ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019/2/26
ᠰᠢᠨ᠎ᠡ ᠪᠡᠷᠭᠤ ᠵᠡᠬᠦᠨ ᠬᠤᠰᠢᠭᠤᠨ ᠤ ᠠᠷᠪᠡᠨ ᠲᠠᠪᠤᠳᠤᠭᠠᠷ ᠬᠤᠭᠤᠴᠠᠭᠠᠨ ᠤ ᠠᠷᠡᠳ ᠤᠨ ᠲᠦᠯᠤᠭᠡᠯᠡᠭᠴᠢᠳ ᠤᠨ ᠶᠡᠭᠡ  ᠬᠤᠷᠡᠯ   ᠤᠨ ᠭᠤᠷᠪᠠᠳᠤᠭᠠᠷ ᠤᠳᠠᠭᠠᠨ   ᠤ  ᠬᠤᠷᠡᠯ   ᠤᠨ  ᠪᠢᠴᠢᠭ ᠮᠡᠲ᠋ᠧᠷᠢᠶᠡᠯ ︵ ︶                     ᠵᠠᠰᠠᠭ ᠤᠨ ᠣᠷᠳᠣᠨ ᠤ ᠠᠵᠢᠯ ᠤᠨ ᠢᠯᠡᠳᠬᠡᠯ                        — —  2019 ᠤᠨ ᠤ 2 ᠰᠡᠷ᠎ᠡ ᠶᠢᠨ 17 ᠤ ᠡᠳᠤᠷ ᠰᠢᠨ᠎ᠡ ᠪᠡᠷᠭᠤ ᠵᠡᠬᠦᠨ ᠬᠤᠰᠢᠭᠤᠨ ᠤ ᠠᠷᠪᠡᠨ ᠲᠠᠪᠤᠳᠤᠭᠠᠷ ᠬᠤᠭᠤᠴᠠᠭᠠᠨ ᠤ ᠠᠷᠡᠳ ᠤᠨ ᠲᠦᠯᠤᠭᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ               ᠠᠷᠡᠳ ᠤᠨ ᠵᠠᠰᠠᠭ ᠤᠨ ᠤᠷᠳᠤᠨ ᠤ  ᠬᠤᠰᠢᠭᠤᠨ ᠲᠠᠷᠤᠭ᠎ᠠ   ᠬᠠᠢ ᠴᠢᠩᠲᠥᠯᠥᠭᠡᠯᠡᠭᠴᠢᠳ ᠡ᠄     ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠤᠷᠤᠯᠴᠠᠭᠰᠡᠳ ᠰᠠᠨᠠᠯ ᠢᠶᠠᠨ ᠳᠤᠷᠠᠳᠬᠤ ᠪᠤᠯᠪᠠᠤ᠃     ᠨᠢᠭᠡ᠄ 2018 ᠣᠨ ᠤ ᠠᠵᠢᠯ ᠤᠨ ᠡᠷᠭᠢᠴᠡᠭᠦᠯᠦᠯ     ᠥᠩᠭᠡᠷᠡᠭᠰᠡᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠬᠤᠶᠠᠷ ᠣᠷᠣᠨ ᠭᠤᠷᠪᠠᠨ ᠭᠠᠵᠠᠷ ᠨᠢᠭᠡ ᠭᠡᠷ ᠬᠦᠷᠢᠶᠡᠯᠡᠩ︾ ᠤᠨ ᠬᠥᠭᠵᠢᠯᠲᠡ ᠶᠢᠨ ᠪᠠᠶᠢᠷᠢᠰᠢᠯ ᠤᠨ ᠲᠣᠭᠤᠷᠢᠨ ᠳᠤ᠂ ᠠᠵᠠ ᠲᠣᠬᠢᠶᠠᠯ ᠢ ᠠᠳᠬᠤᠨ ᠰᠢᠪᠲᠤᠯᠤᠯᠲᠠ ᠶᠢ ᠡᠷᠢᠯᠬᠢᠯᠡᠵᠦ᠂ ᠬᠦᠴᠢᠷ ᠪᠡᠷᠬᠡᠰᠢᠶᠡᠯ ᠢ ᠲᠤᠭᠤᠯᠤᠨ ᠬᠥᠭᠵᠢᠯᠲᠡ ᠶᠢ ᠠᠬᠢᠭᠤᠯᠵᠤ᠂ ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠲᠣᠭᠲᠠᠭᠤᠨ ᠢ ᠪᠠᠲᠤᠯᠠᠬᠤ᠂ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠠᠳᠬᠤᠵᠤ᠂ ︽ᠦᠨᠳᠦᠰᠦᠲᠡᠨ ᠪᠦᠯᠬᠦᠮᠳᠡᠭᠰᠡᠨ᠂ ᠬᠢᠯᠢ ᠬᠢᠵᠠᠭᠠᠷ ᠠᠮᠤᠷ ᠲᠣᠭᠲᠠᠭᠤᠨ᠂ ᠦᠵᠡᠰᠬᠦᠯᠡᠩᠲᠦ ᠵᠣᠯ ᠵᠢᠷᠭᠠᠯᠠᠩᠲᠤ︾ ᠭᠡᠷ ᠣᠷᠣᠨ ᠢᠶᠠᠨ ᠴᠢᠷᠮᠠᠶᠢᠨ ᠪᠠᠶᠢᠭᠤᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ  ᠤᠨ ᠶᠡᠷᠦᠩᠬᠡᠢ ᠥᠷᠲᠡᠭ ᠢ 24.29 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 1.23 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠲᠥᠰᠥᠪ ᠤᠨ 210.9% ᠶᠢ ᠪᠡᠶᠡᠯᠡᠭᠦᠯᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 7.01 ᠳ᠋ᠦᠩᠰᠢᠭᠤᠷ ᠲᠥᠭᠦᠷᠢᠭ ᠲᠤ ᠬᠦᠷᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢᠯᠡᠯ ᠤᠨ ᠨᠡᠮᠡᠭᠳᠡᠯ ᠥᠷᠲᠡᠭ ᠤᠨ ᠬᠤᠷᠳᠤᠴᠠ 11.9% ᠳᠤ ᠬᠦᠷᠴᠦ᠂ ᠬᠠᠷᠢᠭᠤᠴᠠᠯᠭᠠᠲᠤ ᠬᠠᠷᠠᠯᠲᠠ ᠠᠴᠠ 9.9 ᠵᠠᠭᠤᠨ ᠤ ᠨᠢᠭᠡᠴᠢ ᠥᠨᠳᠥᠷ ᠪᠣᠯᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 5.6% ᠪᠠᠷ ᠨᠡᠮᠡᠭᠳᠡᠪᠡ︔ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠪᠠᠷ ᠵᠠᠷᠤᠴᠠᠭᠤᠯᠵᠤ ᠪᠣᠯᠬᠤ ᠣᠷᠣᠯᠭ᠎ᠠ ᠲᠤᠰ ᠲᠤᠰ 6.9% ᠪᠣᠯᠣᠨ 9.7% ᠪᠠᠷ ᠨᠡᠮᠡᠭᠳᠡᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠲᠠᠯ᠎ᠠ ᠨᠤᠲᠤᠭ ᠤᠨ ᠶᠡᠷᠦᠩᠬᠡᠢ ᠤᠷᠭᠤᠮᠠᠯ ᠤᠨ ᠪᠦᠷᠬᠦᠴᠡ 75% ᠳᠤ ᠬᠦᠷᠴᠦ᠂ ᠤᠷᠭᠤᠭ᠎ᠠ ᠮᠣᠳᠣᠨ ᠤ ᠬᠠᠳᠠᠭᠠᠯᠠᠭᠳᠠᠴᠠ 4.8 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠵᠦ᠂ ᠭᠤᠣᠯᠳᠠᠯᠭᠠᠲᠤ ᠭᠤᠣᠯ ᠨᠠᠭᠤᠷ ᠤᠨ ᠴᠢᠳᠠᠪᠬᠢᠲᠤ ᠣᠷᠣᠨ ᠤ ᠤᠰᠤᠨ ᠤ ᠴᠢᠨᠠᠷ ᠴᠢᠨᠰᠠᠭ᠎ᠠ ᠶᠢᠨ ᠪᠠᠷᠢᠮᠵᠢᠶᠠᠨ ᠳᠤ ᠬᠦᠷᠦᠭᠰᠡᠨ ᠨᠤᠷᠮ᠎ᠠ 50% ᠳᠤ ᠬᠦᠷᠴᠦ᠂ ᠬᠤᠲᠠ ᠪᠠᠯᠭᠠᠰᠤᠨ ᠤ ᠠᠭᠠᠷ ᠤᠨ ᠴᠢᠨᠠᠷ ᠴᠢᠨᠰᠠᠭ᠎ᠠ ᠰᠠᠶᠢᠵᠢᠷᠠᠭᠰᠠᠨ ᠡᠳᠦᠷ ᠤᠨ ᠲᠤᠭ᠎ᠠ ᠶᠢᠨ ᠬᠠᠷᠢᠴᠠᠯ 97% ᠳᠤ ᠬᠦᠷᠴᠦ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯ ᠭᠦᠢᠴᠡᠳᠬᠡᠯ ᠲᠤᠭ᠎ᠠ ᠬᠤᠲᠠ ᠶᠢᠨ ᠪᠠᠭᠤᠯᠭᠠᠭᠰᠠᠨ ᠬᠠᠷᠠᠯᠲᠠᠳᠦ ᠡᠭᠦᠷᠭᠡ ᠳᠤ ᠬᠦᠷᠦᠭᠰᠡᠨ ᠪᠤᠶᠤ ᠳᠠᠪᠠᠭᠰᠠᠨ ᠪᠠᠶᠢᠪᠠ᠃     — — ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠢᠮᠠᠭᠲᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠪᠠᠷ ᠲᠥᠷᠥᠯ ᠵᠦᠢᠯ᠂ ᠠᠵᠤ ᠦᠢᠯᠡᠰ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠤᠰ ᠵᠢᠯ ᠳᠤ ᠨᠡᠶᠢᠲᠡ26 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 7 ᠳ᠋ᠦᠩᠰᠢᠭᠤᠷ ᠲᠥᠭᠦᠷᠢᠭ ᠪᠡᠯᠡ ᠣᠷᠣᠭᠤᠯᠪᠠ᠃ ᠪᠣᠭᠤᠮᠲᠠ ᠶᠢᠨ ︽ᠣᠶᠤᠨᠴᠢ ᠬᠠᠭᠠᠯᠭ᠎ᠠ︾᠂ ᠵᠠᠬ᠎ᠠ ᠶᠢᠨ ᠠᠷᠠᠯᠵᠢᠶᠠᠨ ᠤ ᠲᠣᠭᠤᠷᠢᠭ ᠬᠢᠨᠠᠨ ᠰᠢᠯᠭᠠᠯᠲᠠ ᠶᠢ ᠥᠩᠭᠡᠷᠡᠵᠦ ᠵᠢᠩᠬᠢᠨᠢ ᠪᠠᠷ ᠨᠡᠭᠡᠭᠡᠨ ᠡᠵᠡᠩᠨᠡᠬᠦ ᠵᠢᠴᠢ ᠪᠣᠭᠤᠮᠲᠠ ᠪᠢᠲᠡᠭᠦᠮᠵᠢᠯᠡᠵᠦ ᠡᠵᠡᠩᠨᠡᠬᠦ ᠵᠥᠪᠰᠢᠶᠡᠷᠡᠯ ᠢ ᠣᠯᠵᠤ᠂ ᠭᠠᠶᠢᠯᠢ ᠬᠡᠯᠲᠦᠷᠢᠭᠦᠯᠬᠦ ᠳᠡᠯᠭᠡᠭᠦᠷ ᠤᠯᠤᠰ ᠤᠨ ᠪᠣᠭᠤᠮᠲᠠ ᠶᠢᠨ ᠶᠡᠷᠦᠩᠬᠡᠢ ᠵᠠᠬᠢᠷᠭ᠎ᠠ ᠳᠤ ᠵᠥᠪᠰᠢᠶᠡᠷᠡᠭᠳᠡᠵᠦ᠂ ᠡᠪᠦᠳᠦᠭ ᠬᠢᠯᠢ ᠶᠢᠨ ᠪᠣᠭᠤᠮᠲᠠ ᠵᠢᠩᠬᠢᠨᠢ ᠪᠠᠷ ᠪᠠᠶᠢᠭᠤᠯᠤᠭᠳᠠᠵᠤ᠂ ᠡᠨᠧᠷᠭᠢ ᠶᠢᠨ ᠰᠤᠷᠪᠤᠯᠵᠢ ᠶᠢ ᠭᠠᠳᠠᠭᠠᠳᠤ ᠠᠴᠠ ᠣᠷᠣᠭᠤᠯᠬᠤ᠂ ᠵᠠᠬ᠎ᠠ ᠶᠢᠨ ᠠᠷᠠᠯᠵᠢᠶ᠎ᠠ᠂ ᠬᠢᠯᠢ ᠠᠯᠤᠰᠯᠠᠭᠰᠠᠨ ᠵᠢᠭᠤᠯᠴᠢᠯᠠᠯ ᠤᠨ ᠪᠣᠭᠤᠮᠲᠠ ᠶᠢᠨ ᠠᠵᠤ ᠠᠬᠤᠢ ᠶᠢ ᠬᠥᠭᠵᠢᠭᠦᠯᠬᠦ ᠪᠣᠷᠣ ᠲᠥᠯᠥᠪ ᠢ ᠠᠩᠬ᠎ᠠ ᠠᠯᠬᠤᠮ ᠪᠦᠷᠢᠯᠳᠦᠭᠦᠯᠪᠡ᠃ ᠡᠪᠦᠳᠦᠭ ᠪᠣᠭᠤᠮᠲᠠ — ᠪᠠᠶᠠᠨᠬᠤᠰᠢᠭᠤ ᠪᠣᠭᠤᠮᠲᠠ ᠬᠦᠷᠬᠦ ᠬᠢᠯᠢ ᠠᠯᠤᠰᠯᠠᠭᠰᠠᠨ ᠵᠢᠭᠤᠯᠴᠢᠯᠠᠯ ᠤᠨ ᠬᠦᠷᠦᠭᠰᠡᠨ ᠭᠠᠵᠠᠷ ᠸᠢᠰᠠ ᠭᠦᠢᠴᠡᠳᠬᠡᠬᠦ ᠠᠵᠢᠯ ᠢ ᠠᠮᠵᠢᠯᠲᠠᠲᠠᠢ ᠨᠡᠭᠡᠭᠡᠵᠦ᠂ ᠪᠦᠬᠦ ᠬᠤᠰᠢᠭᠤᠨ ᠤA ᠳᠡᠰ ᠤᠨ ᠦᠵᠡᠮᠵᠢᠲᠦ ᠣᠷᠣᠨ 4 ᠬᠦᠷᠴᠦ᠂ ᠡᠭᠦᠨ ᠳᠤ 4A ᠳᠡᠰ ᠤᠨ ᠦᠵᠡᠮᠵᠢᠲᠦ ᠣᠷᠣᠨ 2 ᠪᠣᠯᠪᠠ᠃ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠡᠭᠦᠷᠭᠡ ᠪᠠᠨ ᠪᠡᠶᠡᠯᠡᠭᠦᠯᠵᠦ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠠᠶᠢᠭᠤᠯᠤᠯᠲᠠ ᠶᠢ ᠡᠬᠢᠯᠡᠭᠦᠯᠪᠡ᠃ ᠰᠦ ᠮᠢᠬ᠎ᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠵᠢᠯ ᠤᠨ ᠦᠢᠯᠡᠳᠬᠦᠨ ᠤ ᠥᠷᠲᠡᠭ 1 ᠳ᠋ᠦᠩᠰᠢᠭᠤᠷ ᠲᠥᠭᠦᠷᠢᠭ ᠢ ᠳᠠᠪᠠᠵᠤ᠂ ᠱᠠᠩᠬᠠᠢ ᠬᠤᠲᠠ ᠳᠤ ᠠᠩᠬᠠᠳᠤᠭᠠᠷ ᠪᠣᠬᠢᠷᠲᠤᠯ ᠦᠭᠡᠢ ᠣᠷᠭᠠᠨᠢᠭ ᠦᠬᠡᠷ ᠬᠤᠨᠢᠨ ᠤ ᠮᠢᠬ᠎ᠠ ᠪᠣᠷᠣᠯᠠᠭᠤᠯᠤᠨ ᠣᠶᠢᠯᠠᠭᠤᠯᠬᠤ ᠳᠡᠯᠭᠡᠭᠦᠷ ᠢ ᠨᠡᠭᠡᠭᠡᠪᠡ᠃ ᠰᠠᠯᠬᠢ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠦᠬᠦ ᠬᠤᠲᠠ ᠶᠢᠨ ᠲᠡᠷᠢᠭᠦᠨ ᠡᠩᠨᠡᠭᠡᠨ ᠳᠤ ᠵᠢᠭᠰᠠᠭᠠᠭᠳᠠᠵᠤ 120 ᠰᠠᠶ᠎ᠠ ᠸᠠᠲ ᠳᠤ ᠬᠦᠷᠴᠦ᠂ ᠵᠢᠯ ᠳᠤ 2.3 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 1.5 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠪᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠣᠯᠣᠨ ᠰᠢᠨ᠎ᠡ ᠬᠡᠯᠪᠡᠷᠢ  ᠶᠢᠨ ᠣᠶᠤᠨᠴᠢ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠬᠢᠨᠠᠨ ᠲᠣᠭᠲᠠᠭᠠᠯᠲᠠ ᠶᠢ ᠤᠷᠤᠭᠰᠢᠲᠠᠢ ᠥᠩᠭᠡᠷᠡᠭᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠰᠣᠶᠣᠯ ᠤᠷᠠᠯᠢᠭ ᠤᠨ ᠥᠯᠥᠭᠡᠢ ᠪᠠᠷ ᠰᠣᠩᠭᠤᠭᠳᠠᠵᠤ᠂ ᠵᠢᠵᠢᠭ ᠡᠮ ᠤᠨ ᠬᠠᠶᠢᠷᠴᠠᠭ ᠤᠨ ᠮᠡᠳᠡᠭᠡ ᠵᠠᠩᠬᠢᠵᠢᠯᠲᠠ ᠶᠢᠨ ᠳᠡᠰ ᠳᠡᠪᠰᠢᠭᠦᠯᠬᠦ ᠢᠨᠵᠧᠨᠧᠷᠢᠩ ᠪᠦᠬᠦ ᠬᠤᠲᠠ ᠶᠢᠨ ᠲᠤᠷᠰᠢᠯᠲᠠ ᠶᠢᠨ ᠴᠢᠭ ᠪᠣᠯᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ  ᠡᠬᠢᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠᠲᠠᠢ ᠡᠭᠦᠳᠦᠨ ᠪᠠᠶᠢᠭᠤᠯᠪᠠ᠃     — — ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠣᠯᠪᠠ᠃ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠪᠠᠷ᠂ ᠪᠦᠬᠦ ᠬᠤᠰᠢᠭᠤᠨ ᠤ  ᠬᠦᠴᠦᠨ ᠢᠶᠠᠨ ᠬᠠᠮᠲᠤᠳᠬᠠᠵᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠪᠡ ᠃ ᠠᠶᠤᠯ ᠲᠦᠭᠰᠢᠭᠦᠷᠢ ᠠᠴᠠ ᠰᠡᠷᠭᠡᠶᠢᠯᠡᠬᠦ ᠠᠵᠢᠯ ᠠᠩᠬᠠᠨ ᠤ ᠠᠮᠵᠢᠯᠲᠠ ᠣᠯᠵᠤ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ 2.02 ᠳ᠋ᠦᠩᠰᠢᠭᠤᠷ ᠲᠥᠭᠦᠷᠢᠭ ᠠᠷᠢᠯᠭᠠᠵᠤ᠂ ᠲᠤᠰ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ︽ᠠᠷᠪᠠ ᠶᠢ ᠪᠦᠬᠦᠨ ᠢ ᠪᠦᠷᠬᠦᠭᠦᠯᠬᠦ︾ ᠠᠷᠪᠠᠨ ᠵᠦᠢᠯ ᠤᠨ ᠢᠨᠵᠧᠨᠧᠷᠢᠩ  ᠤᠨ 1.17 ᠳ᠋ᠦᠩᠰᠢᠭᠤᠷ ᠲᠥᠭᠦᠷᠢᠭ ᠥᠷᠢ ᠶᠢ ᠪᠦᠬᠦᠨ ᠢ ᠠᠷᠢᠯᠭᠠᠬᠤ ᠡᠭᠦᠷᠭᠡ ᠪᠠᠨ ᠪᠡᠶᠡᠯᠡᠭᠦᠯᠪᠡ᠃ ᠠᠷᠠᠳ ᠤᠨ ᠬᠤᠭᠤᠷᠣᠨᠳᠤᠬᠢ ᠥᠨᠳᠥᠷ ᠬᠦᠦ ᠲᠠᠢ ᠵᠢᠭᠡᠯᠡᠯᠭᠡ ᠶᠢ ᠰᠡᠷᠭᠡᠶᠢᠯᠡᠨ ᠠᠷᠢᠯᠭᠠᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ 500 ᠲᠦᠮᠡᠨ ᠲᠥᠭᠦᠷᠢᠭ ᠲᠦᠭᠰᠢᠭᠦᠷᠢ ᠶᠢ ᠨᠥᠬᠦᠪᠦᠷᠢᠯᠡᠬᠦ ᠪᠡᠯᠡ ᠮᠥᠩᠭᠦ ᠵᠠᠷᠤᠴᠠᠭᠤᠯᠵᠤ᠂ 1 ᠳ᠋ᠦᠩᠰᠢᠭᠤᠷ ᠲᠥᠭᠦᠷᠢᠭ ᠶᠠᠳᠠᠭᠤ ᠶᠢ ᠲᠡᠳᠬᠦᠬᠦ ᠳᠠᠬᠢᠨ ᠵᠢᠭᠡᠯᠡᠯᠭᠡ ᠠᠪᠬᠤ ᠪᠡᠯᠡ ᠮᠥᠩᠭᠦ ᠶᠢ ᠲᠠᠷᠬᠠᠭᠠᠵᠤ᠂ ᠨᠡᠶᠢᠲᠡ 4388 ᠲᠦᠮᠡᠨ ᠲᠥᠭᠦᠷᠢᠭ ᠠᠷᠠᠳ ᠤᠨ ᠬᠤᠭᠤᠷᠣᠨᠳᠤᠬᠢ ᠥᠨᠳᠥᠷ ᠬᠦᠦ ᠲᠠᠢ ᠵᠢᠭᠡᠯᠡᠯᠭᠡ ᠶᠢ ᠠᠷᠢᠯᠭᠠᠵᠤ᠂ ᠶᠡᠷᠦᠩᠬᠡᠢ ᠲᠤᠭ᠎ᠠ ᠶᠢᠨ 55.3% ᠶᠢ ᠪᠡᠶᠡᠯᠡᠭᠦᠯᠪᠡ᠃ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠠᠵᠢᠯ ᠪᠣᠳᠠᠲᠤ ᠦᠷ᠎ᠡ ᠪᠦᠲᠦᠮᠵᠢ ᠣᠯᠵᠤ᠂ 2610 ᠲᠦᠮᠡᠨ ᠲᠥᠭᠦᠷᠢᠭ ᠶᠠᠳᠠᠭᠤ ᠶᠢ ᠲᠡᠳᠬᠦᠬᠦ ᠡᠯ᠎ᠡ ᠲᠥᠷᠥᠯ ᠤᠨ ᠪᠡᠯᠡ ᠮᠥᠩᠭᠦ ᠵᠠᠷᠤᠴᠠᠭᠤᠯᠵᠤ᠂ 44 ᠢᠵᠢ ᠠᠰᠠᠷ ᠢ ᠬᠤᠳᠠᠯᠳᠤᠨ ᠠᠪᠴᠤ ᠶᠠᠳᠠᠭᠤ ᠬᠦᠴᠢᠷᠲᠡᠢ ᠡᠷᠦᠬᠡ ᠳᠤ ᠬᠤᠪᠢᠶᠠᠨ᠂ 62 ᠰᠠᠤᠷᠢ ᠮᠠᠰᠢᠨ ᠬᠤᠳᠳᠤᠭ ᠴᠣᠬᠢᠵᠤ᠂ 14 ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠵᠦ᠂ ᠲᠤᠰ ᠵᠢᠯ ᠳᠤ 70 ᠡᠷᠦᠬᠡ 174 ᠬᠥᠮᠥᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ ᠨᠤᠷᠮ᠎ᠠ 2018 ᠣᠨ ᠤ ᠵᠢᠯ ᠤᠨ ᠡᠬᠢᠨ ᠤ 1.2% ᠠᠴᠠ 0.2% ᠢᠶᠠᠷ ᠳᠣᠷᠣᠭᠰᠢᠯᠠᠵᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠢ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ  ᠬᠢᠨᠠᠨ ᠰᠢᠯᠭᠠᠯᠲᠠ ᠶᠢ ᠠᠮᠵᠢᠯᠲᠠᠲᠠᠢ ᠥᠩᠭᠡᠷᠡᠭᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠲᠤᠰᠬᠠᠭᠰᠠᠨ ᠴᠠᠭ ᠲᠤᠬᠠᠢ ᠳᠤᠨᠢ ᠴᠡᠭᠴᠡᠯᠡᠨ ᠵᠠᠰᠠᠬᠤ ᠪᠠ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠠᠰᠠᠭᠤᠳᠠᠯ ᠢ ᠪᠦᠬᠦᠨ ᠢ ᠵᠠᠰᠠᠨ ᠨᠠᠶᠢᠳᠠᠪᠤᠷᠢᠵᠢᠭᠤᠯᠵᠤ᠂ ︽ᠪᠤᠴᠠᠵᠤ ᠪᠠᠶᠢᠴᠠᠭᠠᠨ ᠦᠵᠡᠬᠦ︾ ᠬᠤᠭᠤᠴᠠᠭᠠᠨ ᠳᠠᠬᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ 4 ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠵᠠᠰᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠵᠦ᠂ ᠠᠮᠤᠭᠤᠯᠠᠩ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠡᠷᠢᠭᠦᠨAᠳᠡᠰ ᠤᠨ ᠪᠠᠷᠢᠮᠵᠢᠶ᠎ᠠ ᠳᠤ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ᠂ ᠲᠥᠪᠯᠡᠷᠡᠭᠦᠯᠦᠭᠰᠡᠨ ᠳᠤᠯᠠᠭᠠᠯᠠᠭ᠎ᠠ ᠶᠢᠨ ᠬᠦᠬᠦᠷ ᠱᠣᠣ ᠦᠭᠡᠶᠢᠳᠡᠭᠦᠯᠵᠦ ᠲᠣᠭᠤᠰᠣ ᠠᠷᠢᠯᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠣᠬᠢᠷᠲᠤᠯ ᠶᠡᠬᠡᠲᠡᠢ ᠲᠦᠯᠡᠰᠢ ᠲᠥᠯᠥᠬᠦ ᠴᠠᠭᠠᠵᠠ ᠣᠷᠣᠨ ᠢ ᠬᠤᠪᠢᠶᠠᠨ ᠲᠣᠭᠲᠠᠭᠠᠪᠠ᠃ ᠬᠤᠰᠢᠭᠤᠨ ᠤ ᠬᠡᠪᠴᠢᠶᠡᠨ ᠳᠠᠬᠢ ᠠᠮᠢ ᠠᠬᠤᠢ ᠶᠢᠨ ᠬᠢᠨᠠᠨ ᠰᠢᠯᠭᠠᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠪᠡ᠃     — — ᠮᠠᠯ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ  ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ︽ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠪᠣᠷᠣᠯᠠᠭᠤᠯᠬᠤ ᠰᠠᠭᠤᠷᠢᠨ ᠭᠠᠵᠠᠷ︾ ᠢ ᠦᠷᠭᠦᠯᠵᠢᠯᠡᠨ ᠬᠦᠴᠦᠯᠡᠨ ᠪᠠᠶᠢᠭᠤᠯᠪᠠ᠃ 3500 ᠲᠦᠮᠡᠨ ᠲᠥᠭᠦᠷᠢᠭ ᠪᠡᠯᠡ ᠵᠠᠷᠤᠴᠠᠭᠤᠯᠵᠤ᠂ 5 ᠰᠠᠭᠤᠷᠢ ᠮᠢᠬᠠᠨ ᠤ ᠦᠬᠡᠷ ᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠲᠠᠯᠠᠪᠠᠢ᠂ 77 ᠰᠠᠭᠤᠷᠢ ᠬᠤᠨᠢᠨ ᠤ ᠬᠠᠰᠢᠶ᠎ᠠ᠂ 2 ᠰᠠᠭᠤᠷᠢ ᠲᠡᠵᠢᠭᠡᠯ ᠪᠣᠷᠳᠤᠭ᠎ᠠ ᠨᠥᠭᠡᠴᠡᠯᠡᠬᠦ ᠬᠥᠮᠥᠷᠭᠡ ᠶᠢ ᠰᠢᠨ᠎ᠡ ᠪᠠᠷ ᠪᠠᠶᠢᠭᠤᠯᠵᠤ᠂ 140 ᠰᠠᠭᠤᠷᠢ ᠨᠡᠭᠦᠳᠡᠯ ᠫᠧᠩ ᠰᠠᠷᠠᠪᠴᠢ᠂ 99 ᠲᠥᠬᠦᠷ ᠴᠢᠷᠦᠭᠦᠯ ᠲᠡᠷᠭᠡ᠂ 78 ᠢᠵᠢ ᠭᠡᠷᠡᠯ ᠡᠨᠧᠷᠭᠢ ᠪᠠᠷ ᠴᠠᠬᠢᠯᠭᠠᠨ ᠭᠠᠷᠭᠠᠬᠤ ᠲᠣᠨᠤᠭ ᠲᠥᠬᠦᠭᠡᠷᠦᠮᠵᠢ᠂ 285 ᠰᠠᠤᠷᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠲᠠᠷᠬᠠᠭᠠᠵᠤ᠂ ᠶᠠᠳᠠᠭᠤ ᠬᠦᠴᠢᠷᠳᠡᠯᠲᠡᠢ ᠭᠠᠴᠠᠭᠠᠨ ᠳᠤ 454 ᠲᠣᠯᠣᠭᠠᠢ ᠮᠢᠬᠠᠨ ᠤ ᠦᠬᠡᠷ ᠬᠤᠳᠠᠯᠳᠤᠨ ᠠᠪᠴᠤ ᠥᠭᠪᠡ᠃ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠳᠡᠮᠵᠢᠵᠦ᠂ ᠾᠧ ᠮᠤ᠋ ᠶᠠᠩ ᠭᠤᠸᠠᠩ ᠤᠨ ᠠᠩᠭᠧᠰ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ 8000 ᠲᠣᠯᠣᠭᠠᠢ ᠳᠤ ᠬᠦᠷᠴᠦ᠂ ᠪᠠᠶᠠᠵᠢᠨ᠎ᠠ ᠶᠢᠨ 30 ᠲᠦᠮᠡᠨ ᠲᠣᠯᠣᠭᠠᠢ ᠮᠢᠬᠠᠨ ᠤ ᠬᠤᠨᠢ ᠪᠣᠯᠪᠠᠰᠤᠷᠠᠭᠤᠯᠬᠤ ᠦᠢᠯᠡᠳᠪᠦᠷᠢ ᠶᠢᠨ ᠲᠣᠭᠤᠷᠢᠨ ᠵᠤᠭᠠᠴᠠᠬᠤ ᠲᠥᠷᠥᠯ ᠵᠦᠢᠯ ᠢ ᠪᠠᠶᠢᠭᠤᠯᠪᠠ᠃ ᠰᠢᠨ᠎ᠡ ᠬᠡᠯᠪᠡᠷᠢ ᠶᠢᠨ ᠵᠢᠱᠢᠶ᠎ᠡ ᠦᠵᠡᠭᠦᠯᠬᠦ ᠬᠤᠷᠰᠢᠶᠠᠵᠢᠯ ᠢ ᠶᠡᠬᠡᠪᠡᠷ ᠬᠥᠭᠵᠢᠭᠦᠯᠵᠦ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ8 ᠬᠤᠷᠰᠢᠶᠠᠵᠢᠯ᠂ ᠬᠤᠲᠠ ᠪᠣᠯᠣᠨ ᠬᠤᠰᠢᠭᠤᠨ ᠤ ᠳᠡᠰ ᠤᠨ 26 ᠬᠤᠷᠰᠢᠶᠠᠵᠢᠯ ᠢ ᠪᠠᠶᠢᠭᠤᠯᠪᠠ᠃ ︽ᠪᠠᠷᠭᠤ ᠠᠳᠤᠭᠤ︾ ᠶᠢᠨ ᠨᠡᠷᠡᠲᠦ ᠲᠡᠮᠳᠡᠭ ᠤᠨ ᠢᠨᠵᠧᠨᠧᠷᠢᠩ ᠢ ᠡᠬᠢᠯᠡᠨ ᠪᠠᠶᠢᠭᠤᠯᠪᠠ᠃ ᠮᠠᠯ ᠰᠥᠷᠦᠭ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠢᠴᠡᠭᠡᠯ ᠦᠷ᠎ᠡ ᠶᠢᠨ ᠬᠡᠭᠡᠯᠲᠦᠭᠦᠯᠦᠭᠰᠡᠨ ᠦᠬᠡᠷ  ᠤᠨ ᠲᠤᠭ᠎ᠠ 10448 ᠲᠣᠯᠣᠭᠠᠢ᠂ ᠬᠥᠯᠥᠨ ᠪᠣᠶᠢᠷ ᠬᠤᠨᠢ ᠶᠢᠨ ᠣᠨᠴᠠ ᠳᠡᠰ ᠤᠨ ᠬᠤᠴᠠ 1036 ᠲᠣᠯᠣᠭᠠᠢ ᠳᠤ ᠬᠦᠷᠪᠡ᠃ 5.5 ᠲᠦᠮᠡᠨ ᠮᠦ ᠨᠤᠲᠤᠭ ᠪᠡᠯᠴᠢᠭᠡᠷ ᠤᠨ ᠰᠢᠯᠵᠢᠭᠦᠯᠦᠨ ᠬᠡᠷᠡᠭᠯᠡᠬᠦ ᠡᠷᠬᠡ ᠶᠢ ᠳᠦᠷᠢᠮᠵᠢᠭᠦᠯᠦᠨ᠂ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ 941 ᠡᠷᠦᠬᠡ ᠳᠤ ᠬᠦᠷᠪᠡ᠃ ᠮᠠᠯ ᠠᠵᠤ ᠠᠬᠤᠢ ᠶᠢᠨ ᠵᠢᠯ ᠤᠨ ᠮᠠᠯ ᠤᠨ ᠲᠤᠭ᠎ᠠ 115.36 ᠲᠦᠮᠡᠨ ᠲᠣᠯᠣᠭᠠᠢ ᠳᠤ ᠬᠦᠷᠴᠦ᠂ ᠰᠦ ᠮᠢᠬᠠᠨ ᠤ ᠭᠠᠷᠤᠯᠲᠠ ᠲᠤᠰ ᠲᠤᠰ 5.4 ᠲᠦᠮᠡᠨ ᠲᠣᠨ ᠪᠣᠯᠣᠨ 2 ᠲᠦᠮᠡᠨ ᠲᠣᠨ ᠳᠤ ᠬᠦᠷᠪᠡ᠃     — — ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠯᠬᠢᠨ ᠠᠬᠢᠭᠤᠯᠪᠠ᠃ ᠬᠥᠯᠥᠨ ᠪᠣᠶᠢᠷ ᠤᠨ ︽ᠬᠢᠯᠢ ᠳᠠᠭᠠᠤ ᠨᠡᠭᠡᠭᠡᠨ ᠬᠥᠭᠵᠢᠭᠦᠯᠬᠦ ᠬᠠᠮᠤᠭ ᠴᠢᠩᠭ᠎ᠠ ᠠᠮᠢᠵᠢᠷᠠᠯ ᠤᠨ ᠬᠦᠴᠦᠨ ᠪᠦᠬᠦᠢ ᠬᠠᠮᠲᠤᠷᠠᠯᠴᠠᠭᠠᠨ ᠤ ᠬᠤᠰᠢᠭᠤᠴᠢ ᠣᠷᠣᠨ︾ ᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠵᠠ ᠲᠣᠬᠢᠶᠠᠯ ᠢ ᠠᠳᠬᠤᠨ 5440 ᠲᠦᠮᠡᠨ ᠲᠥᠭᠦᠷᠢᠭ ᠵᠠᠷᠤᠴᠠᠭᠤᠯᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠨᠡᠪᠲᠡᠷᠡᠬᠦ ᠵᠠᠮ ᠢ ᠥᠭᠡᠷᠡᠴᠢᠯᠡᠨ ᠰᠠᠶᠢᠵᠢᠷᠠᠭᠤᠯᠬᠤ᠂ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ ᠲᠡᠵᠢᠭᠡᠯ ᠪᠣᠷᠳᠤᠭ᠎ᠠ ᠶᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠪᠣᠭᠤᠮᠲᠠ ᠶᠢᠨ ᠤᠯᠤᠰ ᠤᠨ ᠡᠭᠦᠳᠡ ᠶᠢᠨ ᠦᠵᠡᠮᠵᠢᠲᠦ ᠣᠷᠣᠨ ᠪᠣᠯᠣᠨ ᠬᠤᠯᠪᠣᠭᠠᠯᠠᠨ ᠪᠠᠶᠢᠴᠠᠭᠠᠬᠤ ᠠᠰᠠᠷ᠂ ᠤᠶᠤᠨᠲᠦ ᠬᠠᠭᠠᠯᠭᠠᠲᠦ ᠵᠠᠮ᠂ ᠠᠮᠢᠲᠠᠨ ᠤᠷᠭᠤᠮᠠᠯ ᠤᠨ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠪᠠᠶᠢᠭᠤᠯᠬᠤ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠪᠡ᠃ ᠡᠪᠦᠳᠦᠭ ᠪᠣᠭᠤᠮᠲᠠ ᠶᠢᠨ ᠵᠢᠯ ᠲᠤᠷᠰᠢ ᠴᠢᠯᠦᠭᠡᠲᠡᠢ ᠨᠡᠭᠡᠭᠡᠬᠦ ᠶᠢ ᠰᠢᠯᠭᠠᠨ ᠠᠪᠬᠤ ᠡᠯ᠎ᠡ ᠲᠠᠯ᠎ᠠ ᠶᠢᠨ ᠪᠡᠯᠡᠳᠬᠡᠯ ᠠᠵᠢᠯ ᠢ ᠪᠡᠶᠡᠯᠡᠭᠦᠯᠵᠦ᠂ ᠳᠤᠮᠳᠠᠳᠤ ᠮᠣᠩᠭᠤᠯ ᠤᠯᠤᠰ ᠤᠨ ᠬᠤᠶᠠᠳᠤᠭᠠᠷ ᠬᠢᠯᠢ ᠶᠢᠨ ᠬᠥᠭᠦᠷᠭᠡ ᠶᠢ ᠤᠯᠤᠰ ᠤᠨ ᠳᠣᠲᠣᠭᠠᠳᠤ ᠳᠤ ᠮᠡᠳᠡᠭᠦᠯᠬᠦ ᠶᠠᠪᠤᠴᠠ ᠪᠣᠯᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠵᠢᠭᠠᠨ ᠲᠣᠭᠲᠠᠭᠠᠭᠰᠠᠨ ᠪᠣᠭᠤᠮᠲᠠ᠂ ᠣᠯᠠᠨ ᠤᠯᠤᠰ ᠤᠨ ᠪᠣᠭᠤᠮᠲᠠ ᠪᠣᠯᠭᠠᠬᠤ ᠶᠢ ᠮᠡᠳᠡᠭᠦᠯᠬᠦ ᠠᠵᠢᠯ ᠢ ᠵᠢᠩᠬᠢᠨᠢ ᠪᠠᠷ ᠡᠬᠢᠯᠡᠭᠦᠯᠪᠡ᠃ ᠭᠠᠳᠠᠭᠠᠳᠤ ᠲᠠᠢ ᠬᠤᠯᠪᠣᠭᠳᠠᠭᠰᠠᠨ ᠠᠵᠤ ᠠᠬᠤᠶᠢᠯᠠᠯ ᠤᠨ ᠬᠢᠯᠢ ᠪᠠᠷ ᠣᠷᠣᠭᠤᠯᠵᠤ ᠭᠠᠷᠭᠠᠬᠤ ᠳᠤ ᠳᠥᠭᠦᠮ ᠦᠵᠡᠭᠦᠯᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠳᠣᠲᠣᠭᠠᠳᠤ ᠬᠠᠭᠤᠷᠠᠢ ᠶᠢᠨ ᠪᠣᠭᠤᠮᠲᠠ ᠪᠠᠷ ᠥᠩᠭᠡᠷᠡᠭᠡᠭᠰᠡᠨ ᠪᠠᠷᠠᠭ᠎ᠠ ᠶᠢᠨ ᠬᠡᠮᠵᠢᠶ᠎ᠡ ᠬᠥᠯᠥᠨ ᠪᠣᠶᠢᠷ ᠤᠨ ᠬᠤᠶᠠᠳᠤᠭᠠᠷ ᠲᠤ ᠣᠷᠣᠵᠤ᠂ ᠪᠦᠬᠦ ᠵᠢᠯ ᠳᠤ ᠬᠢᠯᠢ ᠪᠠᠷ 5.48 ᠲᠦᠮᠡᠨ ᠬᠥᠮᠥᠨ ᠤᠳᠠᠭ᠎ᠠ᠂ 3.5 ᠲᠦᠮᠡᠨ ᠲᠡᠷᠭᠡ ᠣᠷᠣᠵᠤ ᠭᠠᠷᠴᠤ᠂ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠪᠠᠷᠠᠭ᠎ᠠ 44.5 ᠲᠦᠮᠡᠨ ᠲᠣᠨ᠂ 14 ᠳ᠋ᠦᠩᠰᠢᠭᠤᠷ ᠲᠥᠭᠦᠷᠢᠭ ᠲᠤ ᠬᠦᠷᠪᠡ᠃     — — ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠪᠡ᠃ ᠬᠥᠯᠥᠨ ᠪᠣᠶᠢᠷ ᠤᠨ ︽ᠣᠯᠠᠨ ᠤᠯᠤᠰ ᠤᠨ ᠴᠢᠨᠠᠷᠲᠠᠢ ᠳᠡᠭᠡᠳᠦ ᠳᠡᠰ ᠤᠨ ᠵᠢᠭᠤᠯᠴᠢᠯᠠᠯ ᠤᠨ ᠬᠠᠷᠠᠯᠳᠠᠲᠦ ᠣᠷᠣᠨ︾ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠪᠠᠷ᠂ ᠪᠠᠷᠭᠤ ᠵᠠᠩ ᠦᠢᠯᠡ ᠶᠢᠨ ᠰᠣᠶᠣᠯ᠂ ᠲᠠᠯ᠎ᠠ ᠨᠤᠲᠤᠭ ᠤᠨ ᠠᠮᠢ ᠠᠬᠤᠶᠢᠴᠢ ᠵᠢᠭᠤᠯᠴᠢᠯᠠᠯ ᠤᠨ ᠦᠢᠯᠡᠰ ᠢ ᠤᠶᠠᠯᠳᠤᠭᠤᠯᠤᠨ ᠬᠥᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ 2970 ᠲᠦᠮᠡᠨ ᠲᠥᠭᠦᠷᠢᠭ ᠵᠠᠷᠤᠴᠠᠭᠤᠯᠵᠤ ᠭᠤᠸᠠᠩ ᠴᠢ ᠮᠠᠰᠢᠨ ᠲᠡᠷᠭᠡᠨ ᠤ ᠺᠣᠮᠫᠠᠨᠢ ᠶᠢᠨ ᠬᠦᠢᠲᠡᠨ ᠣᠷᠣᠨ ᠳᠠᠬᠢ ᠲᠤᠷᠰᠢᠯᠲᠠ ᠶᠢᠨ ᠲᠠᠯᠠᠪᠤᠷ᠂ ᠨᠣᠮᠣᠨ ᠬᠠᠨ ᠳᠠᠶᠢᠨ ᠤ ᠪᠠᠭᠤᠷᠢ᠂ ᠭᠠᠨᠵᠤᠤᠷ ᠰᠦᠮ᠎ᠡ᠂ ᠨᠣᠭᠤᠭᠠᠨᠨᠠᠭᠤᠷ᠂ ᠪᠠᠷᠭᠤ ᠮᠣᠩᠭᠤᠯ ᠠᠶᠢᠮᠠᠭ ᠵᠡᠷᠭᠡ ᠦᠵᠡᠮᠵᠢᠲᠦ ᠣᠷᠣᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃ ︽ᠪᠣᠶᠢᠷ ᠨᠠᠭᠤᠷ ᠢ ᠬᠠᠶᠢᠨ ᠰᠢᠨᠵᠢᠬᠦ︾ 3 ᠡᠳᠦᠷ ᠤᠨ ᠬᠢᠯᠢ ᠠᠯᠤᠰᠯᠠᠨ ᠲᠡᠷᠭᠡ ᠵᠢᠯᠣᠭᠤᠳᠴᠤ ᠵᠤᠭᠠᠴᠠᠬᠤ ᠵᠠᠮ ᠱᠤᠭᠤᠮ ᠢ ᠨᠡᠭᠡᠭᠡᠵᠦ᠂ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ᠂ ᠣᠷᠣᠰ᠂ ᠮᠣᠩᠭᠤᠯ ᠤᠯᠤᠰ ᠤᠨ ᠮᠠᠰᠢᠨ ᠲᠡᠷᠭᠡ ᠪᠠᠷ ᠬᠡᠭᠡᠷᠡᠯᠡᠨ ᠤᠷᠤᠯᠳᠤᠬᠤ ᠤᠷᠤᠯᠳᠤᠭᠠᠨ ᠤ ᠬᠥᠯᠥᠨ ᠪᠣᠶᠢᠷ ᠤᠨ ᠤᠷᠤᠯᠳᠤᠭᠠᠨ ᠤ ᠲᠣᠭᠤᠷᠢᠭ ᠠᠴᠠ ᠡᠬᠢᠯᠡᠬᠦ ᠶᠣᠰᠣᠯᠠᠯ᠂ ᠡᠪᠦᠯ ᠤᠨ ᠤᠯᠠᠷᠢᠯ ᠤᠨ ︽ᠵᠢᠭᠠᠰᠤ ᠬᠦᠬᠢᠲᠡᠬᠦ︾ ᠨᠠᠶᠢᠷ ᠵᠡᠷᠭᠡ ᠰᠣᠶᠣᠯ ᠵᠢᠭᠤᠯᠴᠢᠯᠠᠯ ᠤᠨ ᠰᠢᠷᠢᠰ ᠬᠥᠳᠡᠯᠭᠡᠭᠡᠨ ᠢ ᠠᠮᠵᠢᠯᠲᠠᠲᠠᠢ ᠥᠷᠨᠢᠭᠦᠯᠪᠡ᠃ ᠵᠢᠵᠢᠭ ᠲᠠᠷᠠᠬᠠᠢ ᠪᠤᠲᠠᠷᠬᠠᠢ ᠵᠠᠮᠪᠠᠷᠠᠭ᠎ᠠ ᠦᠭᠡᠢ ᠦᠵᠡᠮᠵᠢᠲᠦ ᠣᠷᠣᠨ ᠢ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ 17 ᠭᠡᠷᠡᠴᠢ ᠦᠨᠡᠮᠯᠡᠯ ᠦᠭᠡᠢ ᠦᠵᠡᠮᠵᠢᠲᠦ ᠴᠢᠭ ᠢ ᠴᠡᠭᠴᠡᠯᠡᠪᠡ᠃ ᠪᠦᠬᠦ ᠬᠤᠰᠢᠭᠤᠨ ᠤ ᠣᠨᠴᠠᠯᠢᠭᠲᠤ ᠵᠢᠭᠤᠯᠴᠢᠯᠠᠯ ᠤᠨ ᠪᠠᠯᠭᠠᠰᠤ ᠪᠠᠶᠢᠭᠤᠯᠤᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠪᠠ᠃ ᠪᠦᠬᠦ ᠵᠢᠯ ᠤᠨ ᠵᠢᠭᠤᠯᠴᠢᠯᠠᠭᠰᠠᠳ ᠤᠨ ᠲᠤᠭ᠎ᠠ 70 ᠲᠦᠮᠡᠨ ᠬᠥᠮᠥᠨ ᠤᠳᠠᠭ᠎ᠠ᠂ ᠵᠢᠭᠤᠯᠴᠢᠯᠠᠯ ᠤᠨ ᠣᠷᠣᠯᠭ᠎ᠠ 6.4 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ 7% ᠪᠣᠯᠣᠨ 10% ᠪᠠᠷ ᠨᠡᠮᠡᠭᠳᠡᠪᠡ᠃     — — ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠬᠥᠯᠥᠨ ᠪᠣᠶᠢᠷ ᠤᠨ ︽ᠪᠦᠬᠦ ᠤᠯᠤᠰ ᠤᠨ ᠦᠷᠭᠦᠯᠵᠢᠯᠡᠨ ᠬᠥᠭᠵᠢᠭᠦᠯᠬᠦ ᠠᠮᠢ ᠠᠬᠤᠢ ᠣᠷᠴᠢᠨ ᠲᠣᠭᠤᠷᠢᠨ ᠤ  ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠪᠠᠶᠢᠭᠤᠯᠬᠤ ᠬᠥᠭᠵᠢᠯᠲᠡ ᠶᠢᠨ ᠪᠠᠶᠢᠷᠢᠰᠢᠯ ᠢᠶᠠᠷ 1.4 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ 191 ᠡᠷᠦᠬᠡ ᠶᠢ ᠠᠮᠢ ᠠᠬᠤᠢ ᠶᠢᠨ ᠬᠡᠪᠡᠷᠡᠭ ᠣᠷᠣᠨ ᠠᠴᠠ ᠨᠡᠭᠦᠯᠭᠡᠵᠦ᠂ 11.73 ᠲᠦᠮᠡᠨ ᠮᠦ ᠨᠠᠭᠤᠷ ᠤᠨ ᠲᠣᠭᠤᠷᠢᠨ ᠤ ᠡᠯᠡᠰᠦᠷᠬᠡᠭ ᠭᠠᠵᠠᠷ ᠢ ᠵᠠᠰᠠᠵᠤ᠂ 1 ᠪᠤᠵᠠᠷ ᠤᠰᠤ ᠰᠢᠢᠳᠪᠦᠷᠢᠯᠡᠬᠦ ᠲᠥᠷᠥᠯ ᠵᠦᠢᠯ᠂ 8 ᠬᠤᠭ ᠨᠣᠪᠰᠢ ᠶᠢ ᠬᠤᠣᠷ ᠦᠭᠡᠶᠢᠳᠡᠭᠦᠯᠬᠦ ᠲᠥᠷᠥᠯ ᠵᠦᠢᠯ ᠢ ᠪᠠᠶᠢᠭᠤᠯᠵᠤ ᠂ 394 ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ ᠳᠡᠭᠡᠳᠦ ᠱᠠᠲᠤᠨ ᠤ ᠬᠢᠨᠠᠨ ᠰᠢᠯᠭᠠᠯᠲᠠ ᠶᠢ ᠤᠷᠤᠭᠰᠢᠲᠠᠢ ᠥᠩᠭᠡᠷᠡᠭᠡᠪᠡ᠃ ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠨᠢᠭᠡ ᠭᠤᠣᠯ ᠨᠢᠭᠡ ᠨᠠᠭᠤᠷ ᠨᠢᠭᠡ ᠪᠣᠳᠣᠯᠭ᠎ᠠ︾ ᠶᠢᠨ ᠲᠥᠰᠥᠯ ᠢ ᠲᠣᠭᠲᠠᠭᠠᠨ ᠬᠡᠷᠡᠭᠵᠢᠭᠦᠯᠪᠡ᠃ 5900 ᠲᠦᠮᠡᠨ ᠲᠥᠭᠦᠷᠢᠭ ᠵᠠᠷᠤᠴᠠᠭᠤᠯᠵᠤ᠂ 10.35 ᠲᠦᠮᠡᠨ ᠮᠦ ᠡᠯᠡᠰᠦ ᠶᠢ ᠵᠠᠰᠠᠨ ᠣᠶᠢᠵᠢᠭᠤᠯᠵᠤ᠂ 20 ᠲᠦᠮᠡᠨ ᠮᠦ ᠨᠤᠲᠤᠭ ᠲᠤ ᠲᠣᠭᠤᠷᠢᠭ ᠬᠤᠪᠢᠶᠠᠨ ᠡᠭᠡᠯᠵᠢᠯᠡᠨ ᠮᠠᠯᠵᠢᠵᠤ᠂ ᠨᠢᠰᠬᠡᠯ ᠢᠶᠠᠷ10 ᠲᠦᠮᠡᠨ ᠮᠦ ᠡᠪᠡᠰᠦ ᠲᠠᠷᠢᠵᠤ᠂ 3900 ᠮᠦ ᠲᠠᠷᠢᠶᠠᠨ ᠭᠠᠵᠠᠷ ᠢ ᠴᠡᠭᠴᠡᠯᠡᠨ ᠵᠠᠰᠠᠪᠠ᠃ 1.8 ᠳ᠋ᠦᠩᠰᠢᠭᠤᠷ ᠲᠥᠭᠦᠷᠢᠭ ᠲᠠᠯ᠎ᠠ ᠨᠤᠲᠤᠭ ᠤᠨ ᠠᠮᠢ ᠠᠬᠤᠢ ᠶᠢᠨ ᠨᠥᠬᠦᠪᠦᠷᠢ ᠮᠥᠩᠭᠦ ᠲᠠᠯᠪᠢᠵᠤ᠂ 2220 ᠲᠦᠮᠡᠨ ᠮᠦ ᠨᠤᠲᠤᠭ ᠲᠤ ᠪᠡᠯᠴᠢᠭᠡᠷᠯᠡᠭᠦᠯᠬᠦ ᠶᠢ ᠵᠣᠭᠰᠣᠭᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠪᠡ᠃     — — ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠬᠦᠲᠦᠯᠦᠮᠵᠢ ᠪᠣᠯᠭᠠᠵᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃ 1.6 ᠳ᠋ᠦᠩᠰᠢᠭᠤᠷ ᠲᠥᠭᠦᠷᠢᠭ ᠪᠡᠯᠡ ᠵᠠᠷᠤᠴᠠᠭᠤᠯᠵᠤ ᠠᠮᠤᠭᠤᠯᠠᠩ ᠪᠠᠯᠭᠠᠰᠤᠨ ᠤ ᠨᠤᠭᠤ ᠭᠠᠵᠠᠷ ᠤᠨ ᠴᠡᠴᠡᠷᠯᠢᠭ ᠢ ᠪᠠᠶᠢᠭᠤᠯᠵᠤ᠂ ᠬᠤᠲᠠ ᠪᠠᠯᠭᠠᠰᠤ ᠶᠢᠨ ᠵᠠᠮ ᠢ ᠵᠠᠰᠠᠨ ᠰᠠᠶᠢᠵᠢᠷᠠᠭᠤᠯᠵᠤ᠂ 566 ᠡᠷᠦᠬᠡ ᠶᠢᠨ ᠪᠣᠬᠢᠷᠲᠤᠯ ᠦᠭᠡᠢ ᠳᠤᠯᠠᠭᠠᠨ ᠣᠷᠣᠨ ᠰᠠᠭᠤᠴᠠ᠂ 196 ᠡᠷᠦᠬᠡ ᠪᠣᠶᠢᠳᠠ ᠪᠥᠭᠯᠡᠭᠦᠦ ᠭᠠᠵᠠᠷ ᠣᠷᠣᠨ ᠤ ᠮᠠᠯᠴᠢᠳ ᠤᠨ ᠬᠡᠷᠡᠭᠯᠡᠭᠡᠨ ᠤ ᠴᠠᠬᠢᠯᠭᠠᠨ ᠤ ᠳᠡᠰ ᠳᠡᠪᠰᠢᠭᠦᠯᠬᠦ ᠢᠨᠵᠧᠨᠧᠷᠢᠩ ᠢ ᠦᠷᠭᠦᠯᠵᠢᠯᠡᠨ ᠪᠠᠶᠢᠭᠤᠯᠵᠤ᠂ ᠰᠢᠨ᠎ᠡ ᠪᠠᠷ 114 ᠤᠰᠤ ᠬᠠᠩᠭᠠᠬᠤ ᠮᠠᠰᠢᠨ ᠬᠤᠳᠳᠤᠭ ᠴᠣᠬᠢᠵᠤ᠂ 2 ᠭᠠᠵᠠᠷ ᠤᠨ ᠲᠥᠪᠯᠡᠷᠡᠭᠰᠡᠨ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠢ ᠥᠭᠡᠷᠡᠴᠢᠯᠡᠨ ᠰᠠᠶᠢᠵᠢᠷᠠᠭᠤᠯᠪᠠ᠃ 2.9 ᠳ᠋ᠦᠩᠰᠢᠭᠤᠷ ᠲᠥᠭᠦᠷᠢᠭ ᠤᠨ ᠪᠡᠯᠡ ᠵᠠᠷᠤᠴᠠᠭᠤᠯᠵᠤ᠂ 800 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠭᠦᠯᠪᠡ᠃ 2680 ᠲᠦᠮᠡᠨ ᠲᠥᠭᠦᠷᠢᠭ ᠵᠠᠷᠤᠴᠠᠭᠤᠯᠵᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠢᠭᠡᠳ ᠰᠢᠨ᠎ᠡ ᠬᠡᠯᠪᠡᠷᠢ ᠶᠢᠨ ᠤᠶᠤᠨᠴᠢ ᠮᠠᠯᠵᠢᠬᠤ ᠣᠷᠣᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨᠨᠠᠭᠤᠷ ᠵᠡᠷᠭᠡ 4 ᠲᠤᠷᠰᠢᠯᠲᠠ ᠶᠢᠨ ᠭᠠᠴᠠᠭᠠᠨ ᠳᠤ ᠤᠲᠠᠰᠤᠲᠤ ᠪᠣᠯᠣᠨ ᠤᠲᠠᠰᠤᠲᠤ ᠪᠤᠰᠤ ᠶᠢ ᠬᠠᠮᠲᠤᠷᠠᠭᠤᠯᠤᠭᠰᠠᠨ ᠲᠣᠣᠷ ᠰᠦᠯᠵᠢᠶ᠎ᠡ ᠶᠢ ᠪᠦᠬᠦᠨ ᠢ ᠪᠦᠷᠬᠦᠭᠦᠯᠪᠡ᠃ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ 14 ᠲᠥᠪᠯᠡᠷᠡᠨ ᠰᠠᠭᠤᠭᠰᠠᠨ ᠭᠠᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠪᠠ᠃ ᠪᠦᠬᠦ ᠬᠤᠰᠢᠭᠤᠨ ᠤ ᠬᠢᠯᠢ ᠬᠢᠵᠠᠭᠠᠷ ᠰᠠᠬᠢᠵᠤ ᠰᠠᠭᠤᠷᠢᠰᠢᠭᠰᠠᠨ ᠭᠠᠴᠠᠭ᠎ᠠ ᠶᠢ ᠬᠥᠭᠵᠢᠭᠦᠯᠬᠦ ᠭᠤᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠪᠠᠶ᠋ᠬᠠᠤᠪᠤᠭ᠎ᠠ ᠭᠠᠴᠠᠭᠠᠨ ᠤ ᠣᠷᠣᠨ ᠰᠠᠭᠤᠴᠠ ᠶᠢ ᠥᠭᠡᠷᠡᠴᠢᠯᠡᠵᠦ ᠰᠠᠶᠢᠵᠢᠷᠠᠭᠤᠯᠬᠤ ᠲᠤᠷᠰᠢᠯᠲᠠ ᠶᠢᠨ ᠴᠢᠭ ᠤᠨ ᠠᠵᠢᠯ ᠢ ᠪᠡᠶᠡᠯᠡᠭᠦᠯᠪᠡ᠃ ︽ᠳᠦᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 338 ᠺᠢᠯᠣᠮᠧᠲᠷ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠪᠦᠬᠦ ᠬᠤᠰᠢᠭᠤᠨ  ᠤ ᠡᠯ᠎ᠡ ᠳᠡᠰ ᠤᠨ ᠵᠠᠰᠠᠮᠠᠯ ᠵᠠᠮ ᠤᠨ ᠤᠷᠲᠤ 2077 ᠺᠢᠯᠣᠮᠧᠲᠷ ᠲᠤ ᠬᠦᠷᠪᠡ᠃     — — ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠨ ᠲᠠᠢ ᠪᠣᠯᠪᠠ᠃ ᠨᠡᠶᠢᠭᠡᠮ ᠤᠨ ᠠᠷᠠᠳ ᠤᠨ ᠠᠮᠢᠳᠤᠷᠠᠯ ᠤᠨ ᠠᠵᠢᠯ ᠦᠢᠯᠡᠰ ᠢ ᠪᠠᠲᠤᠯᠠᠬᠤ ᠪᠠ ᠬᠥᠭᠵᠢᠭᠦᠯᠬᠦ ᠶᠢ ᠢᠮᠠᠭᠲᠠ ᠠᠯᠢᠪᠠ ᠠᠵᠢᠯ ᠤᠨ ᠡᠬᠢᠯᠡᠯᠲᠡ ᠪᠣᠯᠣᠨ ᠪᠣᠳᠠᠲᠠᠶᠢᠵᠢᠭᠤᠯᠤᠯᠲᠠ ᠪᠣᠯᠭᠠᠪᠠ᠃ ᠠᠷᠠᠳ ᠤᠨ ᠠᠮᠢᠳᠤᠷᠠᠯ ᠤᠨ ᠲᠤᠬᠠᠢ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 76.38% ᠶᠢ ᠡᠵᠡᠯᠡᠵᠦ᠂ ᠬᠤᠲᠠ ᠪᠠᠯᠭᠠᠰᠤᠨ ᠤ 600 ᠬᠥᠮᠥᠨ ᠳᠤ ᠰᠢᠨ᠎ᠡ ᠪᠠᠷ ᠠᠵᠢᠯ ᠣᠯᠭᠤᠵᠤ᠂ 102 ᠮᠠᠯᠴᠢᠳ ᠢ ᠰᠢᠯᠵᠢᠭᠦᠯᠦᠨ ᠠᠵᠢᠯ ᠣᠯᠭᠤᠪᠠ᠃ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠵᠢᠯ ᠤᠨ ᠬᠥᠮᠥᠨ ᠳᠤᠮᠳᠠᠴᠢ ᠶᠢᠨ ᠬᠤᠲᠠ ᠬᠥᠳᠡᠭᠡ ᠶᠢᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ   ᠶᠢᠨ ᠨᠥᠬᠦᠪᠦᠷᠢ ᠶᠢ ᠲᠤᠰ ᠲᠤᠰ 6840 ᠲᠥᠭᠦᠷᠢᠭ ᠪᠣᠯᠣᠨ 4200 ᠲᠥᠭᠦᠷᠢᠭ ᠪᠣᠯᠭᠠᠨ ᠳᠡᠭᠡᠭᠰᠢᠯᠡᠭᠦᠯᠪᠡ᠃ 6610 ᠲᠦᠮᠡᠨ ᠲᠥᠭᠦᠷᠢᠭ ᠪᠡᠯᠡ ᠵᠠᠷᠤᠴᠠᠭᠤᠯᠵᠤ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠰᠣᠶᠣᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠬᠤᠰᠢᠭᠤᠨ ᠤ 6 ᠳᠤᠮᠳᠠᠳᠤ ᠪᠠᠭ᠎ᠠ ᠰᠤᠷᠭᠠᠭᠤᠯᠢ ᠪᠦᠬᠦᠨ ᠢᠶᠠᠷ ᠪᠠᠷᠢᠮᠵᠢᠶᠠᠨ ᠳᠤ ᠬᠦᠷᠴᠦ᠂ 3 ᠬᠡᠦᠬᠡᠳ ᠤᠨ ᠴᠡᠴᠡᠷᠯᠢᠭ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠳᠡᠰ ᠤᠨ ᠵᠢᠱᠢᠶ᠎ᠡ ᠦᠵᠡᠭᠦᠯᠬᠦ ᠴᠡᠴᠡᠷᠯᠢᠭ ᠪᠣᠯᠣᠨ ᠳᠡᠰ ᠳᠡᠪᠰᠢᠪᠡ︔ ᠮᠣᠩᠭᠤᠯ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠢᠭᠡᠳ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ᠂ ᠦᠨᠳᠦᠰᠦᠨ ᠱᠠᠲᠤᠨ ᠤ 3ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ︔ ᠬᠥᠯᠥᠨ ᠪᠣᠶᠢᠷ ᠤᠨ ᠮᠣᠩᠭᠤᠯ ᠬᠡᠯᠡᠨ ᠤ ᠴᠠᠭᠠᠨ ᠰᠠᠷ᠎ᠠ  ᠶᠢᠨ ᠦᠳᠡᠰᠢᠯᠡᠭᠡ ᠶᠢ ᠠᠮᠵᠢᠯᠲᠠᠲᠠᠢ ᠳᠠᠭᠠᠭᠠᠨ ᠥᠷᠨᠢᠭᠦᠯᠵᠦ᠂ ᠵᠢᠷᠭᠤᠳᠤᠭᠠᠷ ᠬᠤᠭᠤᠴᠠᠭᠠᠨ ᠤ ︽ᠪᠠᠽᠠᠷᠭᠠᠨᠲᠠ ᠬᠤᠨᠳᠠᠭᠠᠲᠤ︾ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠪᠠᠭᠠᠴᠤᠳ ᠤᠨ ᠡᠷᠡᠭᠲᠡᠢ ᠶᠢᠨ ᠴᠢᠯᠦᠭᠡᠲᠦ ᠪᠥᠬᠡ᠂ ᠨᠠᠢᠮᠠᠨ ᠮᠤᠵᠢ ᠣᠷᠣᠨ ᠤ ᠠᠩᠬᠠᠳᠤᠭᠠᠷ ᠬᠤᠭᠤᠴᠠᠭᠠᠨ ᠤ ︽ᠰᠡᠳᠬᠢᠯ ᠤᠨ ᠤᠶᠠᠩᠭ᠎ᠠ︾ ᠬᠤᠨᠳᠠᠭᠠᠲᠤ ᠤᠷᠠᠨ ᠪᠦᠲᠦᠭᠡᠯ ᠤᠨ ᠤᠷᠤᠯᠳᠤᠭᠠᠨ ᠪᠣᠯᠣᠨ ᠬᠤᠰᠢᠭᠤᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠤ ᠲᠣᠭᠯᠠᠯᠲᠠ ᠵᠡᠷᠭᠡ ᠠᠷᠠᠳ  ᠲᠤ ᠠᠰᠢᠭ ᠬᠦᠷᠲᠡᠭᠡᠬᠦ ᠰᠣᠶᠣᠯ ᠲᠠᠮᠢᠷ ᠤᠨ ᠰᠢᠷᠢᠰ ᠬᠥᠳᠡᠯᠭᠡᠭᠡᠨ ᠢ 150 ᠭᠠᠷᠤᠢ ᠤᠳᠠᠭ᠎ᠠ ᠥᠷᠨᠢᠭᠦᠯᠪᠡ᠃ ᠬᠤᠰᠢᠭᠤᠨ ᠤ ᠳᠠᠩᠰᠠ ᠡᠪᠬᠡᠮᠡᠯ ᠤᠨ ᠠᠰᠠᠷ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ︽ᠠᠮᠤᠷ ᠲᠦᠪᠰᠢᠨ᠂ ᠬᠠᠤᠯᠢ ᠪᠠᠷ ᠵᠠᠰᠠᠬᠤ᠂ ᠡᠶ᠎ᠡ ᠵᠣᠬᠢᠴᠠᠩᠭᠤᠢ︾ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠠᠵᠢᠯᠯᠠᠭ᠎ᠠ ᠶᠢ ᠶᠡᠭᠡ ᠬᠦᠴᠦᠨ ᠢᠶᠠᠷ ᠥᠷᠨᠢᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠪᠠ᠃ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠶᠢᠭᠡᠮ ᠤᠨ ᠠᠮᠤᠷ ᠲᠣᠭᠲᠠᠭᠤᠨ ᠢ ᠪᠦᠲᠦᠮᠵᠢᠲᠡᠢ ᠬᠠᠮᠠᠭᠠᠯᠠᠪᠠ᠃ 32107 ᠴᠡᠷᠢᠭ ᠠᠩᠭᠢ ᠲᠠᠢ ︽ᠬᠤᠶᠠᠷ ᠢ ᠬᠦᠷᠢᠶᠡᠯᠡᠬᠦ ᠮᠠᠯᠵᠢᠯ ᠤᠨ ᠲᠠᠯᠠᠪᠠᠢ︾ ᠶᠢ ᠬᠠᠮᠲᠤ ᠪᠠᠷ ᠪᠠᠶᠢᠭᠤᠯᠵᠤ᠂ ᠨᠠᠮ ᠵᠠᠰᠠᠭ᠂ ᠴᠡᠷᠢᠭ ᠠᠷᠠᠳ ᠬᠢᠯᠢ ᠬᠢᠵᠠᠭᠠᠷ ᠢᠶᠠᠨ ᠬᠠᠮᠲᠤ ᠪᠠᠷ ᠰᠠᠬᠢᠵᠤ᠂ ᠬᠠᠮᠲᠤ ᠪᠠᠷ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃     — —  ᠥᠭᠡᠷᠡᠴᠢᠯᠡᠯᠲᠡ ᠶᠢᠨ ᠬᠦᠷᠢᠶ᠎ᠡ ᠬᠡᠪᠴᠢᠶ᠎ᠡ ᠲᠠᠰᠤᠷᠠᠯᠲᠠ ᠦᠭᠡᠢ ᠭᠦᠨᠵᠡᠭᠡᠶᠢᠷᠡᠪᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠠᠵᠤ ᠠᠬᠤᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠤᠰ ᠵᠢᠯ ᠳᠤ 76 ᠵᠦᠢᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠣᠯᠪᠠ᠃ ᠲᠠᠯᠪᠢᠬᠤ᠂ ᠬᠠᠮᠢᠶᠠᠷᠬᠤ᠂ ᠦᠢᠯᠡᠴᠢᠯᠡᠬᠦ ᠥᠭᠡᠷᠡᠴᠢᠯᠡᠯᠲᠡ ᠶᠢᠨ ᠠᠵᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ᠂ ᠨᠠᠢᠮᠠᠨ ᠬᠠᠭᠤᠳᠠᠰᠤ ᠨᠠᠷᠢᠨ ᠳᠠᠩᠰᠠ ᠶᠢ ᠪᠠᠷᠢᠮᠵᠢᠶᠠᠵᠢᠭᠤᠯᠤᠨ ᠪᠠᠶᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯᠧᠺᠲᠷᠦᠨᠵᠢᠭᠦᠯᠵᠦ ᠳᠥᠭᠦᠮᠴᠢᠯᠡᠨ ᠳᠠᠩᠰᠠᠯᠠᠵᠤ ᠲᠡᠮᠳᠡᠭᠯᠡᠬᠦ ᠠᠵᠢᠯ ᠢ ᠲᠦᠯᠬᠢᠨ ᠠᠬᠢᠭᠤᠯᠪᠠ᠃ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠰᠤᠮᠤ ᠪᠠᠯᠭᠠᠰᠤᠨ ᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠲᠦᠭᠡᠮᠡᠯᠵᠢᠭᠦᠯᠪᠡ᠃ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠳᠦᠷᠢᠮ ᠢ ᠲᠣᠭᠲᠠᠭᠠᠨ ᠬᠡᠷᠡᠭᠵᠢᠭᠦᠯᠪᠡ᠃ ᠠᠯᠪᠠᠨ ᠪᠠᠶᠢᠭᠤᠯᠭ᠎ᠠ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠮᠠᠯᠵᠢᠬᠤ ᠣᠷᠣᠨ ᠤ ᠨᠡᠶᠢᠲᠡ  ᠶᠢᠨ ᠬᠥᠷᠥᠩᠭᠡ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠡᠬᠢᠯᠡᠭᠦᠯᠵᠦ᠂ ᠲᠤᠷᠰᠢᠯᠲᠠ ᠶᠢᠨ ᠴᠢᠭ ᠭᠠᠴᠠᠭᠠᠨ ᠤ ᠥᠭᠡᠷᠡᠴᠢᠯᠡᠯᠲᠡ ᠶᠢᠨ ᠡᠭᠦᠷᠭᠡ ᠪᠣᠯᠣᠨ ᠪᠦᠬᠦ ᠭᠠᠴᠠᠭᠠᠨ ᠤ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠪᠡᠶᠡᠯᠡᠭᠦᠯᠪᠡ᠃ ᠳᠤᠮᠳᠠ ᠵᠢᠵᠢᠭ ᠠᠵᠤ ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ᠂ ᠡᠯᠧᠺᠲᠷᠦᠨ ᠬᠤᠳᠠᠯᠳᠤᠭᠠᠨ ᠤ  ᠶᠠᠪᠤᠳᠠᠯ ᠤᠨ ᠲᠥᠪ ᠢ ᠪᠠᠶᠢᠭᠤᠯᠪᠠ᠃ ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠪᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠭᠤᠷᠪᠠᠨ ᠴᠢᠬᠤᠯᠠ ᠨᠢᠭᠡ ᠲᠣᠮᠣ︾ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠴᠢᠳᠠᠪᠬᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠵᠢᠯᠴᠢ ᠠᠷᠪᠢᠴᠢ ᠶᠢ ᠡᠷᠬᠢᠮᠯᠡᠵᠦ᠂ ︽ᠭᠤᠷᠪᠠᠨ ᠠᠯᠪᠠᠨ︾ ᠵᠠᠷᠤᠳᠠᠯ ᠤᠨ ᠵᠠᠷᠤᠯᠭ᠎ᠠ ᠶᠢ ᠴᠢᠩᠭ᠎ᠠ ᠡᠵᠡᠮᠳᠡᠵᠦ᠂ ᠬᠤᠰᠢᠭᠤᠨ ᠤ ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 6.35% ᠪᠠᠷ ᠪᠠᠭᠠᠰᠬᠠᠪᠠ᠃ ᠬᠤᠰᠢᠭᠤᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠣᠯᠠᠨ ᠨᠡᠶᠢᠲᠡ ᠶᠢᠨ ᠨᠡᠶᠢᠭᠡᠮ ᠤᠨ ᠬᠢᠨᠠᠯᠲᠠ ᠲᠠᠯᠪᠢᠯᠲᠠ ᠪᠣᠯᠣᠨ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠤᠲᠠ ᠬᠤᠰᠢᠭᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ 225 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 172 ᠬᠤᠪᠢ ᠰᠢᠢᠳᠪᠦᠷᠢᠯᠡᠵᠦ᠂ 100% ᠪᠠᠷ ᠭᠦᠢᠴᠡᠳᠬᠡᠪᠡ᠃     ᠲᠥᠯᠥᠭᠡᠯᠡᠭᠴᠢᠳ ᠡ᠂ ᠥᠩᠭᠡᠷᠡᠭᠰᠡᠨ ᠵᠢᠯ ᠪᠣᠯ ᠪᠦᠬᠦ ᠬᠤᠰᠢᠭᠤ ᠪᠠᠷ ᠢᠶᠠᠨ ᠴᠢᠬᠤᠯᠠ ᠶᠡᠭᠡ ᠥᠷᠢᠰᠦᠯᠳᠦᠭᠡᠨ ᠢ ᠤᠭᠲᠤᠵᠤ᠂ ᠬᠦᠴᠢᠷ ᠪᠡᠷᠬᠡᠰᠢᠶᠡᠯ ᠢ ᠰᠥᠷᠦᠨ ᠤᠷᠤᠭᠰᠢᠯᠠᠭᠰᠠᠨ ᠨᠢᠭᠡ ᠵᠢᠯ ᠪᠣᠯᠣᠨ᠎ᠠ᠂ ᠨᠡᠩ ᠴᠦ ᠪᠦᠬᠦ ᠬᠤᠰᠢᠭᠤ ᠪᠠᠷ ᠢᠶᠠᠨ ᠡᠷᠡᠯᠬᠡᠭᠯᠡᠨ ᠤᠷᠤᠭᠰᠢᠯᠠᠵᠤ᠂ ᠪᠣᠳᠠᠲᠤ ᠬᠥᠭᠵᠢᠯᠲᠡ ᠶᠢᠨ ᠦᠷ᠎ᠡ ᠪᠦᠲᠦᠮᠵᠢ ᠣᠯᠣᠭᠰᠠᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ ᠪᠢᠳᠠ ᠠᠵᠤ ᠠᠬᠤᠢ ᠪᠠᠭᠤᠷᠠᠬᠤ ᠳᠠᠷᠤᠯᠲᠠ ᠶᠢ ᠢᠳᠡᠪᠬᠢᠲᠡᠢ ᠢᠯᠠᠨ ᠳᠠᠪᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠪᠡᠶᠡᠯᠡᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠲᠠᠯ᠎ᠠ ᠶᠢᠨ ᠬᠢᠨᠠᠨ ᠪᠠᠶᠢᠴᠠᠭᠠᠯᠲᠠ᠂ ᠬᠢᠨᠠᠨ ᠪᠣᠳᠣᠯᠲᠠ ᠶᠢ ᠬᠦᠯᠢᠶᠡᠨ ᠠᠪᠴᠤ᠂ ᠪᠦᠬᠦ ᠲᠠᠯ᠎ᠠ ᠶᠢᠨ ᠬᠢᠨᠠᠨ ᠰᠢᠯᠭᠠᠯᠲᠠ ᠶᠢ ᠥᠩᠭᠡᠷᠡᠭᠡᠪᠡ︔ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠲᠦᠮᠡᠨ ᠰᠡᠳᠬᠢᠯ ᠨᠢᠭᠡᠳᠦᠨ᠂ ᠬᠦᠴᠢᠷ ᠢ ᠢᠯᠠᠨ ᠳᠠᠪᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠶᠢ ᠬᠦᠴᠦᠯᠡᠨ ᠲᠦᠯᠬᠢᠨ ᠠᠬᠢᠭᠤᠯᠪᠠ᠃ᠡᠳᠡᠭᠡᠷ ᠣᠯᠣᠭᠰᠠᠨ ᠠᠮᠵᠢᠯᠲᠠ ᠪᠦᠲᠦᠮᠵᠢ ᠪᠣᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠶᠢ ᠪᠣᠳᠣᠯᠬᠢᠯᠠᠨ  ᠬᠠᠮᠲᠤᠳᠬᠠᠵᠤ᠂ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠮᠥᠨ ᠴᠦ ᠬᠤᠰᠢᠭᠤᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ ᠳ᠋ᠦᠩ ᠮᠥᠨ᠂ ᠪᠠᠰᠠ ᠴᠦ ᠪᠦᠬᠦ ᠬᠤᠰᠢᠭᠤᠨ ᠤ ᠡᠯ᠎ᠡ ᠱᠠᠲᠦ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠵᠠᠰᠠᠭ ᠤᠨ ᠣᠷᠳᠣᠨ ᠪᠣᠯᠣᠨ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠲᠦᠮᠡᠨ ᠢᠶᠠᠨ ᠲᠥᠯᠥᠭᠡᠯᠡᠨ᠂ ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠠᠷᠠᠳ ᠤᠨ ᠪᠦᠯᠬᠦᠮ᠂ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠳᠠᠷᠤᠭ᠎ᠠ ᠪᠠᠶᠢᠯᠳᠤᠭᠴᠢᠳ ᠪᠠ ᠪᠠᠶᠢᠭᠤᠯᠭ᠎ᠠ ᠨᠢᠭᠡᠴᠡ᠂ ᠰᠢᠨ᠎ᠡ ᠪᠠᠷᠭᠤ ᠵᠡᠭᠦᠨ ᠬᠤᠰᠢᠭᠤᠨ ᠤ ᠬᠥᠭᠵᠢᠯᠲᠡ ᠳᠤ ᠳᠡᠮᠵᠢᠯᠭᠡ ᠦᠵᠡᠭᠦᠯᠦᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠠ ᠪᠠᠰᠠ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠵᠠᠷᠢᠮ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠭ᠎ᠠ ᠪᠠᠨ ᠲᠠᠨᠢᠵᠤ ᠣᠯᠣᠭᠰᠠᠨ ᠪᠠᠶᠢᠨ᠎ᠠ᠃ ᠨᠢᠭᠡ ᠳᠤ ᠬᠥᠭᠵᠢᠯᠲᠡ ᠭᠦᠢᠴᠡᠳ ᠪᠤᠰᠤ᠂ ᠰᠠᠭᠤᠷᠢ ᠲᠥᠬᠦᠭᠡᠷᠦᠮᠵᠢ ᠪᠠᠭᠤᠷᠠᠢ ᠦᠨᠳᠦᠰᠦᠨ ᠪᠠᠶᠢᠳᠠᠯ ᠢ ᠪᠠᠰᠠ ᠦᠨᠳᠦᠰᠦᠨ ᠠᠴᠠ ᠨᠢ ᠬᠤᠪᠢᠷᠠᠭᠤᠯᠵᠤ ᠴᠢᠳᠠᠭᠠᠳᠤᠢ ᠪᠠᠶᠢᠭᠰᠠᠭᠠᠷ᠂ ᠥᠷᠭᠡᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠪᠠᠰᠠ ᠵᠥᠷᠢᠶ᠎ᠡ ᠲᠠᠢ ᠪᠠᠶᠢᠨ᠎ᠠ᠃ ᠬᠤᠶᠠᠷ ᠲᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠰᠢᠢᠳᠪᠦᠷᠢᠯᠡᠬᠦ ᠠᠵᠢᠯ ᠤᠨ ᠡᠭᠦᠷᠭᠡ ᠳᠠᠷᠤᠯᠲᠠ ᠬᠦᠨᠳᠦ ᠠᠴᠠ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠮ ᠶᠡᠭᠡ ᠪᠣᠯᠵᠤ᠂ ᠠᠷᠠᠳ ᠤᠨ ᠠᠮᠢᠳᠤᠷᠠᠯ᠂ ᠴᠠᠯᠢᠩ᠂ ᠠᠵᠢᠯᠯᠠᠭᠠᠨ ᠤ ᠡᠷᠭᠢᠯᠲᠡ ᠶᠢ ᠪᠠᠲᠤᠯᠠᠬᠤ ᠡᠭᠦᠷᠭᠡ ᠨᠡᠩ ᠬᠠᠲᠠᠭᠤ ᠪᠡᠷᠬᠡᠲᠡᠢ ᠪᠣᠯᠪᠠ᠃ ᠭᠤᠷᠪᠠ ᠳᠤ ᠬᠥᠭᠵᠢᠯᠲᠡ ᠶᠢᠨ ᠶᠠᠪᠤᠴᠠ ᠳᠤ ᠲᠣᠮᠣ ᠲᠤᠯᠭᠠᠭᠤᠷᠢᠯᠠᠭᠴᠢ ᠲᠥᠷᠥᠯ ᠵᠦᠢᠯ ᠳᠤᠲᠠᠮᠠᠭ᠂ ᠠᠵᠤ ᠦᠢᠯᠡᠰ ᠤᠨ ᠬᠥᠭᠵᠢᠯᠲᠡ ᠮᠥᠨ ᠡᠬᠢᠯᠡᠯᠲᠡ ᠶᠢᠨ ᠱᠠᠲᠤᠨ ᠳᠠᠭᠠᠨ ᠣᠷᠣᠰᠢᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠣᠲᠣᠭᠠᠳᠤ ᠬᠥᠳᠡᠯᠭᠡᠭᠴᠢ ᠬᠦᠴᠦᠨ ᠬᠦᠷᠦᠯᠴᠡᠬᠦ ᠦᠭᠡᠢ᠃ ᠳᠥᠷᠪᠡ ᠳᠤ ᠵᠠᠷᠢᠮ ᠺᠠᠳ᠋ᠷᠴᠤᠳ ᠤᠨ ᠣᠪᠣᠷ ᠵᠣᠷᠢᠭ᠂ ᠲᠤᠰ ᠪᠡᠶ᠎ᠡ ᠶᠢᠨ ᠴᠢᠳᠠᠪᠤᠷᠢ᠂ ᠠᠵᠢᠯ ᠤᠨ ᠬᠡᠪ ᠰᠤᠷᠲᠠᠯ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠬᠦᠷᠦᠯᠴᠡᠬᠦ ᠦᠭᠡᠢ᠃ ᠡᠳᠡᠭᠡᠷ ᠠᠰᠠᠭᠤᠳᠠᠯ ᠢ ᠪᠢᠳᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠦᠨᠡᠨᠬᠦ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠠᠵᠢᠯ ᠤᠨ ᠰᠢᠨ᠎ᠡ ᠳᠦᠷᠢ ᠲᠥᠷᠬᠦ ᠶᠢ ᠴᠢᠷᠮᠠᠶᠢᠨ ᠡᠭᠦᠳᠦᠨ᠎ᠡ᠃     ᠬᠤᠶᠠᠷ᠂ 2019 ᠣᠨ ᠤ ᠠᠵᠢᠯ ᠤᠨ ᠲᠣᠬᠢᠷᠠᠭᠤᠯᠤᠯᠲᠠ     ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠂ ᠮᠥᠨ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠣᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ  ᠤ ᠪᠦᠬᠦ ᠭᠡᠰᠢᠭᠦᠳ ᠤᠨ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ᠂ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠰᠢᠭᠤᠨ  ᠤ ᠨᠠᠮ ᠤᠨ ᠬᠤᠷᠢᠶᠠᠨ ᠤ ᠪᠦᠬᠦ ᠭᠡᠰᠢᠭᠦᠳ ᠤᠨ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠠᠵᠢᠯ ᠤᠨ ᠪᠠᠶᠢᠷᠢᠯᠠᠭᠤᠯᠤᠯᠲᠠ᠂ ᠲᠣᠭᠲᠠᠭᠠᠭᠰᠠᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠤᠯᠵᠢᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ︽ᠳᠥᠷᠪᠡ ᠶᠢ ᠡᠷᠬᠡᠪᠰᠢ ᠪᠠᠷᠢᠮᠲᠠᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠭᠤᠷᠪᠠᠨ ᠣᠷᠣᠨ ᠬᠤᠶᠠᠷ ᠬᠦᠷᠢᠶᠡᠯᠡᠩ ᠨᠢᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠡᠷᠭᠢᠯᠲᠡ ᠪᠣᠯᠣᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠳᠠᠭᠤᠰᠬᠠᠬᠤ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠲᠠᠯᠪᠢᠵᠤ᠂ ᠰᠢᠯᠢᠳᠡᠭ ᠬᠢᠷᠢ ᠪᠦᠲᠦᠮᠵᠢ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ  ᠤᠨ ᠣᠢ ᠶᠢ ᠤᠭᠲᠤᠨ ᠪᠡᠯᠭᠡᠯᠡᠶ᠎ᠡ᠃     ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 2.4%  ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠪᠠᠭᠤᠷᠠᠬᠤ ᠬᠠᠨᠳᠤᠰᠢ ᠶᠢ ᠬᠤᠪᠢᠷᠠᠭᠤᠯᠤᠭᠠᠳ ᠡᠶᠡᠷᠭᠦ ᠨᠡᠮᠡᠭᠳᠡᠯ ᠲᠠᠢ ᠪᠣᠯᠭᠠᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠣᠯᠣᠨ 8% ᠢᠶᠠᠷ ᠨᠡᠮᠡᠭᠳᠡᠭᠦᠯᠦᠨ᠎ᠡ᠃ ᠪᠤᠰᠤᠳ ᠬᠢᠵᠠᠭᠠᠷᠲᠤ ᠴᠢᠨᠠᠷᠲᠠᠢ ᠭᠦᠢᠴᠡᠳᠬᠡᠯ ᠲᠤᠭ᠎ᠠ ᠶᠢ ᠳᠡᠭᠡᠳᠦ ᠱᠠᠲᠤ ᠶᠢᠨ ᠪᠠᠭᠤᠯᠭᠠᠭᠰᠠᠨ ᠬᠠᠷᠠᠯᠲᠠ ᠡᠭᠦᠷᠭᠡ ᠶᠣᠰᠣᠭᠠᠷ ᠪᠡᠶᠡᠯᠡᠭᠦᠯᠦᠨ᠎ᠡ᠃     ᠠᠮᠢ ᠠᠬᠤᠢ ᠣᠷᠴᠢᠨ ᠲᠣᠭᠤᠷᠢᠨ ᠤ ᠭᠤᠣᠯ ᠵᠢᠱᠢᠭᠰᠡᠨ ᠬᠠᠷᠠᠯᠲᠠ ᠪᠣᠯ᠄ ᠲᠠᠯ᠎ᠠ ᠨᠤᠲᠤᠭ ᠤᠨ ᠶᠡᠷᠦᠩᠬᠡᠢ ᠤᠷᠭᠤᠮᠠᠯ ᠤᠨ ᠪᠦᠷᠬᠦᠴᠡ ᠶᠢ 72% ᠲᠤ ᠬᠦᠷᠭᠡᠵᠦ᠂ ᠤᠷᠭᠤᠭ᠎ᠠ ᠮᠣᠳᠣᠨ ᠤ  ᠬᠠᠳᠠᠭᠠᠯᠠᠭᠳᠠᠴᠠ ᠶᠢ 4.8 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠭᠤᠣᠯᠳᠠᠯᠭᠠᠲᠤ ᠭᠤᠣᠯ ᠮᠥᠷᠡᠨ ᠨᠠᠭᠤᠷ ᠴᠥᠭᠦᠷᠥᠮ ᠤᠨ ᠴᠢᠳᠠᠮᠵᠢᠲᠤ ᠣᠷᠣᠨ ᠳᠠᠬᠢ ᠤᠰᠤᠨ ᠤ ᠴᠢᠨᠠᠷ ᠴᠢᠨᠰᠠᠭ᠎ᠠ ᠶᠢᠨ ᠪᠠᠷᠢᠮᠵᠢᠶᠠᠨ ᠳᠤ ᠬᠦᠷᠬᠦ ᠨᠤᠷᠮ᠎ᠠ ᠶᠢ 40% ᠳᠤ ᠬᠦᠷᠭᠡᠵᠦ᠂ ᠬᠤᠲᠠ ᠪᠠᠯᠭᠠᠰᠤᠨ ᠤ ᠠᠭᠠᠷ ᠤᠨ ᠴᠢᠨᠠᠷ ᠴᠢᠨᠰᠠᠭ᠎ᠠ ᠰᠠᠶᠢᠵᠢᠷᠠᠭᠰᠠᠨ ᠡᠳᠦᠷ ᠤᠨ ᠲᠤᠭ᠎ᠠ ᠶᠢᠨ ᠬᠠᠷᠢᠴᠠᠯ ᠢ 97% ᠳᠤ ᠬᠦᠷᠭᠡᠵᠦ᠂ ᠬᠤᠲᠠ ᠶᠢᠨ ᠪᠠᠭᠤᠯᠭᠠᠭᠰᠠᠨ ᠵᠢᠭᠠᠯᠲᠠ ᠲᠤᠭ᠎ᠠ ᠶᠢᠨ ᠡᠭᠦᠷᠭᠡ ᠳᠤ ᠬᠦᠷᠭᠡᠬᠦ ᠪᠤᠶᠤ ᠳᠠᠪᠠᠭᠤᠯᠬᠤ ᠶᠢ ᠪᠠᠲᠤᠯᠠᠨ᠎ᠠ᠃     ᠡᠨᠡ ᠵᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠠᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃     ︵ᠨᠢᠭᠡ︶ ᠪᠦᠬᠦ ᠬᠦᠴᠦᠨ ᠢᠶᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠡᠨᠡ ᠪᠣᠯ ᠦᠨᠳᠦᠰᠦᠨ ᠪᠠᠲᠤᠯᠠᠭ᠎ᠠ ᠪᠠ ᠡᠭᠦᠷᠭᠡ᠂ ᠬᠥᠭᠵᠢᠯᠲᠡ ᠶᠢᠨ ᠱᠠᠭᠠᠷᠳᠠᠯᠭ᠎ᠠ ᠪᠣᠯᠣᠨ᠎ᠠ᠂ ᠪᠢᠳᠠ ᠦᠷᠭᠦᠯᠵᠢᠯᠡᠨ ᠬᠦᠴᠦᠯᠡᠨ ᠴᠢᠷᠮᠠᠶᠢᠵᠤ᠂ ᠬᠠᠷᠠᠯᠲᠠ ᠡᠭᠦᠷᠭᠡ ᠪᠠᠨ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃     ᠬᠦᠨᠳᠦ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠭᠤᠣᠯᠳᠠᠯᠭ᠎ᠠ ᠪᠠᠨ ᠳᠣᠪᠣᠶᠢᠯᠭᠠᠨ᠎ᠠ᠃ ︽ᠪᠠᠲᠤ ᠴᠢᠩᠭ᠎ᠠ᠂ ᠡᠵᠡᠮᠳᠡᠵᠦ ᠪᠣᠯᠬᠤ᠂ ᠳᠠᠷᠠᠭᠠᠯᠠᠯ ᠲᠠᠢ᠂ ᠲᠣᠬᠢᠷᠠᠮᠵᠢᠲᠠᠢ︾ ᠵᠠᠷᠴᠢᠮ ᠢᠶᠠᠷ ᠥᠷᠢ ᠥᠭᠴᠡᠭᠡᠨ ᠤ ᠬᠠᠮᠢᠶᠠᠷᠤᠯᠲᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠳᠠᠯᠳᠠ ᠥᠷᠢ ᠥᠭᠴᠡᠭᠡ ᠶᠢ ᠪᠦᠲᠦᠮᠵᠢᠲᠡᠢ ᠡᠵᠡᠮᠳᠡᠵᠦ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠵᠠᠰᠠᠭ ᠤᠨ ᠣᠷᠳᠣᠨ ᠤ ᠦᠯᠡᠳᠡᠭᠡᠯ ᠡᠳ᠋ ᠬᠥᠷᠥᠩᠭᠡ ᠪᠠᠨ ᠠᠮᠢᠳᠤᠯᠢᠭ ᠬᠡᠷᠡᠭᠯᠡᠵᠦ᠂ ᠡᠳ᠋ ᠮᠥᠩᠭᠦᠨ ᠤ ᠢᠷᠡᠯᠲᠡ ᠶᠢ ᠴᠢᠩᠭᠠᠳᠬᠠᠨ ᠨᠡᠮᠡᠭᠳᠡᠭᠦᠯᠵᠦ᠂ ᠪᠦᠬᠦ ᠵᠢᠯ ᠳᠤ 2.33 ᠳ᠋ᠦᠩᠰᠢᠭᠤᠷ ᠲᠥᠭᠦᠷᠢᠭ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠠᠷ ᠴᠢᠷᠮᠠᠶᠢᠵᠤ᠂ ︽ᠠᠷᠪᠠ ᠶᠢ ᠪᠦᠬᠦᠨ ᠢ ᠪᠦᠷᠬᠦᠭᠦᠯᠬᠦ︾ ᠢᠨᠵᠧᠨᠧᠷᠢᠩ ᠤᠨ ᠬᠤᠯᠪᠣᠭᠳᠠᠯ ᠪᠦᠬᠦᠢ ᠲᠥᠷᠥᠯ ᠵᠦᠢᠯ ᠤᠨ ᠪᠦᠬᠦ ᠢᠨᠵᠧᠨᠧᠷᠢᠩ ᠤᠨ ᠥᠷᠢᠲᠦᠭᠰᠡᠨ 6716 ᠲᠦᠮᠡᠨ ᠲᠥᠭᠦᠷᠢᠭ ᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠠᠤᠯᠢ ᠪᠤᠰᠤ ᠪᠠᠷ ᠪᠡᠯᠡ ᠮᠥᠩᠭᠦ ᠬᠤᠷᠠᠮᠳᠤᠭᠤᠯᠬᠤ᠂ ᠠᠷᠠᠳ ᠤᠨ ᠬᠤᠭᠤᠷᠣᠨᠳᠤᠬᠢ ᠥᠨᠳᠥᠷ ᠬᠦᠦ ᠲᠠᠢ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯᠴᠢᠳ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠠᠴᠠ ᠰᠡᠷᠭᠡᠶᠢᠯᠡᠬᠦ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 2019 ᠣᠨ ᠤ 7 ᠰᠠᠷ᠎ᠠ ᠶᠢᠨ ᠰᠡᠭᠦᠯᠴᠢ ᠳᠤ ᠠᠷᠠᠳ ᠤᠨ ᠬᠤᠭᠤᠷᠣᠨᠳᠤᠬᠢ ᠥᠨᠳᠥᠷ ᠬᠦᠦ ᠲᠠᠢ ᠵᠢᠭᠡᠯᠡᠯᠭᠡ ᠶᠢᠨ ᠦᠯᠡᠳᠡᠭᠰᠡᠨ ᠬᠡᠰᠡᠭ ᠢ ᠴᠢᠷᠮᠠᠶᠢᠨ ᠠᠷᠢᠯᠭᠠᠵᠤ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠵᠥᠷᠢᠴᠡᠯ ᠢ ᠰᠠᠶᠢᠲᠤᠷ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠠᠷᠢᠯᠭᠠᠨ ᠲᠣᠭᠲᠠᠪᠤᠷᠢᠵᠢᠭᠤᠯᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠦᠨᠡᠨᠬᠦ ᠬᠠᠮᠠᠭᠠᠯᠠᠨ᠎ᠠ᠃     ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠲᠣᠣᠱᠲᠠᠢ ᠰᠠᠶᠢᠲᠤᠷ ᠬᠢᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠵᠤ᠂ ︽ᠬᠤᠶᠠᠷ ᠲᠤ ᠦᠯᠦ ᠵᠣᠪᠠᠭ᠋ᠤ᠂ ᠭᠤᠷᠪᠠ ᠶᠢ ᠪᠠᠲᠤᠯᠠᠬᠤ︾ ᠪᠠᠷ ᠦᠨᠳᠦᠰᠦᠨ ᠬᠢᠵᠠᠭᠠᠷ ᠱᠤᠭᠤᠮ ᠪᠣᠯᠭᠠᠵᠤ᠂ ︽ᠳᠥᠷᠪᠡ ᠶᠢ ᠦᠨᠡᠨᠬᠦ ᠪᠠᠲᠤᠯᠠᠬᠤ︾ ᠶᠢ ᠪᠡᠶᠡᠯᠡᠭᠦᠯᠦᠨ᠎ᠡ᠃ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ 16 ᠡᠷᠦᠬᠡ 38 ᠬᠥᠮᠥᠨ ᠢ ᠶᠠᠳᠠᠭᠤ ᠠᠴᠠ ᠠᠩᠭᠢᠵᠢᠷᠠᠭᠤᠯᠵᠤ᠂ ᠲᠣᠭᠲᠠᠪᠤᠷᠢᠲᠠᠢ ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠢ 550 ᠡᠷᠦᠬᠡ ᠶᠢᠨ 1591 ᠬᠥᠮᠥᠨ ᠤ ᠳᠠᠬᠢᠨ ᠶᠠᠳᠠᠭᠤᠷᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠬᠠᠪᠰᠤᠷᠤᠨ ᠳᠡᠮᠵᠢᠬᠦ ᠲᠥᠷᠥ ᠶᠢᠨ ᠪᠣᠳᠣᠯᠭ᠎ᠠ ᠦᠯᠦ ᠬᠤᠪᠢᠷᠠᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠠᠵᠢᠯ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠬᠤ ᠶᠢ ᠪᠠᠲᠤᠯᠠᠨ᠎ᠠ᠃ ᠶᠠᠳᠠᠭᠤ ᠶᠢ ᠲᠡᠳᠬᠦᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠵᠠᠬ᠎ᠠ ᠶᠢᠨ ᠠᠷᠠᠯᠵᠢᠶ᠎ᠠ᠂ ᠣᠨᠴᠠᠯᠢᠭᠲᠤ ᠲᠠᠷᠢᠵᠤ ᠲᠡᠵᠢᠭᠡᠬᠦ ᠪᠠᠷ ᠭᠤᠣᠯ ᠪᠣᠯᠭᠠᠭᠰᠠᠨ᠂ ᠰᠣᠶᠣᠯ ᠵᠢᠭᠤᠯᠴᠢᠯᠠᠯ᠂ ᠲᠣᠣᠷ ᠰᠦᠯᠵᠢᠶᠡᠨ ᠤ ᠡᠯᠧᠺᠲᠷᠦᠨ ᠬᠤᠳᠠᠯᠳᠤᠭ᠎ᠠ ᠵᠡᠷᠭᠡ ᠡᠵᠡᠩᠨᠡᠯᠲᠡ ᠶᠢᠨ ᠬᠡᠯᠪᠡᠷᠢ ᠶᠢ ᠵᠡᠷᠭᠡᠪᠡᠷ ᠬᠡᠷᠡᠭᠵᠢᠭᠦᠯᠦᠭᠰᠡᠨ ᠣᠯᠠᠨ ᠡᠰᠢᠲᠦ ᠬᠥᠭᠵᠢᠯᠲᠡ ᠶᠢ ᠬᠦᠴᠦᠯᠡᠨ ᠪᠦᠷᠢᠯᠳᠦᠭᠦᠯᠵᠦ᠂ ᠡᠨᠡ ᠵᠢᠯ ᠵᠠᠬ᠎ᠠ ᠶᠢᠨ ᠠᠷᠠᠯᠵᠢᠶᠠᠨ ᠤ ᠡᠳᠦᠷ ᠪᠦᠷᠢ 8000 ᠲᠥᠭᠦᠷᠢᠭ ᠤᠨ ᠲᠠᠸᠠᠷ ᠤᠨ ᠭᠠᠶᠢᠯᠢ ᠶᠢ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠷᠣᠯᠭ᠎ᠠ ᠪᠠᠭ᠎ᠠ ᠬᠥᠮᠥᠰ ᠲᠤ ᠪᠦᠷᠬᠦᠭᠦᠯᠦᠨ᠎ᠡ᠃ ᠦᠨᠳᠦᠰᠦᠨ ᠪᠠᠲᠤᠯᠠᠭ᠎ᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠲᠠᠪᠤᠨ ᠨᠢᠭᠡ ᠪᠦᠯᠦᠭ᠂ ᠵᠢᠷᠭᠤᠭᠠᠨ ᠨᠠᠷᠢᠨ ᠣᠨᠣᠪᠴᠢᠲᠠᠢ︾ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠠᠮᠢᠳᠤᠷᠠᠯ᠂ ᠦᠢᠯᠡᠳᠪᠦᠷᠢᠯᠡᠯ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠶᠠᠳᠠᠭᠤ ᠠᠴᠠ ᠠᠩᠭᠢᠵᠢᠷᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ ᠳᠠᠶᠢᠴᠢᠯᠠᠨ ᠭᠤᠣᠯ ᠴᠣᠭᠴᠠᠲᠤ ᠤᠬᠠᠮᠰᠠᠷ ᠢ ᠪᠣᠢ ᠪᠣᠯᠭᠠᠵᠤ᠂ ᠦᠷᠭᠦᠯᠵᠢᠯᠡᠨ ᠲᠣᠭᠲᠠᠪᠤᠷᠢᠲᠠᠢ ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨ ᠲᠡᠭᠦᠯᠳᠡᠷᠵᠢᠭᠦᠯᠦᠨ᠎ᠡ᠃     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠶᠢ ᠴᠢᠬᠤᠯᠠᠴᠢᠯᠠᠨ᠎ᠠ᠃ ︽ᠪᠠᠬᠢᠯᠡᠯᠲᠡ ᠪᠠᠨ ᠴᠢᠩᠭ᠎ᠠ ᠰᠠᠬᠢᠵᠤ᠂ ᠦᠷ᠎ᠡ ᠪᠦᠲᠦᠮᠵᠢ ᠪᠠᠨ ᠪᠠᠬᠢᠵᠢᠭᠦᠯᠬᠦ︾ ᠱᠠᠭᠠᠷᠳᠠᠯᠭ᠎ᠠ ᠶᠣᠰᠣᠭᠠᠷ᠂ ᠴᠡᠯᠮᠡᠭ ᠲᠡᠭᠷᠢ᠂ ᠲᠤᠩᠭᠠᠯᠠᠭ ᠤᠰᠤ᠂ ᠠᠷᠢᠭᠤᠨ ᠨᠤᠲᠤᠭ  ᠢᠶᠠᠨ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠪᠤᠴᠠᠵᠤ ᠪᠠᠶᠢᠴᠠᠭᠠᠨ ᠦᠵᠡᠬᠦ︾ ᠠᠵᠢᠯᠯᠠᠭ᠎ᠠ ᠵᠢᠴᠢ ᠲᠠᠯ᠎ᠠ ᠨᠤᠲᠤᠭ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠢ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠯᠲᠠ ᠶᠢᠨ ᠰᠠᠨᠠᠯ ᠰᠠᠨᠠᠭᠤᠯᠭ᠎ᠠ ᠪᠠᠷ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠪᠦᠬᠦ ᠤᠯᠤᠰ ᠤᠨ ᠬᠤᠶᠠᠳᠤᠭᠠᠷ ᠤᠳᠠᠭᠠᠨ  ᠤ ᠪᠣᠬᠢᠷᠲᠤᠯ ᠤᠨ ᠡᠬᠢ ᠡᠭᠦᠰᠦᠯ ᠢ ᠨᠡᠶᠢᠳᠡᠮ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ  ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠵᠢᠯ ᠳᠤ ᠠᠮᠤᠭᠤᠯᠠᠩ ᠪᠠᠯᠭᠠᠰᠤᠨ ᠤ 10 ᠲᠣᠨ ᠵᠢᠴᠢ 10 ᠲᠣᠨ ᠠᠴᠠ ᠪᠠᠭ᠎ᠠ ᠨᠡᠭᠦᠷᠡᠰᠦ ᠰᠢᠲᠠᠭᠠᠬᠤ ᠵᠤᠤᠬ᠎ᠠ10 ᠶᠢ ᠲᠠᠶᠠᠭᠳᠠᠭᠤᠯᠬᠤ ᠪᠠᠷ ᠲᠥᠯᠥᠪᠯᠡᠵᠦ᠂ ᠨᠡᠭᠦᠷᠡᠰᠦᠨ ᠤ ᠪᠣᠬᠢᠷ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ 6000 ᠲᠣᠨ ᠠᠴᠠ ᠳᠡᠭᠡᠭᠰᠢ ᠪᠠᠭᠠᠰᠬᠠᠨ᠎ᠠ︔ 3 ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢᠨ ᠬᠦᠴᠦᠯᠡᠴᠡ ᠪᠣᠯᠣᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠦᠷᠭᠦᠯᠵᠢᠯᠡᠨ ᠴᠢᠩᠭᠠᠳᠬᠠᠨ᠎ᠠ︔ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠭᠤᠷᠬᠠᠢ᠂ ᠴᠢᠯᠠᠭᠤᠨ ᠲᠣᠰᠣ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠠᠵᠢᠯᠯᠠᠭᠠᠨ ᠤ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠨ᠎ᠠ᠃     ︵ᠬᠤᠶᠠᠷ︶ ᠲᠥᠷᠥᠯ ᠵᠦᠢᠯ ᠢᠶᠠᠷ ᠳᠠᠶᠢᠴᠢᠯᠠᠬᠤ ᠶᠢ ᠴᠢᠩᠭ᠎ᠠ ᠠᠳᠬᠤᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠠᠶᠢᠮᠠᠭ ᠬᠤᠲᠠ ᠶᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠮᠠᠯᠵᠢᠬᠤ ᠬᠤᠰᠢᠭᠤᠨ ᠤ ᠬᠥᠭᠵᠢᠯᠲᠡ ᠶᠢ ᠲᠦᠷᠭᠡᠳᠬᠡᠬᠦ ᠶᠢ ᠳᠡᠮᠵᠢᠬᠦ ᠴᠢᠬᠤᠯᠠ ᠠᠵᠠ ᠲᠣᠬᠢᠶᠠᠯ ᠢ ᠴᠢᠩᠭ᠎ᠠ ᠠᠳᠬᠤᠵᠤ᠂ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠭᠡᠳᠡᠭ ᠢ ᠴᠢᠬᠤᠯᠠᠴᠢᠯᠠᠨ ᠴᠢᠩᠭᠠᠳᠬᠠᠵᠤ᠂ ᠭᠤᠶᠢᠪᠢᠰᠢ ᠦᠭᠡᠢ ᠬᠥᠭᠵᠢᠭᠦᠯᠬᠦ ᠠᠷᠭ᠎ᠠ ᠵᠠᠮ ᠢ ᠰᠡᠳᠬᠢᠵᠦ ᠰᠢᠪᠲᠤᠯᠤᠯᠲᠠ ᠭᠠᠷᠭᠠᠨ᠎ᠠ᠃     ᠭᠤᠣᠯᠳᠠᠯᠭ᠎ᠠ ᠲᠠᠢ ᠲᠥᠷᠥᠯ ᠵᠦᠢᠯ ᠢ ᠪᠦᠬᠦ ᠬᠦᠴᠦᠨ ᠢᠶᠠᠷ ᠬᠡᠷᠡᠭᠵᠢᠭᠦᠯᠦᠨ᠎ᠡ᠃ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠨ︾ ᠢᠶᠠᠷ ᠭᠠᠷᠳᠠᠴᠠ ᠪᠣᠯᠭᠠᠵᠤ᠂ 29 ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ ᠨᠡᠶᠢᠲᠡ 28 ᠳ᠋ᠦᠩᠰᠢᠭᠤᠷ ᠲᠥᠭᠦᠷᠢᠭ ᠪᠡᠯᠡ ᠣᠷᠣᠭᠤᠯᠤᠨ᠂ ᠡᠨᠡ ᠵᠢᠯ   ᠳᠤ 7.6 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠬᠡᠷᠡᠭᠵᠢᠭᠦᠯᠦᠨ᠎ᠡ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ᠂ ᠬᠤᠲᠠ ᠪᠠᠯᠭᠠᠰᠤᠨ ᠤ ᠰᠠᠭᠤᠷᠢ ᠲᠤᠨᠤᠭ ᠲᠥᠬᠦᠭᠡᠷᠦᠮᠵᠢ ᠶᠢᠨ ᠪᠠᠶᠢᠭᠤᠯᠤᠯᠲᠠ᠂ ᠴᠡᠪᠡᠷ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ᠂ ᠬᠢᠯᠢ ᠶᠢᠨ ᠪᠣᠭᠤᠮᠲᠠ ᠶᠢᠨ ᠠᠷᠠᠯᠵᠢᠶ᠎ᠠ᠂ ᠰᠣᠶᠣᠯ ᠵᠢᠭᠤᠯᠴᠢᠯᠠᠯ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠬᠤ ᠬᠦᠴᠦᠨ ᠪᠣᠯᠬᠤ ᠶᠢ ᠦᠨᠡᠨᠬᠦ ᠪᠠᠲᠤᠯᠠᠨ᠎ᠠ᠃ ᠲᠥᠷᠥᠯ ᠵᠦᠢᠯ  ᠤᠨ ᠦᠢᠯᠡᠴᠢᠯᠡᠭᠡᠨ ᠢ ᠶᠡᠬᠡᠪᠡᠷ ᠳᠡᠭᠡᠭᠰᠢᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ ᠬᠠᠷᠰᠢ ᠰᠠᠭᠠᠳ ᠦᠭᠡᠢ ᠪᠣᠯᠭᠠᠨ᠎ᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠤᠶᠠᠯᠳᠤᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠢ ᠵᠠᠯᠭᠠᠯᠳᠤᠭᠤᠯᠵᠤ ᠦᠷᠭᠦᠯᠵᠢᠯᠡᠨ ᠬᠤᠪᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠨ᠎ᠡ ᠠᠵᠤ ᠦᠢᠯᠡᠰ᠂ ᠰᠢᠨ᠎ᠡ ᠬᠥᠳᠡᠯᠭᠡᠬᠦ ᠬᠦᠴᠦᠨ᠂ ᠰᠢᠨ᠎ᠡ ᠨᠡᠮᠡᠭᠳᠡᠯ ᠤᠨ ᠴᠢᠭ ᠢ ᠬᠥᠮᠥᠵᠢᠭᠦᠯᠬᠦ ᠳᠡᠭᠡᠷ᠎ᠡ ᠠᠷᠭ᠎ᠠ ᠪᠣᠳᠣᠯᠭ᠎ᠠ ᠰᠦᠪᠡᠭᠴᠢᠯᠡᠨ᠎ᠡ᠃     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠯᠡᠴᠡ ᠪᠠᠨ ᠴᠢᠩᠭᠠᠳᠬᠠᠨ᠎ᠠ᠃ ᠪᠦᠬᠦ ᠬᠤᠲᠠ ᠶᠢᠨ ᠱᠠᠩᠬᠠᠢ ᠳᠠᠬᠢ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ᠂ ᠪᠡᠭᠡᠵᠢᠩ ᠥᠪᠥᠷ ᠮᠣᠩᠭᠤᠯ ᠤᠨ ᠬᠤᠭᠤᠷᠣᠨᠳᠤ ᠶᠢᠨ ᠬᠠᠪᠰᠤᠷᠤᠨ ᠲᠡᠳᠬᠦᠬᠦ ᠲᠥᠷᠥᠯ ᠵᠦᠢᠯ ᠢ ᠠᠪᠴᠠᠯᠳᠤᠭᠤᠯᠬᠤ ᠬᠤᠷᠠᠯ ᠳᠤ ᠢᠳᠡᠪᠬᠢᠲᠡᠢ ᠣᠷᠣᠯᠴᠠᠨ᠂ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ᠂ ᠬᠢᠯᠢ ᠶᠢᠨ ᠪᠣᠭᠤᠮᠲᠠ ᠶᠢᠨ ᠠᠷᠠᠯᠵᠢᠶ᠎ᠠ᠂ ᠠᠮᠢ ᠠᠬᠤᠶᠢᠴᠢ ᠵᠢᠭᠤᠯᠴᠢᠯᠠᠯ᠂ ᠴᠡᠪᠡᠷ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠵᠡᠷᠭᠡ ᠳᠠᠪᠠᠭᠤᠯᠢᠭ ᠪᠣᠯᠣᠨ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠴᠢᠨᠠᠷ ᠰᠠᠶᠢᠲᠠᠢ ᠲᠥᠷᠥᠯ ᠵᠦᠢᠯ ᠢ ᠤᠷᠢᠨ ᠣᠷᠣᠭᠤᠯᠤᠨ᠎ᠠ᠃ ᠳᠡᠭᠡᠳᠦ ᠱᠠᠲᠤᠨ ᠤ ︽ᠠᠵᠢᠯ ᠣᠯᠭᠤᠯᠲᠠ᠂ ᠮᠥᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ ᠮᠥᠩᠭᠦ᠂ ᠪᠡᠯᠡ ᠣᠷᠤᠭᠤᠯᠤᠯᠲᠠ᠂ ᠵᠢᠱᠢᠯᠲᠡ ᠵᠡᠷᠭᠡ ᠶᠢ ᠲᠣᠭᠲᠠᠪᠤᠷᠢᠵᠢᠭᠤᠯᠬᠤ︾ ᠲᠠᠯ᠎ᠠ ᠶᠢᠨ ᠲᠥᠷᠥ ᠪᠣᠳᠣᠯᠭ᠎ᠠ ᠠᠷᠭ᠎ᠠ ᠬᠡᠮᠵᠢᠶ᠎ᠡ ᠶᠢ ᠨᠢᠭᠲᠠ ᠠᠩᠬᠠᠷᠴᠤ᠂ ᠴᠠᠭ ᠲᠤᠬᠠᠢ ᠳᠤᠨᠢ ᠲᠥᠷᠥᠯ ᠵᠦᠢᠯ ᠢᠶᠠᠨ ᠵᠣᠬᠢᠶᠠᠨ ᠪᠠᠶᠢᠭᠤᠯᠵᠤ ᠮᠡᠳᠡᠭᠦᠯᠦᠨ᠂ ᠬᠠᠮᠤᠭ ᠶᠡᠭᠡ ᠬᠦᠴᠦᠨ ᠢᠶᠠᠷ ᠨᠡᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ᠲᠥᠷᠥᠯ ᠵᠦᠢᠯ ᠤᠨ ᠬᠥᠮᠥᠷᠭᠡ ᠪᠣᠯᠣᠨ 2019 ᠣᠨ ᠤ ᠪᠡᠯᠡ ᠣᠷᠣᠭᠤᠯᠬᠤ ᠲᠥᠯᠥᠪᠵᠢᠭᠦᠯᠭᠡ ᠳᠤ ᠣᠷᠣᠭᠤᠯᠤᠨ᠎ᠠ᠃ ︽ᠳᠣᠲᠣᠨᠣ︾ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠬᠢᠭᠡᠳ ᠬᠤᠳᠠᠯᠳᠤᠭᠠᠴᠢᠨ ᠤ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠬᠥᠭᠵᠢᠭᠰᠡᠨ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠰᠠᠨᠠᠭᠠᠴᠢᠯᠠᠭ᠎ᠠ ᠲᠠᠢ ᠬᠦᠯᠢᠶᠡᠨ ᠠᠪᠴᠤ᠂ ᠲᠥᠷᠥᠯ ᠵᠦᠢᠯ ᠰᠦᠪᠡᠭᠴᠢᠯᠡᠵᠦ ᠨᠥᠭᠡᠴᠡᠯᠡᠬᠦ ᠶᠢ ᠴᠢᠩᠭᠠᠳᠬᠠᠵᠤ᠂ ᠨᠢᠭᠡ ᠪᠦᠯᠦᠭ ᠲᠥᠷᠥᠯ ᠵᠦᠢᠯ ᠢ ᠳᠡᠭᠡᠳᠦ ᠬᠡᠮᠵᠢᠶ᠎ᠡ ᠪᠠᠷ ᠴᠢᠨᠠᠷᠯᠢᠭᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠨᠳᠤᠯᠭᠠᠲᠤ ᠴᠢᠨᠠᠷ᠂ ᠠᠰᠢᠭᠲᠤ ᠴᠢᠨᠠᠷ᠂ ᠪᠦᠲᠦᠮᠵᠢ ᠶᠢᠨ ᠨᠤᠷᠮ᠎ᠠ  ᠶᠢ ᠳᠡᠭᠡᠭᠰᠢᠯᠡᠭᠦᠯᠦᠨ᠎ᠡ᠃     ᠴᠡᠪᠡᠷ ᠡᠨᠧᠷᠭᠢ ᠶᠢᠨ ᠰᠤᠷᠪᠤᠯᠵᠢ ᠶᠢᠨ ᠨᠡᠭᠡᠭᠡᠯᠲᠡ ᠶᠢ ᠲᠦᠷᠭᠡᠳᠬᠡᠨ᠎ᠡ᠃ ᠴᠡᠪᠡᠷ ᠡᠨᠧᠷᠭᠢ ᠪᠣᠯ ᠮᠠᠨ ᠤ ᠬᠤᠰᠢᠭᠤᠨ ᠤ ᠬᠥᠭᠵᠢᠯᠲᠡ ᠶᠢᠨ ᠳᠠᠯᠳᠠ ᠬᠦᠴᠦᠨ ᠶᠡᠭᠡ ᠰᠢᠨ᠎ᠡ ᠬᠡᠯᠪᠡᠷᠢ ᠶᠢᠨ ᠠᠵᠤ ᠦᠢᠯᠡᠰ ᠪᠣᠯᠣᠭᠰᠠᠨ ᠬᠤᠪᠢ ᠳᠤ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠣᠯᠪᠠ᠃ ᠪᠢᠳᠠ ᠠᠵᠠ ᠲᠣᠬᠢᠶᠠᠯ ᠢ ᠠᠮᠵᠢᠨ ᠤᠷᠤᠭᠰᠢᠯᠠᠵᠤ᠂ ᠣᠳᠣ ᠪᠠᠶᠢᠭ᠎ᠠ ᠴᠡᠪᠡᠷ ᠡᠨᠧᠷᠭᠢ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠢ ᠬᠦᠴᠦᠷᠬᠡᠭᠵᠢᠭᠦᠯᠦᠨ ᠬᠥᠭᠵᠢᠭᠦᠯᠬᠦ ᠶᠢ ᠪᠦᠬᠦ ᠬᠦᠴᠦᠨ ᠪᠠᠷ ᠢᠶᠠᠨ ᠳᠡᠮᠵᠢᠵᠦ᠂ ᠴᠡᠪᠡᠷ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ  ᠶᠢ 170 ᠰᠠᠶ᠎ᠠ ᠸᠠᠲ ᠳᠤ ᠬᠦᠷᠭᠡᠨ᠎ᠡ᠃ 510 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠪᠠᠲᠤᠬᠠᠢ ᠶᠢᠨ ᠡᠮᠦᠨ᠎ᠡ ᠲᠣᠭᠤᠷᠢᠭ ᠤᠨ ᠭᠠᠵᠠᠷ  ᠤᠨ ᠢᠯᠴᠢ ᠶᠢ ᠤᠷᠢᠳᠴᠢᠯᠠᠨ ᠪᠠᠶᠢᠴᠠᠭᠠᠬᠤ ᠦᠷᠭᠦᠯᠵᠢᠯᠡᠯ ᠲᠥᠷᠥᠯ ᠵᠦᠢᠯ ᠢ ᠬᠡᠷᠡᠭᠵᠢᠭᠦᠯᠵᠦ᠂ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢᠨ ᠳᠠᠯᠳᠠ ᠨᠥᠭᠡᠴᠡ ᠶᠢ ᠤᠯᠠᠮ ᠨᠢᠭᠡ ᠠᠯᠬᠤᠮ ᠠᠰᠢᠭᠯᠠᠵᠤ᠂ ᠪᠦᠲᠦᠴᠡ ᠶᠢ ᠨᠢ ᠰᠢᠯᠢᠳᠡᠭᠵᠢᠭᠦᠯᠦᠨ᠎ᠡ᠃     ︵ᠭᠤᠷᠪᠠ︶ ᠴᠢᠨᠠᠷ ᠢ ᠳᠡᠭᠡᠭᠰᠢᠯᠡᠭᠦᠯᠵᠦ ᠪᠦᠲᠦᠮᠵᠢ ᠶᠢ ᠨᠡᠮᠡᠭᠳᠡᠭᠦᠯᠬᠦ ᠶᠢ ᠳᠣᠪᠣᠶᠢᠯᠭᠠᠵᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ ᠭᠤᠣᠯ ᠪᠣᠯᠭᠠᠵᠤ᠂ ᠣᠷᠭᠠᠨᠢᠭ ᠮᠠᠯ ᠤᠨ ᠠᠰᠢᠭ ᠰᠢᠮ᠎ᠡ ᠶᠢᠨ ᠭᠤᠣᠯ ᠣᠷᠣᠨ ᠢ ᠪᠠᠶᠢᠭᠤᠯᠬᠤ ᠶᠢ ᠡᠬᠢᠯᠡᠭᠦᠯᠵᠦ᠂ ᠮᠠᠯ ᠠᠵᠤ ᠠᠬᠤᠢ ᠶᠢᠨ ᠭᠠᠷᠤᠯᠲᠠ ᠶᠢ ᠨᠡᠮᠡᠭᠳᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃     ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠵᠤ᠂ 720 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ 6 ᠮᠢᠬᠠᠨ ᠤ ᠬᠤᠨᠢ ᠪᠣᠯᠣᠨ ᠮᠢᠬᠠᠨ ᠤ ᠦᠬᠡᠷ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ᠂ ᠬᠤᠰᠢᠭᠤ ᠱᠠᠲᠤᠨ ᠤ ᠭᠠᠮᠰᠢᠭ ᠢ ᠡᠰᠡᠷᠭᠦᠴᠡᠬᠦ ᠲᠡᠵᠢᠭᠡᠯ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠢ ᠪᠠᠶᠢᠭᠤᠯᠵᠤ᠂ 100 ᠨᠡᠭᠦᠳᠡᠯ ᠫᠧᠩ ᠰᠠᠷᠠᠪᠴᠢ ᠲᠠᠷᠬᠠᠭᠠᠨ᠎ᠠ᠃ ︽ᠪᠠᠷᠭᠤ ᠠᠳᠤᠭᠤ︾ ᠶᠢᠨ ᠨᠡᠷᠡᠲᠦ ᠲᠡᠮᠳᠡᠭᠲᠦ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ 800 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ︽ᠪᠠᠷᠭᠤ ᠠᠳᠤᠭᠤ︾ ᠶᠢᠨ ᠡᠭᠦᠯᠳᠡᠷ ᠢ ᠬᠠᠮᠠᠭᠠᠯᠠᠬᠤ ᠬᠢᠭᠡᠳ ᠦᠷᠡᠵᠢᠭᠦᠯᠦᠨ ᠪᠣᠶᠢᠵᠢᠭᠤᠯᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠥᠯᠥᠨ ᠪᠣᠶᠢᠷ ᠬᠤᠨᠢ ᠶᠢᠨ ᠮᠢᠬ᠎ᠠ᠂ ᠦᠬᠡᠷ ᠤᠨ ᠮᠢᠬ᠎ᠠ᠂ ᠦᠨᠢᠶᠡᠨ ᠰᠦ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢ ᠬᠥᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠪᠠᠷ᠂ 200 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠬᠥᠯᠥᠨ ᠪᠣᠶᠢᠷ ᠶᠢᠨ ᠲᠠᠯ᠎ᠠ ᠨᠤᠲᠤᠭ ᠤᠨ ᠬᠤᠨᠢᠨ ᠮᠢᠬ᠎ᠠ ᠶᠢᠨ ᠨᠡᠷᠡᠲᠦ ᠲᠡᠮᠳᠡᠭᠲᠦ ᠶᠢ ᠡᠭᠦᠳᠦᠨ ᠪᠠᠶᠢᠭᠤᠯᠬᠤ ᠶᠢ ᠡᠬᠢᠯᠡᠨ ᠬᠡᠷᠡᠭᠵᠢᠭᠦᠯᠦᠨ᠎ᠡ᠃ ︽ᠦᠬᠡᠷ ᠢ ᠨᠡᠮᠡᠭᠳᠡᠭᠦᠯᠵᠦ ᠬᠤᠨᠢ ᠶᠢ ᠴᠥᠭᠡᠳᠬᠡᠵᠦ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠮᠠᠯ ᠰᠥᠷᠦᠭ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ 13 ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠴᠢᠭ᠂ 8 ᠪᠠᠷᠢᠮᠵᠢᠶᠠᠵᠢᠭᠰᠠᠨ ᠥᠷᠭᠡᠳᠬᠡᠨ ᠦᠷᠡᠵᠢᠭᠦᠯᠬᠦ ᠲᠠᠯᠠᠪᠠᠢ ᠶᠢ ᠪᠠᠶᠢᠭᠤᠯᠵᠤ᠂ 2.42 ᠲᠦᠮᠡᠨ ᠲᠣᠯᠣᠭᠠᠢ ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠨ᠎ᠡ᠃ ᠮᠠᠯ ᠠᠵᠤ ᠠᠬᠤᠢ ᠶᠢᠨ ᠵᠢᠯ ᠤᠨ ᠮᠠᠯ ᠤᠨ ᠲᠤᠭ᠎ᠠ ᠶᠢ 115 ᠲᠦᠮᠡᠨ ᠲᠣᠯᠣᠭᠠᠢ ᠣᠷᠴᠢᠮ ᠪᠠᠲᠤᠯᠠᠵᠤ᠂ ᠡᠭᠦᠨ  ᠳᠤ ᠪᠤᠲᠠ ᠮᠠᠯ ᠤᠨ ᠲᠤᠭ᠎ᠠ 25 ᠲᠦᠮᠡᠨ ᠲᠣᠯᠣᠭᠠᠢ᠂ ᠪᠤᠬ ᠮᠠᠯ ᠤᠨ ᠲᠤᠭ᠎ᠠ 90 ᠲᠦᠮᠡᠨ ᠲᠣᠯᠣᠭᠠᠢ ᠳᠤ ᠬᠦᠷᠦᠨ᠎ᠡ᠃     ᠲᠣᠯᠣᠭᠠᠶᠢᠯᠠᠭᠴᠢ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠪᠦᠬᠦᠶᠢᠯᠡ ᠣᠷᠣᠨ ᠪᠦᠰᠡ ᠶᠢᠨ ᠰᠦ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠠᠵᠠ ᠲᠣᠬᠢᠶᠠᠯ ᠢ ᠴᠢᠩᠭ᠎ᠠ ᠠᠳᠬᠤᠵᠤ᠂ 150 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠴᠠᠭᠠᠨ ᠢᠳᠡᠭᠡᠨ ᠤ ᠠᠵᠤ ᠠᠬᠤᠶᠢᠯᠠᠯ᠂ ᠰᠦ ᠶᠢᠨ ᠦᠢᠯᠡᠰ ᠤᠨ ᠬᠤᠷᠰᠢᠶᠠᠵᠢᠯ ᠤᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠯᠣᠭᠠᠶᠢᠯᠠᠭᠴᠢ ᠠᠵᠤ ᠠᠬᠤᠶᠢᠯᠠᠯ ᠢ ᠳᠠᠶᠢᠴᠢᠯᠠᠨ ︽ᠪᠣᠬᠢᠷᠲᠤᠯ ᠦᠭᠡᠢ ᠣᠷᠭᠠᠨᠢᠭ ᠳᠡᠭᠡᠳᠦ ᠳᠡᠰ︾ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠡᠰᠢ ᠬᠥᠭᠵᠢᠭᠦᠯᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠪᠠ ᠠᠶᠤᠯ ᠦᠭᠡᠢ ᠶᠢ ᠮᠥᠷᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ 1000 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠲᠢᠶᠠᠨ ᠱᠦᠨ ᠰᠢᠶ᠋ᠩ ᠮᠢᠬᠠᠨ ᠤ ᠵᠦᠢᠯ ᠢ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠤᠨ ᠮᠡᠷᠭᠡᠵᠢᠯ ᠢ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠵᠣᠬᠢᠰᠲᠠᠢ ᠬᠡᠪᠴᠢᠶᠡᠲᠦ ᠡᠵᠡᠩᠨᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 15 ᠵᠢᠱᠢᠶ᠎ᠡ ᠦᠵᠡᠭᠦᠯᠬᠦ ᠲᠤᠰᠬᠠᠢ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ᠂ 50 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠲᠣᠯᠣᠭᠠᠶᠢᠯᠠᠭᠴᠢ ᠠᠵᠤ ᠠᠬᠤᠶᠢᠯᠠᠯ ᠬᠢᠭᠡᠳ ᠮᠠᠯᠵᠢᠬᠤ ᠡᠷᠦᠬᠡ᠂ ᠬᠤᠷᠰᠢᠶᠠᠵᠢᠯ ᠤᠨ ᠠᠰᠢᠭ ᠬᠤᠯᠪᠣᠭᠠᠯᠠᠯ ᠤᠨ ᠲᠣᠭᠲᠠᠴᠠ ᠶᠢ ᠭᠦᠨᠵᠡᠭᠡᠶᠢᠷᠡᠭᠦᠯᠵᠦ᠂ 2 ᠵᠢᠱᠢᠶ᠎ᠡ ᠦᠵᠡᠭᠦᠯᠬᠦ ᠳᠠᠶᠢᠴᠢᠯᠠᠬᠤ ᠬᠦᠴᠦᠨ ᠲᠠᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ ᠬᠥᠭᠵᠢᠭᠦᠯᠬᠦ ᠪᠠᠷ ᠲᠥᠯᠥᠪᠯᠡᠵᠦ ᠪᠠᠶᠢᠭᠤᠯᠤᠨ᠎ᠠ᠃ ᠮᠠᠯᠵᠢᠬᠤ ᠣᠷᠣᠨ ᠤ ᠡᠯᠧᠺᠲᠷᠦᠨ ᠬᠤᠳᠠᠯᠳᠤᠭ᠎ᠠ᠂ ᠬᠥᠯᠳᠡᠭᠦᠦ ᠡᠳ᠋ ᠪᠠᠷᠠᠭ᠎ᠠ ᠶᠢᠨ ᠬᠡᠯᠬᠢᠶᠡᠵᠢᠯ ᠭᠦᠢᠯᠭᠡᠭᠡ ᠵᠡᠷᠭᠡ ᠰᠢᠨ᠎ᠡ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠶᠡᠬᠡᠪᠡᠷ ᠳᠡᠮᠵᠢᠵᠦ᠂ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠦᠢᠯᠡᠰ ᠪᠣᠯᠣᠨ ᠲᠠᠯ᠎ᠠ ᠨᠤᠲᠤᠭ ᠤᠨ ᠣᠨᠴᠠᠯᠢᠭᠲᠤ ᠢᠳᠡᠭᠡᠨ ᠤ ᠲᠤᠰᠬᠠᠢ ᠬᠤᠷᠰᠢᠶᠠᠵᠢᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠤᠶᠠᠯᠳᠤᠭᠤᠯᠤᠨ ᠬᠥᠭᠵᠢᠭᠦᠯᠬᠦ ᠶᠢ ᠢᠳᠡᠪᠬᠢᠲᠡᠢ ᠳᠠᠶᠢᠴᠢᠯᠠᠵᠤ᠂ ᠮᠠᠯᠵᠢᠬᠤ ᠣᠷᠣᠨ ᠤ ᠣᠨᠴᠠᠯᠢᠭᠲᠤ ᠪᠦᠲᠦᠭᠡᠭᠳᠡᠬᠦᠨ ᠢᠶᠠᠨ ᠲᠣᠣᠷ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ ᠢ ᠪᠦᠷᠢᠯᠳᠦᠭᠦᠯᠵᠦ᠂ ᠲᠠᠯ᠎ᠠ ᠨᠤᠲᠤᠭ ᠤᠨ ᠰᠢᠨ᠎ᠡ ᠰᠣᠷᠭᠤᠭ ᠢᠳᠡᠭᠡᠨ ᠤ ᠪᠣᠷᠣᠯᠠᠭᠤᠯᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃     ︵ᠳᠥᠷᠪᠡ︶ ᠪᠦᠬᠦ ᠲᠠᠯ᠎ᠠ ᠪᠠᠷ ᠴᠢᠯᠦᠭᠡᠲᠡᠢ ᠶᠠᠪᠤᠯᠴᠠᠬᠤ ᠶᠢ ᠥᠷᠭᠡᠳᠬᠡᠵᠦ᠂ ᠪᠣᠭᠤᠮᠲᠠ ᠶᠢᠨ ᠠᠵᠤ ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠤᠨ᠎ᠠ ᠃ ᠬᠥᠯᠥᠨ ᠪᠣᠶᠢᠷ ᠬᠤᠲᠠ ᠶᠢᠨ ᠳᠤᠮᠳᠠᠳᠤ ᠣᠷᠣᠰ ᠮᠣᠩᠭᠤᠯ ᠤᠯᠤᠰ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠮᠣᠩᠭᠤᠯ ᠤᠯᠤᠰ  ᠯᠤᠭ᠎ᠠ ᠶᠢᠨ ᠬᠢᠯᠢ ᠠᠯᠤᠰᠯᠠᠭᠰᠠᠨ ᠵᠢᠭᠤᠯᠴᠢᠯᠠᠯ᠂ ᠵᠠᠬ᠎ᠠ ᠶᠢᠨ ᠠᠷᠠᠯᠵᠢᠶ᠎ᠠ᠂ ᠡᠨᠧᠷᠭᠢ ᠶᠢᠨ ᠡᠬᠢ ᠰᠤᠷᠪᠤᠯᠵᠢ ᠶᠢ ᠬᠥᠮᠥᠷᠭᠡᠯᠡᠨ ᠬᠠᠳᠠᠭᠠᠯᠠᠵᠤ ᠪᠣᠯᠪᠠᠰᠤᠷᠠᠭᠤᠯᠬᠤ ᠪᠠ ᠲᠠᠷᠢᠶᠠᠯᠠᠩ᠂ ᠮᠠᠯ ᠠᠵᠤ ᠠᠬᠤᠢ᠂ ᠣᠢ ᠰᠢᠭᠤᠢ ᠶᠢᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠤᠨ ᠡᠳ᠋ᠰᠢᠭᠦᠯᠬᠦ ᠴᠢᠬᠤᠯᠠ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃     ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦ ᠬᠦᠴᠦᠨ ᠢᠶᠠᠷ ᠬᠡᠷᠡᠭᠵᠢᠭᠦᠯᠦᠨ᠎ᠡ᠃ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 1.1 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠪᠣᠭᠤᠮᠲᠠ ᠶᠢᠨ ᠰᠢᠨ᠎ᠡ ᠬᠤᠯᠪᠣᠭᠠᠯᠠᠨ ᠪᠠᠶᠢᠴᠠᠭᠠᠬᠤ ᠠᠰᠠᠷ ᠪᠣᠯᠣᠨ ᠠᠮᠤ ᠪᠤᠳᠠᠭ᠎ᠠ ᠲᠡᠵᠢᠭᠡᠯ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠪᠠᠷ ᠬᠡᠷᠡᠭᠵᠢᠭᠦᠯᠦᠨ᠎ᠡ᠃ ᠪᠣᠭᠤᠮᠲᠠ ᠶᠢᠨ ᠬᠤᠯᠪᠣᠭᠠᠯᠠᠨ ᠨᠡᠪᠲᠡᠷᠡᠯᠴᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠡᠪᠦᠳᠦᠭ ᠪᠣᠭᠤᠮᠲᠠ ᠶᠢᠨ ᠬᠤᠶᠠᠳᠤᠭᠠᠷ ᠬᠥᠭᠦᠷᠭᠡ ᠶᠢᠨ ᠲᠥᠷᠥᠯ ᠵᠦᠢᠯ ᠢ ᠤᠯᠤᠰ ᠤᠨ ᠳᠣᠲᠣᠭᠠᠳᠤ ᠳᠤ ᠬᠢᠨᠠᠨ ᠵᠥᠪᠰᠢᠶᠡᠷᠡᠭᠦᠯᠬᠦ ᠠᠬᠢᠴᠠ᠂ ᠡᠯᠧᠺᠲᠷᠦᠨ ᠪᠣᠭᠤᠮᠲᠠ᠂ ᠣᠯᠠᠨ ᠤᠯᠤᠰ ᠤᠨ ᠠᠷᠠᠯᠵᠢᠶᠠᠨ ᠤ ︽ᠲᠤᠰᠬᠠᠢ ᠦᠢᠯᠡᠴᠢᠯᠡᠭᠡᠨ ᠤ ᠴᠣᠩᠬᠤ︾ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ  ᠶᠢᠨ ᠮᠡᠳᠡᠭᠡ ᠵᠠᠩᠭᠢᠵᠢᠯᠲᠠ᠂ ᠳᠦᠷᠢᠮᠵᠢᠯᠲᠡ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     ᠪᠣᠭᠤᠮᠲᠠ ᠪᠠᠷ ᠨᠡᠪᠲᠡᠷᠡᠭᠦᠯᠬᠦ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠦᠨ᠎ᠡ᠃ ᠪᠣᠭᠤᠮᠲᠠ ᠶᠢᠨ ᠵᠢᠯ ᠲᠤᠷᠰᠢ ᠴᠢᠯᠦᠭᠡᠲᠡᠢ ᠨᠡᠭᠡᠭᠡᠬᠦ ᠤᠯᠤᠰ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠡᠬᠦ ᠶᠢ ᠪᠠᠲᠤᠯᠠᠵᠤ᠂ ᠡᠪᠦᠳᠦᠭ ᠪᠣᠭᠤᠮᠲᠠ ᠶᠢ ᠮᠣᠩᠭᠤᠯ ᠤᠯᠤᠰ ᠤᠨ ᠠᠮᠤ ᠪᠤᠳᠠᠭ᠎ᠠ ᠭᠠᠳᠠᠭᠠᠳᠤ ᠠᠴᠠ ᠣᠷᠣᠭᠤᠯᠬᠤ ᠲᠣᠭᠲᠠᠭᠰᠠᠨ ᠪᠣᠭᠤᠮᠲᠠ ᠪᠣᠯᠭᠠᠬᠤ ᠠᠵᠢᠯ ᠪᠠ ᠣᠯᠠᠨ ᠤᠯᠤᠰ ᠤᠨ ᠪᠣᠭᠤᠮᠲᠠ ᠪᠣᠯᠭᠠᠨ ᠳᠡᠰ ᠳᠡᠪᠰᠢᠭᠦᠯᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠤᠯᠤᠰ  ᠤᠨ ᠳᠣᠲᠣᠭᠠᠳᠤ ᠶᠢᠨ 8 ᠰᠠᠭᠤᠳᠠᠯ ᠠᠴᠠ ᠳᠤᠷᠤᠭᠰᠢᠬᠢ ᠵᠢᠭᠤᠯᠴᠢᠯᠠᠯ ᠤᠨ ᠲᠡᠷᠭᠡ ᠪᠣᠭᠤᠮᠲᠠ ᠪᠠᠷ ᠭᠠᠷᠬᠤ ᠳᠤ ᠳᠥᠭᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠣᠨ᠎ᠠ᠃ ᠮᠣᠩᠭᠤᠯ ᠤᠯᠤᠰ ᠤᠨ ᠳᠣᠷᠣᠨᠠᠲᠤ ᠠᠶᠢᠮᠠᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨ ᠲᠡᠭᠦᠯᠳᠡᠷᠵᠢᠭᠦᠯᠵᠦ᠂ ᠳᠤᠮᠳᠠᠳᠤ ᠮᠣᠩᠭᠤᠯ ᠤᠯᠤᠰ ᠤᠨ ᠪᠣᠭᠤᠮᠲᠠ ᠶᠢᠨ ᠬᠤᠯᠪᠣᠭᠠᠲᠤ ᠬᠤᠷᠠᠯ ᠤᠨ ᠲᠣᠭᠲᠠᠭᠰᠠᠨ ᠬᠤᠭᠤᠴᠠᠭᠠᠨ ᠤ ᠠᠭᠤᠯᠵᠠᠯᠲᠠ ᠵᠢᠨ‌‍ᠲ᠋ᠦ᠋ᠷᠢᠮ ᠢ ᠲᠡᠭᠦᠯᠳᠡᠷᠵᠢᠭᠦᠯᠵᠦ᠂ ᠰᠣᠶᠣᠯ᠂ ᠲᠠᠮᠢᠷ᠂ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠡᠵᠢᠭᠡᠯ ᠪᠣᠷᠳᠤᠭ᠎ᠠ  ᠶᠢ ᠭᠠᠳᠠᠭᠠᠳᠤ ᠠᠴᠠ ᠣᠷᠣᠭᠤᠯᠬᠤ ᠶᠢ ᠬᠡᠪᠰᠢᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠥᠷᠭᠡᠳᠬᠡᠵᠦ᠂ ᠭᠠᠳᠠᠭᠠᠳᠤ ᠠᠴᠠ ᠣᠷᠣᠭᠤᠯᠬᠤ ᠲᠡᠵᠢᠭᠡᠯ ᠪᠣᠷᠳᠤᠭ᠎ᠠ ᠶᠢ ᠬᠡᠪᠴᠢᠶᠡᠵᠢᠭᠦᠯᠦᠨ ᠡᠵᠡᠩᠨᠡᠬᠦ ᠪᠠᠷ ᠴᠢᠷᠮᠠᠶᠢᠨ᠎ᠠ᠃     ᠪᠣᠭᠤᠮᠲᠠ ᠶᠢᠨ ᠬᠢᠯᠢ ᠶᠢᠨ ᠠᠷᠠᠯᠵᠢᠶ᠎ᠠ ᠶᠢ ᠬᠦᠴᠦᠷᠬᠡᠭᠵᠢᠭᠦᠯᠦᠨ ᠴᠢᠩᠭᠠᠳᠬᠠᠨ᠎ᠠ᠃ ᠳᠤᠮᠳᠠᠳᠤ ᠮᠣᠩᠭᠤᠯ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠭᠤᠮᠲᠠ ᠶᠢᠨ ︽ᠨᠡᠪᠲᠡᠷᠡᠯ ᠤᠨ ᠠᠵᠤ ᠠᠬᠤᠢ︾ ᠠᠴᠠ ︽ᠪᠣᠳᠠᠲᠠᠶᠢᠵᠢᠭᠰᠠᠨ ᠠᠵᠤ ᠠᠬᠤᠢ︾ ᠪᠣᠯᠭᠠᠨ ᠬᠤᠪᠢᠷᠠᠭᠤᠯᠬᠤ ᠠᠬᠢᠴᠠ ᠶᠢ ᠲᠦᠷᠭᠡᠳᠬᠡᠬᠦ ᠪᠠᠷ ᠭᠠᠷᠳᠠᠴᠡ ᠪᠣᠯᠭᠠᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠣᠭᠤᠮᠲᠠ ᠶᠢᠨ ᠪᠢᠲᠡᠭᠦᠮᠵᠢᠯᠡᠵᠦ ᠡᠵᠡᠩᠨᠡᠬᠦ ᠪᠠᠷ ᠲᠦᠰᠢᠭ ᠪᠣᠯᠭᠠᠵᠤ᠂ ᠪᠣᠭᠤᠮᠲᠠ ᠶᠢᠨ ᠬᠢᠯᠢ ᠶᠢᠨ ᠠᠷᠠᠯᠵᠢᠶᠠᠨ ᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠦᠨ᠎ᠡ᠃ ︽ᠳᠤᠮᠳᠠᠳᠤ ᠮᠣᠩᠭᠤᠯ ᠤᠨ ᠠᠷᠠᠯᠵᠢᠶᠠᠨ ᠤ ᠳᠡᠯᠭᠡᠨ ᠪᠣᠷᠣᠯᠠᠭᠤᠯᠬᠤ ᠴᠤᠭᠯᠠᠭᠠᠨ︾ ︽ᠵᠠᠬ᠎ᠠ ᠶᠢᠨ ᠠᠷᠠᠯᠵᠢᠶᠠᠨ ᠤ ᠮᠣᠩᠭᠤᠯ ᠤᠯᠤᠰ ᠤᠨ ᠪᠠᠷᠠᠭ᠎ᠠ ᠶᠢ ᠳᠡᠯᠭᠡᠨ ᠪᠣᠷᠣᠯᠠᠭᠤᠯᠬᠤ ᠴᠤᠭᠯᠠᠭᠠᠨ︾ ᠢ ᠦᠷᠭᠦᠯᠵᠢᠯᠡᠨ ᠰᠠᠶᠢᠲᠤᠷ ᠡᠷᠬᠢᠯᠡᠵᠦ᠂ ᠬᠤᠶᠠᠷ ᠲᠠᠯ᠎ᠠ ᠶᠢᠨ ᠠᠷᠠᠯᠵᠢᠶᠠᠨ ᠤ ᠳᠡᠰ ᠳᠠᠪᠬᠤᠷᠭ᠎ᠠ ᠪᠠᠨ ᠭᠦᠨᠵᠡᠭᠡᠶᠢᠷᠡᠭᠦᠯᠵᠦ᠂ ᠠᠷᠠᠯᠵᠢᠶᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠎ᠡ᠃ ᠪᠣᠭᠤᠮᠲᠠ ᠶᠢᠨ ᠬᠢᠯᠢ ᠶᠢᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠴᠢᠷᠮᠠᠶᠢᠨ ᠣᠯᠵᠤ᠂ ᠮᠠᠯ ᠤᠨ ᠠᠰᠢᠭ ᠰᠢᠮ᠎ᠡ᠂ ᠤᠰᠤᠨ ᠤ ᠭᠠᠷᠤᠯᠲᠠ ᠶᠢ ᠭᠠᠳᠠᠭᠠᠳᠤ ᠠᠴᠠ ᠣᠷᠣᠭᠤᠯᠬᠤ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠴᠠᠬᠢᠯᠭᠠᠨ ᠬᠡᠷᠡᠭᠰᠡᠯ᠂ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠶᠢ ᠭᠠᠳᠠᠭᠠᠳᠤ ᠳᠤ ᠭᠠᠷᠭᠠᠬᠤ ᠬᠡᠮᠵᠢᠶ᠎ᠡ ᠪᠠᠨ ᠴᠢᠷᠮᠠᠶᠢᠨ ᠥᠷᠭᠡᠳᠬᠡᠨ᠎ᠡ᠃ ᠪᠣᠭᠤᠮᠲᠠ ᠶᠢᠨ ᠬᠤᠶᠠᠷ ᠲᠠᠯ᠎ᠠ ᠪᠠᠷ ᠬᠢ ᠡᠬᠢ ᠪᠠᠶᠠᠯᠢᠭ ᠤᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠭᠠᠳᠠᠭᠠᠳᠤ ᠠᠴᠠ ᠣᠷᠣᠭᠤᠯᠵᠤ ᠭᠠᠷᠭᠠᠬᠤ ᠪᠣᠳᠠᠰ ᠢ ᠡᠳ᠋ᠰᠢᠭᠦᠯᠦᠨ ᠪᠣᠯᠪᠠᠰᠤᠷᠠᠭᠤᠯᠬᠤ᠂ ᠠᠷᠠᠯᠵᠢᠶ᠎ᠠ ᠶᠢᠨ ᠪᠣᠳᠠᠰ ᠤᠨ ᠭᠦᠢᠯᠭᠡᠭᠡ᠂ ᠡᠯᠧᠺᠲᠷᠦᠨ ᠬᠤᠳᠠᠯᠳᠤᠭ᠎ᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠴᠦ ᠲᠠᠯᠪᠢᠨ ᠰᠦᠪᠡᠭᠴᠢᠯᠡᠨ᠎ᠡ᠃     ︵ᠲᠠᠪᠤ︶ ᠭᠦᠨᠵᠡᠭᠡᠢ ᠠᠭᠤᠰᠤᠯᠴᠠᠭᠤᠯᠬᠤ ᠶᠢ ᠴᠢᠬᠤᠯᠠᠴᠢᠯᠠᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃  ︽ᠤᠯᠠᠭᠠᠨᠬᠤᠲᠠ — ᠷᠠᠰᠢᠶᠠᠨ — ᠬᠠᠶᠢᠯᠠᠷ — ᠮᠠᠨᠵᠤᠤᠷ︾ ᠬᠦᠷᠬᠦ ᠵᠢᠭᠤᠯᠴᠢᠯᠠᠯ ᠤᠨ ᠴᠣᠭᠴᠠᠵᠢᠭᠤᠯᠬᠤ ᠣᠷᠣᠨ ᠪᠦᠰᠡ ᠶᠢ ᠬᠠᠮᠲᠤᠳᠬᠠᠨ ᠬᠥᠭᠵᠢᠭᠦᠯᠬᠦ ᠴᠢᠬᠤᠯᠠ ᠵᠠᠩᠭᠢᠯᠠᠭ᠎ᠠ ᠶᠢᠨ ᠴᠢᠭ ᠢ ᠬᠦᠴᠦᠯᠡᠨ ᠪᠠᠶᠢᠭᠤᠯᠵᠤ᠂ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠶᠡᠭᠡ ᠬᠥᠭᠵᠢᠯᠲᠡ ᠶᠢ ᠪᠦᠬᠦ ᠲᠠᠯ᠎ᠠ ᠪᠠᠷ ᠳᠠᠰ ᠳᠠᠪᠬᠤᠷᠭ᠎ᠠ ᠲᠠᠢ᠂ ᠥᠷᠭᠡᠨ ᠬᠦᠷᠢᠶ᠎ᠡ ᠬᠡᠪᠴᠢᠶ᠎ᠡ ᠲᠠᠢ ᠪᠣᠳᠠᠲᠠᠶᠢᠵᠢᠭᠤᠯᠤᠨ ᠲᠦᠯᠬᠢᠨ ᠠᠬᠢᠭᠤᠯᠤᠨ᠎ᠠ᠃     ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠭᠤᠣᠯᠳᠠᠯᠭᠠᠲᠤ ᠦᠵᠡᠮᠵᠢᠲᠦ ᠣᠷᠣᠨ ᠤ ᠳᠡᠰ ᠳᠡᠪᠰᠢᠭᠦᠯᠬᠦ ᠠᠵᠢᠯ ᠢ ᠬᠦᠴᠦᠯᠡᠨ ᠠᠬᠢᠭᠤᠯᠤᠨ᠎ᠠ᠃ 2.18 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠨᠣᠮᠣᠨ ᠬᠠᠨ ᠳᠠᠶᠢᠨ ᠤ ᠪᠠᠭᠤᠷᠢ᠂ ᠭᠤᠸᠠᠩ ᠴᠢ ᠮᠠᠰᠢᠨ ᠲᠡᠷᠭᠡᠨ ᠤ ᠺᠣᠮᠫᠠᠨᠢ ᠶᠢᠨ ᠬᠠᠬᠢᠷ ᠬᠦᠢᠲᠡᠨ ᠣᠷᠣᠨ ᠳᠠᠬᠢ ᠲᠤᠷᠰᠢᠯᠲᠠ ᠶᠢᠨ ᠲᠠᠯᠠᠪᠤᠷ᠂ ᠨᠣᠭᠤᠭᠠᠨᠨᠠᠭᠤᠷ ᠤᠨ ᠦᠵᠡᠮᠵᠢᠲᠦ ᠣᠷᠣᠨ ᠤ ᠪᠠᠶᠢᠭᠤᠯᠤᠯᠲᠠ ᠶᠢᠨ ᠬᠤᠶᠠᠳᠤᠭᠠᠷ ᠬᠤᠭᠤᠴᠠᠭ᠎ᠠ᠂ ᠪᠠᠷᠭᠤ ᠮᠣᠩᠭᠤᠯ ᠠᠶᠢᠮᠠᠭ᠂ ᠤᠯᠤᠰ ᠤᠨ ᠡᠭᠦᠳᠡ ᠶᠢᠨ ᠦᠵᠡᠮᠵᠢᠲᠦ ᠣᠷᠣᠨ ᠵᠡᠷᠭᠡ ᠭᠤᠣᠯᠳᠠᠯᠭᠠᠲᠤ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠭᠠᠨᠵᠤᠤᠷ ᠰᠦᠮ᠎ᠡ  ᠶᠢᠨ ᠦᠵᠡᠮᠵᠢᠲᠦ ᠣᠷᠣᠨ ᠢ ᠤᠯᠤᠰ ᠤᠨ 4A ᠳᠡᠰ ᠤᠨ ᠦᠵᠡᠮᠵᠢᠲᠦ ᠣᠷᠣᠨ ᠪᠣᠯᠭᠠᠬᠤ ᠪᠠᠷ ᠴᠢᠷᠮᠠᠶᠢᠵᠤ᠂ ᠬᠠᠨᠳᠠᠭᠠᠢ ᠶᠢᠨ ᠦᠵᠡᠮᠵᠢᠲᠦ ᠣᠷᠣᠨ᠂ ᠬᠤᠰᠢᠭᠤᠨ  ᠤ ᠮᠣᠩᠭᠤᠯ ᠰᠣᠶᠣᠯ ‍ᠣᠨ‌ᠥᠪ ᠬᠥᠷᠥᠩᠭᠡ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠵᠤᠭᠠᠴᠠᠭᠰᠠᠳ ᠤᠨ ᠮᠣᠩᠭᠤᠯ ᠤᠯᠤᠰ ᠲᠤ ᠬᠦᠷᠬᠦ ᠳᠤ ᠸᠢᠰᠠ ᠦᠯᠦ ᠭᠦᠢᠴᠡᠳᠬᠡᠬᠦ ᠪᠣᠯᠣᠨ ᠪᠦᠯᠬᠦᠮ ᠢᠶᠠᠷ ᠸᠢᠰᠠᠯᠠᠬᠤ ᠵᠡᠷᠭᠡ ᠬᠢᠯᠢ ᠥᠩᠭᠡᠷᠡᠬᠦ ᠭᠠᠷ ᠭᠦᠢᠴᠡᠳᠬᠡᠯ ᠢ ᠳᠥᠭᠦᠮᠴᠢᠯᠡᠬᠦ ᠪᠠᠷ ᠴᠢᠷᠮᠠᠶᠢᠨ᠎ᠠ᠃     ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠪᠦᠬᠦ ᠬᠦᠴᠦᠨ ᠢᠶᠠᠷ ᠡᠭᠦᠳᠦᠨ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭᠠᠨ ᠢ ᠭᠤᠣᠯᠳᠠᠯᠭ᠎ᠠ ᠲᠠᠢ ᠥᠷᠨᠢᠭᠦᠯᠵᠦ᠂ ᠨᠡᠷ᠎ᠡ ᠠᠯᠳᠠᠷᠰᠢᠯ ᠢᠶᠠᠨ ᠲᠠᠰᠤᠷᠠᠯᠲᠠ ᠦᠭᠡᠢ ᠥᠷᠭᠡᠳᠬᠡᠨ᠎ᠡ᠃ ︽ᠪᠠᠽᠠᠷᠭᠠᠨᠲᠠ ᠬᠤᠨᠳᠠᠭᠠᠲᠤ︾ ᠳᠤᠮᠳᠠᠳᠤ᠂ ᠣᠷᠣᠰ᠂ ᠮᠣᠩᠭᠤᠯ ᠭᠤᠷᠪᠠᠨ ᠤᠯᠤᠰ ᠤᠨ ᠴᠢᠯᠦᠭᠡᠲᠦ ᠪᠥᠬᠡ ᠶᠢᠨ ᠤᠷᠢᠯᠭ᠎ᠠ ᠶᠢᠨ ᠤᠷᠤᠯᠳᠤᠭᠠᠨ᠂ ᠪᠠᠷᠭᠤ ᠰᠣᠶᠣᠯ ᠤᠷᠠᠯᠢᠭ ᠤᠨ ᠨᠠᠶᠢᠷ᠂ ᠡᠪᠦᠯ ᠤᠨ ᠤᠯᠠᠷᠢᠯ ᠤᠨ ᠵᠢᠭᠠᠰᠤ ᠭᠥᠬᠢᠳᠡᠬᠦ ᠨᠠᠶᠢᠷ᠂ ᠳᠤᠮᠳᠠᠳᠤ ᠣᠷᠣᠰ ᠮᠣᠩᠭᠤᠯ ᠤᠯᠤᠰ ᠤᠨ ᠬᠢᠯᠢ ᠶᠢᠨ ᠰᠣᠶᠣᠯ ᠵᠢᠭᠤᠯᠴᠢᠯᠠᠯ ᠤᠨ ᠬᠤᠳᠠᠯᠳᠤᠭᠠᠨ ᠤ ᠴᠤᠭᠯᠠᠭᠠᠨ ᠵᠡᠷᠭᠡ ᠰᠣᠶᠣᠯ ᠲᠠᠮᠢᠷ ᠵᠢᠭᠤᠯᠴᠢᠯᠠᠯ ᠤᠨ ᠤᠷᠤᠯᠳᠤᠭᠠᠨ ᠪᠣᠯᠣᠨ ᠬᠥᠳᠡᠯᠭᠡᠭᠡᠨ ᠢ ᠨᠠᠷᠢᠨ ᠬᠢᠨᠠᠮᠠᠭᠠᠢ ᠥᠷᠨᠢᠭᠦᠯᠵᠦ᠂ ︽ᠪᠣᠶᠢᠷ ᠨᠠᠭᠤᠷ ᠢ ᠬᠠᠶᠢᠨ ᠰᠢᠨᠵᠢᠬᠦ︾ ᠬᠢᠯᠢ ᠠᠯᠤᠰᠯᠠᠨ 3 ᠡᠳᠦᠷ ᠮᠠᠰᠢᠨ ᠵᠢᠯᠣᠭᠤᠳᠤᠨ ᠵᠤᠭᠠᠴᠠᠬᠤ ᠵᠡᠷᠭᠡ ᠬᠢᠯᠢ ᠠᠯᠤᠰᠯᠠᠭᠰᠠᠨ ᠵᠢᠭᠤᠯᠴᠢᠯᠠᠯ ᠤᠨ ᠰᠢᠷᠢᠰ ᠠᠵᠢᠯᠯᠠᠭᠠᠨ ᠢ ᠬᠡᠪᠰᠢᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠮᠠᠯᠴᠢᠳ ᠤᠨ ᠰᠠᠭᠤᠷᠢᠰᠢᠯ᠂ ᠦᠢᠯᠡᠳᠪᠦᠷᠢᠯᠡᠯ ᠤᠨ ᠴᠢᠭ ᠲᠤ ᠪᠠᠨ ᠲᠦᠰᠢᠭᠯᠡᠨ᠂ ᠠᠮᠢ ᠠᠬᠤᠶᠢᠴᠢ ᠭᠡᠷ ᠪᠦᠯᠢ ᠶᠢᠨ ᠲᠣᠭᠤᠷᠢᠨ ᠵᠤᠭᠠᠴᠠᠵᠤ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ ᠶᠢ ᠳᠠᠶᠢᠴᠢᠯᠠᠨ ᠳᠡᠮᠵᠢᠬᠦ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠨ᠎ᠠ᠃ ︽ᠤᠷᠳᠤ ᠶᠢᠨ ᠳᠠᠭᠤᠤ ᠶᠢᠨ ᠥᠯᠥᠭᠡᠢ︾ ᠨᠡᠷ᠎ᠡ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ︽ᠪᠠᠷᠭᠤ ᠰᠣᠶᠣᠯ ᠤᠨ ᠠᠳᠠᠯ ᠦᠢᠯᠡᠰ ᠪᠣᠰᠬᠠᠬᠤ ᠬᠦᠷᠢᠶᠡᠯᠡᠩ︾ ᠤᠨ ᠭᠠᠷ ᠤᠷᠠᠯᠠᠯ ᠤᠨ ᠤᠷ᠎ᠠ ᠮᠡᠷᠭᠡᠵᠢᠯ ᠳᠤ ᠲᠦᠰᠢᠭᠯᠡᠨ᠂ ᠵᠠᠩ ᠦᠢᠯᠡ ᠰᠣᠶᠣᠯ ᠵᠢᠭᠤᠯᠴᠢᠯᠠᠯ ᠤᠨ ᠣᠨᠴᠠᠯᠢᠭ ᠪᠦᠬᠦᠢ ᠪᠡᠯᠡᠭ ᠳᠤᠷᠠᠰᠬᠠᠯ ᠤᠨ ᠵᠦᠢᠯ ᠢ ᠡᠭᠦᠳᠴᠦ ᠲᠦᠯᠬᠢᠨ ᠠᠬᠢᠭᠤᠯᠤᠨ᠎ᠠ᠃     ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃ ᠨᠠᠷᠢᠨ ᠨᠢᠭᠲᠠ ᠦᠢᠯᠡᠴᠢᠯᠡᠭᠡ ᠪᠠ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠵᠢᠭᠤᠯᠴᠢᠯᠠᠯ ᠤᠨ ᠵᠣᠷᠯᠣᠩ ᠪᠠᠶᠢᠭᠤᠯᠬᠤ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠤᠶᠤᠨᠴᠢ ᠦᠵᠡᠮᠵᠢᠲᠦ ᠣᠷᠣᠨ ᠤ ᠰᠠᠭᠤᠷᠢ ᠲᠥᠬᠦᠭᠡᠷᠦᠮᠵᠢ ᠶᠢᠨ ᠴᠢᠳᠠᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠪᠦᠳᠦᠭ ᠪᠣᠭᠤᠮᠲᠠ — ᠷᠠᠰᠢᠶᠠᠨ ᠪᠣᠭᠤᠮᠲᠠ ᠬᠦᠷᠬᠦ ᠠᠶᠠᠨᠴᠢᠳ ᠤᠨ ᠲᠡᠷᠭᠡ ᠶᠢ ᠨᠡᠪᠲᠡᠷᠡᠭᠦᠯᠵᠦ᠂ ᠵᠢᠭᠤᠯᠴᠢᠯᠠᠯ ᠤᠨ ᠵᠠᠮ ᠱᠤᠭᠤᠮ ᠳᠠᠭᠠᠤ᠂ ᠭᠤᠣᠯᠳᠠᠯᠭᠠᠲᠤ ᠵᠢᠭᠤᠯᠴᠢᠯᠠᠯ ᠤᠨ ᠣᠷᠣᠨ ᠪᠦᠰᠡ ᠶᠢᠨ ᠵᠢᠭᠤᠯᠴᠢᠯᠠᠯ ᠤᠨ ᠥᠷᠲᠡᠭᠡ᠂ ᠬᠤᠪᠢ ᠶᠢᠨ ᠲᠡᠷᠭᠡ ᠵᠢᠯᠣᠭᠤᠳᠴᠤ ᠵᠤᠭᠠᠴᠠᠬᠤ ᠪᠠᠭᠤᠴᠠ᠂ ᠵᠠᠮ ᠤᠨ ᠲᠡᠮᠳᠡᠭ ᠫᠠᠶᠢᠰᠠ ᠵᠡᠷᠭᠡ ᠢᠵᠢ ᠪᠦᠷᠢᠳᠦᠭᠦᠯᠦᠭᠰᠡᠨ ᠦᠢᠯᠡᠴᠢᠯᠡᠭᠡᠨ ᠤ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠯᠢᠳᠡᠭ ᠵᠢᠭᠤᠯᠴᠢᠯᠠᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃ ᠵᠢᠭᠤᠯᠴᠢᠯᠠᠯ ᠤᠨ ᠡᠮᠬᠢ ᠲᠢᠭᠯᠢᠮ ᠢ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠢ ᠭᠦᠨᠵᠡᠭᠡᠢ ᠥᠷᠨᠢᠭᠦᠯᠵᠦ᠂ ︽ᠵᠢᠵᠢᠭ ᠲᠠᠷᠠᠬᠠᠢ  ᠪᠤᠲᠠᠷᠬᠠᠢ ᠵᠠᠮᠪᠠᠷᠠᠭ᠎ᠠ ᠦᠭᠡᠢ︾  ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃     ︵ᠵᠢᠷᠭᠤᠭ᠎ᠠ︶ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠬᠡᠷᠡᠭᠵᠢᠭᠦᠯᠦᠨ᠎ᠡ᠃ ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠪᠣᠯᠣᠨ᠎ᠠ ᠭᠡᠳᠡᠭ ᠣᠶᠢᠯᠠᠭᠠᠭᠳᠠᠬᠤᠨ ᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠴᠥᠭᠦᠷᠥᠮ ᠪᠡᠯᠴᠢᠭᠡᠷ ᠡᠯᠡᠰᠦ ᠶᠢ ᠰᠢᠰᠲ᠋ᠧᠮᠵᠢᠭᠦᠯᠦᠨ ᠵᠠᠰᠠᠬᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃     ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦ ᠬᠦᠴᠦᠨ ᠢᠶᠠᠷ ᠬᠡᠷᠡᠭᠵᠢᠭᠦᠯᠦᠨ᠎ᠡ᠃  ᠬᠥᠯᠥᠨ ᠪᠣᠶᠢᠷ ᠬᠤᠲᠠ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠪᠠᠷ᠂ ᠭᠤᠣᠯ ᠴᠣᠭᠴᠠᠲᠤ ᠴᠢᠳᠠᠪᠬᠢ ᠶᠢᠨ ᠣᠷᠣᠨ ᠤ ᠲᠥᠯᠥᠪᠵᠢᠭᠦᠯᠭᠡ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ  ᠤᠨ ᠠᠮᠢ ᠠᠬᠤᠢ ᠶᠢᠨ ᠱᠠᠩᠨᠠᠯ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 1.8 ᠳ᠋ᠦᠩᠰᠢᠭᠤᠷ ᠲᠥᠭᠦᠷᠢᠭ ᠪᠡᠯᠡ ᠣᠷᠣᠭᠤᠯᠬᠤ  ᠪᠠᠷ ᠲᠥᠯᠥᠪᠯᠡᠵᠦ᠂ 868 ᠲᠦᠮᠡᠨ ᠮᠦ ᠪᠡᠯᠴᠢᠭᠡᠷᠯᠡᠭᠦᠯᠬᠦ ᠶᠢ ᠵᠣᠭᠰᠣᠭᠠᠵᠤ᠂ 1352 ᠲᠦᠮᠡᠨ ᠮᠦ ᠪᠡᠯᠴᠢᠭᠡᠷ ᠮᠠᠯ ᠢ ᠲᠡᠩᠴᠡᠭᠦᠷᠢᠰᠢᠭᠦᠯᠦᠨ᠎ᠡ᠃ ︽ᠭᠤᠷᠪᠠᠨ ᠤᠮᠠᠷᠠᠲᠤ︾ ᠶᠢᠨ ᠬᠠᠯᠬᠠᠪᠴᠢ ᠣᠢ ᠶᠢᠨ ᠲᠥᠷᠥᠯ ᠵᠦᠢᠯ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠣᠢ ᠪᠣᠯᠣᠨ ᠣᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠠᠵᠠᠷ ᠰᠢᠷᠣᠢ  ᠶᠢ ᠡᠷᠴᠢᠮᠵᠢᠭᠦᠯᠦᠨ ᠠᠰᠢᠭᠯᠠᠬᠤ ᠨᠤᠷᠮ᠎ᠠ ᠶᠢ ᠬᠦᠴᠦᠯᠡᠨ ᠳᠡᠭᠡᠭᠰᠢᠯᠡᠭᠦᠯᠵᠦ᠂ 2940 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠦᠨ᠎ᠡ᠃ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠣᠢ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠳᠠᠮᠵᠢ ᠲᠡᠭᠦᠯᠳᠡᠷ ᠣᠢ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨ᠎ᠠ᠃     ᠭᠤᠣᠯ᠂ ᠨᠠᠭᠤᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 9910 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠬᠥᠯᠥᠨ ᠨᠠᠭᠤᠷ ᠤᠨ ᠰᠠᠪᠠ ᠭᠠᠵᠠᠷ ᠤᠨ ᠡᠯᠡᠰᠦᠷᠬᠡᠭ ᠣᠷᠣᠨ ᠢ ᠵᠠᠰᠠᠬᠤ᠂ ᠠᠮᠢ ᠠᠬᠤᠶᠢᠴᠢ ᠠᠷᠠᠳ ᠢ ᠨᠡᠭᠦᠯᠭᠡᠨ ᠰᠠᠭᠤᠷᠢᠰᠢᠭᠤᠯᠬᠤ ᠪᠣᠯᠣᠨ ᠤᠤᠭᠤᠬᠤ ᠤᠰᠤᠨ  ᠤ ᠠᠮᠤᠷ ᠲᠦᠪᠰᠢᠨ ᠢ ᠰᠠᠶᠢᠵᠢᠷᠠᠭᠤᠯᠬᠤ᠂ ᠡᠷᠭᠢᠨ ᠲᠣᠭᠤᠷᠢᠨ ᠤ ᠦᠵᠡᠮᠵᠢᠲᠦ ᠣᠷᠣᠨ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠤᠨ᠎ᠠ᠃ ᠤᠰᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠭᠤᠣᠯ ᠨᠠᠭᠤᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯᠯᠠᠭᠠᠨ ᠢ ᠪᠠᠲᠤᠲᠠᠢ ᠥᠷᠨᠢᠭᠦᠯᠦᠨ᠎ᠡ᠃ ᠭᠤᠣᠯ᠂ ᠨᠠᠭᠤᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠢᠭᠡ ᠭᠤᠣᠯ ᠨᠢᠭᠡ ᠨᠠᠭᠤᠷ ᠨᠢᠭᠡ ᠲᠥᠷᠥ ᠶᠢᠨ ᠪᠣᠳᠣᠯᠭ᠎ᠠ︾ ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠬᠡᠨ᠎ᠡ᠃ ᠦᠶᠡᠷ ᠢ ᠰᠡᠷᠭᠡᠶᠢᠯᠡᠵᠦ᠂ ᠭᠠᠩ ᠬᠠᠭᠰᠠᠷᠠᠭᠠᠨ ᠲᠠᠢ ᠲᠡᠮᠡᠴᠡᠬᠦ᠂ ᠭᠠᠮᠰᠢᠭ ᠢ  ᠪᠠᠭᠠᠰᠬᠠᠵᠤ᠂ ᠤᠰᠤᠨ  ᠤ ᠠᠮᠢ ᠠᠬᠤᠢ ᠶᠢᠨ ᠪᠣᠯᠪᠠᠰᠤᠨ ᠢ ᠰᠤᠷᠲᠠᠯᠴᠢᠯᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃     ᠡᠯᠡᠰᠦᠷᠬᠡᠭ ᠭᠠᠵᠠᠷ ᠤᠨ ᠲᠠᠷᠢᠮᠠᠯ ᠤᠨ ᠠᠵᠤ ᠦᠢᠯᠡᠰ ᠢ ᠪᠣᠶᠢᠵᠢᠭᠤᠯᠤᠨ ᠬᠦᠴᠦᠷᠬᠡᠭᠵᠢᠭᠦᠯᠦᠨ᠎ᠡ᠃ ᠡᠪᠡᠰᠦᠨ ᠡᠮ ᠤᠨ ᠠᠵᠤ ᠦᠢᠯᠡᠰ᠂ ᠴᠢᠴᠠᠷᠭᠠᠨ᠎ᠠ ᠶᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠬᠤ ᠬᠠᠷᠠᠯᠲᠠ ᠡᠭᠦᠷᠭᠡ ᠪᠠᠷ᠂ ᠾᠸᠧ ᠮᠤ᠋ ᠶᠠᠩ ᠭᠤᠸᠠᠩ ᠡᠪᠡᠰᠦᠨ ᠡᠮ ᠲᠠᠷᠢᠬᠤ ᠰᠠᠭᠤᠷᠢᠨ ᠭᠠᠵᠠᠷ᠂ ᠰᠢᠨ᠎ᠡ ᠯᠦᠩ ᠹᠧᠩ ᠪᠦᠯᠦᠭᠯᠡᠯ ᠤᠨ ᠴᠢᠴᠠᠷᠭᠠᠨ᠎ᠠ ᠲᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ  ᠲᠠᠢ ᠳᠡᠮᠵᠢᠵᠦ᠂ ᠲᠠᠷᠢᠵᠤ ᠤᠷᠭᠤᠭᠤᠯᠬᠤ ᠬᠡᠪᠴᠢᠶ᠎ᠡ ᠪᠠᠨ ᠵᠢᠯ ᠳᠠᠷᠠᠭᠠᠯᠠᠨ ᠥᠷᠭᠡᠳᠬᠡᠵᠦ᠂ ᠲᠣᠭᠲᠠᠪᠤᠷᠢᠲᠠᠢ ᠲᠦᠯᠬᠢᠨ ᠠᠬᠢᠭᠤᠯᠤᠨ᠎ᠠ᠃ ᠡᠨᠡ ᠵᠢᠯ ᠡᠪᠡᠰᠦᠨ ᠡᠮ ᠲᠠᠷᠢᠵᠤ ᠤᠷᠭᠤᠭᠤᠯᠬᠤ ᠲᠠᠯᠠᠪᠠᠢ ᠶᠢ 1.2 ᠲᠦᠮᠡᠨ ᠮᠦ ᠳᠤ ᠬᠦᠷᠭᠡᠬᠦ ᠪᠠᠷ ᠴᠢᠷᠮᠠᠶᠢᠵᠤ᠂ ᠴᠢᠴᠠᠷᠭᠠᠨ᠎ᠠ ᠲᠠᠷᠢᠵᠤ ᠤᠷᠭᠤᠭᠤᠯᠬᠤ ᠲᠠᠯᠠᠪᠠᠢ ᠶᠢ 1 ᠲᠦᠮᠡᠨ ᠮᠦ  ᠠᠴᠠ ᠳᠡᠭᠡᠭᠰᠢ ᠬᠦᠷᠭᠡᠨ᠎ᠡ᠃ ᠡᠪᠡᠰᠦᠨ ᠡᠮ ᠪᠠ ᠴᠢᠴᠠᠷᠭᠠᠨ᠎ᠠ ᠶᠢᠨ ᠦᠢᠯᠡᠳᠬᠦᠨ ᠪᠣᠯᠪᠠᠰᠤᠷᠠᠭᠤᠯᠬᠤ᠂ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠢ ᠢᠳᠡᠪᠬᠢᠲᠡᠢ ᠰᠦᠪᠡᠭᠴᠢᠯᠡᠨ ᠣᠷᠣᠭᠤᠯᠤᠨ᠎ᠠ᠃ 5-10 ᠵᠢᠯ ᠤᠨ ᠬᠤᠭᠤᠴᠠᠭᠠᠨ ᠳᠤ ᠡᠪᠡᠰᠦᠨ ᠡᠮ᠂ ᠴᠢᠴᠠᠷᠭᠠᠨ᠎ᠠ ᠲᠠᠷᠢᠬᠤ ᠲᠠᠯᠠᠪᠠᠢ ᠶᠢ ᠲᠤᠰ ᠲᠤᠰ 10 ᠲᠦᠮᠡᠨ ᠮᠦ ᠬᠦᠷᠭᠡᠵᠦ᠂ ᠲᠠᠷᠢᠵᠤ ᠤᠷᠭᠤᠭᠤᠯᠬᠤ᠂ ᠡᠳ᠋ᠰᠢᠭᠦᠯᠦᠨ ᠪᠣᠯᠪᠠᠰᠤᠷᠠᠭᠤᠯᠬᠤ᠂ ᠬᠤᠳᠠᠯᠳᠤᠨ ᠪᠣᠷᠣᠯᠠᠭᠤᠯᠬᠤ ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠭᠦᠯᠵᠦ᠂ ᠠᠮᠢ ᠠᠬᠤᠢ ᠬᠢᠭᠡᠳ ᠠᠵᠤ ᠠᠬᠤᠢ ᠶᠢᠨ ᠦᠷ᠎ᠡ ᠠᠰᠢᠭ ᠢ ᠬᠠᠮᠲᠤ ᠳᠤᠨᠢ ᠣᠯᠬᠤ ᠬᠠᠷᠠᠯᠲᠠ ᠶᠢ ᠪᠡᠶᠡᠯᠡᠭᠦᠯᠦᠨ᠎ᠡ᠃     ︵ᠳᠣᠯᠤᠭ᠎ᠠ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠳᠠᠭᠠᠭᠠᠴᠠ ᠬᠥᠭᠵᠢᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠪᠦᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠴᠢᠭ︾ ᠤᠨ ᠠᠵᠢᠯ ᠤᠨ ᠪᠠᠶᠢᠷᠢᠯᠠᠭᠤᠯᠤᠯᠲᠠ ᠪᠠᠷ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠠᠬᠢᠴᠠ ᠶᠢ ᠲᠦᠷᠭᠡᠳᠬᠡᠨ ᠠᠬᠢᠭᠤᠯᠵᠤ᠂ ᠦᠵᠡᠰᠬᠦᠯᠡᠩᠲᠦ ᠰᠠᠶᠢᠬᠠᠨ᠂ ᠰᠠᠭᠤᠷᠢᠰᠢᠬᠤ ᠳᠤ ᠲᠣᠬᠢᠯᠢᠭ ᠮᠠᠯᠵᠢᠬᠤ ᠣᠷᠣᠨ ᠤ ᠬᠤᠲᠠ ᠪᠠᠯᠭᠠᠰᠤ ᠶᠢ ᠪᠠᠶᠢᠭᠤᠯᠤᠨ᠎ᠠ᠃     ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠᠷ ᠵᠢᠯᠣᠭᠤᠳᠤᠮᠵᠢ ᠪᠣᠯᠭᠠᠵᠤ᠂ ︽ᠨᠢᠭᠡ ᠰᠤᠮᠤ ᠨᠢᠭᠡ ᠦᠢᠯᠡᠰ᠂ ᠨᠢᠭᠡ ᠲᠣᠰᠬᠤᠨ ᠨᠢᠭᠡ ᠦᠢᠯᠡᠳᠬᠦᠨ︾ ᠤ ᠢᠨᠵᠧᠨᠧᠷᠢᠩ ᠢ ᠬᠡᠷᠡᠭᠵᠢᠭᠦᠯᠵᠦ᠂ ᠬᠠᠨᠳᠠᠭᠠᠢ᠂ ᠭᠠᠨᠵᠤᠤᠷ᠂ ᠣᠯᠠᠨᠨᠠᠭᠤᠷ᠂ ᠶᠡᠬᠡᠠ᠋ᠭᠤᠯᠠ ᠵᠡᠷᠭᠡ ᠨᠢᠭᠡ ᠪᠦᠯᠦᠭ ᠰᠠᠭᠤᠷᠢᠰᠢᠯ ᠪᠣᠯᠣᠨ ᠦᠢᠯᠡᠰ ᠲᠤ ᠲᠣᠬᠢᠷᠠᠭᠰᠠᠨ᠂ ᠦᠨᠳᠦᠰᠦᠲᠡᠨ ᠤ ᠵᠠᠩ ᠦᠢᠯᠡ ᠶᠢᠨ ᠣᠨᠴᠠᠯᠢᠭ ᠪᠦᠬᠦᠢ ᠭᠠᠴᠠᠭ᠎ᠠ ᠲᠣᠰᠬᠤᠨ ᠢ ᠭᠤᠣᠯᠳᠠᠯᠭ᠎ᠠ ᠲᠠᠢ ᠪᠠᠶᠢᠭᠤᠯᠵᠤ᠂ ᠡᠯ᠎ᠡ ᠭᠠᠴᠠᠭ᠎ᠠ  ᠶᠢ ᠬᠥᠲᠥᠯᠥᠨ ᠵᠢᠯᠣᠭᠤᠳᠴᠤ ᠪᠣᠳᠠᠲᠠᠢ ᠳᠤ ᠰᠠᠭᠤᠷᠢᠯᠠᠨ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠴᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠨᠡᠶᠢᠲᠡ ᠶᠢᠨ ᠠᠵᠤ ᠠᠬᠤᠢ ᠪᠠᠨ ᠪᠤᠵᠠᠭᠠᠶᠢᠷᠠᠭᠤᠯᠤᠨ᠎ᠠ︔ ᠡᠯ᠎ᠡ ᠰᠤᠮᠤ ᠪᠠᠯᠭᠠᠰᠤ ᠭᠠᠴᠠᠭ᠎ᠠ ᠪᠠᠨ ᠵᠣᠬᠢᠶᠠᠨ ᠪᠠᠶᠢᠭᠤᠯᠵᠤ ᠳᠠᠶᠢᠴᠢᠯᠠᠨ ︽ᠡᠬᠢ ᠪᠠᠶᠠᠯᠢᠭ ᠢᠶᠠᠨ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠡᠳ᠋ ᠮᠥᠩᠭᠦ ᠢᠶᠠᠨ ᠬᠤᠪᠢ ᠣᠷᠣᠭᠤᠯᠬᠤ ᠪᠣᠯᠭᠠᠨ ᠬᠤᠪᠢᠷᠠᠭᠤᠯᠵᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠤᠭᠰᠠᠨ︾ ᠭᠠᠴᠠᠭᠠᠨ ᠤ ᠨᠡᠶᠢᠲᠡ ᠶᠢᠨ ᠠᠵᠤ ᠠᠬᠤᠢ ᠶᠢᠨ ᠰᠢᠨ᠎ᠡ ᠬᠡᠯᠪᠡᠷᠢ ᠪᠣᠯᠣᠨ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ ᠳᠡᠮᠵᠢᠨ ᠵᠣᠷᠢᠭᠵᠢᠭᠤᠯᠤᠨ᠎ᠠ᠃ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ 4500 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠮᠠᠯᠵᠢᠬᠤ ᠣᠷᠣᠨ ᠤ ᠠᠮᠢᠳᠤᠷᠠᠯ ᠤᠨ ᠪᠤᠵᠠᠷ ᠤᠰᠤ ᠪᠣᠯᠣᠨ ᠬᠤᠭ ᠨᠣᠪᠰᠢ ᠶᠢ ᠰᠢᠢᠳᠪᠦᠷᠢᠯᠡᠬᠦ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠵᠡᠷᠭᠡ ᠲᠥᠷᠥᠯ ᠵᠦᠢᠯ ᠢ ᠪᠠᠶᠢᠭᠤᠯᠤᠨ᠎ᠠ᠃ ︽ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ︾ ᠠᠵᠢᠯᠯᠠᠭᠠᠨ ᠢ ᠬᠦᠴᠦᠯᠡᠨ ᠠᠬᠢᠭᠤᠯᠵᠤ᠂ 1350 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠬᠢᠯᠢ ᠳᠠᠭᠠᠤ ᠭᠠᠴᠠᠭᠠᠨ ᠤ 518 ᠡᠷᠦᠬᠡ ᠶᠢᠨ ᠣᠷᠣᠨ ᠰᠠᠭᠤᠴᠠ ᠶᠢ ᠪᠠᠬᠢᠵᠢᠭᠦᠯᠦᠨ ᠵᠠᠰᠠᠵᠤ᠂ ᠭᠤᠶᠣᠵᠢᠭᠤᠯᠵᠤ ᠭᠡᠷᠡᠯᠲᠦᠭᠦᠯᠬᠦ ᠵᠡᠷᠭᠡ ᠠᠵᠢᠯ ᠢ ᠨᠢᠭᠡᠳᠦᠯᠲᠡᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠣᠯᠣᠨ ᠰᠢᠨ᠎ᠡ ᠬᠡᠯᠪᠡᠷᠢ ᠶᠢᠨ ᠤᠶᠤᠨᠴᠢ ᠮᠠᠯᠵᠢᠬᠤ ᠣᠷᠣᠨ ᠤ ᠲᠥᠷᠥᠯ ᠵᠦᠢᠯ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠢᠯᠢ ᠬᠢᠵᠠᠭᠠᠷ ᠣᠷᠣᠨ ᠤ ᠷᠠᠳᠢᠣ᠋ ᠲᠧᠯᠸᠢᠰ ᠲᠣᠣᠷ ᠰᠦᠯᠵᠢᠶᠡᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠦᠷᠬᠦᠭᠦᠯᠬᠦ ᠬᠡᠪᠴᠢᠶ᠎ᠡ ᠶᠢ ᠥᠷᠭᠡᠳᠬᠡᠨ᠎ᠡ᠃ ︽ᠳᠦᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠦᠢ ᠮᠠᠨ ᠥᠨᠳᠥᠷ ᠬᠤᠷᠳᠤᠴᠠᠲᠤ ᠵᠠᠰᠠᠮᠠᠯ ᠵᠠᠮ ᠤᠨ ᠬᠤᠰᠢᠭᠤᠨ ᠤ ᠬᠢᠯᠢ ᠳᠣᠲᠣᠷᠠᠬᠢ ᠭᠤᠣᠯ ᠱᠤᠭᠤᠮ ᠵᠢᠴᠢ ᠳᠠᠭᠠᠯᠳᠤᠭᠤᠯᠤᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠳᠡᠮᠵᠢᠨ᠎ᠡ᠃     ᠬᠤᠲᠠ ᠪᠠᠯᠭᠠᠰᠤᠨ ᠤ ᠴᠢᠳᠠᠪᠬᠢ ᠦᠢᠯᠡᠳᠦᠯ ᠢ ᠪᠦᠷᠢᠨ ᠲᠡᠭᠦᠯᠳᠡᠷᠵᠢᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠲᠠᠢ ᠲᠠᠯ᠎ᠠ ᠶᠢ ᠨᠥᠬᠦᠪᠦᠷᠢᠯᠡᠬᠦ  ᠪᠠᠷ ᠭᠤᠣᠯᠳᠠᠯᠭ᠎ᠠ ᠪᠣᠯᠭᠠᠵᠤ᠂ ᠬᠤᠲᠠ ᠪᠠᠯᠭᠠᠰᠤᠨ ᠤ ᠴᠢᠳᠠᠪᠬᠢ ᠦᠢᠯᠡᠳᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠴᠢᠨᠠᠷ ᠳᠡᠰ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ 3380 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠠᠮᠤᠭᠤᠯᠠᠩ ᠪᠠᠯᠭᠠᠰᠤᠨ ᠤ ᠨᠤᠭᠤ ᠭᠠᠵᠠᠷ ᠤᠨ ᠴᠡᠴᠡᠷᠯᠢᠭ ᠪᠣᠯᠣᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ᠨᠣᠭᠤᠭᠠᠷᠠᠯᠲᠠ ᠶᠢᠨ ᠨᠤᠷᠮ᠎ᠠ ᠶᠢ 35% ᠳᠤ ᠬᠦᠷᠭᠡᠨ᠎ᠡ᠂ ᠠᠮᠤᠭᠤᠯᠠᠩ ᠪᠠᠯᠭᠠᠰᠤᠨ ᠤ ᠪᠤᠵᠠᠷ ᠤᠰᠤ ᠶᠢ ᠰᠢᠢᠳᠪᠦᠷᠢᠯᠡᠵᠦ ᠠᠷᠢᠭᠤᠳᠬᠠᠵᠤ ᠶᠡᠷᠦᠩᠬᠡᠶᠢᠯᠡᠨ ᠠᠰᠢᠭᠯᠠᠬᠤ ᠲᠥᠬᠦᠭᠡᠷᠦᠮᠵᠢ ᠶᠢᠨ ᠤᠷ᠎ᠠ ᠮᠡᠷᠭᠡᠵᠢᠯ ᠢ ᠰᠠᠶᠢᠵᠢᠷᠠᠭᠤᠯᠬᠤ ᠢᠨᠵᠧᠨᠧᠷᠢᠩ ᠢ ᠪᠠᠶᠢᠭᠤᠯᠵᠤ᠂ ᠠᠮᠢᠳᠤᠷᠠᠯ ᠤᠨ ᠣᠷᠴᠢᠨ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠤᠨ᠎ᠠ᠃ 8500 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠱᠧᠩ ᠱᠦᠢ ᠰᠢᠨ ᠴᠧᠩ᠂ ᠸᠠᠨ ᠾᠸᠧ ᠱᠾ ᠵᠢᠶ᠋ᠨ᠂ ᠺᠠᠢ ᠰᠢᠤᠸᠠᠨ ᠴᠧᠩ ᠰᠠᠭᠤᠭᠠᠯᠢ ᠲᠣᠭᠤᠷᠢᠭ᠂ ᠶᠡᠷᠦᠩᠬᠡᠶᠢᠯᠡᠭᠰᠡᠨ ᠬᠤᠳᠠᠯᠳᠤᠭᠠᠨ ᠤ ᠶᠠᠪᠤᠳᠠᠯ ᠤᠨ ᠪᠠᠭᠤᠳᠠᠯ ᠤᠨ ᠴᠢᠨᠠᠷ ᠰᠠᠶᠢᠲᠠᠢ ᠲᠥᠷᠥᠯ ᠵᠦᠢᠯ ᠢ ᠨᠡᠭᠡᠭᠡᠨ ᠪᠠᠶᠢᠭᠤᠯᠵᠤ᠂ ᠬᠤᠲᠠ ᠪᠠᠯᠭᠠᠰᠤᠨ ᠤ ᠳᠠᠭᠠᠭᠠᠴᠠ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠷᠣᠨ ᠤ ᠳᠡᠰ ᠤᠨ ᠪᠣᠯᠪᠠᠰᠤᠨ ᠬᠤᠰᠢᠭᠤ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠱᠠᠭᠠᠷᠳᠠᠯᠭ᠎ᠠ ᠶᠢᠨ ᠪᠠᠷᠢᠮᠵᠢᠶ᠎ᠠ ᠪᠠᠷ ᠭᠤᠣᠯᠳᠠᠯᠭᠠᠲᠤ ᠬᠡᠪᠴᠢᠶᠡᠨ ᠳᠠᠬᠢ ᠵᠠᠮ ᠬᠠᠷᠢᠯᠴᠠᠭᠠᠨ ᠤ ᠡᠮᠬᠢ ᠲᠢᠭᠯᠢᠮ᠂ ᠪᠠᠯᠭᠠᠰᠤᠨ ᠤ ᠳᠦᠷᠢ ᠲᠥᠷᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠬᠤ ᠵᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ ᠬᠤᠲᠠ ᠪᠠᠯᠭᠠᠰᠤᠨ  ᠤ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠪᠣᠯᠣᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠨ᠎ᠠ᠃     ︵ᠨᠠᠢᠮᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠤ ᠠᠬᠤᠢ ᠠᠮᠢ ᠠᠬᠤᠢ ᠶᠢᠨ ᠪᠠᠶᠢᠭᠤᠯᠤᠯ ᠤᠨ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ ︽ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠦᠭᠡᠢ ᠨᠡᠪᠲᠡᠷᠡᠭᠦᠯᠬᠦ︾ ᠠᠵᠢᠯ ᠤᠨ ᠱᠠᠭᠠᠷᠳᠠᠯᠭ᠎ᠠ  ᠪᠠᠷ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠲᠠᠲᠠᠬᠤ ᠬᠦᠴᠦᠨ ᠢ ᠲᠥᠪᠯᠡᠷᠡᠭᠦᠯᠦᠨ᠂ ᠬᠥᠭᠵᠢᠯᠲᠡ  ᠶᠢᠨ ᠬᠥᠳᠡᠯᠭᠡᠬᠦ ᠬᠦᠴᠦᠨ ᠢ ᠪᠠᠳᠠᠷᠠᠭᠤᠯᠤᠨ᠎ᠠ᠃ ᠭᠤᠣᠯᠳᠠᠯᠭᠠᠲᠤ ᠬᠡᠪᠴᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠡᠭᠡᠳᠦ ᠱᠠᠲᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠵᠢᠯ ᠤᠨ ᠡᠭᠦᠷᠭᠡ ᠪᠠᠨ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ  ᠤ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠳ ᠡᠮᠬᠢ ᠵᠢᠷᠤᠮ ᠲᠠᠢ ᠰᠢᠯᠵᠢᠵᠦ᠂ ᠵᠠᠰᠠᠭ ᠤᠨ ᠣᠷᠳᠣᠨ ᠤ ᠠᠵᠢᠯ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠨ᠎ᠠ᠃ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠶᠡᠬᠡᠪᠡᠷ ᠬᠥᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ︽ᠬᠤᠶᠠᠷ ᠢ ᠰᠤᠭᠤᠴᠢᠵᠤ ᠨᠢᠭᠡ ᠶᠢ ᠢᠯᠠ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠭᠦᠯᠬᠦ ᠦᠢᠯᠡᠴᠢᠯᠡᠭᠡᠨ ᠤ ᠴᠢᠳᠠᠪᠬᠢ ᠶᠢ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠬᠡᠨ ᠬᠠᠮᠲᠤ ᠪᠠᠷ ᠡᠳ᠋ᠯᠡᠭᠦᠯᠵᠦ᠂ ᠱᠠᠲᠤ ᠳᠠᠪᠬᠤᠷᠭ᠎ᠠ᠂ ᠶᠠᠪᠤᠴᠠ᠂ ᠴᠠᠭ ᠬᠤᠭᠤᠴᠠᠭ᠎ᠠ ᠶᠢ ᠪᠠᠭᠠᠰᠬᠠᠵᠤ᠂ ᠠᠵᠢᠯ ᠰᠢᠢᠳᠪᠦᠷᠢᠯᠡᠵᠦ ᠦᠢᠯᠡᠰ ᠪᠣᠰᠬᠠᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠯᠠᠨ ᠲᠦᠮᠡᠨ ᠪᠣᠯᠣᠨ ᠠᠵᠤ ᠠᠬᠤᠶᠢᠯᠠᠯ ᠳᠤ  ᠳᠥᠭᠦᠮ ᠦᠵᠡᠭᠦᠯᠵᠦ᠂ ᠠᠵᠢᠯ ᠢᠶᠠᠨ ᠭᠦᠢᠴᠡᠳᠬᠡᠨ ᠰᠢᠢᠳᠪᠦᠷᠢᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃     ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠬᠡᠪᠰᠢᠭᠦᠯᠦᠨ ᠠᠬᠢᠭᠤᠯᠵᠤ᠂ ᠬᠤᠳᠠᠯᠳᠤᠭᠠᠨ ᠤ ᠶᠠᠪᠤᠳᠠᠯ ᠤᠨ ᠳᠠᠩᠰᠠᠯᠠᠨ ᠲᠡᠮᠳᠡᠭᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠲᠣᠳᠣᠷᠬᠠᠢ ᠳᠠᠩᠰᠠ ᠶᠢᠨ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ  ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣ ᠡᠷᠬᠡ ᠲᠡᠭᠰᠢ ᠪᠠᠷ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠠᠴᠠ ᠭᠠᠳᠠᠨᠠᠬᠢ ᠠᠵᠢᠯ ᠲᠥᠷᠥᠯ᠂ ᠬᠦᠷᠢᠶ᠎ᠡ ᠬᠡᠪᠴᠢᠶᠡᠨ ᠳᠤ ᠣᠷᠣᠬᠤ ᠶᠢ ᠪᠠᠲᠤᠯᠠᠨ᠎ᠠ᠃ ᠳᠡᠭᠡᠳᠦ ᠱᠠᠲᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ  ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠶᠢᠩᠭᠤᠵᠢᠭᠰᠠᠨ ᠨᠠᠷᠢᠨ ᠣᠨᠣᠪᠴᠢᠲᠠᠢ ᠠᠪᠴᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ᠂ ᠪᠡᠯᠡ ᠬᠤᠷᠠᠮᠳᠤᠭᠤᠯᠭ᠎ᠠ᠂ ᠬᠡᠯᠪᠡᠷᠢ ᠪᠠᠨ ᠬᠤᠪᠢᠷᠠᠭᠤᠯᠬᠤ ᠳᠤ ᠲᠤᠯᠭᠠᠷᠠᠭᠰᠠᠨ ᠬᠦᠴᠢᠷᠳᠡᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠨ ᠥᠭᠴᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠶᠢ ᠬᠥᠪᠴᠢᠯᠡᠨ᠎ᠡ᠃     ︵ᠶᠢᠰᠦ︶ ᠠᠷᠠᠳ ᠤᠨ ᠠᠮᠢᠳᠤᠷᠠᠯ ᠢ ᠪᠠᠲᠤᠯᠠᠬᠤ ᠪᠠᠷ ᠦᠨᠳᠦᠰᠦ ᠪᠣᠯᠭᠠᠵᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠪᠠᠲᠤᠲᠠᠢ ᠲᠦᠯᠬᠢᠨ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠬᠤᠷᠢᠭ᠎ᠠ ᠬᠢᠵᠠᠭᠠᠷ ᠢ ᠪᠠᠲᠤ ᠰᠠᠬᠢᠵᠤ᠂ ᠥᠷᠭᠡᠨ ᠣᠯᠠᠨ ᠲᠦᠮᠡᠨ ᠤ ᠬᠦᠷᠲᠡᠮᠵᠢ᠂ ᠵᠣᠯ ᠵᠢᠷᠭᠠᠯ᠂ ᠠᠮᠤᠷ ᠲᠦᠪᠰᠢᠨ  ᠤ ᠬᠠᠨᠤᠮᠵᠢ ᠶᠢ ᠤᠯᠠᠮ ᠨᠢᠭᠡ ᠠᠯᠬᠤᠮ ᠴᠢᠩᠭᠠᠳᠬᠠᠨ᠎ᠠ᠃     ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠪᠠᠲᠤᠯᠠᠨ᠎ᠠ᠃ ᠦᠢᠯᠡᠰ ᠪᠣᠰᠬᠠᠵᠤ ᠠᠵᠢᠯ ᠣᠯᠭᠤᠬᠤ ᠶᠢ ᠶᠡᠬᠡᠪᠡᠷ ᠠᠬᠢᠭᠤᠯᠵᠤ᠂ ᠮᠡᠷᠭᠡᠵᠢᠯ ᠪᠣᠯᠪᠠᠰᠤᠷᠠᠯ ᠪᠠ ᠪᠠᠲᠤᠯᠠᠭᠠᠲᠤ ᠵᠢᠭᠡᠯᠡᠯᠭᠡ ᠪᠠᠷ ᠲᠡᠳᠬᠦᠬᠦ ᠬᠦᠴᠦᠯᠡᠴᠡ ᠪᠠᠨ ᠴᠢᠩᠭᠠᠳᠬᠠᠵᠤ᠂ ᠠᠮᠤᠭᠤᠯᠠᠩ ᠪᠠᠯᠭᠠᠰᠤᠨ ᠤ ᠦᠢᠯᠡᠰ ᠪᠣᠰᠬᠠᠬᠤ ᠬᠦᠷᠢᠶᠡᠯᠡᠩ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠦᠢᠯᠡᠰ ᠪᠣᠰᠬᠠᠵᠤ ᠠᠵᠢᠯ ᠣᠯᠭᠤᠬᠤ ᠢᠨᠲ᠋ᠧᠷ ᠰᠦᠯᠵᠢᠶᠡᠨ ᠤ ᠰᠢᠭᠤᠳ ᠦᠢᠯᠡᠴᠢᠯᠡᠭᠡᠨ  ᠤ ᠠᠵᠢᠯ ᠢ ᠦᠨᠡᠨ ᠬᠦ ᠰᠠᠶᠢᠲᠤᠷ ᠬᠢᠵᠦ᠂ ᠭᠤᠣᠯᠳᠠᠯᠭ᠎ᠠ ᠲᠠᠢ ᠬᠥᠮᠥᠰ ᠤᠨ ᠦᠢᠯᠡᠰ ᠪᠣᠰᠬᠠᠵᠤ ᠠᠵᠢᠯ ᠣᠯᠭᠤᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠳᠣᠲᠣᠷ᠎ᠠ ᠬᠢᠵᠠᠭᠠᠷᠯᠠᠨ᠎ᠠ᠃ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠬᠥᠯᠥᠰᠦᠨ ᠠᠵᠢᠯᠴᠢᠨ ᠤ ᠬᠥᠯᠥᠰᠦ ᠣᠯᠭᠤᠮᠵᠢ ᠶᠢ ᠦᠨᠡᠨᠬᠦ ᠪᠠᠲᠤᠯᠠᠨ᠎ᠠ᠃ ᠪᠦᠬᠦ ᠠᠷᠠᠳ ᠢ ᠳᠠᠭᠠᠳᠬᠠᠯ ᠳᠤ ᠣᠷᠣᠯᠴᠠᠭᠤᠯᠬᠤ ᠲᠥᠯᠥᠪᠯᠡᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢ ᠥᠷᠭᠡᠳᠬᠡᠨ᠎ᠡ᠃ ᠨᠡᠶᠢᠭᠡᠮ ᠤᠨ ᠲᠤᠰᠠᠯᠠᠮᠵᠢ᠂ ᠨᠡᠶᠢᠭᠡᠮ ᠤᠨ ᠨᠠᠰᠤᠲᠠᠳ ᠢ ᠠᠰᠠᠷᠠᠬᠤ ᠦᠢᠯᠡᠴᠢᠯᠡᠭᠡ ᠶᠢᠨ ᠰᠢᠰᠲ᠋ᠧᠮ ᠢ ᠪᠦᠷᠢᠨ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ᠂ ᠲᠤᠰᠠᠯᠠᠮᠵᠢ ᠶᠢᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠡᠮᠳᠡᠭᠴᠦᠳ᠂ ᠨᠠᠰᠤᠲᠠᠶᠢᠴᠤᠳ᠂ ᠡᠮᠡᠭᠲᠡᠶᠢᠴᠦᠳ᠂ ᠬᠡᠦᠬᠡᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠬᠠᠮᠤᠭ ᠬᠦᠴᠦᠨ ᠢᠶᠠᠷ ᠬᠠᠮᠠᠭᠠᠯᠠᠨ᠎ᠠ᠃     ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠰᠤᠷᠭᠠᠨ ᠬᠥᠮᠥᠵᠢᠯ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠰᠠᠶᠢᠵᠢᠷᠠᠭᠤᠯᠵᠤ᠂ 1030 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠡᠷᠭᠡ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠨ ᠬᠥᠮᠥᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ︽ᠰᠢᠯᠢᠳᠡᠭ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ︾ ᠠᠵᠢᠯᠯᠠᠭᠠᠨ ᠢ ᠡᠬᠢᠯᠡᠨ ᠬᠡᠷᠡᠭᠵᠢᠭᠦᠯᠵᠦ᠂ ᠵᠢᠵᠢᠭ ᠡᠮ ᠤᠨ ᠬᠠᠶᠢᠷᠴᠠᠭ ᠤᠨ ᠮᠡᠳᠡᠭᠡ ᠵᠠᠩᠬᠢᠵᠢᠯᠲᠡ ᠶᠢ ᠳᠡᠭᠡᠭᠰᠢᠯᠡᠭᠦᠯᠬᠦ ᠲᠤᠷᠰᠢᠯᠲᠠ ᠶᠢᠨ ᠴᠢᠭ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ︽ᠭᠤᠷᠪᠠᠨ ᠱᠠᠲᠤᠨ ᠤ ᠡᠮᠴᠢ︾ ᠬᠠᠮᠲᠤᠷᠠᠯᠴᠠᠨ ᠠᠵᠢᠯᠯᠠᠬᠤ ᠶᠢ ᠠᠬᠢᠭᠤᠯᠵᠤ᠂ ᠡᠮ ᠡᠮᠴᠢᠯᠡᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠣᠶᠣᠯ ᠲᠠᠮᠢᠷ  ᠤᠨ ᠠᠵᠢᠯ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 2010 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠠᠵᠢᠯᠲᠠᠳ ᠤᠨ ᠰᠣᠶᠣᠯ ᠲᠠᠮᠢᠷ᠂ ᠦᠨᠳᠦᠰᠦᠲᠡᠨ ᠤ ᠤᠷᠠᠯᠢᠭ ᠤᠷᠠᠨ ᠰᠠᠶᠢᠬᠠᠨ ᠤ ᠲᠣᠭᠯᠠᠯᠲᠠ ᠶᠢᠨ ᠬᠥᠳᠡᠯᠭᠡᠭᠡᠨ ᠤ ᠲᠥᠪ ᠪᠠᠶᠢᠭᠤᠯᠤᠨ᠎ᠠ᠃ ᠰᠣᠶᠣᠯ ᠲᠠᠮᠢᠷ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠤᠭᠲᠤᠬᠤ ᠳᠤ ᠥᠷᠨᠢᠭᠦᠯᠦᠭᠰᠡᠨ ᠰᠢᠷᠢᠰ ᠰᠣᠶᠣᠯ ᠲᠠᠮᠢᠷ ᠤᠨ ᠬᠥᠳᠡᠯᠭᠡᠭᠡᠨ ᠲᠠᠢ ᠨᠢᠭᠲᠠ ᠤᠶᠠᠯᠳᠤᠭᠤᠯᠵᠤ᠂ ᠥᠷᠭᠡᠨ ᠣᠯᠠᠨ ᠲᠦᠮᠡᠨ ᠤ ᠣᠶᠤᠨ ᠤ ᠪᠣᠯᠪᠠᠰᠤᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠲᠤᠭ᠎ᠠ ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠪᠦᠷᠢᠳᠬᠡᠵᠦ ᠬᠡᠷᠡᠭᠵᠢᠭᠦᠯᠬᠦ ᠶᠢ ᠴᠢᠩᠭᠠᠳᠬᠠᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃     ᠨᠡᠶᠢᠭᠡᠮ ᠤᠨ ᠲᠣᠭᠲᠠᠭᠤᠨ ᠢ ᠦᠨᠡᠨᠬᠦ ᠬᠠᠮᠠᠭᠠᠯᠠᠨ᠎ᠠ᠃ ︽ᠠᠮᠤᠷ ᠲᠦᠪᠰᠢᠨ᠂ ᠬᠠᠤᠯᠢ ᠪᠠᠷ ᠵᠠᠰᠠᠬᠤ᠂ ᠡᠶ᠎ᠡ ᠵᠣᠬᠢᠴᠠᠩᠭᠤᠢ︾ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠰᠦᠷ ᠬᠦᠴᠦᠨ ᠢ ᠦᠷᠭᠦᠯᠵᠢᠯᠡᠨ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠣᠯᠠᠨ ᠲᠦᠮᠡᠨ ᠤ ᠠᠮᠤᠷ ᠲᠦᠪᠰᠢᠨ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠪᠠᠲᠤᠲᠠᠢ ᠰᠠᠶᠢᠲᠤᠷ ᠬᠢᠵᠦ᠂ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠶᠢ ᠪᠣᠢ ᠪᠣᠯᠭᠠᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ︽ᠳᠥᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠵᠣᠭᠰᠣᠭᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠦᠷᠢᠮᠵᠢᠭᠦᠯᠦᠨ ᠬᠠᠮᠢᠶᠠᠷᠴᠤ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ᠂ ᠳᠠᠶᠢᠴᠢᠯᠠᠯᠲᠠ ᠪᠡᠯᠡᠳᠬᠡᠯ ᠬᠦᠴᠦᠨ ᠤ ᠪᠠᠶᠢᠭᠤᠯᠤᠯᠲᠠ ᠬᠢᠭᠡᠳ ᠬᠤᠶᠠᠷ ᠢ ᠬᠦᠷᠢᠶᠡᠯᠡᠵᠦ ᠬᠠᠮᠲᠦᠪᠡᠷ ᠪᠠᠶᠢᠭᠤᠯᠬᠤ᠂ ᠬᠢᠯᠢ ᠶᠢᠨ ᠬᠠᠮᠠᠭᠠᠯᠠᠯᠲᠠ ᠵᠡᠷᠭᠡ ᠠᠵᠢᠯ ᠢ ᠴᠢᠩᠭᠠᠳᠬᠠᠵᠤ᠂ ᠴᠡᠷᠢᠭ ᠠᠷᠠᠳ ᠤᠨ ᠬᠠᠷᠢᠴᠠᠭ᠎ᠠ ᠶᠢ ᠠᠭᠤᠰᠤᠯᠴᠠᠭᠤᠯᠤᠨ ᠬᠥᠭᠵᠢᠭᠦᠯᠦᠨ᠎ᠡ᠃     ︵ᠠᠷᠪᠠ︶ ᠲᠤᠰᠢᠶᠠᠯ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ᠎ᠠ᠃ ᠰᠢᠨ᠎ᠡ ᠪᠠᠶᠢᠳᠠᠯ᠂ ᠰᠢᠨ᠎ᠡ ᠡᠭᠦᠷᠭᠡ ᠨᠢ ᠵᠠᠰᠠᠭ ᠤᠨ ᠣᠷᠳᠣᠨ ᠤ ᠠᠵᠢᠯ ᠳᠤ ᠰᠢᠨ᠎ᠡ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠪᠢᠳᠠ ᠡᠷᠬᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠬᠤ ᠬᠠᠳᠠᠨ ᠵᠣᠷᠢᠭ ᠬᠠᠷᠢᠭᠤᠴᠠᠯᠭᠠᠲᠤ ᠣᠪᠣᠷ ᠢᠶᠠᠷ ᠠᠷᠠᠳ ᠲᠦᠮᠡᠨ ᠤ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠡᠭᠦᠳᠦᠨ᠎ᠡ᠃     ᠤᠯᠤᠰ ᠲᠥᠷᠥ ᠶᠢᠨ ᠴᠢᠭᠯᠡᠯᠲᠡ ᠪᠠᠨ ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠬᠡᠷᠡᠭᠵᠢᠭᠦᠯᠵᠦ᠂ ︽ᠳᠥᠷᠪᠡᠨ ᠤᠬᠠᠮᠰᠠᠷ︾ ᠪᠠᠨ ᠴᠢᠩᠭᠠᠳᠬᠠᠵᠤ᠂ ︽ᠳᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠷ᠎ᠡ ᠲᠥᠷᠥ ᠶᠢ ᠦᠯᠦ ᠬᠥᠭᠡᠭᠡᠴᠡᠯᠳᠦᠵᠦ᠂ ᠲᠤᠬᠠᠶᠢᠯᠠᠭᠰᠠᠨ ᠠᠵᠢᠯ ᠳᠠᠭᠠᠨ ᠵᠢᠳᠬᠦᠯ ᠦᠵᠡᠭᠦᠯᠵᠦ᠂ ᠠᠮᠵᠢᠯᠲᠠ ᠪᠦᠲᠦᠭᠡᠯ ᠭᠠᠷᠭᠠᠬᠤ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠡᠯ᠎ᠡ ᠲᠥᠷᠥᠯ ᠤᠨ ᠭᠤᠣᠯᠳᠠᠯᠭᠠᠲᠤ ᠠᠵᠢᠯ ᠢᠶᠠᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃     ᠬᠠᠤᠯᠢ ᠶᠣᠰᠣᠭᠠᠷ ᠴᠢᠩᠭ᠎ᠠ ᠵᠠᠰᠠᠭ ᠶᠠᠪᠤᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ ᠪᠣᠯᠣᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠲᠠᠯ᠎ᠠ ᠶᠢᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠣᠨ ᠡᠷᠬᠡ ᠬᠦᠴᠦᠨ ᠢ ᠲᠣᠳᠣ ᠪᠣᠯᠭᠠᠵᠤ᠂ ᠵᠠᠰᠠᠭ ᠤᠨ ᠣᠷᠳᠣᠨ ᠤ ᠦᠢᠯᠡ ᠠᠵᠢᠯᠯᠠᠭ᠎ᠠ ᠶᠢ ᠬᠠᠤᠯᠢ ᠴᠠᠭᠠᠵᠠ ᠪᠠᠷ ᠬᠢᠵᠠᠭᠠᠷᠯᠠᠨ ᠳᠦᠷᠢᠮᠵᠢᠭᠦᠯᠵᠦ᠂ ᠡᠷᠬᠡ ᠶᠢ ᠢᠯᠠ ᠪᠣᠯᠭᠠᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ  ᠶᠢᠨ ᠥᠭᠡᠷᠡᠴᠢᠯᠡᠯᠲᠡ ᠶᠢᠨ ᠰᠢᠨ᠎ᠡ ᠪᠠᠶᠢᠳᠠᠯ ᠢ ᠴᠢᠩᠭ᠎ᠠ ᠠᠳᠬᠤᠵᠤ᠂ ᠰᠢᠨ᠎ᠡ ᠬᠠᠷᠢᠭᠤᠴᠠᠯᠭ᠎ᠠ᠂ ᠰᠢᠨ᠎ᠡ ᠠᠮᠵᠢᠯᠲᠠ ᠪᠠᠷ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠬᠢᠴᠢᠶᠡᠩᠭᠦᠶᠢᠯᠡᠨ ᠴᠢᠷᠮᠠᠶᠢᠵᠤ ᠥᠨᠳᠥᠷ ᠪᠦᠲᠦᠮᠵᠢ ᠶᠢ ᠪᠠᠲᠤᠯᠠᠨ᠎ᠠ᠃ ᠪᠦᠬᠦ ᠬᠤᠰᠢᠭᠤᠨ ᠤ ᠬᠥᠭᠵᠢᠯᠲᠡ ᠪᠠᠨ ᠲᠦᠷᠭᠡᠳᠬᠡᠬᠦ ᠪᠣᠳᠠᠲᠤ ᠪᠠᠶᠢᠳᠠᠯ ᠠᠴᠠ ᠡᠭᠦᠰᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠵᠤ᠂ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ ᠳᠤ ᠠᠰᠢᠭᠲᠠᠢ ᠪᠣᠯ ᠵᠣᠷᠢᠭᠲᠠᠢ ᠪᠠᠷ ᠲᠤᠷᠰᠢᠨ ᠠᠵᠢᠯᠯᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ ᠬᠡᠯᠡᠪᠡᠰᠦ ᠢᠲᠡᠭᠡᠭᠦᠰᠢᠲᠡᠢ ᠬᠢᠪᠡᠰᠦ ᠪᠦᠲᠦᠮᠵᠢᠲᠡᠢ ᠪᠠᠶᠢᠵᠤ᠂ ᠨᠡᠶᠢᠲᠡ ᠣᠯᠠᠨ ᠤ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠬᠦᠴᠢᠷ ᠪᠡᠷᠬᠡᠰᠢᠶᠡᠯ ᠢ ᠲᠡᠰᠪᠦᠷᠢᠯᠡᠨ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠣᠷᠳᠣᠨ ᠤ ᠠᠵᠢᠯ ᠤᠨ ᠬᠤᠷᠳᠤᠴᠠ᠂ ᠴᠢᠨᠰᠠᠭ᠎ᠠ᠂ ᠪᠦᠲᠦᠮᠵᠢ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃     ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠪᠣᠯᠣᠨ ᠬᠡᠪ ᠰᠤᠷᠲᠠᠯ ᠢ ᠰᠠᠶᠢᠵᠢᠷᠠᠭᠤᠯᠬᠤ ᠡᠯ᠎ᠡ ᠲᠥᠷᠥᠯ  ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢ ᠳᠡᠭᠡᠭᠰᠢᠯᠡᠭᠦᠯᠵᠦ᠂ ᠦᠭᠡ ᠶᠠᠷᠢᠶ᠎ᠠ ᠦᠢᠯᠡ ᠠᠵᠢᠯᠯᠠᠭ᠎ᠠ  ᠪᠠᠨ ᠬᠢᠴᠢᠶᠡᠩᠭᠦᠶᠢᠯᠡᠨ ᠠᠩᠬᠠᠷᠴᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠵᠠᠰᠠᠭ ᠵᠠᠬᠢᠷᠭᠠᠨ ᠤ ᠬᠠᠷᠢᠭᠤᠴᠠᠯᠭ᠎ᠠ ᠲᠤᠯᠭᠠᠬᠤ ᠪᠣᠯᠣᠨ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠪᠡᠯᠡ ᠮᠥᠩᠭᠦ  ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ᠃ ᠠᠷᠪᠢᠯᠠᠵᠤ ᠭᠠᠮᠨᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠣᠢ ᠪᠣᠯᠭᠠᠵᠤ᠂ ᠲᠡᠰᠪᠦᠷᠢ ᠬᠠᠲᠠᠭᠤᠵᠢᠯᠲᠠᠢ᠂ ᠠᠵᠢᠯᠴᠢ ᠠᠷᠪᠢᠴᠢ ᠰᠤᠷᠲᠠᠯ ᠢ ᠪᠠᠷᠢᠮᠲᠠᠯᠠᠵᠤ᠂ ᠬᠢᠵᠠᠭᠠᠷ ᠲᠠᠢ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠢ ᠪᠠᠲᠤᠯᠠᠬᠤ ᠪᠠ ᠬᠥᠭᠵᠢᠯᠲᠡ ᠶᠢ ᠪᠠᠲᠤᠯᠠᠬᠤ ᠳᠤ ᠬᠡᠷᠡᠭᠯᠡᠨ᠎ᠡ᠃ ᠺᠠᠳ᠋ᠷᠴᠤᠳ ᠲᠥᠪ ᠭᠤᠣᠯᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠥᠷᠥ ᠢᠯᠠ ᠲᠣᠳᠣ ᠪᠠᠶᠢᠬᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠦᠷᠢᠯᠳᠦᠭᠦᠯᠦᠨ᠎ᠡ᠃     ᠲᠥᠯᠥᠭᠡᠯᠡᠭᠴᠢᠳ ᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠪᠣᠯ ᠮᠠᠨ ᠤ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠣᠷᠣᠨ ᠤ ᠡᠯ᠎ᠡ ᠦᠨᠳᠦᠰᠦᠲᠡᠨ ᠨᠥᠬᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ 2018 ᠣᠨ ᠳᠤ ᠮᠠᠨ ᠤ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠᠲᠠᠢ ᠡᠭᠦᠳᠦᠨ ᠪᠠᠶᠢᠭᠤᠯᠪᠠ᠂ ᠡᠨᠡ ᠨᠢ ᠰᠢᠨ᠎ᠡ ᠪᠠᠷᠭᠤ ᠵᠡᠭᠦᠨ ᠬᠤᠰᠢᠭᠤᠨ ᠤ ᠡᠯ᠎ᠡ ᠦᠨᠳᠦᠰᠦᠲᠡᠨ ᠨᠥᠬᠦᠳ ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠨᠡᠩ ᠪᠠᠲᠤ ᠨᠢᠭᠲᠠᠷᠠᠨ ᠪᠦᠯᠬᠦᠮᠳᠡᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠦᠢᠯᠡᠰ ᠤᠨ ᠲᠡᠦᠬᠡᠲᠦ ᠠᠮᠵᠢᠯᠲᠠ ᠶᠢ ᠬᠠᠮᠲᠤ ᠪᠠᠷ ᠣᠯᠵᠤ᠂ ᠪᠢᠳᠠ ᠮᠥᠨ ᠡᠭᠦᠨ ᠢᠶᠠᠷ ᠠᠵᠠ ᠲᠣᠬᠢᠶᠠᠯ ᠪᠣᠯᠭᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢᠶᠠᠨ ᠤᠯᠠᠮ ᠨᠢᠭᠡ ᠠᠯᠬᠤᠮ ᠭᠦᠨᠵᠡᠭᠡᠢ ᠲᠦᠯᠬᠢᠨ ᠠᠬᠢᠭᠤᠯᠵᠤ᠂ ᠰᠢᠨ᠎ᠡ ᠪᠠᠷᠭᠤ ᠵᠡᠭᠦᠨ ᠬᠤᠰᠢᠭᠤ ᠪᠠᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠪᠣᠯᠭᠠᠨ ᠪᠠᠶᠢᠭᠤᠯᠤᠶ᠎ᠠ᠃     ᠲᠥᠯᠥᠭᠡᠯᠡᠭᠴᠢᠳ ᠡ᠂ ᠪᠣᠬᠢᠷᠲᠤᠯ ᠦᠭᠡᠢ ᠠᠮᠢ ᠠᠬᠤᠢ ᠪᠣᠯ ᠮᠠᠨ ᠤ ᠬᠠᠮᠤᠭ ᠤᠨ ᠶᠡᠭᠡ ᠥᠪ ᠬᠥᠷᠥᠩᠭᠡ ᠮᠥᠨ᠂ ᠬᠥᠭᠵᠢᠯᠲᠡ ᠶᠢ ᠲᠦᠷᠭᠡᠳᠬᠡᠬᠦ ᠪᠣᠯ ᠮᠠᠨ  ᠤ ᠦᠨᠳᠦᠰᠦᠨ ᠠᠷᠭ᠎ᠠ ᠵᠠᠮ ᠮᠥᠨ᠃ ᠪᠢᠳᠠ ᠠᠮᠢ ᠠᠬᠤᠢ ᠪᠠᠷ ᠲᠤᠯᠭᠠᠭᠤᠷᠢᠯᠠᠭᠴᠢ ᠪᠣᠯᠭᠠᠨ᠂ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠥᠭᠡᠷᠡᠴᠢᠯᠡᠯᠲᠡ ᠠᠴᠠ ᠦᠷ᠎ᠡ ᠪᠦᠲᠦᠮᠵᠢ ᠣᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠬᠥᠪᠴᠢᠯᠡᠨ ᠴᠢᠷᠮᠠᠶᠢᠨ ᠲᠡᠮᠡᠴᠡᠵᠦ ᠡᠷᠡᠰ ᠭᠤᠶᠢᠪᠢᠰᠢ ᠦᠭᠡᠢ ᠪᠠᠷ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠲᠠᠢ ᠪᠠᠨ ᠪᠦᠯᠬᠦᠮᠳᠡᠨ ᠲᠦᠰᠢᠭᠯᠡᠯᠴᠡᠵᠦ᠂ ᠠᠵᠤ ᠠᠬᠤᠢ ᠬᠥᠭᠵᠢᠭᠰᠡᠨ᠂ ᠦᠨᠳᠦᠰᠦᠲᠡᠨ ᠪᠦᠯᠬᠦᠮᠳᠡᠭᠰᠡᠨ᠂ ᠰᠣᠶᠣᠯ ᠴᠡᠴᠡᠭᠯᠡᠭᠰᠡᠨ᠂ ᠬᠢᠯᠢ ᠬᠢᠵᠠᠭᠠᠷ ᠠᠮᠤᠭᠤᠯᠠᠩ᠂ ᠠᠮᠢ ᠠᠬᠤᠢ ᠪᠣᠯᠪᠠᠰᠤᠨ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠵᠣᠯ ᠵᠢᠷᠭᠠᠯᠲᠤ ᠭᠡᠷ ᠣᠷᠣᠨ ᠢᠶᠠᠨ ᠪᠦᠲᠦᠭᠡᠨ ᠪᠠᠶᠢᠭᠤᠯᠬᠤ ᠶᠢᠨ ᠲᠥᠯᠥᠭᠡ ᠴᠤᠴᠠᠯᠲᠠ ᠦᠭᠡᠢ ᠴᠢᠷᠮᠠᠶᠢᠵᠤ ᠰᠢᠯᠢᠳᠡᠭ ᠬᠢᠷᠢ ᠪᠦᠲᠦᠮᠵᠢ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠨ ᠪᠡᠯᠭᠡᠯᠡᠶ᠎ᠡ︕
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ  ᠤ ᠠᠷᠠᠳ ᠤᠨ ᠵᠠᠰᠠᠭ ᠤᠨ ᠣᠷᠳᠣᠨ