ᠬᠠᠢ ᠴᠢᠩ ᠰᠢᠨᠡᠪᠤᠯᠠᠭ ᠰᠤᠮᠤ ᠪᠠᠷ ᠬᠦᠨᠵᠡᠬᠡᠶᠢᠷᠡᠵᠦ ᠠᠵᠢᠯ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2018-09-26
    9 ᠳ᠋ᠤᠬᠡᠷ ᠰᠠᠷᠠᠶᠢᠨ 25᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠲᠠᠷᠤᠭ᠎ᠠ ᠬᠠᠢ ᠴᠢᠩ ᠰᠢᠨᠡᠪᠤᠯᠠᠭ ᠰᠤᠮᠤ ᠪᠠᠷ ᠬᠦᠨᠵᠡᠬᠡᠶᠢᠷᠡᠵᠦ᠂ ᠪᠤᠬᠢᠷᠳᠤᠯ ᠦᠬᠡᠢ ᠲᠤᠯᠠᠭᠠᠨ ᠢ ᠬᠠᠳᠠᠭᠠᠯᠠᠬᠤ ᠪᠠᠶᠢᠰᠢᠩ ᠤᠨ ᠪᠦᠳᠦᠬᠡᠨ ᠪᠠᠶᠢᠭᠤᠯᠤᠯᠳᠠ᠂ ᠮᠠᠯ ᠲᠡᠵᠢᠬᠡᠪᠦᠷᠢ ᠶᠢᠨ ᠬᠢᠵᠢᠭ ᠬᠡᠮ ᠢ ᠰᠡᠷᠬᠡᠶᠢᠯᠡᠨ ᠡᠵᠡᠮᠳᠡᠬᠦ ᠪᠠ ᠬᠤᠷᠰᠢᠶᠠᠵᠢᠯ ᠤᠨ ᠡᠵᠡᠩᠨᠡᠯᠳᠡ ᠬᠦᠭᠵᠢᠯᠳᠡ ᠵᠡᠷᠬᠡ ᠲᠠᠯ᠎ᠠ ᠪᠠᠷ ᠪᠠᠶᠢᠴᠠᠭᠠᠨ ᠰᠤᠳᠤᠯᠤᠯᠳᠠ ᠶᠠᠪᠤᠭᠤᠯᠵᠦ᠂ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ᠂ ᠲᠠᠷᠢᠶᠠᠯᠠᠩ ᠮᠠᠯᠵᠢᠯ ᠤᠨ ᠲᠤᠪᠴᠢᠶ᠎ᠠ᠂ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠪᠠ ᠰᠤᠮᠤᠨ ᠤ ᠭᠤᠤᠯ ᠬᠠᠷᠢᠭᠤᠴᠠᠯᠭᠠᠳᠠᠳ ᠪᠠᠷ᠎ᠠ ᠪᠤᠯᠤᠯᠴᠠᠪᠠ᠃
