ᠰᠢᠨ᠎ᠡ ᠪᠠᠷᠭᠤ ᠵᠡᠬᠦᠨ ᠬᠤᠰᠢᠭᠤᠨ ᠤ ᠨᠠᠰᠤᠳᠠᠶᠢᠴᠤᠳ ᠮᠤᠩᠭᠤᠯ ᠦᠪ ᠰᠤᠶᠤᠯ ᠵᠠᠩ ᠦᠢᠯᠡ ᠢᠶᠠᠨ ᠲᠡᠯᠬᠡᠨ ᠦᠵᠡᠬᠦᠯᠬᠦ ᠬᠡᠯᠪᠡᠷᠢ ᠪᠠᠷ ︽10.1︾᠎ ᠤ ᠤᠯᠤᠰ ᠤᠨ ᠪᠠᠶᠠᠷ ᠢᠶᠠᠨ ᠤᠭᠳᠤᠨ ᠪᠡᠯᠬᠡᠯᠡᠨ᠎ᠡ
ᠨᠡᠶᠢᠲᠡᠯᠡᠭᠰᠡᠨ ᠴᠠᠭ᠄
2018-09-26
    ︽10.1︾᠎ ᠤ ᠤᠯᠤᠰ ᠪᠠᠶᠢᠭᠤᠯᠤᠭᠳᠠᠭᠰᠠᠨ ᠪᠠᠶᠠᠷ ᠵᠢᠴᠢ ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠭᠰᠠᠨ 40 ᠵᠢᠯ ᠤᠨ ᠤᠢ ᠶᠢ ᠪᠠᠶᠠᠷᠯᠠᠨ ᠪᠡᠯᠬᠡᠯᠡᠵᠦ᠂ ᠮᠤᠩᠭᠤᠯ ᠦᠪ ᠰᠤᠶᠤᠯ ᠵᠠᠩ ᠦᠢᠯᠡ ᠢᠶᠠᠨ ᠦᠪᠯᠡᠨ ᠤᠯᠠᠮᠵᠢᠯᠠᠵᠦ᠂ ᠬᠤᠶᠢᠴᠢ ᠦᠶ᠎ᠡ ᠳᠤ ᠪᠠᠨ ᠲᠠᠨᠢᠭᠤᠯᠤᠨ ᠦᠪᠯᠡᠬᠦᠯᠬᠦ ᠶᠢᠨ ᠲᠤᠯᠠᠳᠠ᠂ 9 ᠰᠠᠷᠠᠶᠢᠨ 25᠎ ᠤ ᠡᠳᠦᠷ᠂ ᠰᠢᠨ᠎ᠡ ᠪᠠᠷᠭᠤ ᠵᠡᠬᠦᠨ ᠬᠤᠰᠢᠭᠤᠨ ᠤ ︽ᠲᠤᠷᠠᠰᠤᠮᠵᠢ︾ ᠸᠢᠴᠠᠲ ᠬᠤᠯᠪᠤᠭᠠᠨ ᠤ ᠰᠡᠴᠡᠨᠳᠤᠩᠭᠠᠯᠠᠭ᠂ ᠲᠤᠯᠭᠤᠷ ᠵᠡᠷᠭᠡ ᠲᠠᠪᠤᠨ ᠨᠠᠰᠤᠳᠠᠶᠢᠴᠤᠳ ᠤᠨ ᠰᠡᠳᠦᠨ᠂ ᠵᠤᠬᠢᠶᠠᠨ ᠪᠠᠶᠢᠭᠤᠯᠤᠭᠰᠠᠨ ᠮᠤᠩᠭᠤᠯ ᠦᠪ ᠰᠤᠶᠤᠯ ᠵᠠᠩ ᠦᠢᠯᠡ ᠎ ᠶᠢ ᠲᠡᠯᠬᠡᠨ ᠦᠵᠡᠬᠦᠯᠬᠦ ᠠᠵᠢᠯᠯᠠᠭ᠎ᠠ ᠰᠢᠨᠡᠪᠤᠯᠠᠭ ᠰᠤᠮᠤᠨ ᠤ ᠮᠠᠩᠯᠠᠢ ᠭᠠᠴᠠᠭᠠᠨ ᠤ ︽ᠪᠠᠷᠭᠤ ᠮᠠᠯᠴᠢᠨ ᠵᠤᠭᠠᠴᠠᠯ ᠤᠨ ᠭᠠᠵᠠᠷ︾᠎ ᠲᠤ ᠤᠳᠬ᠎ᠠ ᠲᠡᠬᠦᠯᠳᠡᠷ ᠶᠠᠪᠤᠭᠳᠠᠭᠰᠠᠨ ᠪᠠᠶᠢᠨ᠎ᠠ᠃
    ᠠᠵᠢᠯᠯᠠᠭ᠎ᠠ ᠨᠢ ᠡᠷᠳᠡ ᠶᠢᠨ ᠦᠨᠢᠶᠡᠨ ᠵᠡᠯᠡᠨ ᠠᠴᠠ ᠡᠬᠢᠯᠡᠵᠦ᠂ ᠪᠠᠷᠭᠤ ᠪᠦᠰᠡᠬᠦᠶᠢᠴᠤᠳ ᠤᠨ  ᠦᠤᠷ ᠤᠨ ᠴᠤᠯᠮᠤᠨ ᠲᠠᠢ ᠤᠷᠤᠯᠳᠤᠨ ᠪᠤᠰᠴᠦ᠂ ᠦᠨᠢᠶ᠎ᠡ ᠪᠠᠨ ᠰᠠᠭᠠᠨ᠂ ᠡᠳᠦᠷ ᠤᠨ ᠠᠵᠢᠯ ᠢᠶᠠᠨ ᠡᠬᠢᠯᠡᠬᠦᠯᠳᠡᠭ ᠠᠵᠢᠯᠴᠢ ᠪᠤᠷᠤᠭᠵᠢᠭᠤᠨ ᠵᠠᠩ ᠦᠢᠯᠡ ᠶᠢ ᠬᠦᠢᠴᠡᠳ ᠢᠯᠡᠷᠡᠬᠦᠯᠵᠦ ᠪᠠᠶᠢᠯ᠎ᠠ᠃ ᠦᠪᠦᠷᠪᠤᠯᠠᠭ ᠰᠤᠮᠤᠨ ᠤ ᠰᠠᠷᠠᠭᠤᠯᠵᠠᠮᠳᠤ ᠭᠠᠴᠠᠭᠠᠨ ᠤ 76 ᠨᠠᠰᠤᠨ ᠤ ᠪᠤᠶᠠᠨ ᠢ ᠡᠳ᠋ᠯᠡᠵᠦ ᠶᠠᠪᠤᠭ᠎ᠠ ᠲᠤᠯᠭᠤᠷ ᠨᠠᠰᠤᠳᠠᠨ ᠴᠤ ᠦᠨᠦᠳᠦᠷ 19 ᠨᠠᠰᠤᠳᠠᠢ ᠪᠠᠶᠢᠬᠤ ᠳᠠᠭᠠᠨ ᠠᠶᠢᠯ ᠳᠤ ᠮᠤᠷᠳᠠᠬᠤ ᠦᠶ᠎ᠡ ᠶᠢᠨ ᠵᠠᠰᠠᠯ ᠰᠢᠷ᠎ᠠ ᠲᠤᠷᠭᠠᠨ ᠲᠡᠪᠡᠯ ᠪᠠ ᠦᠨᠢᠶ᠎ᠡ ᠰᠠᠭᠠᠬᠤ ᠬᠦᠨᠦᠭ ᠎ ᠲᠠᠢ ᠪᠠᠨ ᠢᠷᠡᠵᠦ᠂ ᠡᠨᠡᠬᠦ ᠤᠳᠬ᠎ᠠ ᠤᠴᠢᠷ ᠲᠠᠢ ᠠᠵᠢᠯᠯᠠᠭ᠎ᠠ ᠳᠤ ᠤᠷᠤᠯᠴᠠᠵᠦ᠂ ᠵᠠᠯᠠᠭᠤ ᠨᠠᠰᠤ ᠪᠠᠨ ᠲᠤᠷᠠᠰᠤᠨ ᠰᠠᠨᠠᠭᠠᠯᠵᠠᠵᠦ ᠪᠠᠶᠢᠪᠠ᠃     ᠡᠶᠢᠨᠬᠦ ᠦᠨᠢᠶ᠎ᠡ ᠪᠠᠨ ᠰᠠᠭᠠᠭᠠᠳ᠂ ᠤᠤᠷ ᠢᠶᠠᠨ ᠨᠦᠳᠦᠵᠦ᠂ ᠴᠢ ᠪᠠᠨ ᠴᠢᠨᠠᠬᠤ᠂ ᠰᠦ ᠪᠠᠨ ᠰᠠᠮᠠᠷᠴᠦ᠂ ᠠᠭᠠᠷᠤᠤᠯ ᠪᠠᠷᠢᠬᠤ ᠵᠡᠷᠬᠡ ᠪᠠᠷᠭᠤ ᠪᠦᠰᠡᠬᠦᠶᠢᠴᠤᠳ ᠤᠨ ᠡᠷᠳᠡ ᠶᠢᠨ ᠠᠵᠢᠯ ᠤᠨ ᠦᠵᠡᠬᠦᠯᠬᠡ ᠵᠠᠯᠭ᠎ᠠ ᠵᠠᠯᠭᠠᠪᠠᠷ ᠶᠠᠪᠤᠭᠳᠠᠵᠦ᠂ ᠨᠠᠰᠤᠳᠠᠶᠢᠴᠤᠳ ᠬᠠᠮᠳᠤᠪᠠᠷ ᠰᠦ ᠰᠠᠮᠠᠷᠴᠦ᠂ ᠠᠭᠠᠷᠤᠤᠯ ᠪᠠᠷᠢᠬᠤ ᠶᠢᠨ ᠵᠠᠭᠤᠷ᠎ᠠ ᠦᠪᠡᠷ ᠤᠨ ᠡᠷᠬᠡ ᠦᠬᠡᠢ ᠵᠠᠯᠠᠭᠤ ᠨᠠᠰᠤ ᠪᠠᠨ ᠲᠤᠷᠠᠰᠤᠨ ᠰᠠᠨᠠᠭᠠᠯᠵᠠᠵᠦ᠂ ᠲᠡᠷᠡ ᠦᠶ᠎ᠡ ᠶᠢᠨ ᠠᠮᠢᠳᠤᠷᠠᠯ ᠤᠨ ᠪᠤᠷᠤᠭᠵᠢᠭᠤᠨ᠂ ᠪᠠᠶᠢᠭᠠᠯᠢᠯᠢᠭ᠂ ᠦᠨᠦ ᠴᠠᠭ ᠤᠨ ᠬᠦᠭᠵᠢᠯᠳᠡ᠂ ᠤᠯᠠᠮᠵᠢᠯᠠᠯ ᠢᠶᠠᠨ ᠠᠯᠳᠠᠵᠦ ᠪᠠᠶᠢᠭ᠎ᠠ ᠵᠡᠷᠬᠡ ᠶᠢ ᠰᠠᠨᠠᠭ᠎ᠠ ᠠᠯᠳᠠᠨ ᠶᠠᠷᠢᠵᠦ ᠰᠠᠭᠤᠬᠤ ᠨᠢ ᠨᠡᠬᠡᠷᠡᠨ ᠴᠤ ᠬᠤᠶᠢᠴᠢ ᠦᠶ᠎ᠡ ᠪᠤᠯᠤᠭᠰᠠᠨ ᠪᠢᠳᠡᠨ ᠳᠤ ᠰᠡᠷᠡᠮᠵᠢᠯᠡᠬᠦᠯᠦᠯ ᠪᠤᠯᠵᠦ ᠪᠠᠶᠢᠯ᠎ᠠ᠃     ᠠᠵᠢᠯᠯᠠᠭ᠎ᠠ ᠳᠤ ᠤᠷᠤᠯᠴᠠᠭᠰᠠᠨ ᠨᠠᠰᠤᠳᠠᠶᠢᠴᠤᠳ ᠲᠡᠬᠡᠰᠦ  ᠲᠤᠮᠤᠬᠤ᠂ ᠤᠳᠠᠰᠤ ᠡᠬᠡᠷᠦᠯᠳᠡᠬᠦ᠂ ᠬᠢᠯᠭᠠᠰᠤ ᠤᠷᠠᠬᠤ᠂ ᠢᠰᠬᠡᠢ  ᠰᠢᠷᠡᠵᠤ᠂ ᠠᠷᠠᠰᠤ ᠬᠦᠪᠦᠷᠳᠡᠬᠦ᠂ ᠰᠢᠯᠪᠢ ᠢᠮᠬᠢᠷᠳᠡᠬᠦ᠂ ᠰᠢᠯᠪᠢ ᠬᠠᠳᠠᠬᠤ᠂ ᠮᠤᠷᠢᠨ ᠲᠡᠷᠬᠡ ᠎ ᠪᠠᠷ ᠤᠰᠤᠨ ᠳᠤ ᠶᠠᠪᠤᠬᠤ ᠠᠷᠭᠠᠯ ᠲᠡᠬᠦᠬᠦ᠂ ᠵᠡᠷᠬᠡ ᠪᠠᠷᠭᠤ ᠮᠤᠩᠭᠤᠯᠴᠤᠳ ᠤᠨ ᠡᠷᠳᠡ ᠲᠡᠬᠡᠳᠦ ᠠᠴᠠ ᠪᠠᠨ ᠬᠢᠵᠦ ᠪᠦᠳᠦᠬᠡᠭᠰᠡᠬᠡᠷ ᠢᠷᠡᠭᠰᠡᠨ ᠵᠦᠢᠯᠡᠰ ᠢ ᠲᠡᠯᠬᠡᠨ ᠦᠵᠡᠬᠦᠯᠦᠭᠰᠡᠨ ᠤ ᠬᠠᠮᠳᠤ ᠵᠠᠷᠢᠮ ᠨᠠᠰᠤᠳᠠᠶᠢᠴᠤᠳ ᠨᠢ ᠬᠡᠳᠦᠨ ᠦᠶ᠎ᠡ ᠠᠴᠠ ᠪᠠᠨ ᠤᠯᠠᠮᠵᠢᠯᠠᠵᠦ ᠢᠷᠡᠭᠰᠡᠨ ᠭᠠᠤᠯᠢᠨ ᠬᠦᠨᠦᠭ᠂ ᠠᠭᠠᠷᠤᠤ ᠵᠡᠷᠬᠡ ᠭᠠᠤᠯᠢ᠂ ᠵᠡᠰ᠂ ᠮᠤᠳᠤᠨ ᠬᠡᠷᠡᠭᠰᠡᠯ ᠎ ᠲᠠᠢ ᠬᠦᠷᠦᠯᠴᠡᠨ ᠢᠷᠡᠵᠦ᠂ ᠬᠡᠳᠦᠢ ᠦᠶ᠎ᠡ ᠤᠯᠠᠮᠵᠢᠯᠠᠭᠳᠠᠨ᠂ ᠶᠠᠮᠠᠷ ᠦᠢᠯᠡᠳᠦᠯ ᠬᠡᠷᠡᠭᠴᠡᠭᠡ ᠲᠠᠢ ᠵᠡᠷᠬᠡ ᠶᠢ ᠲᠠᠨᠢᠯᠴᠠᠭᠤᠯᠵᠦ ᠪᠠᠶᠢᠪᠠ᠃     ᠵᠠᠩᠭᠠᠳᠤᠷᠵᠢ ᠨᠠᠰᠤᠳᠠᠨ ᠪᠠᠭ᠎ᠠ ᠠᠴᠠ ᠪᠠᠨ ᠤᠷᠠᠨ ᠲᠠᠷᠬᠠᠨ ᠤ ᠠᠵᠢᠯ ᠳᠤ ᠪᠠᠭ᠋ᠠᠳᠠᠢ ᠪᠤᠯᠵᠦ᠂ ᠮᠤᠳᠤᠨ ᠰᠡᠶᠢᠯᠦᠮᠡᠯ ᠵᠡᠷᠬᠡ ᠶᠢ ᠬᠢᠵᠦ ᠤᠷᠤᠯᠳᠤᠳᠠᠭ ᠪᠠᠶᠢᠭᠰᠠᠨ ᠪᠤᠯᠪᠠᠴᠤ ᠰᠡᠬᠦᠯᠡᠷ ᠨᠢ ᠠᠵᠢᠯ ᠠᠮᠢᠳᠤᠷᠠᠯ ᠳᠤ ᠪᠠᠨ ᠶᠠᠭᠠᠷᠠᠵᠦ ᠲᠤᠷᠭᠤᠨ ᠬᠠᠶᠠᠭᠰᠠᠨ ᠪᠠᠶᠢᠵᠠᠢ᠃ ᠦᠢᠷ᠎ᠠ ᠶᠢᠨ ᠬᠡᠳᠦᠨ ᠵᠢᠯ ᠨᠠᠰᠤᠳᠠᠨ ᠭᠤᠸᠠᠢ ᠠᠴᠢ ᠪᠠᠨ ᠬᠠᠷᠠᠵᠦ ᠬᠤᠳᠠ ᠤᠷᠤᠵᠦ ᠰᠠᠭᠤᠬᠤ ᠳᠠᠭᠠᠨ ᠮᠤᠩᠭᠤᠯ ᠰᠢᠳᠠᠷ᠎ᠠ᠂ ᠵᠢᠷᠠᠨ ᠫᠠᠢ᠂ ᠠᠮᠤᠷ ᠪᠠᠶᠠᠰᠬᠤᠯᠠᠩ ᠵᠡᠷᠬᠡ ᠪᠠᠷᠭᠤ ᠮᠤᠩᠭᠤᠯᠴᠤᠳ ᠤᠨ ᠢᠶᠠᠨ ᠡᠷᠳᠡ ᠲᠡᠬᠡᠳᠦ ᠠᠴᠠ ᠪᠠᠨ ᠤᠯᠠᠮᠵᠢᠯᠠᠵᠦ ᠢᠷᠡᠭᠰᠡᠨ ᠨᠠᠭᠠᠳᠤᠮ ᠲᠤᠭᠯᠠᠭᠠᠮ ᠢ ᠦᠪᠡᠷ ᠎ ᠤᠨ ᠭᠠᠷ ᠢᠶᠠᠷ ᠢᠶᠠᠨ ᠬᠢᠵᠦ ᠪᠦᠳᠦᠬᠡᠵᠦ᠂ ᠦᠷ᠎ᠡ ᠠᠴᠢᠨᠠᠷ ᠲᠤ ᠪᠠᠨ ᠦᠪ ᠪᠤᠯᠭᠠᠨ ᠦᠯᠡᠳᠡᠬᠡᠶ᠎ᠡ ᠬᠡᠰᠡᠨ ᠵᠤᠷᠢᠯᠭ᠎ᠠ ᠎ ᠠᠴᠠ ᠮᠤᠳᠤᠨ ᠲᠠᠷᠬᠠᠨ ᠤ ᠠᠵᠢᠯ ᠢᠶᠠᠨ ᠲᠠᠬᠢᠵᠦ ᠡᠬᠢᠯᠡᠬᠦᠯᠦᠭᠰᠡᠨ ᠪᠠᠶᠢᠵᠦ᠂ ᠦᠨᠦᠳᠦᠷ ᠴᠤ ᠠᠯᠢ ᠤᠯᠠᠨ ᠮᠤᠳᠤᠨ ᠰᠡᠶᠢᠯᠦᠮᠡᠯ ᠪᠦᠳᠦᠬᠡᠯ ᠲᠠᠢ ᠬᠦᠷᠦᠯᠴᠡᠨ ᠢᠷᠡᠭᠰᠡᠨ ᠪᠠᠶᠢᠯ᠎ᠠ᠃     ᠠᠵᠢᠯᠯᠠᠭᠠᠨ ᠤ ᠬᠠᠮᠤᠭ ᠰᠡᠬᠦᠯ ᠤᠨ ᠠᠭᠤᠯᠭ᠎ᠠ ᠨᠢ ᠨᠠᠰᠤᠳᠠᠶᠢᠴᠤᠳ ᠮᠤᠳᠤᠨ ᠬᠦᠯᠢᠶ᠎ᠡ ᠳᠤ ᠢᠰᠡᠬᠡᠢ ᠪᠦᠷᠢᠶᠡᠰᠦ ᠬᠢᠬᠦ   ᠦᠢᠯᠡ ᠶᠠᠪᠤᠴᠠ ᠶᠢ ᠬᠠᠮᠳᠤᠪᠠᠷ ᠪᠦᠳᠦᠬᠡᠬᠦ ᠪᠠᠶᠢᠵᠦ᠂ ᠢᠰᠡᠬᠡᠢ ᠲᠠᠭᠠᠷᠠᠭᠤᠯᠤᠨ ᠡᠰᠬᠡᠬᠦ᠂ ᠢᠰᠡᠬᠡᠢ ᠪᠠᠨ ᠬᠦᠪᠦᠷᠳᠡᠵᠦ ᠤᠶᠤᠬᠤ᠂ ᠵᠡᠬᠡᠭ ᠬᠠᠳᠠᠬᠤ ᠵᠡᠷᠬᠡ ᠶᠢ ᠲᠤᠭᠤᠶᠢᠯᠠᠩ ᠬᠤᠪᠢᠶᠠᠯᠴᠠᠵᠦ᠂ ᠬᠦᠴᠦ ᠬᠠᠮᠳᠤᠷᠠᠨ ᠬᠢᠭᠰᠡᠨ ᠤ ᠳ᠋ᠦᠩ  ᠎ ᠳᠤ ᠤᠯᠠᠨ ᠤ ᠨᠢᠳᠦᠨ ᠳᠤ ᠪᠠᠷᠭᠤ ᠪᠦᠰᠡᠬᠦᠶᠢᠴᠤᠳ ᠤᠨ ᠤᠷᠠᠨ ᠭᠠᠷ ᠢᠶᠠᠷ ᠤᠷᠠᠯᠠᠵᠦ ᠪᠦᠳᠦᠬᠡᠭᠰᠡᠨ ᠢᠰᠡᠬᠡᠢ ᠪᠦᠷᠢᠶᠡᠰᠦ ᠲᠠᠢ ᠮᠤᠳᠤᠨ ᠬᠦᠯᠢᠶ᠎ᠡ ᠲᠤᠳᠤᠷᠠᠵᠠᠢ᠃ ᠨᠠᠰᠤᠳᠠᠶᠢᠴᠤᠳ ᠤᠨ ᠲᠠᠨᠢᠯᠴᠠᠭᠤᠯᠤᠭᠰᠠᠨ ᠢᠶᠠᠷ ᠮᠤᠳᠤᠨ ᠬᠦᠯᠢᠶ᠎ᠡ ᠨᠢ ᠬᠠᠯᠠᠭᠤᠨ ᠳᠤ ᠬᠠᠯᠠᠬᠤ ᠦᠬᠡᠢ᠂ ᠬᠦᠢᠳᠡᠨ ᠳᠤ ᠬᠦᠯᠳᠡᠬᠦ ᠦᠬᠡᠢ ᠤᠯᠠᠨ ᠦᠢᠯᠡᠳᠦᠯ ᠬᠡᠷᠡᠭᠴᠡᠭᠡ ᠲᠠᠢ ᠪᠠᠶᠢᠵᠤ᠂ ᠮᠠᠯᠴᠢᠳ ᠤᠨ ᠠᠮᠢᠳᠤᠷᠠᠯ ᠳᠤ ᠲᠤᠩ ᠲᠦᠬᠦᠮ ᠦᠵᠡᠬᠦᠯᠵᠦ ᠪᠠᠶᠢᠭᠰᠠᠨ ᠪᠠᠶᠢᠨ᠎ᠠ ᠬᠡᠪᠡᠴᠤ ᠤᠳᠤ ᠮᠤᠳᠤᠨ ᠬᠦᠯᠢᠶ᠎ᠡ ᠲᠤᠩ ᠴᠦᠬᠡᠷᠡᠵᠦ᠂ ᠠᠶᠢᠯ ᠪᠤᠯᠭᠠᠨ ᠲᠡᠮᠦᠷ ᠬᠦᠯᠢᠶ᠎ᠡ ᠲᠠᠢ ᠪᠤᠯᠵᠤ ᠪᠠᠶᠢᠭ᠎ᠠ ᠨᠢ   ᠬᠠᠷᠠᠮᠰᠠᠮᠠᠷ ᠵᠦᠢᠯ ᠪᠤᠯᠵᠤ ᠮᠦᠨ ᠴᠤ ᠤᠤᠯ ᠮᠤᠩᠭᠤᠯ ᠵᠠᠩ ᠦᠢᠯᠡ ᠡᠳ᠋ᠯᠡᠯ ᠭᠡᠷᠡᠭᠰᠡᠯ ᠢᠶᠠᠨ ᠦᠪᠯᠡᠵᠤ ᠤᠯᠠᠮᠵᠢᠯᠠᠬᠤ ᠶᠢ ᠪᠤᠳᠤᠭᠤᠰᠢᠳᠠᠢ ᠭᠡᠳᠡᠭ ᠢ ᠬᠠᠷᠠᠭᠤᠯᠵᠤ ᠪᠠᠶᠢᠭ᠎ᠠ ᠪᠢᠯᠡ᠃
