ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2020/12/24
   2020 ᠣᠨ ᠳᠤ ᠰᠢᠨ᠎ᠡ ᠪᠠᠷᠭᠤ ᠵᠡᠭᠦᠨ ᠬᠤᠰᠢᠭᠤᠨ ᠤ ᠬᠥᠮᠥᠨ ᠤ ᠡᠬᠢ ᠪᠠᠶᠠᠯᠢᠭ ᠨᠠᠶᠢᠭᠡᠮ ᠤᠨ ᠪᠠᠲᠤᠯᠠᠭ᠎ᠠ ᠶᠢᠨ ᠲᠣᠫᠴᠢᠶ᠎ᠠ  ︽ᠨᠢᠭᠡ ᠣᠴᠢᠷ ᠢ ᠨᠢᠭᠡ ᠤᠳᠠᠭ᠎ᠠ ᠳᠤ ᠰᠢᠢᠳᠪᠦᠷᠢᠯᠡᠬᠦ︾᠎ ᠪᠠᠷ ᠭᠠᠷᠳᠠᠮ ᠪᠣᠯᠭᠠᠵᠤ᠂ ︽ᠠᠵᠤ ᠠᠬᠤᠶᠢᠯᠠᠯ ᠳᠤ ᠠᠰᠢᠭ ᠣᠯᠭᠤᠵᠤ ᠳᠥᠭᠦᠮ ᠦᠵᠡᠭᠦᠯᠬᠦ︾ ᠣᠷᠴᠢᠨ ᠲᠣᠭᠤᠷᠢᠨ ᠢ ᠪᠣᠢ ᠪᠣᠯᠭᠠᠵᠤ᠂ ︽ᠬᠠᠮᠤᠭ ᠣᠯᠠᠨ ᠳᠠᠭᠠᠨ ᠨᠢᠭᠡ ᠤᠳᠠᠭ᠎ᠠ ᠭᠦᠶᠦᠬᠦ︾᠎ ᠶᠢ ᠢᠳᠡᠪᠬᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠯᠭ᠎ᠠ ᠶᠢ ᠥᠭᠡᠷᠡᠴᠢᠯᠡᠨ᠂ ᠶᠠᠪᠤᠳᠠᠯ ᠡᠷᠬᠢᠯᠡᠬᠦ ᠶᠠᠪᠤᠴᠠ ᠶᠢ ᠳᠥᠭᠦᠮᠴᠢᠯᠡᠨ᠂ ᠭᠦᠢᠴᠡᠳᠬᠡᠬᠦ ᠪᠢᠴᠢᠭ ᠮᠠᠲ᠋ᠧᠷᠢᠶᠠᠯ ᠢ ᠴᠣᠮᠣᠳᠬᠠᠵᠤ᠂ ᠶᠠᠪᠤᠳᠠᠯ ᠭᠦᠢᠴᠡᠳᠬᠡᠬᠦ ᠶᠠᠪᠤᠴᠠ ᠶᠢ ᠶᠡᠬᠡᠪᠡᠷ ᠳᠥᠭᠦᠮᠴᠢᠯᠡᠪᠡ᠃    ᠨᠢᠭᠡ ᠳᠤ ᠬᠢᠵᠢᠭ ᠡᠪᠡᠳᠴᠢᠨ ᠳᠡᠯᠭᠡᠷᠡᠭᠰᠡᠨ ᠠᠴᠠ ᠨᠠᠰᠢ᠂ ᠬᠤᠰᠢᠭᠤᠨ ᠤ ᠬᠥᠮᠤᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠤᠣᠯᠳᠠᠯᠭ᠎ᠠ ᠲᠠᠢ ᠪᠠᠷ ᠶᠠᠳᠠᠭᠤ ᠬᠦᠴᠢᠷᠳᠡᠯᠲᠠᠢ ᠠᠵᠤ ᠠᠬᠤᠶᠢᠯᠠᠯ ᠤᠨ ᠠᠵᠢᠯ ᠣᠯᠭᠤᠯᠲᠠ ᠲᠣᠭᠲᠠᠪᠤᠷᠢᠵᠢᠭᠤᠯᠵᠤ᠂ ︽ᠠᠵᠤ ᠠᠬᠤᠶᠢᠯᠠᠯ ᠢ ᠳᠡᠮᠵᠢᠵᠦ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ 54 ᠠᠵᠢᠯ ᠠᠯᠳᠠᠭᠰᠠᠳ ᠲᠤ ᠠᠵᠢᠯ ᠠᠯᠳᠠᠭᠰᠠᠨ ᠨᠥᠬᠦᠪᠦᠷᠢ ᠮᠥᠩᠭᠦ  ᠵᠢᠴᠢ36.62  ᠲᠦᠮᠡᠨ ᠲᠥᠭᠦᠷᠢᠭ ᠲᠠᠷᠬᠠᠭᠠᠵᠤ᠂51 ᠠᠷᠠᠳ ᠤᠨ ᠶᠠᠪᠤᠳᠠᠯ ᠤᠨ ᠰᠠᠶᠢᠨ ᠳᠤᠷ᠎ᠠ ᠶᠢᠨ ᠬᠥᠮᠥᠰ ᠲᠤ ᠠᠮᠢᠳᠤᠷᠠᠯ ᠤᠨ ᠨᠥᠬᠦᠪᠦᠷᠢ14.20 ᠲᠥᠭᠦᠷᠢᠭ ᠲᠠᠷᠬᠠᠭᠠᠪᠠ᠃7 ᠠᠵᠤ ᠠᠬᠤᠶᠢᠯᠠᠯ ᠳᠤ ᠠᠵᠤ ᠠᠬᠤᠶᠢᠯᠠᠯ ᠢ ᠳᠡᠮᠵᠢᠵᠦ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠨᠥᠬᠦᠪᠦᠷᠢ30.25 ᠲᠥᠭᠦᠷᠢᠭ ᠲᠠᠷᠬᠠᠭᠠᠪᠠ᠃ ᠠᠮᠤᠭᠤᠯᠠᠩ ᠪᠠᠯᠭᠠᠰᠤᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠮᠬᠢ ᠳᠠᠷᠠᠭ᠎ᠠ ᠲᠠᠢ ᠶᠠᠪᠤᠭᠳᠠᠭᠤᠯᠵᠤ᠂ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠬᠡᠷᠡᠭᠵᠢᠭᠦᠯᠵᠦ᠂2 ᠴᠠᠭᠠᠨ ᠢᠳᠡᠭᠡᠨ ᠤ ᠪᠣᠯᠪᠠᠰᠤᠷᠠᠭᠤᠯᠬᠤ ᠥᠷᠦᠭᠡ ᠶᠢ ᠪᠠᠶᠢᠷᠢᠯᠠᠭᠤᠯᠵᠤ᠂ ᠳᠠᠩᠰᠠ‌‍ᠺᠠᠷᠲ  ᠪᠠᠶᠢᠭᠤᠯᠤᠭᠰᠠᠨ ᠶᠠᠳᠠᠭᠤ ᠡᠷᠦᠬᠡ ᠶᠢᠨ ᠬᠥᠳᠡᠯᠮᠦᠷᠢ ᠬᠦᠴᠦᠨ5 ᠬᠥᠮᠥᠨ ᠢ ᠳᠠᠶᠢᠴᠢᠯᠠᠪᠠ᠃ ᠠᠵᠢᠯ ᠦᠢᠯᠡᠰ ᠪᠠᠶᠢᠭᠤᠯᠬᠤ ᠳᠡᠮᠵᠢᠬᠦ ᠬᠦᠴᠦᠨ ᠢᠶᠠᠨ ᠦᠷᠭᠦᠯᠵᠢᠯᠡᠨ ᠴᠢᠩᠭᠠᠳᠬᠠᠵᠤ᠂ ᠦᠢᠯᠡᠰ ᠪᠤᠰᠬᠠᠬᠤ ᠵᠢᠭᠡᠯᠡᠯᠭᠡ ᠶᠢᠨ ᠱᠠᠭᠠᠷᠳᠠᠯᠭ᠎ᠠ ᠶᠢ ᠳᠣᠭᠤᠭᠰᠢᠯᠠᠭᠤᠯᠵᠤ᠂ ᠦᠢᠯᠡᠰ ᠪᠤᠰᠬᠠᠬᠬᠤ ᠵᠢᠭᠡᠯᠡᠯᠭᠡ ᠶᠢᠨ ᠮᠥᠩᠭᠦ301 ᠲᠦᠮᠡᠨ ᠲᠥᠭᠦᠷᠢᠭ ᠤᠨ ᠳᠡᠮᠵᠢᠯᠭᠡ ᠶᠢ ᠬᠠᠩᠭᠠᠵᠤ  ᠂22 ᠬᠥᠮᠥᠨ ᠢ ᠳᠡᠮᠵᠢᠨ ᠠᠵᠢᠯ ᠣᠯᠭᠤᠵᠤ᠂34 ᠬᠥᠮᠥᠨ ᠢ ᠳᠠᠶᠢᠴᠢᠯᠠᠨ ᠠᠵᠢᠯ ᠣᠯᠭᠤᠵᠣ᠂ ᠵᠢᠯ ᠬᠠᠷᠠᠯᠲᠠ ᠪᠠᠨ100%᠎ ᠢᠶᠠᠷ ᠪᠡᠶᠡᠯᠡᠭᠦᠯᠪᠡ᠃   ᠬᠤᠶᠠᠷ ᠲᠤ ᠡᠨᠡ ᠵᠢᠯ ᠠᠴᠠ᠂ ᠬᠤᠰᠢᠭᠤᠨ ᠤ ᠬᠥᠮᠥᠨ ᠤ ᠡᠬᠢ ᠪᠠᠶᠠᠯᠢᠭ ᠪᠠᠲᠤᠯᠠᠭ᠎ᠠ ᠶᠢᠨ ᠲᠣᠪᠴᠢᠶ᠎ᠠ ᠣᠷᠣᠨ ᠤ ᠬᠡᠪᠴᠢᠶᠡᠨ ᠳᠠᠬᠢ ᠣᠯᠠᠨ ᠠᠵᠤ ᠠᠬᠤᠶᠢᠯᠠᠯ ᠢᠶᠠᠷ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠠᠵᠢᠯᠲᠠᠨ ᠬᠡᠷᠡᠭᠡᠯᠡᠬᠦ ᠬᠡᠷᠡᠭᠴᠡᠭᠡ ᠪᠣᠯᠣᠨ ᠶᠡᠭᠡ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠭᠰᠠᠨ ᠪᠠᠶᠢᠳᠠᠯ ᠢ ᠣᠶᠢᠯᠠᠭᠠᠪᠠ᠃ ᠴᠢᠳᠠᠪᠦᠷᠢᠳᠡᠨ ᠤᠷᠢᠬᠤ ᠠᠵᠢᠯᠯᠠᠭᠠᠨ  ᠥᠡᠨᠢᠭᠦᠯᠬᠦ ᠪᠠᠷ ᠳᠠᠮᠵᠢᠵᠦ᠂ ᠠᠵᠤ ᠠᠬᠤᠶᠢᠯᠠᠯ ᠪᠣᠯᠣᠨ ᠶᠡᠭᠡ ᠰᠤᠷᠭᠠᠭᠤᠯᠢ ᠲᠡᠭᠦᠰᠡᠭᠰᠡᠳ ᠲᠤ ᠲᠠᠪᠴᠠᠩ ᠬᠠᠩᠭᠠᠵᠤ᠂ ᠰᠠᠶ᠋ᠢ ᠲᠡᠭᠦᠰᠦᠭ᠌ᠰᠡᠠ ᠰᠤᠷᠤᠭᠴᠢᠳ ᠤᠨ ᠠᠵᠢᠯ  ᠣᠯᠬᠤ ᠨᠤᠷᠮ᠎ᠠ ᠶᠢ ᠳᠡᠭᠡᠭᠰᠢᠯᠡᠭᠦᠯᠵᠦ᠂ ︽968966︾ ᠲᠠᠪᠴᠠᠩ᠂ ᠣᠯᠠᠨ ᠬᠡᠯᠪᠡᠷᠢ ᠶᠢᠨ ᠴᠢᠮᠡᠭᠡ ᠵᠠᠩᠭᠢ ᠪᠠᠷ ᠳᠠᠮᠵᠢᠵᠦ11 ᠠᠵᠤ ᠠᠬᠤᠶᠢᠯᠠᠯ ᠤᠨ ᠴᠢᠳᠠᠪᠦᠷᠢᠲᠡᠨ ᠤᠷᠢᠬᠤ ᠮᠡᠳᠡᠭᠡ ᠵᠠᠩᠭᠢ ᠨᠡᠪᠲᠡᠷᠡᠭᠦᠯᠵᠦ᠂24 ᠠᠵᠢᠯ ᠤᠨ ᠪᠠᠶᠢᠷᠢ ᠬᠠᠩᠭᠠᠵᠤ᠂108 ᠬᠥᠮᠥᠨ ᠢ ᠡᠯᠡᠰᠡᠪᠡ᠃ ︽ᠠᠵᠢᠯ ᠣᠯᠭᠤᠵᠣ ᠶᠠᠳᠠᠭᠤ ᠶᠢ ᠳᠡᠳᠬᠦᠬᠦ ᠡᠳᠦᠷ︾ ᠵᠡᠷᠭᠡ ᠴᠢᠳᠠᠪᠦᠷᠢᠲᠡᠨ ᠤᠷᠢᠬᠤ ᠠᠵᠢᠯᠯᠠᠭᠠᠭᠨ ᠵᠣᠬᠢᠶᠠᠨ ᠪᠠᠶᠢᠭᠤᠯᠤᠨ ᠥᠷᠨᠢᠭᠦᠯᠵᠦ᠂9 ᠠᠵᠤ ᠠᠬᠤᠶᠢᠯᠠᠯ ᠣᠷᠣᠯᠴᠠᠵᠤ19  ᠠᠵᠢᠯ ᠤᠨ ᠪᠠᠶᠢᠷᠢ᠂50 ᠣᠷᠣᠨ ᠲᠤᠭ᠎ᠠ ᠬᠠᠩᠭᠠᠵᠤ᠂ ᠠᠵᠤ ᠠᠬᠤᠶᠢᠯᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ2 ᠴᠠᠭᠠᠨ ᠢᠳᠡᠭᠡᠨ ᠪᠣᠯᠪᠠᠰᠤᠷᠠᠭᠤᠯᠬᠤ ᠥᠷᠦᠭᠡ ᠲᠣᠬᠢᠷᠠᠭᠤᠯᠵᠤ᠂ ᠶᠠᠳᠠᠭᠤ ᠬᠦᠴᠢᠷᠳᠡᠯᠲᠡᠢ ᠬᠦᠳᠡᠯᠮᠦᠷᠢᠯᠡᠬᠦ ᠬᠦᠴᠦᠨ5 ᠬᠥᠮᠥᠨ ᠢ ᠳᠠᠶᠢᠴᠢᠯᠠᠪᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号