    ᠪᠠᠶᠢᠴᠠᠭᠠᠨ ᠰᠤᠳᠤᠯᠤᠯᠳᠠ ᠲᠤᠮᠳᠠ᠂ ᠬᠠᠢ ᠴᠢᠩ ᠵᠡᠷᠬᠡ ᠤᠳᠤᠷᠢᠳᠤᠯᠭ᠎ᠠ ᠪᠤᠬᠢᠷᠳᠤᠯ ᠦᠬᠡᠢ ᠲᠤᠯᠠᠭᠠᠨ ᠢ ᠬᠠᠳᠠᠭᠠᠯᠠᠬᠤ ᠪᠠᠶᠢᠰᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠪᠦᠳᠦᠬᠡᠨ ᠪᠠᠶᠢᠭᠤᠯᠤᠯᠳᠠ ᠶᠢᠨ ᠠᠬᠢᠴᠠ᠂ ᠬᠡᠷ ᠪᠠᠶᠢᠰᠢᠩ ᠤᠨ ᠪᠦᠳᠦᠴᠡ᠂ ᠲᠤᠨᠤᠭᠯᠠᠨ ᠲᠠᠭᠠᠷᠠᠭᠤᠯᠬᠤ ᠪᠠᠷᠢᠮᠵᠢᠶ᠎ᠠ ᠵᠢᠴᠢ ᠲᠤᠯᠠᠭᠠᠯᠭ᠎ᠠ ᠬᠠᠩᠭᠠᠬᠤ ᠬᠠᠮᠢᠶᠠᠷᠤᠯᠳᠠ ᠶᠢᠨ ᠲᠤᠤᠷ ᠤᠨ ᠪᠠᠶᠢᠭᠤᠯᠤᠯᠳᠠ ᠵᠡᠷᠬᠡ ᠪᠠᠶᠢᠳᠠᠯ ᠢ ᠨᠠᠷᠢᠯᠢᠭ ᠦᠢᠯᠠᠭᠠᠵᠠᠢ᠃ ᠪᠠᠷᠢᠯᠭ᠎ᠠ ᠶᠢᠨ ᠡᠬᠢ ᠰᠤᠷᠪᠤᠯᠵᠢ ᠶᠢ ᠠᠷᠪᠢᠯᠠᠬᠤ᠂ ᠬᠡᠷᠡᠮ ᠬᠠᠨ᠎ᠠ ᠶᠢᠨ ᠮᠠᠲ᠋ᠧᠷᠢᠶᠠᠯ ᠤᠨ ᠰᠢᠨᠡᠴᠢᠯᠡᠯᠳᠡ ᠵᠢᠴᠢ ᠪᠤᠬᠢᠷᠳᠤᠯ ᠦᠬᠡᠢ ᠪᠠᠷᠢᠯᠭ᠎ᠠ ᠎ ᠶᠢᠨ ᠮᠠᠲ᠋ᠧᠷᠢᠶᠠᠯ ᠵᠡᠷᠬᠡ ᠲᠠᠯ᠎ᠠ ᠪᠠᠷ ᠨᠡᠬᠡᠬᠡᠯᠳᠡ ᠶᠢᠨ ᠬᠤᠳᠠᠯᠳᠤᠭᠠᠴᠢᠨ ᠲᠠᠢ ᠲᠤᠬᠠᠢ ᠶᠢᠨ ᠲᠠᠯᠠᠪᠤᠷ ᠲᠤ ᠰᠠᠨᠠᠯ ᠪᠤᠳᠤᠯ ᠢᠶᠠᠨ ᠰᠤᠯᠢᠯᠴᠠᠭᠰᠠᠨ ᠪᠠᠶᠢᠨ᠎ᠠ᠃ ᠬᠠᠢ ᠴᠢᠩ ᠠᠴᠠ ᠪᠤᠬᠢᠷᠳᠤᠯ ᠦᠬᠡᠢ ᠲᠤᠯᠠᠭᠠᠨ ᠢ ᠬᠠᠳᠠᠭᠠᠯᠠᠬᠤ ᠬᠡᠷ ᠪᠠᠶᠢᠰᠢᠩ ᠤᠨ ᠪᠤᠬᠢᠷᠳᠤᠯ ᠦᠬᠡᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠯᠳᠡ᠂ ᠪᠠᠷᠢᠯᠭ᠎ᠠ ᠎ ᠶᠢᠨ ᠡᠬᠢ ᠰᠤᠷᠪᠤᠯᠵᠢ ᠶᠢ ᠠᠷᠪᠢᠯᠠᠬᠤ᠂ ᠲᠤᠯᠠᠭᠠᠨ ᠢ ᠬᠠᠳᠠᠭᠠᠯᠠᠬᠤ᠂ ᠭᠠᠵᠠᠷ ᠬᠦᠳᠡᠯᠦᠯᠳᠡ ᠶᠢ ᠰᠡᠷᠬᠡᠶᠢᠯᠡᠬᠦ ᠵᠡᠷᠬᠡ ᠲᠠᠯ᠎ᠠ ᠪᠠᠷ ᠲᠠᠪᠠᠭᠤᠯᠢᠭ ᠲᠠᠯ᠎ᠠ ᠳᠤ ᠬᠦᠢᠴᠡᠳ ᠦᠨᠡᠯᠡᠯᠳᠡ ᠦᠭᠴᠦ᠂ ᠱᠠᠭᠠᠷᠳᠠᠬᠤ ᠳᠠᠭᠠᠨ᠄ ᠲᠠᠷᠠᠭ᠎ᠠ ᠠᠯᠬᠤᠮ ᠳᠤ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠰᠠᠯᠠᠭ᠎ᠠ ᠮᠦᠴᠢᠷ ᠤᠨ ᠬᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠡᠷᠡᠰ ᠨᠠᠶᠢᠳᠠᠪᠤᠷᠢᠵᠢᠭᠤᠯᠵᠦ᠂ ᠶᠠᠰᠤ ᠴᠢᠨᠠᠷ ᠪᠠ ᠠᠮᠤᠷ ᠲᠦᠪᠰᠢᠨ ᠢ ᠪᠠᠳᠤᠯᠠᠭᠰᠠᠨ ᠰᠠᠭᠤᠷᠢᠨ ᠲᠡᠬᠡᠷ᠎ᠡ ᠪᠤᠬᠢᠷᠳᠤᠯ ᠦᠬᠡᠢ ᠲᠤᠯᠠᠭᠠᠨ ᠢ ᠬᠠᠳᠠᠭᠠᠯᠠᠬᠤ ᠬᠡᠷ ᠪᠠᠶᠢᠰᠢᠩ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠨ ᠠᠬᠢᠭᠤᠯᠵᠦ᠂ ᠲᠦᠷᠦᠯ ᠵᠦᠢᠯ ᠢ ᠡᠷᠳᠡ ᠡᠳᠦᠷ ᠪᠠᠷᠢᠯᠭ᠎ᠠ ᠲᠠᠭᠤᠰᠬᠠᠬᠤ ᠪᠠᠷ ᠴᠢᠷᠮᠠᠶᠢᠬᠤ ᠬᠡᠷᠡᠭᠳᠡᠢ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠎ ᠬᠢᠨ ᠪᠤᠬᠢᠷᠳᠤᠯ ᠦᠬᠡᠢ ᠲᠤᠯᠠᠭᠠᠨ ᠢ ᠬᠠᠳᠠᠭᠠᠯᠠᠬᠤ ᠪᠠᠶᠢᠰᠢᠩ ᠤᠨ ᠡᠬᠢ ᠰᠤᠷᠪᠤᠯᠵᠢ ᠶᠢᠨ ᠲᠠᠪᠠᠭᠤᠯᠢᠭ ᠲᠠᠢ ᠤᠶᠠᠯᠳᠤᠭᠤᠯᠤᠨ᠂ ᠭᠤᠶᠤ ᠦᠵᠡᠰᠬᠦᠯᠡᠩᠳᠦ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠵᠢᠭᠤᠯᠴᠢᠯᠠᠯ ᠤᠨ ᠦᠢᠯᠡᠰ ᠢ ᠰᠢᠨᠵᠢᠯᠡᠬᠦ ᠤᠬᠠᠭᠠᠨᠴᠢ ᠪᠠᠷ ᠡᠷᠢᠯᠬᠢᠯᠡᠨ ᠰᠦᠪᠡᠭᠴᠢᠯᠡᠬᠦ ᠬᠡᠷᠡᠭᠳᠡᠢ ᠬᠡᠪᠡ᠃     ᠬᠠᠢ ᠴᠢᠩ ᠪᠠᠰᠠ ᠨᠡᠬᠡᠬᠡᠯᠳᠡ ᠶᠢᠨ ᠬᠤᠳᠠᠯᠳᠤᠭᠠᠴᠢᠨ ᠢ ᠲᠤᠷᠰᠢᠯᠭ᠎ᠠ ᠪᠠᠨ ᠳ᠋ᠦᠩᠨᠡᠨ᠂ ᠭᠠᠵᠠᠷ ᠤᠷᠤᠨ ᠤ ᠪᠤᠲᠠᠲᠠᠢ ᠪᠠᠶᠢᠳᠠᠯ ᠲᠠᠢ ᠤᠶᠠᠯᠳᠤᠭᠤᠯᠤᠨ᠂ ᠦᠷᠬᠡᠨ ᠤᠯᠠᠨ ᠬᠡᠷᠡᠭᠯᠡᠭᠴᠢᠳ ᠤᠨ ᠪᠤᠬᠢᠷᠳᠤᠯ ᠦᠬᠡᠢ ᠲᠤᠯᠠᠭᠠᠨ ᠢ ᠬᠠᠳᠠᠭᠠᠯᠠᠬᠤ ᠬᠡᠷ ᠪᠠᠶᠢᠰᠢᠩ ᠢ ᠬᠡᠷᠡᠭᠯᠡᠬᠦ ᠶᠢ ᠤᠬᠠᠭᠤᠯᠤᠨ ᠲᠦᠬᠡᠮᠡᠯᠵᠢᠬᠦᠯᠬᠦ ᠶᠢ ᠬᠦᠰᠡᠵᠡᠢ᠃     ᠲᠤᠯᠠᠭᠠᠨ ᠢ ᠬᠠᠳᠠᠭᠠᠯᠠᠬᠤ ᠬᠡᠷ ᠪᠠᠶᠢᠰᠢᠩ ᠤᠨ ᠦᠢᠯᠡᠳᠪᠤᠷᠢᠡᠯ ᠤᠨ ᠲᠤᠭᠤᠷᠢᠭ ᠲᠤ ᠬᠠᠢ ᠴᠢᠩ ᠴᠢᠩᠭᠠᠳᠬᠠᠭᠰᠠᠨ ᠨᠢ᠄ ᠰᠤᠮᠤ ᠪᠠ ᠬᠠᠮᠢᠶᠠᠳᠠᠢ ᠰᠠᠯᠠᠭ᠎ᠠ ᠮᠦᠴᠢᠷ ᠤᠨ ᠬᠢᠨ ᠲᠠᠶᠢᠴᠢᠯᠠᠯᠳᠠ ᠪᠠᠨ ᠴᠢᠩᠭᠠᠳᠬᠠᠵᠦ᠂ ᠨᠢᠬᠡᠳᠦᠯᠳᠡᠢ ᠲᠦᠯᠦᠪᠯᠡᠨ ᠲᠤᠬᠢᠷᠠᠭᠤᠯᠵᠦ᠂ ᠦᠢᠯᠡᠳᠪᠤᠷᠢᠯᠡᠯ ᠤᠨ ᠲᠤᠭᠤᠷᠢᠭ ᠤᠨ ᠪᠤᠲᠠᠲᠠᠢ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠰᠦᠪᠡᠭᠴᠢᠯᠡᠨ᠂ ᠲᠦᠪᠯᠡᠷᠡᠨᠬᠦᠢ᠂ ᠲᠦᠷᠢᠮᠵᠢᠬᠦᠨ ᠬᠡᠯᠪᠡᠷᠢ ᠪᠠᠷ ᠦᠬᠡᠷ ᠪᠤᠷᠳᠤᠨ ᠲᠡᠵᠢᠬᠡᠬᠦ ᠵᠡᠷᠬᠡ ᠬᠡᠯᠪᠡᠷᠢ ᠪᠠᠷ ᠨᠠᠷᠢᠯᠢᠭ ᠤᠨᠤᠪᠴᠢᠳᠠᠢ ᠪᠤᠷᠳᠤᠨ ᠲᠡᠵᠢᠬᠡᠵᠦ᠂ ᠮᠠᠯᠴᠢᠨ ᠲᠠᠷᠢᠶᠠᠴᠢᠳ ᠤᠨ ᠤᠷᠤᠯᠭ᠎ᠠ ᠨᠡᠮᠡᠭᠳᠡᠨ ᠪᠠᠶᠠᠵᠢᠯ ᠤᠨ ᠵᠠᠮ ᠢᠶᠠᠷ ᠵᠠᠮᠨᠠᠬᠤ ᠶᠢ ᠲᠠᠶᠢᠴᠢᠯᠠᠬᠤ ᠬᠡᠷᠡᠭᠳᠡᠢ᠃ ᠡᠬᠦᠨ ᠤ ᠬᠠᠮᠳᠤ ᠤᠳᠤᠬᠠᠨ ᠎ ᠳᠤ ᠮᠠᠯ ᠲᠡᠵᠢᠬᠡᠪᠦᠷᠢ ᠶᠢᠨ ᠬᠢᠵᠢᠭ ᠢ ᠰᠡᠷᠬᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠬᠠᠮᠳᠤ ᠡᠳᠦᠷ ᠲᠤᠳᠤᠮ ᠤᠨ ᠬᠢᠨᠠᠨ ᠡᠵᠡᠮᠳᠡᠯᠳᠡ ᠶᠢ ᠰᠠᠶᠢᠳᠤᠷ ᠬᠢᠵᠦ᠂ ᠮᠠᠨ ᠤ ᠬᠤᠰᠢᠭᠤᠨ ᠤ ᠮᠠᠯᠵᠢᠬᠤ ᠦᠢᠯᠡᠳᠪᠤᠷᠢᠯᠡᠯ ᠤᠨ ᠡᠷᠡᠬᠦᠯ ᠬᠦᠭᠵᠢᠯᠳᠡ ᠳᠤ ᠪᠠᠳᠤᠯᠠᠭ᠎ᠠ ᠬᠠᠩᠭᠠᠬᠤ ᠬᠡᠷᠡᠭᠳᠡᠢ ᠬᠡᠰᠡᠨ ᠪᠠᠶᠢᠨ᠎ᠠ᠃
    ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠬᠠᠢ ᠴᠢᠩ ᠵᠡᠷᠬᠡ ᠤᠳᠤᠷᠢᠳᠤᠯᠭ᠎ᠠ ᠮᠤᠳᠤᠠᠠᠮᠵᠢ ᠭᠠᠴᠠᠭᠠᠨ ᠤ ᠹᠧᠢ ᠰᠢᠶᠠᠩ ᠤᠨ ᠬᠤᠨᠢ ᠲᠡᠵᠢᠬᠡᠨ ᠲᠠᠷᠭᠤᠭᠤᠯᠬᠤ ᠲᠤᠰᠬᠠᠢ ᠬᠤᠷᠰᠢᠶᠠᠵᠢᠯ ᠢᠶᠠᠷ ᠬᠦᠷᠴᠦ᠂ ᠬᠤᠷᠰᠢᠶᠠᠵᠢᠯ ᠤᠨ ᠬᠠᠷᠢᠭᠤᠴᠠᠯᠭᠠᠳᠠᠳ ᠲᠠᠢ ᠲᠤᠳᠤᠨᠤᠰᠤᠭ ᠢᠶᠠᠷ ᠵᠤᠭᠤᠭᠳᠠᠨ᠂ ᠬᠤᠷᠰᠢᠶᠠᠵᠢᠯ ᠤᠨ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠫᠧᠩ ᠰᠠᠷᠠᠪᠴᠢ ᠶᠢᠨ ᠪᠦᠳᠦᠬᠡᠨ ᠪᠠᠶᠢᠭᠤᠯᠤᠯᠳᠠ᠂ ᠪᠤᠷᠳᠤᠨ ᠲᠠᠷᠭᠤᠭᠤᠯᠤᠭᠰᠠᠨ ᠬᠤᠨᠢᠨ ᠤ ᠭᠠᠷᠭᠠᠯᠳᠠ ᠪᠠ ᠪᠤᠷᠤᠯᠠᠭᠤᠯᠭ᠎ᠠ ᠶᠢᠨ ᠪᠠᠶᠢᠳᠠᠯ ᠢ ᠨᠠᠷᠢᠯᠢᠭ ᠦᠢᠯᠠᠭᠠᠭᠰᠠᠨ ᠤ ᠬᠠᠮᠳᠤ ᠬᠤᠨᠢ ᠪᠤᠷᠳᠤᠨ ᠲᠠᠷᠭᠤᠭᠤᠯᠬᠤ ᠬᠡᠯᠪᠡᠷᠢ ᠶᠢᠨ ᠲᠠᠯ᠎ᠠ ᠪᠠᠷ ᠬᠦᠨᠵᠡᠬᠡᠢ ᠰᠤᠳᠤᠯᠤᠨ ᠶᠠᠷᠢᠯᠴᠠᠵᠠᠢ᠃ ᠬᠠᠢ ᠴᠢᠩ ᠠᠴᠠ ᠬᠤᠶᠢᠰᠢᠳᠠ ᠲᠡᠷᠢᠬᠦᠨ ᠤ ᠭᠠᠵᠠᠷ ᠤᠷᠤᠨ ᠤ ᠰᠠᠶᠢᠨ ᠲᠤᠷᠰᠢᠯᠭ᠎ᠠ ᠬᠢᠳᠡᠯ ᠢ ᠰᠤᠷᠤᠯᠴᠠᠨ᠂ ᠬᠤᠷᠰᠢᠶᠠᠵᠢᠯ ᠤᠨ ᠬᠤᠨᠢ ᠪᠤᠷᠳᠤᠨ ᠲᠠᠷᠭᠤᠭᠤᠯᠬᠤ ᠬᠤᠨᠢᠨ ᠤ ᠠᠵᠦ ᠦᠢᠯᠡᠰ ᠢ ᠨᠡᠩ ᠰᠠᠶᠢᠨ ᠬᠢᠵᠦ᠂ ᠨᠡᠩ ᠤᠯᠠᠨ ᠮᠠᠯᠴᠢᠳ ᠢ ᠲᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠭᠠᠤᠯᠬᠤ ᠶᠢ ᠬᠦᠰᠡᠵᠡᠢ᠃ ᠡᠬᠦᠨ ᠤ ᠬᠠᠮᠳᠤ ᠬᠠᠮᠢᠶᠠᠳᠠᠢ ᠰᠠᠯᠠᠭ᠎ᠠ ᠮᠦᠴᠢᠷ ᠤᠨ ᠬᠢᠨ ᠫᠧᠩ ᠰᠠᠷᠠᠪᠴᠢ ᠢ ᠵᠤᠬᠢᠰᠳᠠᠢ ᠠᠰᠢᠭᠯᠠᠨ᠂ ᠪᠠᠷᠢᠮᠵᠢᠶᠠᠳᠠᠢ ᠲᠡᠵᠢᠬᠡᠨ ᠦᠷᠡᠵᠢᠬᠦᠯᠬᠦ ᠲᠠᠯ᠎ᠠ ᠪᠠᠷ ᠮᠡᠷᠬᠡᠵᠢᠯ ᠤᠨ ᠵᠢᠯᠤᠭᠤᠳᠤᠯᠭ᠎ᠠ ᠪᠤᠯᠪᠠᠰᠤᠷᠠᠯ ᠶᠠᠪᠤᠭᠤᠯᠵᠠᠢ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ  ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号