ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠤᠷᠤᠨ ᠨᠤᠲᠤᠭ ᠤᠨ ᠴᠢᠨᠠᠷᠲᠠᠢ ᠤᠤᠭᠠᠨ | ᠬᠠᠤᠯᠢ ᠲᠦᠷᠢᠮ ᠤᠨ ᠲᠠᠪᠤᠨ ᠲᠤᠮᠤ ᠭᠢᠯᠠᠰ ᠴᠢᠭ ᠲᠠᠢ | | 12 ᠰᠠᠷ᠎ᠠ ᠶᠢᠨ 1 ᠤ ᠡᠲᠦᠷ ᠠᠴᠠ ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ ᠤ | ᠤᠷᠤᠨ ᠨᠤᠲᠤᠭ ᠤᠨ ᠴᠢᠨᠠᠷᠲᠠᠢ ᠤᠤᠭᠠᠨ ᠬᠠᠤᠯᠢ ᠲᠦᠷᠢᠮ ︽ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠦᠷᠢᠮ ᠲᠤᠭᠲᠠᠭᠠᠯ︾ ᠢ | ᠡᠬᠢᠯᠡᠨ ᠬᠡᠷᠡᠭᠵᠢᠬᠦᠯᠬᠦ ᠪᠤᠯᠤᠨ᠎ᠠ᠃ ᠡᠨᠡ ᠬᠦ ᠲᠦᠷᠮ ᠲᠤᠬᠲᠠᠭᠠᠯ ᠨᠢ ᠤᠯᠤᠰ ᠭᠡᠷ ᠬᠢᠭᠡᠳ ᠦᠪᠡᠷᠲᠡᠭᠡᠨ ᠵᠠᠰᠠᠬᠤ | ᠤᠷᠤᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠪᠠ ᠬᠠᠮᠤᠭ ᠤᠨ ᠰᠢᠨ᠎ᠡ ᠲᠦᠷᠦ ᠶᠢᠨ ᠪᠤᠲᠤᠯᠭ᠎ᠠ ᠶᠢᠨ | ᠬᠦᠲᠡᠯᠦᠰᠢ ᠯᠦᠭᠡ ᠨᠠᠷᠢᠯᠢᠭ ᠤᠨᠤᠴᠢᠲᠠᠢ ᠠᠮᠠ ᠰᠡᠭᠡᠷ ᠵᠤᠯᠭᠠᠯᠴᠠᠵᠤ᠂ ᠠᠰᠠᠭᠤᠲᠠᠯ ᠢᠶᠠᠷ ᠬᠦᠲᠦᠯᠪᠤᠷᠢ ᠪᠤᠯᠭᠠᠬᠤ᠂ | ᠬᠡᠷᠡᠭᠴᠡᠭᠡ ᠪᠠᠷ ᠬᠦᠲᠦᠯᠪᠦᠷᠢ ᠪᠤᠯᠭᠠᠬᠤ ᠶᠢ ᠪᠠᠷᠢᠮᠲᠠᠯᠠᠨ᠂ ᠬᠠᠮᠢᠶᠠᠷᠤᠯᠲᠠ ᠶᠢ ᠴᠢᠩᠭᠠᠳᠬᠠᠬᠤ᠂ ᠲᠦᠭᠰᠢᠬᠦᠷᠢ ᠶᠢ | ᠰᠡᠷᠭᠡᠶᠢᠯᠡᠬᠦ᠂ ᠬᠦᠭᠵᠢᠯᠲᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠨ᠂ ᠴᠢᠩᠭ᠎ᠠ ᠬᠠᠮᠢᠶᠠᠷᠤᠯᠲᠠ᠂ ᠰᠠᠶᠢᠨ | ᠬᠠᠮᠢᠶᠠᠷᠤᠯᠲᠠ᠂ ᠰᠢᠯᠢᠲᠡᠭ ᠬᠠᠮᠢᠶᠠᠷᠤᠯᠲᠠ ᠶᠢᠨ ᠤᠬᠠᠬᠲᠠᠬᠤᠨ ᠢ ᠪᠡᠶᠡᠴᠢᠯᠡᠬᠦᠯᠦᠭᠰᠡᠨ ᠪᠦᠭᠡᠳ ᠲᠦᠷᠢᠮ | ᠲᠤᠬᠲᠠᠭᠠᠯ ᠤᠨ ᠲᠦᠰᠦᠪᠯᠡᠯ ᠳᠤ ᠪᠠᠨ ᠰᠢᠰᠲ᠋ᠧᠮᠴᠢ ᠴᠢᠨᠠᠷ᠂ ᠴᠢᠭᠯᠡᠬᠦᠯᠲᠦ ᠴᠢᠨᠠᠷ ᠪᠠ ᠠᠵᠢᠯᠯᠠᠬᠤ ᠴᠢᠨᠠᠷ ᠢ | ᠲᠤᠪᠤᠶᠢᠯᠭᠠᠪᠠ᠂ ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠦᠨᠢ ᠤᠲᠠᠭᠠᠨ ᠠᠮᠤᠷ | ᠲᠦᠪᠰᠢᠨ ᠪᠠᠶᠢᠯᠭᠠᠬᠤ ᠴᠢᠬᠤᠯᠠ ᠶᠡᠭᠡ ᠰᠢᠪᠲᠤᠯᠤᠯᠲᠠ᠂ ᠦᠨᠲᠦᠰᠦᠨ ᠪᠠᠷᠢᠮᠲᠠᠯᠠᠯ᠂ ᠬᠠᠤᠯᠢ ᠲᠦᠷᠢᠮ ᠤᠨ | ᠪᠠᠳᠤᠯᠠᠭ᠎ᠠ ᠪᠤᠯᠬᠤ ᠶᠤᠮ᠃ | ︽ᠲᠦᠷᠢᠮ ᠲᠤᠬᠲᠠᠭᠠᠯ︾ ᠲᠠᠪᠤᠨ ᠲᠤᠮᠤ ᠭᠢᠯᠠᠰ ᠴᠢᠭ ᠲᠠᠢ᠄ ᠤᠷᠤᠨ ᠨᠤᠲᠤᠭ ᠤᠨ ᠮᠦᠩᠭᠦᠨ | ᠬᠦᠢᠯᠭᠡᠭᠡᠨ ᠤ ᠭᠤᠷᠪᠠᠨ ᠱᠠᠳᠤᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠡᠢ᠃ ᠤᠷᠤᠨ | ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠤᠬᠠᠢ ᠤᠯᠤᠰ ᠭᠡᠷ ᠠᠴᠠ ᠲᠤᠭᠲᠠᠭᠠᠬᠰᠠᠨ | ᠲᠤᠰᠢᠶᠠᠯ ᠬᠠᠷᠢᠭᠤᠴᠠᠯᠭ᠎ᠠ ᠶᠢ ᠰᠠᠶᠢᠳᠤᠷ ᠬᠡᠷᠡᠭᠵᠢᠬᠦᠯᠦᠨ ᠬᠦᠢᠴᠡᠳᠭᠡᠬᠦ ᠶᠢᠨ ᠲᠦᠯᠦᠭᠡ᠂ ︽ᠲᠦᠷᠢᠮ ᠲᠤᠬᠲᠠᠭᠠᠯ︾ | ᠳᠤ ᠡᠷᠬᠡ ᠬᠠᠷᠢᠭᠤᠴᠠᠯᠭ᠎ᠠ ᠶᠢ ᠨᠢᠭᠡᠲᠦᠯᠲᠡᠢ ᠪᠤᠯᠭᠠᠬᠤ᠂ ᠭᠤᠷᠪᠠᠨ ᠱᠠᠳᠤ ᠪᠠᠷ ᠬᠤᠯᠪᠤᠭᠠᠯᠠᠨ ᠬᠠᠮᠢᠶᠠᠷᠬᠤ ᠬᠢᠨᠠᠨ | ᠬᠠᠮᠢᠶᠠᠷᠤᠯᠲᠠ ᠶᠢᠨ ᠰᠢᠰᠲ᠋ᠧᠮ ᠪᠡ ᠨᠢᠭᠡᠲᠦᠯᠲᠡᠢ ᠲᠦᠯᠦᠪᠯᠡᠵᠦ ᠵᠤᠬᠢᠴᠠᠭᠤᠯᠬᠤ᠂ ᠠᠵᠢᠯ ᠤᠨ ᠬᠤᠪᠢᠶᠠᠷᠢ ᠪᠠᠷ | ᠬᠠᠪᠰᠤᠷᠤᠯᠴᠠᠬᠤ ᠬᠢᠨᠠᠨ ᠬᠠᠮᠢᠶᠠᠷᠤᠯᠲᠠ ᠶᠢᠨ ᠲᠤᠭᠲᠠᠴᠠ ᠶᠢ ᠲᠤᠲᠤᠷᠬᠠᠶᠢᠯᠠᠵᠠᠢ᠃ ︽ᠲᠦᠷᠢᠮ ᠲᠤᠬᠲᠠᠭᠠᠯ︾ ᠳᠤ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠮᠦᠩᠭᠦᠨ ᠬᠦᠢᠯᠭᠡᠭᠡᠨ ᠤ ᠠᠵᠢᠯ ᠤᠨ ᠬᠡᠷᠡᠭ | ᠵᠦᠪᠲᠡᠬᠦ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠪᠦᠷᠢᠨᠰᠢᠬᠦᠯᠬᠦ ᠪᠦᠭᠡᠳ ᠲᠦᠷᠦ ᠶᠢᠨ ᠶᠠᠪᠤᠲᠠᠯ ᠤᠨ | ᠬᠤᠷᠢᠶ᠎ᠠ ᠶᠢᠨ ᠮᠦᠩᠭᠦᠨ ᠬᠦᠢᠯᠭᠡᠭᠡᠨ ᠢ ᠲᠤᠭᠲᠠᠭᠤᠨ ᠬᠦᠭᠵᠢᠬᠦᠯᠬᠦ ᠵᠦᠪᠯᠡᠯ ᠤᠨ ᠠᠯᠪᠠᠨ ᠭᠡᠷ ᠤᠨ ᠤᠷᠤᠨ | ᠨᠤᠲᠤᠭ ᠤᠨ ᠵᠤᠬᠢᠴᠠᠭᠤᠯᠬᠤ ᠲᠤᠭᠲᠠᠴᠠ ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠪᠠ︔ ᠠᠶᠢᠮᠠᠭ ᠬᠤᠲᠠ᠂ | ᠬᠤᠰᠢᠭᠤ ᠰᠢᠶᠠᠨ ᠤ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠠᠵᠢᠯ ᠤᠨ ᠪᠠᠶᠢᠭᠤᠯᠤᠮᠵᠢ ᠳᠤ ᠬᠢᠨᠠᠨ | ᠬᠠᠮᠢᠶᠠᠷᠤᠯᠲᠠ ᠪᠠ ᠲᠦᠭᠰᠢᠬᠦᠷᠢ ᠶᠢ ᠰᠡᠷᠬᠡᠶᠢᠯᠡᠬᠦ ᠪᠡ ᠰᠢᠢᠳᠪᠦᠷᠢᠯᠡᠬᠦ ᠬᠠᠷᠢᠭᠤᠴᠠᠯᠭ᠎ᠠ ᠶᠢᠨ ᠡᠷᠬᠡ ᠤᠯᠭᠤᠪᠠ︔ | ᠪᠤᠰᠤᠳ ᠰᠠᠯᠠᠭ᠎ᠠ ᠮᠦᠴᠢᠷ ᠤᠨ ᠬᠢᠨ ᠲᠤᠰ ᠲᠤᠰ ᠤᠨ ᠬᠢᠨ ᠢᠶᠠᠨ ᠲᠤᠰᠢᠶᠠᠯ ᠬᠠᠷᠢᠭᠤᠴᠠᠯᠭ᠎ᠠ ᠶᠤᠰᠤᠭᠠᠷ ᠬᠠᠮᠢᠶ᠎ᠠ | ᠪᠦᠬᠦᠢ ᠠᠵᠢᠯ ᠢᠶᠠᠨ ᠰᠠᠶᠢᠳᠤᠷ ᠬᠢᠬᠦ ᠶᠢ ᠱᠠᠭᠠᠷᠲᠠᠵᠠᠢ᠃ | ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ | ᠵᠢᠷᠤᠮᠵᠢᠬᠰᠠᠨ ᠰᠢᠰᠲ᠋ᠧᠮ ᠢ ᠲᠤᠲᠤᠷᠬᠠᠢ ᠪᠤᠯᠭᠠᠵᠠᠢ᠃ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ | ᠬᠠᠮᠢᠶᠠᠷᠤᠯᠲᠠ ᠶᠢᠨ ᠲᠤᠬᠠᠢ ᠤᠯᠤᠰ ᠭᠡᠷ ᠤᠨ ᠲᠦᠭᠡᠮᠡᠯ ᠲᠦᠷᠢᠮᠯᠡᠯ ᠪᠠ ᠦᠪᠦᠷ ᠮᠤᠩᠭᠤᠯ ᠤᠨ ᠤᠷᠤᠨ ᠨᠤᠲᠤᠭ ᠤᠨ | ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠦᠢᠯᠡᠲᠦᠯᠭᠡ ᠶᠢᠨ ᠲᠤᠷᠰᠢᠯᠭ᠎ᠠ ᠪᠠᠷ ᠯᠠᠪᠯᠠᠯᠲᠠ ᠪᠤᠯᠭᠠᠵᠤ᠂ ︽ | ᠲᠦᠷᠢᠮ ᠲᠤᠬᠲᠠᠭᠠᠯ︾ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠳᠤ | ᠬᠤᠯᠪᠤᠬᠲᠠᠬᠰᠠᠨ ᠨᠡᠶᠢᠲᠡᠴᠢ ᠴᠢᠨᠠᠷ ᠤᠨ ᠠᠰᠠᠭᠤᠲᠠᠯ ᠠᠴᠠ ᠡᠬᠦᠰᠴᠦ᠂ ᠤᠷᠤᠨ ᠨᠤᠲᠤᠭ ᠤᠨ ᠮᠦᠩᠭᠦᠨ | ᠬᠦᠢᠯᠭᠡᠭᠡᠨ ᠤ ᠵᠤᠬᠢᠶᠠᠨ ᠪᠠᠶᠢᠭᠤᠯᠤᠯᠲᠠ ᠳᠤ ᠬᠠᠨᠳᠤᠭᠤᠯᠤᠬᠰᠠᠨ ᠪᠠᠶᠢᠭᠤᠯᠤᠮᠵᠢ ᠶᠢᠨ ᠬᠢᠨᠠᠨ ᠬᠠᠮᠢᠶᠠᠷᠤᠯᠲᠠ᠂ | ᠬᠦᠮᠦᠨ ᠬᠠᠷ᠎ᠠ ᠶᠢᠨ ᠬᠢᠨᠠᠨ ᠬᠠᠮᠢᠶᠠᠷᠤᠯᠲᠠ᠂ ᠦᠢᠯᠡ ᠠᠵᠢᠯᠯᠠᠭ᠎ᠠ ᠶᠢᠨ ᠬᠢᠨᠠᠨ ᠬᠠᠮᠢᠶᠠᠷᠤᠯᠲᠠ᠂ ᠲᠦᠷᠢᠮ ᠳᠤ | ᠨᠡᠶᠢᠴᠡᠬᠦ ᠬᠢᠨᠠᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠵᠢᠷᠤᠮᠵᠢᠭᠤᠨ ᠱᠠᠭᠠᠷᠲᠠᠯᠭ᠎ᠠ ᠶᠢ ᠲᠤᠲᠤᠷᠬᠠᠢ ᠪᠤᠯᠭᠠᠵᠤ᠂ | ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠶᠢ ᠡᠬᠢ ᠭᠠᠷᠤᠯ ᠳᠤ ᠨᠢ ᠪᠤᠴᠠᠭᠤᠯᠵᠤ᠂ | ᠭᠤᠤᠯ ᠠᠵᠢᠯ ᠲᠦᠷᠦᠯ ᠳᠡᠭᠡᠨ ᠠᠩᠬᠠᠷᠤᠯ ᠢᠶᠠᠨ ᠲᠦᠪᠯᠡᠷᠡᠬᠦᠯᠦᠨ᠂ ᠤᠷᠤᠨ ᠪᠠᠶᠢᠷᠢ ᠪᠠᠨ ᠨᠠᠷᠢᠯᠠᠭ ᠤᠨᠤᠴᠢᠲᠠᠢ | ᠤᠯᠤᠭᠤᠯᠬᠤ ᠶᠢᠨ ᠵᠡᠷᠭᠡᠲᠡ ᠦᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠤᠷᠤᠨ | ᠨᠤᠲᠤᠭ ᠤᠨ ᠮᠦᠩᠭᠦᠨ ᠬᠦᠢᠯᠭᠡᠭᠡᠨ ᠢ ᠬᠦᠲᠦᠯᠦᠨ ᠲᠠᠭᠠᠭᠤᠯᠵᠤ ᠪᠠᠶᠢᠭᠠᠳ ᠴᠢᠨᠠᠷ ᠰᠠᠶᠢᠲᠠᠢ ᠦᠢᠯᠡᠴᠢᠯᠡᠭᠡ ᠶᠢᠨ | ᠠᠵᠤ ᠠᠬᠤᠢ ᠶᠢᠨ ᠪᠤᠲᠠᠳᠤ ᠴᠤᠭᠴᠠ ᠪᠤᠯᠭᠠᠬᠤ ᠶᠢ ᠱᠠᠭᠠᠷᠲᠠᠪᠠ᠃ ᠤᠷᠤᠨ ᠨᠤᠲᠤᠭ ᠤᠨ ᠮᠦᠩᠭᠦᠨ ᠬᠦᠢᠯᠭᠡᠭᠡᠨ ᠤ | ᠲᠦᠭᠰᠢᠬᠦᠷᠢ ᠶᠢ ᠰᠡᠷᠬᠡᠶᠢᠯᠡᠬᠦ ᠬᠢᠭᠡᠳ ᠰᠢᠢᠳᠪᠦᠷᠢᠯᠡᠬᠦ ᠠᠵᠢᠯ ᠤᠨ ᠰᠢᠰᠲ᠋ᠧᠮ ᠢ ᠴᠢᠩᠭᠠᠷᠠᠭᠤᠯᠵᠠᠢ᠃ ᠮᠦᠩᠭᠦᠨ | ᠬᠦᠢᠯᠭᠡᠭᠡᠨ ᠤ ᠬᠦᠨᠲᠦ ᠶᠡᠭᠡ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠰᠢᠪᠳᠤᠯᠤᠯᠲᠠ ᠶᠢᠨ ᠲᠠᠶᠢᠯᠠᠯᠳᠤᠭᠠᠨ ᠢ | ᠰᠠᠶᠢᠲᠤᠷ ᠬᠢᠬᠦ ᠲᠤᠬᠠᠢ ᠤᠯᠤᠰ ᠭᠡᠷ ᠤᠨ ᠴᠢᠬᠤᠯᠠ ᠶᠡᠭᠡ ᠪᠠᠶᠢᠷᠢᠯᠠᠭᠤᠯᠤᠲᠠ ᠶᠢ ᠲᠤᠤᠱᠯᠠᠭᠤᠯᠬᠤ ᠶᠢᠨ ᠲᠦᠯᠦᠭᠡ᠂ | ︽ᠲᠦᠷᠢᠮ ᠲᠤᠬᠲᠠᠭᠠᠯ︾ ᠳᠤ ᠲᠦᠭᠰᠢᠬᠦᠷᠢ ᠶᠢᠨ ᠰᠡᠷᠬᠡᠶᠢᠯᠡᠯᠲᠡ ᠡᠵᠡᠮᠲᠡᠯ ᠳᠤ ᠪᠦᠬᠦ ᠶᠠᠪᠤᠴᠠ ᠶᠢᠨ ᠬᠢᠨᠠᠨ | ᠬᠠᠮᠢᠶᠠᠷᠤᠯᠲᠠ ᠶᠠᠪᠤᠭᠤᠯᠵᠤ᠂ ᠬᠤᠯᠪᠤᠬᠲᠠᠯ ᠪᠦᠬᠦᠢ ᠡᠯ᠎ᠡ ᠰᠠᠯᠠᠭ᠎ᠠ ᠮᠦᠴᠢᠷ ᠤᠨ ᠬᠠᠮᠵᠢᠯᠴᠠᠭ᠎ᠠ ᠬᠤᠷᠰᠢᠯᠴᠠᠭ᠎ᠠ ᠶᠢ | ᠴᠢᠩᠭᠠᠷᠠᠭᠤᠯᠤᠨ᠂ ᠲᠤᠭᠲᠠᠴᠠ ᠪᠦᠷᠢᠨ ᠲᠡᠬᠦᠯᠲᠡᠷ᠂ ᠲᠤᠰᠢᠶᠠᠯ ᠬᠠᠷᠢᠭᠤᠴᠠᠯᠭ᠎ᠠ ᠲᠤᠲᠤᠷᠬᠠᠢ᠂ ᠬᠡᠰᠡᠭ ᠵᠤᠷᠪᠤᠰ | ᠬᠤᠯᠪᠤᠭᠠᠯᠠᠨ ᠬᠦᠲᠡᠯᠬᠦ ᠰᠡᠷᠭᠡᠶᠢᠯᠡᠨ ᠡᠵᠡᠮᠲᠡᠬᠦ ᠰᠢᠰᠲ᠋ᠧᠮ ᠢ ᠪᠦᠷᠢᠯᠲᠦᠬᠦᠯᠵᠡᠢ᠃ ᠤᠷᠤᠨ ᠨᠤᠲᠤᠭ ᠤᠨ ᠮᠦᠩᠭᠦᠨ | ᠬᠦᠢᠯᠭᠡᠭᠡᠨ ᠢ ᠠᠬᠢᠭᠤᠯᠬᠤ ᠬᠢᠭᠡᠳ ᠬᠦᠭᠵᠢᠬᠦᠯᠬᠦ ᠲᠦᠷᠦ ᠶᠢᠨ ᠪᠤᠲᠤᠯᠭ᠎ᠠ ᠶᠢᠨ ᠰᠢᠰᠲ᠋ᠧᠮ ᠢ ᠪᠦᠷᠢᠨᠰᠢᠬᠦᠯᠪᠡ᠃ | ᠦᠪᠦᠷ ᠮᠤᠩᠭᠤᠯ ᠤᠨ ᠮᠦᠩᠭᠦᠨ ᠬᠦᠢᠯᠭᠡᠭᠡᠨ ᠤ ᠬᠦᠭᠵᠢᠯᠲᠡ ᠶᠢᠨ ᠰᠠᠭᠤᠷᠢ ᠨᠡᠯᠢᠶᠡᠳ ᠪᠠᠭᠤᠷᠠᠢ ᠪᠠᠶᠢᠬᠤ ᠪᠤᠲᠠᠳᠤ | ᠪᠠᠶᠢᠲᠠᠯ ᠳᠤ ᠴᠢᠭᠯᠡᠬᠦᠯᠦᠨ᠂ ᠬᠢᠨᠠᠨ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠵᠡᠷᠭᠡᠪᠡᠷ ᠴᠢᠬᠤᠯᠠᠴᠢᠯᠠᠬᠤ ᠶᠢ | ᠪᠠᠷᠢᠮᠲᠠᠯᠠᠪᠠ᠃ ︽ᠲᠦᠷᠢᠮ ᠲᠤᠬᠲᠠᠭᠠᠯ︾ ᠳᠤ ᠨᠢᠭᠡᠨᠲᠡᠬᠦᠷ ᠮᠦᠩᠭᠦᠨ ᠬᠦᠢᠯᠭᠡᠭᠡᠨ ᠤ ᠠᠵᠢᠯ ᠦᠢᠯᠡᠰ ᠤᠨ ᠲᠤᠰ | ᠪᠡᠶ᠎ᠡ ᠤᠨ ᠬᠦᠭᠵᠢᠯᠲᠡ ᠶᠢ ᠲᠡᠮᠵᠢᠬᠦ ᠠᠴᠠ ᠡᠭᠦᠰᠴᠦ᠂ ᠬᠦᠭᠵᠢᠬᠦᠯᠬᠦ ᠤᠳᠤᠷᠢᠳᠤᠨ ᠲᠠᠭᠠᠭᠤᠯᠬᠤ᠂ | ᠬᠠᠮᠳᠤᠷᠠᠯᠴᠠᠬᠤ ᠶᠢ ᠬᠠᠷᠭᠠᠯᠵᠠᠬᠰᠠᠨ ᠲᠤᠭᠲᠠᠴᠠ ᠶᠢ ᠲᠤᠲᠤᠷᠬᠠᠶᠢᠯᠠᠨ᠂ ᠮᠦᠩᠭᠦᠨ ᠬᠦᠢᠯᠭᠡᠭᠡᠨ ᠤ ᠦᠭᠡᠷᠡᠴᠢᠯᠡᠯᠲᠡ | ᠪᠠ ᠤᠷᠢᠲᠠᠪᠠᠷ ᠬᠦᠲᠡᠯᠵᠦ ᠤᠷᠢᠲᠠᠪᠠᠷ ᠲᠤᠷᠰᠢᠯᠲᠠ ᠦᠷᠨᠢᠬᠦᠯᠬᠦ ᠶᠢ ᠲᠡᠮᠵᠢᠨ᠂ ᠮᠦᠩᠭᠦᠨ ᠬᠦᠢᠯᠭᠡᠭᠡᠨ ᠤ | ᠲᠦᠷᠦ ᠶᠢᠨ ᠪᠤᠲᠤᠯᠭ᠎ᠠ ᠶᠢᠨ ᠤᠷᠴᠢᠨ ᠠᠬᠤᠢ ᠪᠠ ᠬᠠᠤᠯᠢ ᠴᠠᠭᠠᠵᠠ ᠶᠢᠨ ᠤᠷᠴᠢᠨ ᠠᠬᠤᠢ ᠶᠢ ᠶᠡᠬᠡᠪᠡᠷ | ᠰᠢᠯᠢᠲᠡᠭᠵᠢᠬᠦᠯᠬᠦ ᠵᠡᠷᠭᠡ ᠲᠦᠷᠦ ᠶᠢᠨ ᠪᠤᠲᠤᠯᠭ᠎ᠠ ᠶᠢᠨ ᠠᠷᠭ᠎ᠠ ᠠᠪᠴᠠᠯ ᠢ ᠠᠪᠴᠤ︔ ᠨᠦᠬᠦᠭᠡᠲᠡᠬᠦᠷ ᠮᠦᠩᠭᠦᠨ | ᠬᠦᠢᠯᠭᠡᠭᠡᠨ ᠤ ᠡᠯᠧᠮᠧᠨ᠋ᠲ ᠢ ᠤᠳᠤᠷᠢᠳᠤᠨ ᠲᠠᠭᠠᠭᠤᠯᠵᠤ ᠪᠤᠲᠠᠳᠤ ᠴᠤᠭᠴᠠ ᠶᠢᠨ ᠠᠵᠤ ᠠᠬᠤᠢ ᠳᠤ ᠨᠡᠩ | ᠰᠠᠶᠢᠨ ᠢᠶᠠᠷ ᠦᠢᠯᠡᠴᠢᠯᠡᠬᠦᠯᠬᠦ ᠠᠴᠠ ᠭᠠᠷᠲᠠᠨ᠂ ᠮᠦᠩᠭᠦᠨ ᠬᠦᠢᠯᠭᠡᠭᠡᠨ ᠤ ᠦᠢᠯᠡᠴᠢᠯᠡᠭᠡ ᠶᠢᠨ ᠵᠤᠯᠭᠠᠯᠴᠠᠭ᠎ᠠ᠂ | ᠦᠨᠡᠯᠡᠯᠲᠡ᠂ ᠵᠠᠷᠯᠠᠨ ᠨᠡᠶᠢᠲᠡᠯᠡᠬᠦ ᠲᠤᠭᠳᠠᠴᠠ ᠪᠠ ᠡᠳ᠋ ᠤᠨ ᠵᠠᠰᠠᠭ ᠠᠴᠠ ᠱᠠᠩᠨᠠᠬᠤ ᠨᠦᠬᠦᠪᠦᠷᠢ ᠦᠭᠬᠦ ᠲᠦᠷᠦ ᠶᠢᠨ | ᠪᠤᠲᠤᠯᠭ᠎ᠠ ᠶᠢ ᠪᠠᠶᠢᠭᠤᠯᠤᠨ ᠪᠦᠷᠢᠨᠰᠢᠬᠦᠯᠵᠦ᠂ ᠦᠭᠭᠦᠭᠡᠴᠢ ᠲᠠᠢ ᠮᠦᠩᠭᠦᠨ ᠭᠦᠢᠯᠭᠡᠭᠡ᠂ ᠰᠢᠨᠵᠢᠯᠡᠭᠡ ᠮᠡᠷᠭᠡᠵᠢᠯ ᠤᠨ | ᠮᠦᠩᠭᠦᠨ ᠬᠦᠢᠯᠭᠡᠭᠡ᠂ ᠪᠤᠬᠢᠷᠲᠤᠯ ᠦᠭᠡᠢ ᠮᠦᠩᠭᠦᠨ ᠭᠦᠢᠯᠭᠡᠭᠡ ᠶᠢᠨ ᠬᠦᠭᠵᠢᠯᠲᠡ ᠶᠢ ᠠᠬᠢᠭᠤᠯᠬᠤ ᠪᠦᠭᠡᠳ ᠠᠵᠤ | ᠠᠬᠤᠶᠢᠯᠠᠯ ᠤᠨ ᠬᠦᠢᠯᠭᠡᠭᠡᠨ ᠤ ᠪᠡᠯᠡ ᠮᠦᠩᠭᠦ ᠶᠢᠨ ᠪᠦᠲᠦᠴᠡ ᠶᠢ ᠰᠠᠶᠢᠵᠢᠷᠠᠭᠤᠯᠤᠨ᠂ ᠬᠥᠷᠥᠩᠭᠡ ᠶᠢᠨ ᠵᠠᠬ᠎ᠠ | ᠲᠡᠯᠭᠡᠭᠦᠷ ᠤᠨ ᠲᠤᠲᠠᠭᠤᠲᠠᠯ ᠢ ᠨᠦᠬᠦᠪᠦᠷᠢᠯᠡᠨ᠎ᠡ ᠭᠡᠵᠡᠢ᠃ ᠠᠭᠤᠴᠢᠯᠠᠬᠤ ᠶᠠᠯᠠᠯᠠᠬᠤ ᠶᠢ ᠬᠤᠤᠰᠯᠠᠭᠤᠯᠤᠬᠰᠠᠨ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠲᠤᠲᠤᠷᠬᠠᠢ ᠲᠤᠭᠲᠠᠪᠠ᠃ ᠬᠠᠤᠯᠢ ᠶᠢᠨ ᠬᠠᠷᠢᠭᠤᠴᠠᠯᠭ᠎ᠠ ᠶᠢᠨ | ᠲᠦᠰᠦᠪᠯᠡᠯ ᠤᠨ ᠲᠠᠯ᠎ᠠ ᠪᠠᠷ᠂ ︽ᠲᠦᠷᠢᠮ ᠲᠤᠬᠲᠠᠭᠠᠯ︾ ᠤᠯᠤᠰ ᠭᠡᠷ ᠤᠨ ᠨᠢᠭᠡᠨᠲᠡ ᠪᠠᠶᠢᠲᠠᠭ ᠠᠵᠢᠯ ᠲᠦᠷᠦᠯ ᠤᠨ | ᠬᠠᠮᠢᠶ᠎ᠠ ᠪᠦᠬᠦᠢ ᠲᠤᠭᠲᠠᠭᠠᠯ ᠢᠶᠠᠷ ᠯᠠᠪᠯᠠᠯᠲᠠ ᠪᠤᠯᠭᠠᠨ᠂ ᠦᠪᠦᠷ ᠮᠤᠩᠭᠤᠯ ᠤᠨ ᠠᠵᠤ ᠠᠬᠤᠢ ᠮᠦᠩᠬᠦᠨ | ᠬᠦᠢᠯᠭᠡᠭᠡᠨ ᠤ ᠬᠦᠭᠵᠢᠯᠲᠡ ᠶᠢᠨ ᠲᠦᠪᠰᠢᠨ ᠯᠦᠭᠡ ᠤᠶᠠᠯᠳᠤᠭᠤᠯᠵᠤ᠂ ᠮᠦᠩᠭᠦᠨ ᠬᠦᠢᠯᠭᠡᠭᠡᠨ ᠤ ᠬᠠᠤᠯᠢ ᠠᠴᠠ | ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠭᠡᠬᠦ ᠶᠢ ᠪᠠᠷᠢᠮᠲᠠᠯᠠᠬᠤ ᠶᠢᠨ ᠵᠡᠷᠭᠡᠲᠡ᠂ ᠬᠠᠤᠯᠢ ᠵᠦᠷᠢᠴᠡᠭᠰᠡᠨ | ᠲᠦᠷᠢᠮ ᠵᠦᠷᠢᠴᠡᠭᠰᠡᠨ ᠦᠢᠯᠡ ᠠᠵᠢᠯᠯᠠᠭ᠎ᠠ ᠶᠢᠨ ᠬᠦᠨᠲᠦ ᠬᠦᠩᠭᠡᠨ ᠤ ᠬᠡᠮᠵᠢᠶ᠎ᠡ ᠶᠢ ᠦᠨᠲᠦᠰᠦᠯᠡᠨ᠂ ᠶᠠᠯᠠᠯᠠᠨ | ᠰᠢᠳᠭᠡᠬᠦ ᠬᠦᠴᠦᠯᠡᠴᠡ ᠶᠢᠨ ᠲᠠᠯ᠎ᠠ ᠪᠠᠷ ᠱᠠᠳᠤ ᠲᠠᠪᠬᠤᠷᠭ᠎ᠠ ᠬᠡᠮᠵᠢᠶ᠎ᠡ ᠲᠤᠮᠵᠢᠶ᠎ᠠ ᠶᠢ ᠨᠢ ᠢᠯᠭᠠᠨ ᠰᠠᠯᠭᠠᠵᠤ᠂ | ᠶᠠᠯᠠᠯᠠᠨ ᠲᠤᠷᠭᠠᠬᠤ ᠲᠤᠭ᠎ᠠ ᠬᠡᠮᠵᠢᠶ᠎ᠡ ᠶᠢᠨ ᠲᠠᠯ᠎ᠠ ᠪᠠᠷ ᠴᠢᠲᠠᠬᠤ ᠶᠢᠨ ᠬᠢᠷᠢᠨ ᠳᠤ ᠵᠦᠢ ᠵᠤᠬᠢᠰᠲᠠᠢ ᠬᠡᠮᠵᠢᠶᠡᠨ ᠳᠤ | ᠪᠠᠶᠢᠯᠠᠭᠠᠬᠤ ᠶᠢ ᠬᠢᠴᠢᠶᠡᠬᠦ ᠪᠦᠭᠡᠳ ᠠᠪᠤᠷᠠᠵᠤ ᠨᠬᠦᠭᠰᠡᠨ ᠦᠢᠯᠡ ᠠᠵᠢᠯᠯᠠᠭ᠎ᠠ ᠲᠠᠢ ᠪᠤᠯ ᠬᠦᠩᠭᠡᠨ ᠢᠶᠠᠷ | ᠰᠢᠢᠳᠪᠦᠷᠢᠯᠡᠨ᠎ᠡ ᠭᠡᠵᠡᠢ᠃ ︽ᠲᠦᠷᠢᠮ ᠲᠤᠬᠲᠠᠭᠠᠯ︾ ᠳᠤ ᠪᠠᠰᠠ ︽ᠬᠤᠤᠰ ᠲᠤᠷᠭᠠᠭᠤᠯᠢ ᠶᠢᠨ ᠲᠦᠷᠢᠮ︾ | ᠬᠡᠷᠡᠭᠵᠢᠬᠦᠯᠬᠦ ᠬᠠᠶᠢᠯᠲᠠ ᠬᠢᠪᠡ᠂ ᠲᠤᠬᠠᠶᠢᠯᠠᠪᠠᠯ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ | ᠪᠠᠶᠢᠭᠤᠯᠤᠯᠲᠠ ᠶᠢᠨ ᠬᠠᠤᠯᠢ ᠵᠦᠷᠢᠴᠡᠭᠰᠡᠨ ᠦᠯᠡ ᠠᠵᠢᠯᠯᠠᠭ᠎ᠠ ᠳᠤ ᠲᠤᠷᠭᠠᠭᠤᠯᠢ ᠰᠢᠳᠭᠡᠯ ᠦᠭᠬᠦ ᠶᠢᠨ ᠵᠡᠷᠭᠡᠲᠡ᠂ | ᠰᠢᠭᠤᠳ ᠬᠠᠷᠢᠭᠤᠴᠠᠯᠭ᠎ᠠ ᠡᠬᠦᠷᠬᠦ ᠬᠡᠷᠡᠭ ᠮᠡᠲᠡᠭᠴᠢ᠂ ᠬᠢᠨᠠᠯᠲᠠ ᠲᠠᠯᠪᠢᠬᠴᠢ᠂ ᠲᠡᠭᠡᠲᠦ ᠵᠡᠷᠭᠡ ᠶᠢᠨ | ᠬᠠᠮᠢᠶᠠᠷᠤᠭᠴᠢ ᠳᠤ ᠪᠠᠰᠠ ᠲᠤᠷᠭᠠᠭᠤᠯᠢ ᠰᠢᠳᠭᠡᠯ ᠤᠨᠤᠬᠲᠠᠭᠤᠯᠤᠨᠠ ᠭᠡᠵᠦ ᠲᠤᠭᠲᠠᠪᠠ᠃ |