2020 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠢ ᠲᠥᠷᠥ ᠶᠢᠨ | ᠪᠣᠳᠣᠯᠭ᠎ᠠ ᠶᠢᠨ ᠲᠠᠶᠢᠯᠤᠮᠵᠢ | | ︽2020 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠮᠡᠳᠡᠭᠦᠯᠦᠨ ᠬᠦᠷᠭᠡᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ︾ ︵ᠥᠪᠥᠷ | ᠠᠷᠠᠳ ᠶᠠᠪᠤᠳᠠᠯ ᠲᠠᠷᠬᠠᠭᠠᠭᠰᠠᠨ ︹2020︺ 10 ᠳ᠋ᠤᠭᠠᠷ ᠲᠣᠭᠠᠲᠤ︶ ᠶᠣᠰᠣᠭᠠᠷ᠂ 2020 ᠣᠨ ᠤ ᠮᠠᠨ ᠤ | ᠬᠤᠲᠠ ᠶᠢᠨ ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ᠂ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ | ᠠᠷᠭᠠᠴᠠᠭᠠᠬᠤ᠂ ᠪᠠᠷᠠᠭ᠎ᠠ ᠶᠢᠨ ᠦᠨ᠎ᠡ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠵᠢᠱᠢᠯᠲᠡ ᠨᠡᠮᠡᠭᠳᠡᠯ ᠤᠨ | ᠬᠡᠮᠵᠢᠶ᠎ᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠤᠬᠠᠢ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠨᠠᠭᠠᠲᠤ ᠵᠠᠬ᠎ᠠ ᠶᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠨᠠᠶᠢᠳᠠᠪᠤᠷᠢᠵᠢᠭᠤᠯᠤᠯᠳᠠ ᠵᠡᠷᠭᠡ ᠡᠯᠧᠮᠧᠨ᠋ᠲ ᠢ ᠶᠡᠷᠦᠩᠬᠡᠶᠢᠯᠡᠨ ᠪᠤᠳᠤᠯᠬᠢᠯᠠᠵᠤ᠂ ᠬᠤᠲᠠ ᠬᠥᠳᠡᠭᠡ ᠪᠠ ᠣᠷᠣᠨ | ᠪᠦᠰᠡ ᠶᠢ ᠨᠢᠭᠡᠳᠦᠯᠲᠡᠢ ᠲᠥᠯᠥᠪᠯᠡᠬᠦ ᠵᠠᠷᠴᠢᠮ ᠢ ᠪᠠᠷᠢᠮᠲᠠᠯᠠᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠵᠥᠷᠢᠶ᠎ᠡ ᠶᠢ ᠵᠣᠬᠢᠰᠲᠠᠢ ᠪᠠᠭᠠᠰᠬᠠᠪᠠ᠂ 2020 ᠣᠨ ᠤ ᠨᠡᠶᠢᠭᠡᠮ ᠤᠨ ᠠᠪᠤᠷᠠᠨ | ᠲᠤᠰᠠᠯᠠᠬᠤ ᠪᠠᠷᠢᠮᠵᠢᠶ᠎ᠠ ᠨᠢ ᠳᠣᠣᠷᠠᠬᠢ ᠮᠡᠲᠦ᠄ | ᠨᠢᠭᠡ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠪᠡ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2019 ᠣᠨ ᠤ | 725 ᠲᠥᠭᠦᠷᠢᠭ / ᠰᠠᠷ᠎ᠠ᠂ ᠬᠥᠮᠥᠨ ᠠᠴᠠ 755 ᠲᠥᠭᠦᠷᠢᠭ / ᠰᠠᠷ᠎ᠠ᠂ ᠬᠥᠮᠥᠨ ᠪᠤᠯᠭᠠᠵᠤ᠂ ᠰᠠᠷ᠎ᠠ ᠪᠦᠷᠢ 30 | ᠲᠥᠭᠦᠷᠢᠭ ᠥᠰᠴᠦ᠂ 4.1% ᠳᠡᠭᠡᠭᠰᠢᠯᠡᠪᠡ᠃ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ 2019 ᠣᠨ ᠤ 6120 ᠲᠥᠭᠦᠷᠢᠭ / ᠵᠢᠯ᠂ ᠬᠥᠮᠥᠨ ︵510 ᠲᠥᠭᠦᠷᠢᠭ / | ᠰᠠᠷ᠎ᠠ᠂ ᠬᠥᠮᠥᠨ︶ ᠠᠴᠠ 6504 ᠲᠥᠭᠦᠷᠢᠭ / ᠵᠢᠯ᠂ ᠬᠥᠮᠥᠨ ︵542 ᠲᠥᠭᠦᠷᠢᠭ / ᠰᠠᠷ᠎ᠠ᠂ ᠬᠥᠮᠥᠨ︶ | ᠪᠣᠯᠭᠠᠵᠤ᠂ ᠰᠠᠷ᠎ᠠ ᠪᠦᠷᠢ 32 ᠲᠥᠭᠦᠷᠢᠭ ᠥᠰᠴᠦ᠂ 6.2% ᠳᠡᠭᠡᠭᠰᠢᠯᠡᠪᠡ᠃ | ᠦᠨᠳᠦᠰᠦ ᠪᠠᠷᠢᠮᠲᠠ᠄ ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ | ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦ᠋ᠭᠡᠷ ᠲᠣᠭᠠᠲᠤ︶᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠨ ᠬᠠᠷᠢᠶ᠎ᠠ ᠬᠤᠲᠠ ᠪᠤᠶᠤ ᠲᠣᠭᠤᠷᠢᠭ ᠲᠠᠢ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ | ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ ᠳᠤ ᠵᠠᠪᠠᠯ ᠱᠠᠭᠠᠷᠳᠠᠭᠳᠠᠬᠤ ᠵᠠᠷᠤᠳᠠᠯ ᠢ ᠦᠨᠳᠦᠰᠦᠯᠡᠨ | ᠲᠣᠭᠲᠠᠭᠠᠵᠤ ᠨᠡᠶᠢᠲᠡᠯᠡᠬᠦ ᠶᠢᠨ ᠬᠠᠮᠲᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠢᠷᠢ ᠲᠦᠪᠰᠢᠨ ᠪᠣᠯᠣᠨ ᠪᠠᠷᠠᠭᠠᠨ ᠤ ᠦᠨ᠎ᠡ ᠶᠢᠨ ᠬᠤᠪᠢᠷᠠᠯᠲᠠ ᠶᠢᠨ ᠪᠠᠶᠢᠳᠠᠯ ᠳᠤ ᠲᠣᠬᠢᠷᠠᠭᠤᠯᠤᠨ | ᠲᠣᠬᠢᠷᠠᠭᠤᠯᠤᠯᠲᠠ ᠬᠢᠬᠦ ᠬᠡᠷᠡᠭᠲᠡᠢ᠃ ᠮᠠᠨ ᠤ ᠬᠤᠲᠠ ᠳᠠᠬᠢᠨ ᠳᠠᠪᠲᠠᠨ ᠬᠡᠮᠵᠢᠨ ᠪᠣᠳᠣᠭᠰᠠᠨ ᠤ ᠳᠠᠷᠠᠭ᠎ᠠ᠂ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 4.1% ᠪᠠ 6.2% ᠢᠶᠠᠷ | ᠵᠣᠬᠢᠰᠲᠠᠢ ᠳᠡᠭᠡᠭᠰᠢᠯᠡᠭᠦᠯᠪᠡ᠃ | ᠬᠤᠶᠠᠷ᠂ ᠣᠨᠴᠠ ᠬᠦᠴᠢᠷᠳᠡᠯᠲᠡᠢ ᠬᠦᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠳᠡᠭᠡᠭᠰᠢᠯᠡᠭᠦᠯᠪᠡ ᠬᠥᠳᠡᠭᠡ | ᠲᠣᠰᠬᠤᠨ ᠤ ᠣᠨᠴᠠ ᠬᠦᠴᠢᠷᠳᠡᠯᠲᠡᠢ ᠬᠥᠮᠥᠨ ᠢ ᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ 2019 ᠣᠨ ᠤ | 7980 ᠲᠥᠭᠦᠷᠢᠭ / ᠵᠢᠯ᠂ ᠬᠥᠮᠥᠨ ︵665 ᠲᠥᠭᠦᠷᠢᠭ / ᠰᠠᠷ᠎ᠠ᠂ ᠬᠥᠮᠥᠨ︶ ᠠᠴᠠ 8460 ᠲᠥᠭᠦᠷᠢᠭ / | ᠵᠢᠯ᠂ ᠬᠥᠮᠥᠨ ︵705 ᠲᠥᠭᠦᠷᠢᠭ / ᠰᠠᠷ᠎ᠠ᠂ ᠬᠥᠮᠥᠨ︶ ᠪᠤᠯᠭᠠᠵᠤ᠂ ᠰᠠᠷ᠎ᠠ ᠪᠦᠷᠢ 40 ᠲᠥᠭᠦᠷᠢᠭ ᠥᠰᠴᠦ᠂ | 6% ᠳᠡᠭᠡᠭᠰᠢᠯᠡᠪᠡ᠃ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠨ ᠢ ᠲᠥᠪᠯᠡᠷᠡᠭᠦᠯᠦᠨ ᠠᠰᠠᠷᠠᠨ | ᠲᠡᠵᠢᠭᠡᠬᠦ ᠪᠠᠷᠢᠮᠵᠢᠶ᠎ᠠ ᠶᠢ 2019 ᠣᠨ ᠤ 9780 ᠲᠥᠭᠦᠷᠢᠭ / ᠵᠢᠯ᠂ ᠬᠥᠮᠥᠨ ︵815 ᠲᠥᠭᠦᠷᠢᠭ / ᠰᠠᠷ᠎ᠠ᠂ | ᠬᠥᠮᠥᠨ︶ ᠠᠴᠠ 10020 ᠲᠥᠭᠦᠷᠢᠭ / ᠵᠢᠯ᠂ ᠬᠥᠮᠥᠨ ︵835 ᠲᠥᠭᠦᠷᠢᠭ / ᠰᠠᠷ᠎ᠠ᠂ ᠬᠥᠮᠥᠨ︶ ᠪᠣᠯᠭᠠᠵᠤ᠂ | ᠰᠠᠷ᠎ᠠ ᠪᠦᠷᠢ 20 ᠲᠥᠭᠦᠷᠢᠭ ᠥᠰᠴᠦ᠂ 2.5% ᠳᠡᠭᠡᠭᠰᠢᠯᠡᠪᠡ᠃ | ᠦᠨᠳᠦᠰᠦ ᠪᠠᠷᠢᠮᠲᠠ᠄ ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠤᠨ ︽ᠣᠨᠴᠠ ᠬᠦᠴᠢᠷᠳᠡᠯᠲᠡᠢ | ᠬᠦᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠲᠤᠰ ᠭᠠᠵᠠᠷ ᠣᠷᠣᠨ ᠤ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 ᠳᠠᠬᠢᠨ ᠵᠢᠴᠢ ᠡᠯ᠎ᠡ ᠭᠠᠵᠠᠷ ᠣᠷᠣᠨ ᠤ ᠨᠢᠭᠡᠨᠲᠡ | ᠬᠡᠷᠡᠭᠵᠢᠭᠦᠯᠦᠭᠰᠡᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ︾ ᠱᠠᠭᠠᠷᠳᠠᠯᠭ᠎ᠠ ᠶᠣᠰᠣᠭᠠᠷ᠂ ᠬᠥᠳᠡᠭᠡ | ᠲᠣᠰᠬᠤᠨ ᠤ ᠣᠨᠴᠠ ᠬᠦᠴᠢᠷᠳᠡᠯᠲᠡᠢ ᠬᠥᠮᠥᠨ ᠤ ᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ 8460 ᠲᠥᠭᠦᠷᠢᠭ | / ᠵᠢᠯ᠂ ᠬᠥᠮᠥᠨ ︵6504 × 1. 3=8455.2︶ ᠢᠶᠠᠷ ᠲᠣᠭᠲᠠᠭᠠᠵᠤ᠂ ᠲᠥᠪᠯᠡᠷᠡᠭᠦᠯᠦᠨ ᠠᠰᠠᠷᠠᠨ ᠲᠡᠵᠢᠭᠡᠬᠦ | ᠪᠠᠷᠢᠮᠵᠢᠶ᠎ᠠ ᠶᠢ ᠵᠣᠬᠢᠰᠲᠠᠢ ᠲᠣᠬᠢᠷᠠᠭᠤᠯᠵᠤ᠂ 10020 ᠲᠥᠭᠦᠷᠢᠭ / ᠵᠢᠯ᠂ ᠬᠥᠮᠥᠨ ᠪᠣᠯᠭᠠᠵᠤ ᠥᠰᠬᠡᠪᠡ᠃ | ᠭᠤᠷᠪᠠ᠂ ᠬᠤᠲᠠ ᠪᠠᠯᠭᠠᠰᠤ ᠶᠢᠨ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠪᠠ | ᠣᠨᠴᠠ ᠬᠦᠴᠢᠷᠳᠡᠯᠲᠡᠢ ᠬᠦᠮᠦᠰ ᠢ ᠬᠠᠷᠠᠭᠠᠯᠵᠠᠨ ᠠᠰᠠᠷᠠᠨ ᠰᠤᠪᠢᠯᠠᠬᠤ ᠪᠠᠷᠢᠮᠵᠢᠶ᠎ᠠ ᠶᠢ ᠬᠤᠪᠢᠷᠠᠭᠤᠯᠬᠤ ᠦᠭᠡᠢ | ᠬᠤᠲᠠ ᠪᠠᠯᠭᠠᠰᠤ ᠶᠢᠨ ᠣᠨᠴᠠ ᠬᠦᠴᠢᠷᠳᠡᠯᠲᠡᠢ ᠬᠥᠮᠥᠨ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ 1600 | ᠲᠥᠭᠦᠷᠢᠭ / ᠰᠠᠷ᠎ᠠ᠂ ᠬᠥᠮᠥᠨ᠂ ᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ 1200 ᠲᠥᠭᠦᠷᠢᠭ / ᠰᠠᠷ᠎ᠠ᠂ | ᠬᠥᠮᠥᠨ ᠢ ᠬᠤᠪᠢᠷᠠᠭᠤᠯᠬᠤ ᠦᠭᠡᠢ᠃ ᠣᠨᠴᠠ ᠬᠦᠴᠢᠷᠳᠡᠯᠲᠡᠢ ᠪᠦᠬᠦ ᠴᠢᠳᠠᠪᠤᠷᠢ ᠪᠠᠨ ᠠᠯᠳᠠᠭᠰᠠᠨ ᠬᠥᠮᠥᠨ ᠢ | ᠬᠠᠷᠠᠭᠠᠯᠵᠠᠨ ᠠᠰᠠᠷᠠᠨ ᠰᠤᠪᠢᠯᠠᠬᠤ ᠪᠠᠷᠢᠮᠵᠢᠶ᠎ᠠ 1066 ᠲᠥᠭᠦᠷᠢᠭ / ᠰᠠᠷ᠎ᠠ᠂ ᠬᠥᠮᠥᠨ᠂ ᠬᠠᠭᠠᠰ ᠴᠢᠳᠠᠪᠤᠷᠢ ᠪᠠᠨ | ᠠᠯᠳᠠᠭᠰᠠᠨ ᠬᠦᠮᠦᠨ ᠢ ᠠᠰᠠᠷᠠᠨ ᠰᠣᠪᠢᠯᠠᠬᠤ ᠪᠠᠷᠢᠮᠵᠢᠶ᠎ᠠ 496 ᠲᠥᠭᠦᠷᠢᠭ / ᠰᠠᠷ᠎ᠠ᠂ ᠬᠥᠮᠥᠨ ᠬᠤᠪᠢᠷᠠᠬᠤ ᠦᠭᠡᠢ | ᠃ | ᠦᠨᠳᠦᠰᠦ ᠪᠠᠷᠢᠮᠲᠠ᠄ ᠬᠤᠲᠠ ᠪᠠᠯᠭᠠᠰᠤ ᠶᠢᠨ ᠣᠨᠴᠠ ᠬᠦᠴᠢᠷᠳᠡᠯᠲᠡᠢ ᠬᠦᠮᠦᠰ ᠢ ᠠᠰᠠᠷᠠᠨ ᠲᠡᠵᠢᠭᠡᠬᠦ | ᠪᠠᠷᠢᠮᠵᠢᠶ᠎ᠠ ᠨᠢᠭᠡᠨᠲᠡ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ | 1.3 ᠳᠠᠬᠢᠨ ᠢ ᠳᠠᠪᠠᠭᠰᠠᠨ ᠤᠴᠢᠷ ᠠᠴᠠ ᠲᠦᠷ ᠬᠤᠪᠢᠷᠠᠭᠤᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ | ᠮᠡᠳᠡᠭᠳᠡᠯ ᠤᠨ ︽ᠪᠦᠬᠦ ᠪᠠ ᠬᠡᠰᠡᠭ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠣᠨᠴᠠ ᠬᠦᠴᠢᠷᠳᠡᠯᠲᠡᠢ ᠬᠦᠮᠦᠰ ᠢ | ᠬᠠᠷᠠᠭᠠᠯᠵᠠᠨ ᠠᠰᠠᠷᠠᠨ ᠰᠤᠪᠢᠯᠠᠬᠤ ᠪᠠᠷᠢᠮᠵᠢᠶ᠎ᠠ ᠶᠢ ᠲᠤᠰ ᠲᠤᠰ ᠪᠦᠬᠦ ᠣᠷᠣᠨ ᠤ ᠬᠠᠮᠤᠭ ᠤᠨ ᠳᠣᠣᠷ᠎ᠠ ᠴᠠᠯᠢᠩ ᠤᠨ | ᠪᠠᠷᠢᠮᠵᠢᠶ᠎ᠠ ᠶᠢᠨ ᠳᠤᠮᠳᠠᠴᠢ ᠲᠤᠭ᠎ᠠ ᠶᠢᠨ 65% ᠪᠠ 25% ᠪᠠᠷ ᠲᠣᠭᠲᠠᠭᠠᠬᠤ ᠶᠢᠨ ᠬᠠᠮᠲᠤ᠂ ᠡᠯ᠎ᠡ ᠭᠠᠵᠠᠷ | ᠣᠷᠣᠨ ᠤ ᠨᠢᠭᠡᠨᠲᠡ ᠬᠡᠷᠡᠭᠵᠢᠭᠦᠯᠦᠭᠰᠡᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ︾ ᠱᠠᠭᠠᠷᠳᠠᠯᠭ᠎ᠠ | ᠶᠣᠰᠣᠭᠠᠷ᠂ 2017 ᠣᠨ ᠠᠴᠠ ᠨᠠᠭᠠᠰᠢᠬᠢ ᠪᠦᠬᠦ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶ᠎ᠠ ᠬᠤᠪᠢᠷᠠᠭᠰᠠᠨ ᠦᠭᠡᠢ ᠤᠴᠢᠷ ᠠᠴᠠ ᠲᠦᠷ ᠨᠡᠮᠡᠭᠳᠡᠭᠦᠯᠬᠦ ᠦᠭᠡᠢ᠃ |