ᠦᠨᠡᠨ ᠬᠦ ᠠᠳᠬᠤᠨ ᠪᠤᠳᠠᠳᠠᠢ ᠠᠵᠢᠯᠯᠠᠵᠤ ᠰᠢᠨ᠎ᠠ ᠱᠠᠳᠤ ᠦᠶ᠎ᠠ ᠶᠢᠨ ︽ᠬᠦᠳᠡᠭᠡ  ᠠᠵᠤ ᠠᠬᠤᠢ ᠬᠦᠳᠡᠭᠡ ᠲᠤᠰᠬᠤᠨ  ᠲᠠᠷᠢᠶᠠᠴᠢᠨ︾᠎ ᠤ ᠠᠵᠢᠯ ᠢ ᠰᠠᠶᠢᠳᠤᠷ ᠬᠢᠰᠦᠭᠡᠢ
ᠨᠡᠶᠢᠲᠡᠯᠡᠭᠰᠡᠨ ᠴᠠᠭ᠄
2020/12/31
     ᠨᠡᠶᠢᠬᠡᠮ ᠵᠢᠷᠤᠮᠳᠤ  ᠤᠳᠤᠬᠢᠴᠢᠯᠠᠬᠰᠠᠨ  ᠤᠯᠤᠰ ᠢ  ᠪᠦᠬᠦ  ᠳᠠᠯ᠎ᠠ ᠪᠠᠷ  ᠪᠦᠳᠦᠬᠡᠨ  ᠪᠠᠶᠢᠭᠤᠯᠵᠤ᠂  ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠡᠨᠳᠤᠯᠳᠡ ᠶᠢ ᠪᠡᠶᠡᠯᠡᠬᠦᠯᠬᠦ ᠳᠤ᠂ ᠬᠠᠮᠤᠭ ᠤᠨ ᠬᠠᠳᠠᠭᠤ  ᠪᠡᠷᠬᠡᠰᠢᠶᠡᠯᠳᠡᠢ ᠬᠠᠮᠤᠭ ᠤᠨ ᠨᠦᠰᠡᠷ ᠬᠦᠨᠳᠤ ᠡᠬᠦᠷᠬᠡ ᠮᠦᠨ ᠬᠦ ᠬᠦᠳᠡᠭᠡ ᠳᠤᠰᠬᠤᠨ ᠳᠤ ᠪᠤᠢ᠂ ᠬᠠᠮᠤᠭ ᠤᠨ ᠦᠷᠬᠡᠨ ᠳᠡᠯᠬᠡᠷ ᠬᠠᠮᠤᠭ ᠤᠨ ᠬᠦᠨ ᠵᠤᠵᠠᠭᠠᠨ ᠰᠠᠭᠤᠷᠢ ᠮᠦᠨ ᠬᠦ ᠬᠦᠳᠡᠭᠡ ᠳᠤᠰᠬᠤᠨ ᠳᠤ ᠪᠤᠢ᠃ ᠳᠠᠷᠠᠭ᠎ᠠ ᠵᠢᠯ ᠮᠠᠨ ᠤ ᠤᠯᠤᠰ ︽ᠠᠷᠪᠠᠨ ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠤᠷᠤᠵᠤ᠂ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠠ ᠠᠶᠠᠯᠠᠯ ᠢᠶᠠᠨ ᠡᠬᠢᠯᠡᠭᠦᠯᠬᠦ ᠪᠤᠯᠤᠨ᠎ᠠ᠃  ᠡᠨᠡ  ᠬᠦ ᠴᠢᠬᠤᠯᠠ ᠲᠡᠤᠬᠡᠨ ᠵᠠᠩᠬᠢᠯᠠᠭ᠎ᠠ ᠶᠢᠨ ᠴᠠᠭ ᠲᠤ᠂ ᠲᠦᠪ ᠤᠨ  ᠬᠦᠳᠡᠭᠡ ᠲᠤᠰᠬᠤᠨ ᠤ ᠠᠵᠢᠯ ᠤᠨ ᠬᠤᠷᠠᠯ ᠢ ᠬᠤᠷᠠᠯᠳᠤᠭᠤᠯᠤᠭᠰᠠᠨ ᠨᠢ ᠴᠢᠬᠤᠯᠠ ᠴᠠᠭ ᠳᠤᠬᠢᠶᠠᠯ ᠳᠤ ᠲᠠᠭᠠᠷᠠᠭᠤᠯᠵᠤ᠂ ᠴᠢᠬᠤᠯᠠ ᠶᠡᠭᠡ ᠠᠴᠢ ᠬᠤᠯᠪᠤᠭᠳᠠᠯ ᠲᠠᠢ  ᠪᠠᠶᠢᠵᠤ᠂  ᠪᠦᠬᠦ  ᠨᠠᠮ  ᠪᠦᠬᠦ  ᠨᠡᠶᠢᠭᠡᠮ ᠳᠤ᠄  ︽ᠬᠦᠳᠡᠭᠡ  ᠠᠵᠤ  ᠠᠬᠤᠢ  ᠬᠦᠳᠡᠭᠡ  ᠲᠤᠰᠬᠤᠨ ᠲᠠᠷᠢᠶᠠᠴᠢᠨ︾᠎ ᠤ ᠠᠵᠢᠯ ᠮᠦᠨ ᠬᠦ ᠲᠦᠢᠯ ᠤᠨ ᠴᠢᠬᠤᠯᠠ ᠶᠤᠮ᠂ ᠶᠠᠭᠠᠬᠢᠭᠰᠠᠨ ᠴᠤ ᠰᠤᠯᠠᠷᠠᠭᠤᠯᠵᠤ ᠪᠤᠯᠬᠤ ᠦᠭᠡᠢ᠂  ᠡᠷᠬᠡᠪᠰᠢ ᠴᠢᠩᠭ᠎ᠠ ᠠᠳᠬᠤᠨ ᠪᠤᠳᠠᠳᠠᠢ ᠠᠳᠬᠤᠬᠤ ᠬᠡᠷᠡᠭᠳᠠᠢ ᠭᠡᠬᠦ ᠳᠤᠳᠤᠷᠬᠠᠢ ᠳᠤᠬᠢᠶ᠎ᠠ ᠳᠠᠮᠵᠢᠭᠤᠯᠤᠯ᠎ᠠ᠃                       ᠶᠡᠷᠦᠩᠬᠡᠢ ᠱᠦᠵᠢ ᠰᠢ ᠶᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠤᠯᠤᠰ ᠤᠨ ︽ᠬᠦᠳᠡᠭᠡ ᠠᠵᠤ ᠠᠬᠤᠢ  ᠬᠦᠳᠡᠭᠡ  ᠲᠤᠰᠬᠤᠨ  ᠲᠠᠷᠢᠶᠠᠴᠢᠨ︾᠎ ᠤ  ᠠᠵᠢᠯ ᠳᠤ ᠤᠯᠤᠭᠰᠠᠨ ᠯᠤᠳᠤ ᠶᠡᠭᠡ ᠠᠮᠵᠢᠯᠳᠠ ᠶᠢ ᠪᠦᠬᠦ ᠲᠠᠯ᠎ᠠ ᠪᠠᠷ ᠳ᠋ᠦᠩᠨᠡᠵᠤ᠂ ᠰᠢᠨ᠎ᠠ ᠬᠦᠭᠵᠢᠯᠳᠡ ᠶᠢᠨ ᠱᠠᠳᠤᠨ ᠤ ︽ᠬᠦᠳᠡᠭᠡ  ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ  ᠠᠵᠢᠯ ᠢ  ᠰᠠᠶᠢᠳᠤᠷ  ᠬᠢᠬᠦ ᠶᠢᠨ  ᠴᠢᠬᠤᠯᠠ  ᠶᠡᠭᠡ  ᠠᠰᠠᠭᠤᠳᠠᠯ ᠢ  ᠭᠦᠨᠵᠡᠭᠡᠢ ᠲᠤᠳᠤᠷᠬᠠᠢᠢᠯᠠᠨ ᠦᠭᠦᠯᠡᠵᠤ᠂ ᠨᠠᠮ ᠪᠤᠯᠤᠨ ᠤᠯᠤᠰ ᠤᠨ ᠪᠦᠬᠦ  ᠲᠠᠯ᠎ᠠ ᠠᠴᠠ  ᠪᠤᠳᠤᠯᠬᠢᠯᠠᠨ  ᠶᠠᠳᠠᠭᠤ ᠠᠴᠠ  ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ  ᠪᠦᠲᠦᠭᠡᠯ ᠢᠶᠠᠨ ᠪᠠᠬᠢᠵᠢᠭᠦᠯᠦᠨ ᠦᠷᠭᠡᠳᠭᠡᠬᠦ᠂  ᠬᠦᠳᠡᠭᠡ  ᠲᠤᠰᠬᠤᠨ ᠢ  ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ  ᠠᠬᠢᠭᠤᠯᠬᠤ᠂  ᠬᠦᠳᠡᠭᠡ ᠠᠵᠤ  ᠠᠬᠤᠢ  ᠬᠦᠳᠡᠭᠡ  ᠲᠤᠰᠬᠤᠨ ᠤ ᠤᠳᠤᠬᠢᠴᠢᠯᠠᠯᠳᠠ ᠶᠢ ᠲᠦᠷᠭᠡᠳᠬᠦ ᠳᠤ ᠴᠢᠬᠤᠯᠠ ᠶᠡᠭᠡ ᠪᠠᠶᠢᠷᠢᠯᠠᠭᠤᠯᠤᠯᠳᠠ ᠬᠢᠭᠰᠡᠨ ᠨᠢ ᠪᠦᠬᠦ ᠨᠠᠮ ᠤᠨ ᠬᠢᠨ  ᠰᠢᠨ᠎ᠠ  ᠬᠦᠭᠵᠢᠯᠳᠡ ᠶᠢᠨ  ᠱᠠᠳᠤᠨ ᠳᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠢ ᠰᠠᠶᠢᠳᠤᠷ ᠬᠢᠬᠦ ᠶᠢᠨ ᠴᠢᠬᠤᠯᠠ ᠴᠢᠨᠠᠷ ᠪᠠ  ᠲᠤᠯᠭᠠᠮ ᠴᠢᠨᠠᠷ ᠢ ᠭᠦᠢᠴᠡᠳ ᠲᠠᠨᠢᠬᠤ᠂ ︽ᠬᠦᠳᠡᠭᠡ ᠠᠵᠤ ᠠᠬᠤᠢ  ᠬᠦᠳᠡᠭᠡ  ᠲᠤᠰᠬᠤᠨ  ᠲᠠᠷᠢᠶᠠᠴᠢᠨ︾᠎ ᠤ  ᠠᠰᠠᠭᠤᠳᠠᠯ ᠢ  ᠰᠠᠶᠢᠳᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠬᠤ᠂ ᠪᠦᠬᠦ ᠨᠠᠮ  ᠪᠦᠬᠦ ᠨᠡᠶᠢᠭᠡᠮ ᠤᠨ ᠬᠦᠴᠦᠨ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠦᠳᠡᠭᠡ ᠠᠵᠤ ᠠᠬᠤᠢ ᠶᠢᠨ ᠴᠢᠨᠠᠷ ᠰᠠᠶᠢᠳᠠᠢ ᠦᠨᠳᠦᠷ ᠦᠷ᠎ᠡ ᠠᠰᠢᠬᠳᠠᠢ ᠪᠠᠶᠢᠬᠤ᠂ ᠬᠦᠳᠡᠭᠡ ᠲᠤᠰᠬᠤᠨ ᠤ ᠤᠷᠤᠰᠢᠨ ᠰᠠᠭᠤᠷᠢᠰᠢᠬᠤ ᠳᠤ  ᠳᠠᠭᠠᠯᠠᠮᠵᠢᠳᠠᠢ ᠦᠢᠯᠡᠰ ᠡᠷᠬᠢᠯᠡᠬᠦ ᠳᠤ ᠳᠤᠬᠢᠷᠠᠮᠵᠢᠳᠠᠢ ᠪᠠᠶᠢᠬᠤ᠂ ᠲᠠᠷᠢᠶᠠᠴᠢᠳ  ᠴᠢᠨᠡᠭᠡᠯᠢᠭ  ᠪᠠᠶᠠᠨ ᠲᠠᠩᠰᠤᠭ ᠪᠠᠶᠢᠬᠤ ᠶᠢ  ᠠᠬᠢᠭᠤᠯᠬᠤ ᠳᠤ ᠴᠢᠬᠤᠯᠠ ᠶᠡᠭᠡ ᠠᠯᠤᠰ ᠬᠡᠳᠦ ᠶᠢᠨ ᠠᠴᠢ ᠬᠤᠯᠪᠤᠭᠳᠠᠯ ᠲᠠᠢ ᠶᠤᠮ᠃                       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂  ᠰᠢ ᠶᠢᠨ  ᠫᠢᠩ  ᠨᠦᠬᠦᠷ ᠢᠶᠠᠷ  ᠭᠤᠤᠯ  ᠪᠤᠯᠭᠠᠭᠰᠠᠨ ᠨᠠᠮ ᠤᠨ ᠲᠦᠪ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠴᠢᠨᠡᠭᠡᠯᠢᠭ ᠨᠡᠶᠢᠭᠡᠮ ᠢ ᠪᠦᠬᠦ  ᠲᠠᠯ᠎ᠠ ᠪᠠᠷ ᠪᠡᠶᠡᠯᠡᠭᠦᠯᠬᠦ ᠶᠢᠨ ᠪᠡᠯᠭᠡ ᠲᠡᠮᠳᠡᠭ ᠤᠨ ᠴᠢᠨᠠᠷᠳᠠᠢ  ᠢᠨᠵᠧᠨᠧᠷᠢᠩ  ᠪᠤᠯᠭᠠᠵᠤ᠂  ᠬᠦᠮᠦᠨ  ᠲᠦᠷᠦᠯᠬᠢᠳᠡᠨ ᠤ  ᠲᠡᠤᠬᠡᠨ ᠳᠡᠭᠡᠷᠡᠬᠢ ᠬᠡᠪᠴᠢᠶ᠎ᠠ ᠪᠠᠷ ᠬᠠᠮᠤᠭ ᠤᠨ ᠶᠡᠭᠡ᠂ ᠡᠷᠴᠢᠮ ᠢᠶᠠᠷ ᠬᠠᠮᠤᠭ ᠤᠨ ᠴᠢᠩᠭ᠎ᠠ᠂ ᠠᠰᠢᠭ ᠬᠦᠷᠳᠡᠭᠡᠭᠰᠡᠨ  ᠬᠦᠮᠦᠨ  ᠠᠮᠠ  ᠬᠠᠮᠤᠭ ᠤᠨ ᠤᠯᠠᠨ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ  ᠰᠢᠪᠳᠤᠯᠬᠤ  ᠳᠠᠶᠢᠯᠠᠯᠳᠤᠭᠠᠨ ᠢ  ᠵᠤᠬᠢᠶᠠᠨ  ᠪᠠᠶᠢᠭᠤᠯᠤᠨ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ  ᠪᠤᠳᠤᠯᠭ᠎ᠠ ᠶᠢ  ᠬᠡᠷᠡᠭᠵᠢᠭᠦᠯᠤᠨ᠂  ᠬᠦᠳᠡᠭᠡ  ᠠᠵᠤ  ᠠᠬᠤᠢ ᠬᠦᠳᠡᠭᠡ ᠲᠤᠰᠬᠤᠨ ᠤ ᠲᠡᠤᠬᠡᠳᠤ ᠴᠢᠨᠠᠷᠳᠠᠢ ᠠᠮᠵᠢᠯᠳᠠ ᠤᠯᠬᠤ᠂ ᠲᠡᠤᠬᠡᠳᠤ ᠴᠢᠨᠠᠷᠳᠠᠢ ᠬᠤᠪᠢᠰᠤᠯᠳᠠ ᠡᠭᠦᠰᠬᠦ ᠶᠢ ᠠᠬᠢᠭᠤᠯᠵᠠᠢ᠃ ᠬᠦᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠡᠭᠡ ᠳᠡᠭᠳᠡᠷ ᠲᠤ ᠭᠠᠷᠴᠤ᠂ ᠠᠮᠤ ᠪᠤᠳᠠᠭᠠᠨ ᠤ ᠤᠨᠠᠯᠳᠠ 6 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠭᠠᠷᠤᠢ ᠳᠤ ᠳᠤᠭᠳᠠᠪᠤᠷᠢᠵᠢᠨ᠂ ᠲᠠᠷᠢᠶᠠᠴᠢᠳ ᠤᠨ ᠤᠷᠤᠯᠭ᠎ᠠ 2010 ᠤᠨ ᠤ ᠬᠢ ᠠᠴᠠ ᠨᠢᠭᠡ ᠳᠠᠬᠢᠨ ᠢᠯᠡᠭᠦᠦ ᠨᠡᠮᠡᠭᠳᠡᠵᠤ᠂ ᠬᠦᠳᠡᠭᠡ ᠲᠤᠰᠬᠤᠨ ᠤ ᠠᠷᠠᠳ ᠤᠨ ᠠᠮᠢᠳᠤᠷᠠᠯ ᠮᠡᠳᠡᠭᠳᠡᠮ᠎ᠠ ᠰᠠᠶᠢᠵᠢᠷᠠᠵᠤ᠂ ᠬᠦᠳᠡᠭᠡ ᠲᠤᠰᠬᠤᠨ ᠴᠤ ᠰᠢᠨ᠎ᠠ ᠳᠦᠷᠰᠦ ᠪᠠᠶᠢᠳᠠᠯ ᠲᠠᠢ ᠪᠤᠯᠵᠠᠢ᠃ ᠶᠠᠳᠠᠭᠤ ᠬᠦᠴᠢᠷᠳᠡᠯᠳᠠᠢ ᠭᠠᠵᠠᠷ ᠤᠷᠤᠨ ᠳᠤ ᠲᠡᠭᠷᠢ  ᠭᠠᠵᠠᠷ ᠢ ᠳᠤᠩᠰᠤᠯᠭᠠᠮ᠎ᠠ  ᠬᠤᠪᠢᠷᠠᠯᠳᠠ ᠭᠠᠷᠴᠤ᠂ ᠳᠤᠮᠳᠠᠳᠤ ᠶᠢᠨ ᠦᠨᠳᠦᠰᠦᠳᠡᠨ ᠢ ᠬᠡᠳᠦᠨ ᠮᠢᠩᠭᠠᠨ ᠵᠢᠯ ᠭᠠᠴᠢᠭᠳᠠᠭᠤᠯᠤᠭᠰᠠᠨ  ᠬᠠᠷᠢᠴᠠᠯᠠᠰᠢᠭᠦᠢ  ᠶᠠᠳᠠᠭᠤ  ᠬᠦᠴᠢᠷᠳᠡᠯ ᠤᠨ  ᠠᠰᠠᠭᠤᠳᠠᠯ ᠢ  ᠰᠢᠢᠳᠪᠦᠷᠢᠯᠡᠭᠡᠳ ᠲᠡᠤᠬᠡᠳᠤ  ᠴᠢᠨᠠᠷᠳᠠᠢ ᠠᠮᠵᠢᠯᠳᠠ ᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠴᠢᠬᠤᠯᠠ ᠶᠡᠭᠡ ᠬᠤᠪᠢ  ᠨᠡᠮᠡᠷᠢ  ᠦᠵᠡᠭᠦᠯᠤᠨ᠂ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠠ  ᠠᠶᠠᠯᠠᠯ ᠢ  ᠡᠬᠢᠯᠡᠭᠦᠯᠬᠦ ᠳᠤ ᠪᠠᠳᠤ ᠰᠠᠭᠤᠷᠢ ᠲᠠᠯᠪᠢᠭᠰᠠᠨ ᠪᠠᠶᠢᠨ᠎ᠠ᠃                        ︽ᠠᠷᠪᠠᠨ ᠳᠦᠷᠪᠡᠳᠦᠭᠡᠷ  ᠲᠠᠪᠤᠨ  ᠵᠢᠯ︾᠎ ᠤᠨ ᠬᠤᠭᠤᠴᠠᠭᠠᠨ ᠳᠤ᠂  ᠮᠠᠨ ᠤ  ᠤᠯᠤᠰ  ᠰᠢᠨ᠎ᠠ  ᠬᠦᠭᠵᠢᠯᠳᠡ ᠶᠢᠨ ᠱᠠᠳᠤᠨ ᠳᠤ ᠤᠷᠤᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠤᠷᠴᠢᠨ ᠳᠤ ᠭᠦᠨ ᠭᠦᠨᠵᠡᠭᠡᠢ ᠡᠭᠡᠳᠡᠷᠡᠭᠡᠨ ᠪᠤᠳᠤᠯᠢᠶᠠᠨᠳᠠᠢ ᠬᠤᠪᠢᠷᠠᠯᠳᠠ ᠡᠭᠦᠰᠦᠨ᠎ᠠ᠃ ᠬᠤᠶᠠᠳᠤᠭᠠᠷ  ᠵᠠᠭᠤᠨ  ᠵᠢᠯ ᠤᠨ  ᠲᠡᠮᠡᠴᠡᠬᠦ  ᠬᠠᠷᠠᠯᠳᠠ  ᠲᠡᠶᠢᠰᠢ   ᠤᠷᠤᠭᠰᠢᠯᠠᠬᠤ   ᠲᠡᠤᠬᠡᠨ ᠵᠠᠩᠬᠢᠯᠠᠭ᠎ᠠ ᠶᠢᠨ  ᠴᠠᠭ  ᠦᠶ᠎ᠠ ᠳᠤ᠂  ᠶᠠᠳᠠᠭᠤ ᠠᠴᠠ  ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ  ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠪᠠᠶᠢᠳᠠᠯ ᠳᠤᠤᠷ᠎ᠠ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠡᠯᠡᠬᠡᠢ ᠶᠢᠨ ᠤᠷᠤᠭ᠎ᠠ ᠪᠤᠰᠬᠠᠭ᠎ᠠ ᠪᠠᠶᠢᠳᠠᠯ ᠢ  ᠰᠢᠷᠦᠭᠦᠰᠦᠭᠦᠯᠵᠦ ᠪᠠᠶᠢᠭ᠎ᠠ ᠤᠨᠴᠠᠭᠠᠢ ᠴᠠᠭ ᠮᠦᠴᠡ ᠳᠤ᠂  ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠲᠦᠭᠡᠯ ᠢᠶᠠᠨ ᠪᠠᠬᠢᠵᠢᠭᠦᠯᠦᠨ ᠦᠷᠭᠡᠳᠭᠡᠬᠦ᠂ ᠬᠦᠳᠡᠭᠡ ᠲᠤᠰᠬᠤᠨ ᠢ ᠬᠦᠭᠵᠢᠭᠦᠯᠦᠨ  ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠦᠳᠡᠭᠡ ᠠᠵᠤ  ᠠᠬᠤᠢ  ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠭᠡᠳᠭᠡᠬᠦ ᠪᠤᠯ ᠪᠦᠬᠦ  ᠨᠠᠮ ᠤᠨ ᠬᠢᠨ ᠤ  ᠳᠡᠭᠡᠳᠤ ᠬᠡᠮᠵᠢᠶ᠎ᠠ ᠪᠠᠷ  ᠴᠢᠬᠤᠯᠠᠴᠢᠯᠠᠬᠤ  ᠬᠡᠷᠡᠭᠳᠠᠢ  ᠶᠡᠭᠡ ᠲᠠᠯ᠎ᠠ ᠳᠤ ᠬᠤᠯᠪᠤᠭᠳᠠᠬᠤ  ᠴᠢᠬᠤᠯᠠ  ᠶᠡᠭᠡ  ᠠᠰᠠᠭᠤᠳᠠᠯ  ᠪᠤᠯᠤᠨ᠎ᠠ᠃  ᠦᠨᠳᠤᠰᠤᠳᠠᠨ ᠰᠡᠷᠭᠦᠨ ᠮᠠᠨᠳᠤᠬᠤ ᠳᠤ  ᠬᠦᠳᠡᠭᠡ ᠲᠤᠰᠬᠤᠨ ᠢ ᠡᠷᠬᠡᠪᠰᠢ ᠬᠦᠭᠵᠢᠬᠦᠯᠤᠨ ᠮᠠᠨᠳᠤᠭᠤᠯᠬᠤ ᠬᠡᠷᠡᠭᠳᠠᠢ ᠶᠢ ᠪᠦᠬᠦ ᠨᠠᠮ ᠤᠨ  ᠨᠦᠬᠦᠳ ᠡᠷᠬᠡᠪᠰᠢ ᠬᠦᠨᠵᠡᠬᠡᠢ ᠲᠠᠨᠢᠬᠤ ᠭᠡᠷᠡᠭᠳᠠᠢ᠃ ︽ᠬᠦᠳᠡᠭᠡ ᠠᠵᠤ ᠠᠬᠤᠢ  ᠬᠦᠳᠡᠭᠡ ᠲᠤᠰᠬᠤᠨ ᠲᠠᠷᠢᠶᠠᠴᠢᠨ︾᠎ ᠤ ᠠᠵᠢᠯ  ᠬᠡᠳᠦ᠋ᠢᠪᠡᠷ ᠢᠯᠡᠳᠳᠡ ᠠᠮᠵᠢᠯᠳᠠ ᠤᠯᠤᠬᠰᠠᠨ ᠪᠤᠯᠪᠠᠴᠤ᠂ ᠬᠦᠳᠡᠭᠡ ᠠᠵᠤ ᠠᠬᠤᠢ ᠶᠢᠨ ᠰᠠᠭᠤᠷᠢ  ᠲᠤᠭᠳᠠᠭᠤᠨ ᠪᠤᠰᠤ᠂  ᠬᠤᠳᠠ ᠬᠦᠳᠡᠭᠡ ᠶᠢᠨ  ᠬᠦᠭᠵᠢᠯᠳᠠ ᠲᠡᠩᠴᠡᠬᠦᠷᠢ ᠦᠬᠡᠢ᠂ ᠬᠦᠳᠡᠭᠡ ᠲᠤᠰᠬᠤᠨ ᠤ ᠬᠦᠭᠵᠢᠯᠳᠠ ᠬᠦᠢᠴᠡᠳ ᠪᠤᠰᠤ ᠵᠡᠷᠬᠡ ᠨᠢ  ᠮᠦᠨ  ᠬᠦ  ᠨᠡᠶᠢᠬᠡᠮ ᠤᠨ  ᠭᠤᠤᠯ ᠵᠦᠷᠢᠴᠡᠯ ᠤᠨ ᠲᠦᠪᠯᠡᠷᠡᠩᠬᠦᠢ ᠢᠯᠡᠷᠡᠯ ᠪᠤᠯᠵᠤ ᠪᠠᠶᠢᠨ᠎ᠠ᠃ ᠭᠠᠳᠠᠭᠠᠳᠤ ᠤᠷᠴᠢᠨ ᠳᠤ ᠨᠡᠩ ᠤᠯᠠᠨ ᠳᠤᠭᠳᠠᠭᠤᠨ ᠦᠭᠡᠢ ᠳᠤᠭᠳᠠᠪᠤᠷᠢ ᠦᠭᠡᠢ ᠴᠢᠨᠠᠷ ᠢᠯᠡᠷᠡᠵᠤ᠂ ᠬᠦᠳᠡᠭᠡ ᠠᠵᠤ ᠠᠬᠤᠢ ᠶᠢᠨ ᠦᠨᠳᠤᠰᠤ ᠶᠢ ᠲᠤᠭᠳᠠᠪᠤᠷᠢᠵᠢᠭᠤᠯᠤᠨ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠰᠠᠭᠤᠷᠢ ᠶᠢ ᠰᠠᠶᠢᠳᠤᠷ ᠰᠠᠬᠢᠬᠤ ᠪᠤ  ᠬᠤᠪᠢᠷᠠᠯᠳᠠ ᠶᠢ ᠠᠷᠭᠠᠴᠠᠭᠠᠬᠤ᠂ ᠰᠢᠨ᠎ᠠ ᠪᠠᠶᠢᠳᠠᠯ ᠢ ᠡᠭᠦᠳᠬᠦ ᠶᠢᠨ ︽ᠰᠠᠭᠤᠷᠢ ᠴᠢᠯᠠᠭᠤ︾  ᠪᠤᠯᠤᠨ᠎ᠠ᠃  ᠡᠷᠬᠡᠪᠰᠢ  ︽ᠬᠦᠳᠡᠭᠡ  ᠠᠵᠤ  ᠠᠬᠤᠢ  ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠳᠠᠬᠢ  ᠨᠠᠮ ᠤᠨ  ᠪᠦᠬᠦ  ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ  ᠬᠦᠳᠡᠭᠡ ᠲᠤᠰᠬᠤᠨ ᠤ ᠠᠵᠢᠯ ᠢ  ᠤᠳᠤᠷᠢᠳᠬᠤ  ᠵᠤᠬᠢᠶᠠᠨ  ᠪᠠᠶᠢᠭᠤᠯᠤᠯᠳᠠ ᠶᠢᠨ  ᠰᠢᠰᠲ᠋ᠧᠮ᠂ ᠲᠦᠷᠢᠮ ᠤᠨ  ᠰᠢᠰᠲ᠋ᠧᠮ᠂ ᠠᠵᠢᠯ ᠤᠨ ᠲᠤᠭᠳᠠᠴᠠ ᠶᠢ ᠲᠡᠬᠦᠯᠳᠡᠷᠵᠢᠬᠦᠯᠤᠨ᠂ ᠰᠢᠨ᠎ᠠ ᠴᠠᠬ ᠦᠶ᠎ᠠ ᠶᠢᠨ ᠨᠠᠮ ᠤᠨ ᠬᠦᠳᠡᠭᠡ ᠲᠤᠰᠬᠤᠨ ᠤ  ᠠᠵᠢᠯ ᠢ ᠪᠦᠬᠦ ᠲᠠᠯ᠎ᠠ ᠪᠠᠷ ᠤᠳᠤᠷᠢᠳᠬᠤ ᠴᠢᠳᠠᠪᠤᠷᠢ  ᠪᠤᠯᠤᠨ ᠲᠦᠪᠰᠢᠨ ᠢ ᠲᠡᠭᠡᠭᠰᠢᠯᠡᠬᠦᠯᠬᠦ  ᠭᠡᠷᠡᠭᠳᠠᠢ᠃ ᠡᠯ᠎ᠠ ᠱᠠᠳᠤᠨ ᠤ ᠤᠳᠤᠷᠢᠳᠬᠤ ᠺᠠᠳ᠋ᠷ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠪᠠᠶᠢᠯᠳᠤᠬᠤ ᠪᠤᠳᠤᠯᠭ᠎ᠠ ᠶᠢᠨ  ᠪᠦᠬᠦ  ᠲᠠᠯ᠎ᠠ  ᠪᠤᠯᠤᠨ ᠲᠡᠯᠡᠬᠡᠢ ᠶᠢᠨ ᠵᠠᠭᠤᠨ ᠵᠢᠯ ᠳᠤ ᠳᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠶᠢ ᠬᠡᠬᠦᠳᠡᠭ  ᠴᠡᠬᠡᠵᠢᠨ ᠳᠡᠭᠡᠨ  ᠪᠠᠭᠳᠠᠭᠠᠵᠤ᠂ ᠰᠡᠳᠬᠢᠯ ᠢᠶᠠᠨ ᠨᠢᠬᠡᠳᠭᠡᠨ ᠬᠦᠴᠦ ᠪᠠᠨ ᠬᠠᠮᠳᠤᠳᠬᠠᠵᠤ᠂ ᠦᠨᠡᠨ ᠬᠦ ᠠᠳᠬᠤᠵᠤ ᠪᠤᠳᠠᠳᠠᠢ ᠠᠵᠢᠯᠯᠠᠨ᠂ ᠰᠢᠨ᠎ᠠ ᠬᠦᠭᠵᠢᠯᠳᠠ ᠶᠢᠨ ᠱᠠᠳᠤᠨ ᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ  ᠠᠵᠢᠯ ᠢ ᠰᠠᠶᠢᠳᠤᠷ ᠬᠢᠵᠤ᠂ ᠬᠦᠳᠡᠭᠡ ᠠᠵᠤ ᠠᠬᠤᠢ ᠶᠢᠨ ᠴᠢᠨᠠᠷ ᠰᠠᠶᠢᠳᠠᠢ ᠦᠨᠳᠦᠷ ᠪᠦᠲᠦᠮᠵᠢᠳᠠᠢ ᠪᠠᠶᠢᠬᠤ᠂ ᠬᠦᠳᠡᠭᠡ ᠲᠤᠰᠬᠤᠨ ᠤ  ᠤᠷᠤᠰᠢᠨ ᠰᠠᠭᠤᠷᠢᠰᠢᠬᠤ ᠳᠤ ᠳᠠᠭᠠᠯᠠᠮᠵᠢᠳᠠᠢ ᠦᠢᠯᠡᠰ ᠡᠷᠬᠢᠯᠡᠬᠦ ᠳᠤ ᠳᠤᠬᠢᠷᠠᠮᠵᠢᠳᠠᠢ ᠪᠠᠶᠢᠬᠤ᠂ ᠲᠠᠷᠢᠶᠠᠴᠢᠳ ᠴᠢᠨᠡᠭᠡᠯᠢᠭ  ᠪᠠᠶᠠᠨ  ᠲᠠᠩᠰᠤᠭ ᠪᠠᠶᠢᠬᠤ ᠶᠢ ᠴᠢᠷᠮᠠᠶᠢᠨ ᠪᠡᠶᠡᠯᠡᠬᠦᠯᠬᠦ ᠭᠡᠷᠡᠭᠳᠠᠢ᠃                       ᠬᠡᠳᠤᠨ ᠠᠷᠪᠠᠨ ᠵᠢᠯ ᠢᠯᠠᠩᠭᠤᠶ᠎ᠠ ᠤᠢᠢᠷ᠎ᠠ ᠶᠢᠨ 8 ᠵᠢᠯ ᠤᠨ ᠲᠤᠷᠰᠢ ᠴᠦᠬᠦᠷᠡᠰᠢ ᠦᠬᠡᠢ ᠲᠡᠮᠡᠴᠡᠭᠰᠡᠨ ᠢᠶᠠᠷ᠂ ᠪᠢᠳᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠬᠠᠷᠠᠯᠳᠠ ᠡᠬᠦᠷᠬᠡ ᠶᠢ  ᠲᠤᠭᠳᠠᠬᠰᠠᠨ  ᠬᠤᠭᠤᠴᠠᠭᠠᠠ ᠳᠠᠭᠠᠨ ᠪᠡᠶᠡᠯᠡᠬᠦᠯᠵᠤ᠂ ᠲᠡᠯᠡᠬᠡᠢ ᠳ᠋ᠡᠬᠢᠨ ᠳᠤ ᠪᠢᠰᠢᠷᠡᠭᠳᠡᠭᠰᠡᠨ ᠴᠢᠬᠤᠯᠠ ᠶᠡᠭᠡ ᠢᠯᠠᠯᠳᠠ ᠤᠯᠵᠠᠢ᠃ ᠤᠳᠤ ᠪᠢᠳᠠᠨ ᠤ ᠲᠠᠷᠬᠠᠨ ᠡᠬᠦᠷᠬᠡ ᠪᠤᠯ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠂ ᠡᠨᠡ  ᠪᠤᠯ  ︽ᠭ᠊ ‍ᠦ᠋ᠳᠡᠭᠡ  ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠤᠨ ᠭᠤᠤᠯᠳᠠᠯᠭ᠎ᠠ ᠶᠢᠨ ᠲᠡᠤᠬᠡᠳᠤ  ᠴᠢᠨᠠᠷᠳᠠᠢ  ᠰᠢᠯᠵᠢᠯᠳᠠ  ᠪᠤᠯᠤᠨ᠎ᠠ᠃ ᠰᠢᠨ᠎ᠠ ᠬᠦᠭᠵᠢᠯᠳᠠ ᠶᠢᠨ ᠱᠠᠳᠤᠨ ᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ  ᠠᠵᠢᠯ ᠢ  ᠰᠠᠶᠢᠳᠤᠷ ᠬᠢᠬᠦ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠲᠦᠭᠡᠯ ᠢᠶᠠᠨ ᠪᠠᠬᠢᠵᠢᠭᠦᠯᠦᠨ  ᠦᠷᠬᠡᠳᠬᠡᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠠᠢ ᠪᠦᠳᠤᠮᠵᠢᠳᠠᠢ ᠵᠤᠯᠭᠠᠭᠤᠯᠬᠤ  