ ᠲᠡᠬᠡᠷ᠎ᠡ ᠬᠠᠭᠠᠰ ᠵᠢᠯ ᠤᠨ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠦ᠂ ᠲᠠᠷᠠᠭ᠎ᠠ ᠠᠯᠬᠤᠮ ᠤᠨ ᠠᠵᠢᠯ ᠤᠨ ᠡᠬᠦᠷᠬᠡ ᠳᠤ ᠪᠠᠶᠢᠷᠢᠯᠠᠭᠤᠯᠤᠯᠳᠠ ᠬᠢᠵᠡᠢ᠃
    ᠬᠤᠷᠠᠯ ᠳᠤ ᠲᠤᠰ ᠲᠤᠰ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠴᠢ ᠱᠠᠨ ᠵᠢᠶᠠᠨ᠂ ᠡᠤ ᠰᠢᠦᠸᠠᠢ ᠶᠥᠩ᠂ ᠵᠤᠷᠢᠭᠳᠦ᠂ ᠲᠡᠭᠰᠢᠪᠤᠶᠠᠨ᠂ ᠲᠤᠯᠢ᠂ ᠭᠧᠩ ᠬᠤᠤ ᠨᠠᠷ ᠤᠨ ᠬᠢᠭᠰᠡᠨ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ᠂ ᠶᠡᠷᠦᠩᠬᠡᠶᠢᠯᠡᠭᠰᠡᠨ ᠵᠠᠰᠠᠯᠳᠠ᠂ ᠲᠤᠭᠳᠠᠭᠤᠨ ᠢ ᠬᠠᠮᠠᠭᠠᠯᠬᠤ ᠪᠠ ᠬᠠᠤᠯᠢ ᠶᠤᠰᠤᠭᠠᠷ ᠬᠤᠰᠢᠭᠤ ᠪᠠᠨ ᠵᠠᠰᠬᠠᠤ ᠠᠵᠢᠯ ᠢ ᠪᠦᠬᠦ ᠲᠠᠯ᠎ᠠ ᠪᠠᠷ ᠠᠬᠢᠭᠤᠯᠬᠤ᠂ ᠪᠦᠬᠦ ᠬᠤᠰᠢᠭᠤᠨ ᠤ ᠵᠤᠬᠢᠶᠠᠨ ᠪᠠᠶᠢᠭᠤᠯᠬᠤ ᠠᠵᠢᠯ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ ᠪᠠ ᠨᠠᠮ ᠤᠨ ᠰᠤᠷᠳᠠᠯ ᠴᠢᠬᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠶᠢᠨ ᠠᠵᠢᠯ᠂ ᠪᠦᠬᠦ ᠬᠤᠰᠢᠭᠤᠨ ᠤ ᠤᠬᠠᠭᠤᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ᠨᠢᠬᠡᠳᠦᠮᠡᠯ ᠹᠷᠤᠨᠲ ᠪᠠ ᠱᠠᠰᠢᠨ ᠰᠤᠷᠳᠠᠬᠤᠨ ᠤ ᠠᠵᠢᠯ ᠵᠢᠴᠢ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠠᠵᠢᠯ ᠤᠨ ᠦᠷᠨᠢᠯᠳᠡ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠪᠠ᠃     ᠬᠠᠷᠢᠭᠤ ᠮᠡᠳᠡᠬᠦᠯᠦᠯᠳᠡ ᠶᠢ ᠰᠤᠨᠤᠰᠤᠭᠰᠠᠨ ᠤ ᠲᠠᠷᠠᠭ᠎ᠠ᠂ ᠪᠦᠷᠢᠨᠪᠠᠶᠠᠷ ᠠᠴᠠ ᠦᠨᠦ ᠵᠢᠯ ᠠᠴᠠ ᠨᠠᠰᠢ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠰᠠᠯᠠᠭ᠎ᠠ ᠮᠦᠴᠢᠷ ᠤᠨ ᠭᠤᠤᠯᠳᠠᠯᠠᠭ᠎ᠠ ᠶᠢᠨ ᠲᠤᠭᠤᠷᠢᠨ ᠳᠤ᠂ ᠶᠡᠭᠡ ᠴᠤᠭᠴᠠ ᠳᠤ ᠦᠢᠯᠡᠴᠢᠯᠡᠨ᠂ ᠡᠯ᠎ᠡ ᠲᠦᠷᠦᠯ ᠤᠨ ᠠᠵᠢᠯ ᠢ ᠠᠬᠢᠭᠤᠯᠬᠤ ᠲᠠᠯ᠎ᠠ ᠪᠠᠷ ᠪᠤᠲᠠᠲᠠᠢ ᠦᠷ᠎ᠡ ᠪᠦᠳᠦᠮᠵᠢ ᠤᠯᠤᠭᠰᠠᠨ ᠳᠤ ᠬᠦᠢᠴᠡᠳ ᠦᠨᠡᠯᠡᠯᠳᠡ ᠦᠭᠬᠦᠭᠰᠡᠨ ᠪᠠᠶᠢᠨ᠎ᠠ᠃     ᠲᠠᠷᠠᠭ᠎ᠠ ᠠᠯᠬᠤᠮ ᠳᠤ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠲᠠᠯ᠎ᠠ ᠪᠠᠷ ᠪᠦᠷᠢᠨᠪᠠᠶᠠᠷ ᠱᠠᠭᠠᠷᠳᠠᠬᠤ ᠳᠠᠭᠠᠨ᠄ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠠᠯ᠎ᠠ ᠪᠠᠷ ᠰᠢ ᠎ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠦᠪ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠠᠯ ᠲᠡᠬᠡᠷᠡᠬᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠯᠤᠰ ᠲᠦᠷᠦ ᠶᠢᠨ ᠵᠤᠭᠰᠤᠴᠠ ᠪᠠᠨ ᠲᠡᠬᠡᠭᠰᠢᠯᠡᠬᠦᠯᠦᠨ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠡᠷᠡᠰ ᠴᠢᠩᠭ᠎ᠠ ᠤᠳᠤᠷᠢᠳᠤᠯᠭ᠎ᠠ ᠶᠢ ᠪᠠᠷᠢᠮᠳᠠᠯᠠᠬᠤ ᠬᠡᠷᠡᠭᠳᠡᠢ᠃ ︽ᠬᠠᠷᠬᠢᠰ ᠬᠦᠴᠦᠨ ᠬᠠᠷ᠎ᠠ ᠪᠦᠯᠦᠭᠳᠡᠨ︾᠎ ᠳᠤ ᠴᠤᠬᠢᠯᠳᠠ ᠦᠭᠬᠦ ᠲᠤᠰᠬᠠᠢ ᠲᠡᠮᠡᠴᠡᠯ ᠤᠨ ᠠᠵᠢᠯ ᠪᠠ ︽ᠴᠠᠭᠳᠠᠭ᠎ᠠ᠂ ᠰᠢᠬᠦᠭᠴᠢ᠂ ᠪᠠᠶᠢᠴᠠᠭᠠᠭᠴᠢ ᠪᠠ ᠬᠠᠤᠯᠢᠴᠢ︾ ᠎ ᠶᠢ ᠭᠠᠴᠠᠭ᠎ᠠ ᠨᠡᠶᠢᠬᠡᠮ ᠲᠤᠭᠤᠷᠢᠭ ᠲᠤ ᠤᠷᠤᠭᠤᠯᠵᠦ᠂ ᠠᠷᠠᠳ ᠤᠨ ᠲᠤᠮᠳᠠᠬᠢ ᠦᠨᠳᠦᠷ ᠬᠦᠤ ᠲᠠᠢ ᠵᠢᠬᠡᠯᠡᠯᠬᠡ ᠶᠢ ᠨᠠᠮᠳᠠᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ︽ᠵᠢᠷᠭᠤᠭ᠎ᠠ ᠶᠢ ᠡᠷᠡᠰ ᠬᠤᠷᠢᠭᠯᠠᠬᠤ︾ ᠱᠠᠭᠠᠷᠳᠠᠯᠭ᠎ᠠ ᠎ ᠶᠢᠨ ᠲᠤᠭᠤᠷᠢᠨ ᠳᠤ ᠨᠡᠶᠢᠬᠡᠮ ᠤᠨ ᠵᠠᠰᠠᠯᠳᠠ᠂ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠬᠤ᠂ ᠬᠠᠤᠯᠢ ᠶᠤᠰᠤᠭᠠᠷ ᠬᠤᠰᠢᠭᠤ ᠪᠠᠨ ᠵᠠᠰᠠᠬᠤ ᠵᠡᠷᠬᠡ ᠠᠵᠢᠯ ᠢ ᠨᠢᠬᠡᠳᠦᠯᠳᠡᠢ ᠲᠦᠯᠦᠪᠯᠡᠨ ᠰᠠᠶᠢᠳᠤᠷ ᠠᠳᠬᠤᠬᠤ ᠬᠡᠷᠡᠭᠳᠡᠢ᠃ ᠵᠤᠬᠢᠶᠠᠨ ᠪᠠᠶᠢᠭᠤᠯᠬᠤ ᠠᠵᠢᠯ ᠤᠨ ᠲᠠᠯ᠎ᠠ ᠪᠠᠷ᠂ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭᠠᠳᠤ ᠰᠡᠳᠬᠢᠯᠬᠡ ᠶᠢ ᠲᠡᠬᠡᠭᠰᠢᠯᠡᠬᠦᠯᠦᠨ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠵᠠᠮ ᠱᠤᠭᠤᠮ ᠪᠠ ᠠᠬᠢᠭᠤᠯᠬᠤ ᠬᠦᠰᠦᠨᠦᠭᠳᠦ ᠶᠤᠰᠤᠭᠠᠷ᠂ ᠠᠷᠭ᠎ᠠ ᠠᠪᠴᠠᠯ ᠢ ᠨᠠᠷᠢᠯᠢᠭᠵᠢᠭᠤᠯᠤᠨ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠪᠦᠬᠦ ᠲᠠᠯ᠎ᠠ ᠶᠢᠨ ᠲᠡᠬᠡᠭᠰᠢᠯᠯᠡᠳᠡ ᠶᠢ ᠠᠬᠢᠭᠤᠯᠬᠤ ᠬᠡᠷᠡᠭᠳᠡᠢ᠃ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ ᠤᠨ ᠠᠵᠢᠯ ᠤᠨ ᠲᠠᠯ᠎ᠠ ᠪᠠᠷ ᠪᠦᠬᠦ ᠬᠤᠰᠢᠭᠤᠨ ᠤ ᠠᠵᠢᠯ ᠤᠨ ᠪᠦᠬᠦᠯᠢ ᠴᠤᠭᠴᠠ ᠶᠢᠨ ᠲᠤᠭᠤᠷᠢᠨ ᠳᠤ ᠬᠢᠨᠠᠯᠳᠠ ᠲᠠᠯᠪᠢᠵᠦ ᠰᠠᠬᠢᠯᠭ᠎ᠠ ᠪᠠᠳᠤ ᠬᠡᠷᠡᠭᠵᠢᠬᠦᠯᠬᠦ ᠡᠬᠦᠷᠬᠡ ᠬᠠᠷᠢᠭᠤᠴᠠᠯᠭ᠎ᠠ ᠪᠠᠨ ᠬᠡᠷᠡᠭᠵᠢᠬᠦᠯᠬᠦ ᠪᠠᠷ ᠲᠠᠮᠵᠢᠨ᠂ ᠢᠯᠵᠠᠷᠠᠮᠠᠯ ᠢ ᠡᠰᠡᠷᠬᠦᠴᠡᠵᠦ ᠠᠷᠢᠭᠤᠨ ᠴᠢᠬᠡᠴᠢ ᠶᠢ ᠤᠷᠢᠶᠠᠯᠠᠬᠤ ᠦᠨᠳᠦᠷ ᠲᠠᠷᠤᠯᠳᠠᠳᠤ ᠬᠡᠪ ᠪᠠᠶᠢᠳᠠᠯ ᠪᠠ ᠴᠢᠬᠡᠴᠢ ᠵᠠᠰᠠᠭ ᠢ ᠬᠦᠨᠵᠡᠬᠡᠶᠢᠷᠡᠬᠦᠯᠬᠦ ᠰᠡᠷᠡᠮᠵᠢᠬᠦᠯᠦᠯ ᠬᠦᠮᠦᠵᠢᠯ ᠢ ᠪᠠᠷᠢᠮᠳᠠᠯᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠬᠤ ᠶᠢ ᠬᠦᠨᠵᠡᠬᠡᠶᠢᠷᠡᠬᠦᠯᠦᠨ ᠠᠬᠢᠭᠤᠯᠵᠦ᠂ ᠪᠦᠬᠦ ᠬᠤᠰᠢᠭᠤᠨ ᠤ ᠨᠠᠮ ᠤᠨ ᠰᠤᠷᠳᠠᠯ ᠴᠢᠬᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠪᠠ ᠢᠯᠵᠠᠷᠠᠮᠠᠯ ᠢ ᠡᠰᠡᠷᠬᠦᠴᠡᠬᠦ ᠠᠵᠢᠯ ᠤᠨ ᠲᠠᠯ᠎ᠠ ᠪᠠᠷ ᠰᠢᠨ᠎ᠡ ᠦᠷ᠎ᠡ ᠪᠦᠳᠦᠮᠵᠢ ᠭᠠᠷᠬᠤ ᠶᠢ ᠠᠬᠢᠭᠤᠯᠬᠤ ᠬᠡᠷᠡᠭᠳᠡᠢ ᠬᠡᠵᠡᠢ᠃ ᠲᠡᠷᠡ ᠪᠠᠰᠠ ᠤᠬᠠᠭᠤᠯᠭ᠎ᠠ ᠶᠢᠨ ᠠᠵᠢᠯ᠂ ᠨᠢᠬᠡᠳᠦᠮᠡᠯ ᠹᠷᠤᠨᠲ᠂ ᠦᠬᠡᠷᠡᠴᠢᠯᠡᠯᠳᠡ ᠎ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠵᠡᠷᠬᠡ ᠲᠠᠯ᠎ᠠ ᠪᠠᠷ ᠪᠤᠲᠠᠲᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃
    ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ᠂ ᠵᠤᠬᠢᠶᠠᠨ ᠪᠠᠶᠢᠭᠤᠯᠬᠤ ᠬᠡᠯᠳᠡᠰ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠤᠬᠠᠭᠤᠯᠬᠤ ᠬᠡᠯᠳᠡᠰ᠂ ᠨᠢᠬᠡᠳᠦᠮᠡᠯ ᠹᠷᠤᠨᠲ ᠶᠢᠨ ᠬᠡᠯᠳᠡᠰ᠂ ᠦᠬᠡᠷᠡᠴᠢᠯᠡᠯᠳᠡ ᠶᠢᠨ ᠠᠯᠪᠠᠨ ᠬᠡᠷ ᠵᠡᠷᠬᠡ ᠰᠠᠯᠠᠭ᠎ᠠ ᠮᠦᠴᠢᠷ ᠤᠨ ᠬᠢᠨ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ  ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号