    ᠲᠤᠰ ᠤᠳᠠᠭᠠᠨ ᠤ ᠬᠦᠳᠡᠯᠭᠡᠭᠡᠨ ᠢ ᠡᠷᠬᠢᠯᠡᠵᠤ ᠪᠠᠶᠢᠭ᠎ᠠ ᠬᠠᠮᠳᠤ ᠨᠢᠭᠡᠴᠡ ︽ᠲᠤᠷᠠᠰᠤᠮᠵᠢ︾ ᠸᠠᠴᠢᠲ ᠬᠤᠯᠪᠤᠭ᠎ᠠ ᠨᠢ 43 ᠵᠢᠯ ᠤᠨ ᠡᠮᠦᠨ᠎ᠡ ᠮᠠᠯ ᠡᠮᠨᠡᠯᠬᠡ ᠶᠢᠨ ᠪᠤᠯᠪᠠᠰᠤᠷᠠᠯ ᠳᠤ ᠤᠷᠤᠯᠴᠠᠵᠦ ᠬᠢᠵᠢᠭ ᠬᠡᠮ ᠢ ᠰᠡᠷᠬᠡᠶᠢᠯᠡᠵᠤ ᠪᠠᠶᠢᠭᠰᠠᠨ ᠲᠦᠴᠢᠭᠡᠳ ᠬᠦᠮᠦᠰ ᠢᠶᠠᠷ ᠪᠦᠷᠢᠯᠳᠦᠵᠦ᠂ ᠦᠪᠡᠷ ᠦᠪᠡᠷ ᠤᠨ ᠡᠪᠦᠭᠡ ᠲᠡᠬᠡᠳᠦᠰ᠂ ᠬᠡᠳᠦᠨ ᠦᠶ᠎ᠡ ᠠᠴᠠ᠂ ᠦᠶ᠎ᠡ ᠲᠠᠮᠵᠢᠨ ᠤᠯᠠᠮᠵᠢᠯᠠᠵᠦ ᠢᠷᠡᠭᠰᠡᠨ ᠬᠤᠪᠤᠷ ᠴᠤᠬᠠᠭ ᠡᠳ᠋ ᠪᠤᠳᠠᠰ ᠢᠶᠠᠨ ᠳᠡᠯᠭᠡᠨ ᠦᠵᠡᠬᠦᠯᠵᠤ ᠲᠠᠨᠢᠯᠴᠠᠭᠤᠯᠬᠤ ᠶᠢᠨ ᠲᠠᠭᠠᠤ ᠦᠪᠡᠷ ᠤᠨ ᠤᠷᠠᠨ ᠭᠠᠷ ᠤᠷ᠎ᠠ ᠤᠬᠠᠭᠠᠨ ᠢᠶᠠᠷ ᠢᠶᠠᠨ ᠤᠷᠠᠯᠠᠵᠤ ᠪᠦᠳᠦᠬᠡᠭᠰᠡᠨ ᠵᠦᠢᠯᠡᠰ ᠢᠶᠠᠨ ᠴᠤ ᠠᠪᠴᠢᠷᠠᠵᠦ᠂ ᠲᠡᠯᠬᠡᠨ ᠦᠵᠡᠬᠦᠯᠦᠭᠰᠡᠨ ᠢᠶᠠᠷ ᠨᠢᠬᠡ ᠡᠳᠦᠷ ᠤᠨ ᠤᠳᠬ᠎ᠠ ᠤᠴᠢᠷ ᠎ ᠲᠠᠢ ᠰᠠᠶᠢᠬᠠᠨ ᠬᠦᠳᠡᠯᠬᠡᠬᠡᠨ ᠦᠨᠳᠦᠷᠯᠡᠭᠰᠡᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ  ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号