ᠠᠵᠢᠯ ᠢ  ᠰᠠᠶᠢᠳᠦᠷ  ᠬᠢᠵᠦ᠂  ᠲᠠᠬᠢᠨ ᠶᠠᠳᠠᠭᠤᠷᠠᠬᠤ ᠶᠢ ᠰᠡᠷᠬᠡᠶᠢᠯᠡᠬᠦ ᠬᠦᠳᠡᠯᠦᠩᠬᠦᠢ ᠬᠢᠨᠠᠨ ᠡᠵᠡᠮᠳᠡᠬᠦ ᠪᠤᠯᠤᠨ ᠬᠠᠪᠰᠤᠷᠤᠨ ᠲᠡᠳᠬᠦᠬᠦ ᠲᠤᠭᠳᠠᠴᠠ ᠶᠢ  ᠪᠦᠷᠢᠨᠰᠢᠭᠦᠯᠦᠨ᠂ ᠰᠢᠯᠵᠢᠯᠳᠠ ᠶᠢᠨ ᠬᠤᠭᠤᠴᠠᠭᠠᠨ ᠳᠤ ᠡᠯ᠎ᠠ ᠵᠦᠢᠯ ᠤᠨ ᠲᠦᠷᠤ ᠶᠢᠨ ᠪᠤᠳᠤᠯᠭ᠎ᠠ ᠲᠤᠭᠳᠠᠭᠤᠨ ᠢᠶᠠᠷ ᠰᠢᠯᠵᠢᠬᠦ ᠶᠢ ᠪᠠᠳᠤᠯᠠᠵᠤ᠂ ᠶᠠᠳᠠᠭᠤ ᠠᠴᠠ ᠠᠩᠬᠢᠵᠢᠷᠠᠭᠰᠠᠨ ᠭᠠᠵᠠᠷ ᠤᠷᠤᠨ ᠤ ᠬᠦᠳᠡᠭᠡ ᠲᠤᠰᠬᠤᠨ ᠢ ᠬᠦᠭᠵᠢᠬᠦᠯᠤᠨ  ᠮᠠᠨᠳᠤᠭᠤᠯᠬᠤ ᠶᠢ ᠦᠷᠬᠦᠯᠵᠢᠯᠠᠨ‌ᠠᠬᠢᠭᠤᠯᠬᠤ ᠭᠡᠷᠡᠭᠳᠠᠢ᠃ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠵᠤ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠤ ᠶᠢᠨ ᠬᠠᠷᠢᠭᠤᠴᠠᠯᠭ᠎ᠠ ᠪᠠᠨ ᠡᠬᠦᠷᠬᠡᠯᠠᠵᠤ᠂ ᠲᠠᠷᠢᠶᠠᠨ  ᠭᠠᠵᠠᠷ ᠢ  ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ 18 ᠳ᠋ᠦᠩᠰᠢᠭᠤᠷ ᠮᠤ᠋ ᠶᠢᠨ  ᠲᠠᠷᠢᠶᠠᠨ  ᠭᠠᠵᠠᠷ ᠤᠨ  ᠤᠯᠠᠭᠠᠨ ᠱᠤᠭᠤᠮ ᠢ ᠴᠢᠩᠭ᠎ᠠ ᠰᠠᠬᠢᠵᠤ᠂ ᠦᠨᠳᠤᠷ  ᠪᠠᠷᠢᠮᠵᠢᠶᠠᠳᠤ ᠲᠠᠷᠢᠶᠠᠨ  ᠭᠠᠵᠠᠷ ᠢ  ᠪᠠᠶᠢᠭᠤᠯᠤᠨ᠂ ᠬᠦᠳᠡᠭᠡ ᠠᠵᠤ  ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠠᠯ᠎ᠠ ᠪᠠᠷ ᠪᠠᠶ᠎ᠠ ᠪᠠᠨ ᠲᠠᠭᠠᠭᠠᠵᠤ  ᠬᠦᠴᠦᠷᠭᠡᠭᠵᠢᠬᠦ ᠶᠢ  ᠪᠠᠷᠢᠮᠳᠠᠯᠠᠵᠤ᠂  ᠬᠦᠳᠡᠭᠡ ᠠᠵᠤ ᠠᠬᠤᠢ ᠶᠢᠨ ᠵᠠᠩᠬᠢᠯᠠᠭ᠎ᠠ ᠶᠢᠨ ᠮᠡᠷᠬᠡᠵᠢᠯ ᠤᠨ ᠪᠤᠭᠤᠮᠳᠠ ᠰᠢᠪᠳᠤᠯᠤᠯᠳᠠ ᠶᠢ ᠲᠦᠷᠬᠡᠳᠬᠡᠵᠤ᠂ ᠲᠠᠷᠢᠶᠠᠴᠢᠨ ᠤ ᠠᠮᠤ ᠪᠤᠳᠠᠭ᠎ᠠ ᠲᠠᠷᠢᠬᠤ ᠢᠳᠡᠪᠬᠢᠵᠢᠯ ᠢ ᠲᠠᠶᠢᠴᠢᠯᠠᠨ᠂ ᠠᠮᠤ ᠪᠤᠳᠠᠭ᠎ᠠ ᠲᠠᠷᠢᠬᠤ ᠲᠠᠷᠢᠶᠠᠴᠢᠨ ᠳᠤ ᠨᠦᠬᠦᠪᠤᠷᠢ  ᠦᠭᠬᠦ ᠶᠢ  ᠲᠤᠭᠳᠠᠪᠤᠷᠢᠵᠢᠭᠤᠯᠬᠤ ᠪᠠ ᠴᠢᠩᠭᠠᠳᠬᠠᠬᠤ ᠭᠡᠷᠡᠭᠳᠠᠢ᠃ ᠬᠦᠳᠡᠭᠡ ᠲᠤᠰᠬᠤᠨ ᠢ ᠬᠦᠭᠵᠢᠬᠦᠯᠤᠨ  ᠮᠠᠨᠳᠤᠭᠤᠯᠬᠤ ᠶᠢ  ᠪᠦᠬᠦ  ᠲᠠᠯ᠎ᠠ ᠪᠠᠷ  ᠠᠬᠢᠭᠤᠯᠬᠤ ᠶᠢ ᠨᠠᠶᠢᠳᠠᠪᠤᠷᠢᠵᠢᠭᠤᠯᠤᠨ ᠠᠮᠵᠢᠯᠳᠠ ᠪᠦᠳᠤᠮᠵᠢ ᠤᠯᠵᠤ᠂ ᠬᠦᠳᠡᠭᠡ ᠲᠤᠰᠬᠤᠨ ᠤ ᠠᠵᠤ ᠤᠢᠢᠯᠡᠰ ᠢ ᠲᠦᠷᠭᠡᠳᠭᠡᠨ ᠬᠦᠭᠵᠢᠬᠦᠯᠵᠤ᠂ ᠨᠡᠶᠢᠬᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠨ᠂ ᠬᠦᠳᠡᠭᠡ ᠲᠤᠰᠬᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂ ᠬᠦᠳᠡᠭᠡ ᠲᠤᠰᠬᠤᠨ ᠤ ᠦᠬᠡᠷᠡᠴᠢᠯᠠᠯᠳᠠ ᠶᠢ ᠬᠦᠨᠵᠡᠬᠡᠶᠢᠷᠡᠬᠦᠯᠤᠨ᠂ ᠬᠦᠳᠡᠭᠡ ᠲᠤᠰᠬᠤᠨ ᠤ ᠪᠦᠳᠤᠬᠡᠨ ᠪᠠᠶᠢᠭᠤᠯᠤᠯᠳᠠ ᠶᠢᠨ ᠠᠵᠢᠯᠯᠠᠭ᠎ᠠ ᠶᠢ ᠭᠡᠷᠡᠭᠵᠢᠬᠦᠯᠵᠤ᠂ ᠬᠤᠳᠠ ᠬᠦᠳᠡᠭᠡ ᠶᠢᠨ ᠠᠭᠤᠰᠤᠯᠴᠠᠭᠰᠠᠨ ᠬᠦᠭᠵᠢᠯᠳᠠ ᠶᠢᠨ ᠪᠤᠳᠠᠳᠤ ᠦᠷ᠎ᠠ ᠪᠦᠳᠤᠮᠵᠢ ᠤᠯᠬᠤ ᠶᠢ ᠠᠬᠢᠭᠤᠯᠤᠨ᠂ ᠬᠦᠳᠡᠭᠡ ᠲᠤᠰᠬᠤᠨ ᠤ  ᠵᠠᠰᠠᠯᠳᠠ ᠶᠢ  ᠴᠢᠩᠭᠠᠳᠬᠠᠨ ᠰᠠᠶᠢᠵᠢᠷᠠᠭᠤᠯᠬᠤ ᠭᠡᠷᠡᠭᠳᠠᠢ᠃                        ᠲᠡᠷᠠᠭ᠎ᠠ ᠵᠢᠯ ᠪᠤᠯ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠲᠦᠯᠤᠪᠵᠢᠬᠦᠯᠬᠡ ᠶᠢ ᠭᠡᠷᠡᠭᠵᠢᠬᠦᠯᠬᠦ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠯᠠᠯ ᠢ ᠡᠬᠢᠯᠡᠬᠦᠯᠬᠦ ᠠᠩᠬᠠᠨ ᠤ ᠵᠢᠯ ᠪᠤᠯᠬᠤ ᠪᠦᠭᠡᠳ ᠨᠠᠮ ᠪᠠᠶᠢᠭᠤᠯᠤᠬᠳᠠᠬᠰᠠᠨ 100 ᠵᠢᠯ ᠤᠨ ᠤᠢ ᠪᠤᠯᠤᠨ᠎ᠠ᠃ ᠠᠯᠢᠪᠠ ᠠᠵᠢᠯ ᠢ ᠴᠦᠮ ᠰᠠᠶᠢᠨ  ᠡᠬᠢᠯᠠᠯᠳᠠ ᠲᠠᠢ ᠪᠤᠯᠭᠠᠨ᠂ ᠰᠠᠶᠢᠨ ᠭᠠᠷᠤᠭ᠎ᠠ ᠠᠪᠬᠤ ᠶᠢᠨ ᠲᠤᠭᠤᠷᠢᠨ ᠳᠤ ᠦᠷᠨᠢᠬᠦᠯᠬᠦ ᠬᠡᠷᠡᠭᠳᠠᠢ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ  ᠬᠤᠷᠢᠶᠠᠨ ᠤ  ᠲᠤᠭᠤᠷᠢᠨ ᠳᠤ ᠨᠢᠬᠳᠠᠷᠠᠨ ᠪᠦᠯᠬᠦᠮᠳᠡᠵᠤ᠂  ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠳᠡᠬᠡᠯ︾᠎ ᠢᠶᠠᠨ  ᠪᠠᠳᠤᠳᠬᠠᠵᠤ᠂  ︽ᠬᠤᠶᠠᠷ ᠢ  ᠬᠠᠮᠠᠭᠠᠯᠠᠬᠤ︾᠎ ᠶᠢ  ᠪᠡᠶᠡᠯᠡᠬᠦᠯᠵᠤ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠨᠡᠬᠡᠬᠡᠯᠳᠠ ᠬᠢᠵᠦ ᠤᠷᠤᠬᠰᠢᠯᠠᠨ᠂  ᠰᠢᠯᠢᠳᠡᠭ  ᠬᠢᠷᠢ  ᠪᠦᠳᠤᠮᠵᠢ ᠪᠠᠷ  ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠬᠡᠯᠠᠵᠤ᠂ ᠨᠡᠶᠢᠬᠡᠮ ᠵᠢᠷᠤᠮᠳᠤ  ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠶᠢᠨ ᠲᠦᠯᠤᠬᠡ ᠴᠦᠬᠦᠷᠡᠰᠢ ᠦᠬᠡᠢ ᠲᠡᠮᠡᠴᠡᠰᠤᠬᠡᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号