| | ᠵᠠᠰᠠᠭ ᠤᠨ ᠣᠷᠳᠣᠨ ᠤ ᠠᠵᠢᠯ ᠤᠨ ᠢᠯᠡᠳᠬᠡᠯ | | — — 2020 ᠤᠨ ᠤ5 ᠰᠡᠷ᠎ᠡ ᠶᠢᠨ21 ᠤ ᠡᠳᠤᠷ ᠰᠢᠨ᠎ᠡ ᠪᠡᠷᠭᠤ ᠵᠡᠬᠦᠨ ᠬᠤᠰᠢᠭᠤᠨ ᠤ ᠠᠷᠪᠡᠨ | ᠲᠠᠪᠤᠳᠤᠭᠠᠷ | ᠬᠤᠭᠤᠴᠠᠭᠠᠨ ᠤ ᠠᠷᠡᠳ ᠤᠨ ᠲᠦᠯᠤᠭᠡᠯᠡᠭᠴᠢᠳ ᠤᠨ ᠶᠡᠭᠡ ᠬᠤᠷᠡᠯ ᠤᠨ ᠳᠥᠷᠪᠡᠳᠦᠭᠡᠷ | ᠬᠤᠷᠠᠯᠳᠤᠭᠠᠨ ᠲᠡᠭᠡᠷ᠎ᠡ | ᠠᠷᠡᠳ ᠤᠨ ᠵᠠᠰᠠᠭ ᠤᠨ ᠤᠷᠳᠤᠨ ᠤ ᠬᠤᠰᠢᠭᠤᠨ ᠲᠠᠷᠤᠭ᠎ᠠ ᠬᠠᠢ ᠴᠢᠩ | | | ᠲᠥᠯᠥᠭᠡᠯᠡᠭᠴᠢᠳ ᠡ᠄ | ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ | ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠤᠷᠤᠯᠴᠠᠭᠰᠡᠳ ᠲᠥᠯᠥᠭᠡᠯᠡᠭᠴᠢ ᠰᠠᠨᠠᠯ ᠢᠶᠠᠨ | ᠳᠡᠪᠰᠢᠭᠦᠯᠬᠦ ᠪᠤᠯᠪᠠᠤ᠃ | ᠵᠢᠯ ᠤᠨ ᠡᠬᠢᠨ ᠳᠤ ᠦᠬᠠᠨ ᠬᠤᠲᠠ ᠳᠤ ᠭᠠᠷᠤᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠨᠢ ᠮᠠᠰᠢ ᠲᠦᠷᠭᠡᠨ ᠪᠦᠬᠦ ᠤᠯᠤᠰ ᠤᠨ | ᠴᠢᠨᠠᠷᠲᠠᠢ ᠬᠢᠵᠢᠭ ᠡᠪᠡᠳᠴᠢᠨ ᠪᠣᠯᠵᠤ ᠲᠠᠷᠬᠠᠭᠰᠠᠨ ᠪᠠᠶᠢᠨ᠎ᠠ᠃ ᠲᠤᠰ ᠤᠳᠠᠭᠠᠨ ᠤ ᠬᠢᠵᠢᠭ ᠤᠨ ᠳᠡᠯᠭᠡᠷᠡᠯᠲᠡ ᠲᠦᠷᠭᠡᠨ᠂ ᠬᠡᠪᠴᠢᠶ᠎ᠡ ᠥᠷᠭᠡᠨ᠂ ᠬᠤᠣᠷ ᠬᠥᠨᠥᠭᠡᠯ | ᠶᠡᠭᠡ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠰᠦᠷᠳᠡᠭᠦᠯᠵᠦ᠂ ᠪᠦᠬᠦ ᠬᠤᠰᠢᠭᠤᠨ ᠤ ᠦᠢᠯᠡᠳᠪᠦᠷᠢᠯᠡᠯ ᠠᠮᠢᠳᠤᠷᠠᠯ ᠴᠦ ᠬᠦᠨᠳᠦ ᠨᠣᠴᠢᠲᠠᠢ | ᠨᠥᠯᠥᠭᠡᠯᠡᠭᠳᠡᠪᠡ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠷᠯᠢᠭ ᠢ ᠡᠷᠬᠢᠮᠯᠡᠨ ᠨᠢᠭᠲᠠᠷᠠᠨ ᠬᠥᠳᠡᠯᠦᠯᠴᠡᠵᠦ᠂ ᠬᠦᠴᠢᠷ ᠢ ᠳᠠᠪᠠᠵᠤ᠂ ᠪᠦᠬᠦ | ᠬᠦᠴᠦᠨ ᠢᠶᠠᠷ ᠢᠶᠠᠨ ᠲᠤᠯᠤᠨ ᠪᠠᠶᠢᠯᠳᠤᠬᠤ ᠵᠣᠷᠢᠭ ᠰᠠᠨᠠᠭ᠎ᠠ ᠡᠭᠦᠷᠭᠡᠯᠡᠵᠦ᠂ ᠬᠢᠵᠢᠭ ᠤᠨ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠪᠣᠯᠣᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠢ ᠪᠠᠶᠢᠭᠤᠯᠵᠤ᠂ ᠨᠢᠭᠡᠳᠦᠯᠲᠡᠢ ᠵᠢᠯᠣᠭᠤᠳᠤᠨ ᠤᠳᠤᠷᠢᠳᠴᠤ᠂ ᠲᠣᠬᠢᠷᠠᠭᠤᠯᠤᠯᠲᠠ ᠪᠠᠨ | ᠴᠢᠩᠭᠠᠳᠬᠠᠵᠤ᠂ ᠬᠠᠷᠢᠯᠴᠠᠨ ᠬᠠᠮᠵᠢᠯᠴᠠᠵᠤ᠂ ᠬᠤᠯᠪᠣᠭᠠᠯᠠᠯ ᠢ ᠪᠠᠷᠢᠮᠲᠠᠯᠠᠵᠤ᠂ ᠣᠯᠠᠨ ᠢᠶᠠᠷ ᠢᠶᠠᠨ ᠰᠡᠷᠭᠡᠶᠢᠯᠡᠨ ᠵᠠᠰᠠᠬᠤ ᠠᠵᠢᠯ ᠤᠨ ᠰᠢᠰᠲ᠋ᠧᠮ ᠢ ᠪᠠᠶᠢᠭᠤᠯᠵᠤ᠂ | ᠬᠢᠵᠢᠭ ᠤᠨ ᠪᠠᠶᠢᠳᠠᠯ ᠢ ᠬᠤᠷᠢᠭᠯᠠᠨ ᠲᠡᠮᠡᠴᠡᠬᠦ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠪᠡ᠃ ᠬᠢᠵᠢᠭ ᠤᠨ ᠪᠠᠶᠢᠳᠠᠯ ᠳᠤ ᠬᠠᠨᠳᠤᠭᠤᠯᠤᠨ ᠪᠦᠬᠦ ᠬᠤᠰᠢᠭᠤᠨ ᠤ | ᠡᠯ᠎ᠡ ᠱᠠᠲᠤ ᠭᠤᠣᠯᠳᠠᠯᠭ᠎ᠠ ᠪᠠᠨ ᠳᠣᠪᠣᠶᠢᠯᠭᠠᠨ᠂ ᠨᠢᠭᠡᠳᠦᠯᠲᠡᠢ ᠲᠥᠯᠥᠪᠯᠡᠵᠦ ᠪᠦᠬᠦ ᠲᠠᠯ᠎ᠠ ᠶᠢ ᠬᠠᠷᠠᠭᠠᠯᠵᠠᠵᠤ᠂ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ | ᠨᠢᠭᠡ ᠲᠠᠯ᠎ᠠ ᠪᠠᠷ ᠬᠢᠵᠢᠭ ᠢ ᠴᠢᠩᠭ᠎ᠠ ᠰᠡᠷᠭᠡᠶᠢᠯᠡᠨ ᠡᠵᠡᠮᠳᠡᠵᠦ᠂ ᠨᠥᠭᠦᠭᠡ ᠲᠠᠯ᠎ᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠭᠤᠶᠢᠪᠢᠰᠢ ᠦᠭᠡᠢ ᠠᠳᠬᠤᠵᠤ᠂ | ᠠᠵᠢᠯ᠂ ᠦᠢᠯᠡᠳᠪᠦᠷᠢᠯᠡᠯ᠂ ᠵᠠᠬ᠎ᠠ ᠳᠡᠯᠭᠡᠭᠦᠷ᠂ ᠰᠤᠷᠭᠠᠭᠤᠯᠢ ᠤᠨ ᠬᠢᠴᠢᠶᠡᠯ ᠢ ᠡᠮᠬᠢ ᠵᠢᠷᠤᠮ ᠲᠠᠢ ᠰᠡᠷᠭᠦᠭᠡᠵᠦ᠂ ᠣᠯᠠᠨ ᠲᠦᠮᠡᠨ ᠵᠣᠷᠢᠭ ᠢᠶᠠᠨ ᠨᠢᠭᠡᠳᠬᠡᠵᠦ᠂ | ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠢᠷ ᠢ ᠬᠠᠮᠲᠤᠪᠡᠷ ᠲᠤᠭᠤᠯᠤᠨ᠂ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠬᠦ ᠬᠦᠴᠦᠷᠬᠡᠭ ᠶᠡᠭᠡ ᠬᠠᠮᠲᠤ ᠶᠢᠨ ᠬᠦᠴᠦᠨ ᠢ ᠪᠦᠷᠢᠯᠳᠦᠭᠦᠯᠵᠦ᠂ ᠬᠢᠵᠢᠭ ᠤᠨ ᠨᠥᠯᠥᠭᠡ ᠶᠢ ᠬᠠᠮᠤᠭ ᠳᠣᠣᠷᠠᠳᠤ ᠬᠡᠮᠵᠢᠶ᠎ᠡ ᠬᠦᠷᠲᠡᠯ᠎ᠡ ᠬᠦᠴᠦᠯᠡᠨ | ᠪᠠᠲᠤᠯᠠᠪᠠ᠃ ᠡᠳᠦᠭᠡ ᠪᠢᠳᠠ ᠪᠢᠲᠡᠭᠦᠮᠵᠢᠯᠡᠨ ᠬᠠᠮᠢᠶᠠᠷᠴᠤ᠂ ᠨᠠᠷᠢᠯᠢᠭ ᠣᠨᠣᠪᠴᠢᠲᠠᠢ ᠪᠠᠷ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠴᠢᠩᠭ᠎ᠠ ᠪᠣᠳᠠᠲᠠᠶᠢᠵᠢᠭᠤᠯᠤᠨ ᠠᠳᠬᠤᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠪᠠᠨ ᠪᠡᠯᠡᠨ ᠪᠠᠶᠢᠨ᠎ᠠ᠃ | ᠲᠤᠰ ᠤᠳᠠᠭᠠᠨ ᠤ ᠬᠢᠵᠢᠭ ᠢ ᠡᠰᠡᠷᠭᠦᠴᠡᠬᠦ ᠳᠠᠶᠢᠯᠠᠯᠳᠤᠭᠠᠨ ᠳᠤ᠂ ᠪᠦᠬᠦ ᠬᠤᠰᠢᠭᠤᠨ ᠤ ᠡᠯ᠎ᠡ ᠱᠠᠲᠤᠨ ᠤ ᠺᠠᠳ᠋ᠷᠴᠤᠳ ᠲᠡᠷᠢᠭᠦᠯᠡᠨ ᠭᠠᠪᠰᠢᠭᠠᠶᠢᠯᠠᠵᠤ᠂ | ᠨᠢᠭᠡᠳᠦᠭᠡᠷ ᠹᠷᠤᠨᠲ ᠳᠠᠬᠢ ᠠᠵᠢᠯᠲᠠᠨ ᠡᠳᠦᠷ ᠰᠥᠨᠢᠵᠢᠨ ᠡᠷᠡᠯᠬᠡᠭᠯᠡᠨ ᠲᠡᠮᠡᠴᠡᠵᠦ᠂ ᠦᠨᠳᠦᠰᠦᠲᠡᠨ ᠨᠥᠬᠦᠳ ᠰᠡᠳᠬᠢᠯ ᠨᠢᠭᠡᠳᠦᠨ᠂ ᠨᠡᠶᠢᠭᠡᠮ ᠤᠨ ᠡᠯ᠎ᠡ ᠡᠲᠡᠭᠡᠳ | ᠲᠠᠢ ᠪᠡᠷᠬᠡ ᠢ ᠬᠠᠮᠲᠤᠪᠡᠷ ᠲᠤᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠢᠷᠢ ᠲᠡᠩᠴᠡᠭᠰᠡᠨ ᠦᠷ᠎ᠡ ᠪᠦᠲᠦᠮᠵᠢ ᠭᠠᠷᠭᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ ᠤ ᠢᠯᠠᠯᠲᠠ ᠶᠢ ᠣᠯᠬᠤ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ | ᠵᠢᠯᠣᠭᠤᠳᠬᠤ ᠨᠢ ᠤᠷᠢᠳᠠᠯ᠂ ᠣᠨᠣᠪᠴᠢᠲᠠᠢ ᠰᠡᠷᠭᠡᠶᠢᠯᠡᠨ ᠡᠵᠡᠮᠳᠡᠵᠦ᠂ ᠬᠦᠴᠦᠲᠡᠢ ᠠᠷᠭ᠎ᠠ ᠬᠡᠮᠵᠢᠶ᠎ᠡ ᠠᠪᠬᠤ ᠨᠢ ᠵᠠᠩᠭᠢᠯᠠᠭ᠎ᠠ᠂ ᠬᠤᠯᠪᠣᠭᠠᠯᠠᠨ ᠰᠡᠷᠭᠡᠶᠢᠯᠡᠵᠦ | ᠡᠵᠡᠮᠳᠡᠨ᠂ ᠣᠯᠠᠨ ᠢᠶᠠᠷ ᠢᠶᠠᠨ ᠰᠡᠷᠭᠡᠶᠢᠯᠡᠨ ᠵᠠᠰᠠᠬᠤ ᠨᠢ ᠰᠠᠭᠤᠷᠢ᠂ ᠪᠠᠲᠤᠯᠠᠭ᠎ᠠ ᠪᠠᠨ ᠴᠢᠩᠭᠠᠳᠬᠠᠵᠤ᠂ ᠨᠢᠭᠡᠳᠦᠯᠲᠡᠢ ᠬᠥᠭᠵᠢᠭᠦᠯᠬᠦ ᠨᠢ ᠦᠨᠳᠦᠰᠦ ᠪᠣᠯᠬᠤ ᠶᠢ | ᠪᠢᠳᠠ ᠭᠦᠨᠵᠡᠭᠡᠢ ᠲᠠᠨᠢᠵᠤ ᠣᠯᠪᠠ᠃ ᠡᠨᠡ ᠨᠢ ᠪᠠᠰᠠ ᠪᠦᠬᠦ ᠬᠤᠰᠢᠭᠤᠨ ᠤ ᠬᠥᠭᠵᠢᠯᠲᠡ ᠳᠤ ᠲᠡᠮᠡᠴᠡᠯ ᠤᠨ ᠲᠤᠷᠰᠢᠯᠭ᠎ᠠ ᠬᠤᠷᠠᠮᠳᠤᠭᠤᠯᠤᠨ᠂ ᠪᠠᠬᠢᠯᠡᠯᠲᠡ | ᠳᠠᠭᠠᠷᠢᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠮᠡᠳᠡᠯᠭᠡ ᠪᠠ ᠦᠢᠯᠡᠳᠦᠯᠭᠡ ᠶᠢ ᠨᠢᠭᠡᠳᠦᠭᠦᠯᠦᠨ᠂ ᠪᠠᠲᠤ ᠴᠢᠩᠭ᠎ᠠ ᠴᠡᠷᠢᠭ ᠠᠩᠭᠢ ᠶᠢ ᠪᠣᠯᠪᠠᠰᠤᠷᠠᠭᠤᠯᠵᠤ᠂ | ᠪᠦᠬᠦ ᠬᠤᠰᠢᠭᠤᠨ ᠤ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠵᠠᠮ ᠢᠶᠠᠷ ᠵᠠᠮᠨᠠᠬᠤ ᠳᠤ ᠪᠠᠲᠤ ᠪᠠᠬᠢ ᠰᠠᠭᠤᠷᠢ ᠲᠠᠯᠪᠢᠪᠠ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠰᠢᠭᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠥᠷᠥᠯ ᠤᠨ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠲᠠᠰᠤᠷᠠᠯᠲᠠ ᠦᠭᠡᠢ ᠡᠷᠡᠭᠦᠯ ᠢᠶᠠᠷ ᠬᠥᠭᠵᠢᠪᠡ᠃ ᠪᠦᠬᠦ ᠵᠢᠯ ᠤᠨ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ 2.7% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 1.04 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 12.97 ᠳ᠋ᠦᠩᠰᠢᠭᠤᠷ ᠲᠥᠭᠦᠷᠢᠭ ᠵᠠᠷᠤᠴᠠᠭᠤᠯᠪᠠ᠃ ᠲᠣᠭᠲᠠᠮᠠᠯ ᠬᠥᠷᠥᠩᠭᠡ | ᠶᠢᠨ ᠪᠡᠯᠡ ᠣᠷᠤᠭᠤᠯᠤᠯᠲᠠ 0.8% ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠲᠤᠰ ᠪᠦᠷᠢ 6.7% ᠪᠠ10.1% ᠪᠠᠷ ᠨᠡᠮᠡᠭᠳᠡᠪᠡ᠃ ᠪᠣᠬᠢᠷᠲᠤᠯ ᠦᠭᠡᠢ ᠬᠥᠭᠵᠢᠯᠲᠡ ᠶᠢᠨ ᠰᠢᠰᠲ᠋ᠧᠮ ᠤᠨ ᠭᠤᠣᠯ ᠪᠣᠯᠬᠤ ᠬᠠᠷᠠᠯᠲᠠ ᠶᠢ ᠪᠦᠬᠦᠨ ᠢ | ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ︵ᠨᠢᠭᠡ︶ ᠠᠵᠤ ᠠᠬᠤᠢ ᠶᠢᠨ ᠬᠥᠭᠵᠢᠯᠲᠡ ᠲᠣᠭᠲᠠᠭᠤᠨ ᠨᠡᠮᠡᠭᠳᠡᠪᠡ᠃ ᠮᠠᠯᠵᠢᠯ ᠤᠨ ᠣᠨ ᠤ ᠮᠠᠯ ᠤᠨ ᠵᠣᠭᠰᠤᠭ᠎ᠠ ᠲᠤᠭ᠎ᠠ 111.8 ᠲᠦᠮᠡ ᠳᠤ ᠬᠦᠷᠴᠦ᠂ | ᠰᠦ ᠮᠢᠬᠠᠨ ᠤ ᠭᠠᠷᠤᠯᠲᠠ ᠲᠤᠰᠪᠦᠷᠢ 5.8 ᠲᠦᠮᠡᠨ ᠲᠤᠨ ᠪᠠ 2.1 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7 % ᠪᠠ 5% | ᠨᠡᠮᠡᠭᠳᠡᠪᠡ᠃ 10.6 ᠲᠦᠮᠡᠨ ᠮᠦ ᠪᠤᠭᠤᠳᠠᠢ ᠶᠢᠨ ᠦᠢᠯᠡᠳᠪᠦᠷᠢᠯᠡᠯ ᠤᠨ ᠴᠢᠳᠠᠮᠵᠢᠲᠤ ᠣᠷᠣᠨ ᠢ ᠢᠯᠭᠠᠨ ᠲᠣᠭᠲᠠᠭᠠᠵᠤ᠂ 9.3 ᠲᠦᠮᠡᠨ ᠮᠦ ᠥᠨᠳᠥᠷ ᠤᠨᠠᠯᠲᠠ | ᠲᠠᠢ ᠴᠠᠷᠭᠠᠰᠤ ᠲᠠᠷᠢᠪᠠ᠃ ᠰᠠᠯᠬᠢᠨ ᠪᠠ ᠭᠡᠷᠡᠯ ᠤᠨ ᠮᠠᠰᠢᠨ ᠴᠣᠭᠴᠠᠯᠠᠪᠤᠷᠢ ᠶᠢᠨ ᠴᠠᠬᠢᠯᠭᠠᠨ ᠭᠠᠷᠭᠠᠯᠲᠠ 2.43 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 6. | 3% ᠪᠠᠷ ᠨᠡᠮᠡᠭᠳᠡᠵᠦ᠂ 1.46 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠭᠠᠨᠵᠤᠤᠷ ᠤᠨ ᠵᠢᠭᠤᠯᠴᠢᠯᠠᠭᠴᠢᠳ ᠤᠨ ᠲᠥᠪ᠂ ︽ | ᠬᠥᠯᠥᠨ ᠪᠣᠶᠢᠷ ᠨᠡᠷᠡᠮᠵᠢᠲᠦ︾ ᠲᠠᠯ᠎ᠠ ᠨᠤᠲᠤᠭ ᠤᠨ ᠵᠢᠭᠤᠯᠴᠢᠯᠠᠯ ᠤᠨ ᠭᠠᠯᠲᠤ ᠲᠡᠷᠭᠡᠨ ᠤ ᠪᠠᠷᠰᠲᠦ ᠥᠷᠲᠡᠭᠡ ᠵᠡᠷᠭᠡ ᠵᠢᠭᠤᠯᠴᠢᠯᠠᠯ ᠤᠨ ᠲᠥᠷᠥᠯ ᠵᠦᠢᠯ ᠢ | ᠠᠮᠵᠢᠯᠲᠠᠲᠠᠢ ᠪᠠᠶᠢᠭᠤᠯᠵᠤ᠂ ᠠᠩᠬᠠᠳᠤᠭᠠᠷ ᠬᠤᠭᠤᠴᠠᠭᠠᠨ ᠤ ᠬᠥᠯᠥᠨ ᠪᠣᠶᠢᠷ ᠬᠤᠲᠠ ᠶᠢᠨ ᠮᠣᠩᠭᠤᠯ ᠪᠥᠬᠡ ᠶᠢᠨ ᠴᠣᠯᠠ ᠣᠯᠭᠤᠬᠤ ᠤᠷᠤᠯᠳᠤᠭᠠᠨ᠂ | ᠨᠣᠭᠤᠭᠠᠨᠨᠠᠭᠤᠷ ᠤᠨ ᠵᠢᠭᠠᠰᠤ ᠠᠩᠨᠠᠬᠤ ᠰᠣᠶᠣᠯ ᠤᠨ ᠠᠵᠢᠯᠯᠠᠭᠠᠨ ᠵᠡᠷᠭᠡ ᠶᠢ ᠠᠮᠵᠢᠯᠲᠠᠲᠠᠢ ᠥᠷᠨᠢᠭᠦᠯᠵᠦ᠂ ᠵᠢᠭᠤᠯᠴᠢᠯᠠᠯ ᠤᠨ ᠬᠥᠮᠥᠨ ᠤ ᠲᠤᠭ᠎ᠠ ᠪᠠ ᠣᠷᠣᠯᠭ᠎ᠠ | ᠬᠠᠮᠲᠤᠪᠡᠷ ᠨᠡᠮᠡᠭᠳᠡᠪᠡ᠃ ᠡᠪᠦᠳᠦᠭ ᠪᠣᠭᠤᠮᠲᠠ ᠶᠢ ᠵᠢᠯ ᠲᠤᠷᠰᠢᠲᠠ ᠭᠠᠳᠠᠭᠰᠢ ᠨᠡᠭᠡᠭᠡᠬᠦ ᠠᠵᠢᠯ ᠤᠯᠤᠰ ᠤᠨ ᠬᠢᠨᠠᠨ ᠰᠢᠯᠭᠠᠯᠲᠠ ᠶᠢ ᠤᠷᠤᠭᠰᠢᠲᠠᠢ ᠥᠩᠭᠡᠷᠡᠭᠡᠵᠦ᠂ | ᠬᠢᠯᠢ ᠪᠠᠷ ᠨᠡᠪᠲᠡᠷᠡᠬᠦ ᠪᠠᠷᠠᠭ᠎ᠠ ᠶᠢᠨ ᠭᠠᠶᠢᠯᠢ ᠶᠢ ᠬᠡᠯᠲᠦᠷᠢᠭᠦᠯᠬᠦ ᠳᠡᠯᠭᠡᠭᠦᠷ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ ᠲᠣᠭᠤᠷᠢᠭ | ᠵᠥᠪᠰᠢᠶᠡᠷᠡᠭᠳᠡᠨ ᠠᠵᠢᠯᠯᠠᠪᠠ᠃ ᠪᠦᠬᠦ ᠵᠢᠯ ᠳᠤ ᠬᠢᠯᠢ ᠪᠠᠷ ᠣᠷᠣᠵᠤ ᠭᠠᠷᠤᠭᠰᠠᠨ ᠬᠥᠮᠥᠰ 6.3 ᠲᠦᠮᠡᠨ ᠬᠥᠮᠥᠨ ᠤᠳᠠᠭ᠎ᠠ᠂ ᠮᠠᠰᠢᠨ ᠲᠡᠷᠭᠡ 4 ᠲᠦᠮᠡᠨ ᠲᠡᠷᠭᠡ | ᠤᠳᠠᠭ᠎ᠠ᠂ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠡᠳ᠋ ᠪᠠᠷᠠᠭ᠎ᠠ 56.7 ᠲᠦᠮᠡᠨ ᠲᠤᠨ ᠳᠤ ᠬᠦᠷᠴᠦ᠂ 15.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 13.6% ᠨᠡᠮᠡᠭᠳᠡᠨ᠂ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ ᠪᠦᠬᠦ ᠬᠤᠲᠠ ᠶᠢᠨ ᠬᠠᠭᠤᠷᠠᠢ ᠵᠠᠮ ᠤᠨ ᠪᠣᠭᠤᠮᠲᠠ ᠶᠢᠨ | ᠬᠤᠶᠠᠳᠤᠭᠠᠷ ᠲᠤ ᠵᠢᠭᠰᠠᠭᠠᠭᠳᠠᠪᠠ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ ᠦᠷ᠎ᠡ ᠪᠦᠲᠦᠮᠵᠢ ᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠲᠠᠢ ᠴᠢᠩᠭ᠎ᠠ ᠬᠠᠷᠢᠴᠠᠭᠤᠯᠤᠨ ᠴᠡᠭᠴᠡᠯᠡᠨ ᠵᠠᠰᠠᠵᠤ᠂ ︽ᠠᠷᠪᠠᠨ ᠵᠦᠢᠯ ᠢ ᠪᠦᠬᠦᠨ | ᠢ ᠬᠢᠵᠦ ᠳᠠᠭᠤᠰᠬᠠᠬᠤ︾ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠪᠡ᠃ ᠬᠥᠮᠥᠨ ᠪᠠ ᠡᠷᠦᠬᠡ ᠶᠢᠨ ᠪᠠᠶᠢᠳᠠᠯ ᠢ ᠦᠨᠳᠦᠰᠦᠯᠡᠨ ᠶᠠᠳᠠᠭᠤ ᠶᠢ ᠲᠡᠳᠬᠦᠬᠦ ᠲᠥᠷᠥ | ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠯ ᠳᠤ 16 ᠡᠷᠦᠬᠡ ᠶᠢᠨ 35 ᠬᠥᠮᠥᠨ ᠢ ᠶᠠᠳᠠᠭᠤ ᠠᠴᠠ ᠠᠩᠭᠢᠵᠢᠷᠠᠭᠤᠯᠵᠤ᠂ ᠵᠢᠯ ᠤᠨ ᠡᠬᠢᠨ ᠳᠤ ᠥᠪᠡᠷᠲᠡᠭᠡᠨ | ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠶᠢᠨ ᠵᠢᠭᠰᠠᠭᠠᠯ ᠠᠴᠠ ᠠᠮᠵᠢᠯᠲᠠᠲᠠᠢ ᠭᠠᠷᠪᠠ᠃ 5964 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠰᠠᠭᠤᠷᠢ ᠲᠥᠬᠦᠭᠡᠷᠦᠮᠵᠢ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠬᠥᠮᠥᠨ | ᠠᠮᠠ ᠶᠢᠨ ᠪᠡᠶ᠎ᠡ ᠪᠠᠨ ᠳᠠᠭᠠᠭᠠᠵᠤ ᠴᠢᠨᠡᠭᠡᠯᠢᠭᠵᠢᠬᠦ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠥᠷᠢ ᠥᠭᠴᠡᠭᠡ | ᠪᠠᠨ ᠠᠷᠢᠯᠭᠠᠬᠤ ᠵᠢᠯ ᠤᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ 2.34 ᠳ᠋ᠦᠩᠰᠢᠭᠤᠷ ᠲᠥᠭᠦᠷᠢᠭ ᠵᠠᠰᠠᠭ ᠤᠨ ᠣᠷᠳᠣᠨ ᠤ ᠥᠭᠴᠡᠭᠡ ᠪᠠ ︽ᠠᠷᠪᠠ ᠶᠢ | ᠪᠦᠷᠬᠦᠭᠦᠯᠬᠦ︾ ᠳᠤ ᠰᠢᠭᠤᠳ ᠬᠤᠯᠪᠣᠭᠳᠠᠬᠤ 6736 ᠲᠦᠮᠡᠨ ᠲᠥᠭᠦᠷᠢᠭ ᠢᠨᠵᠧᠨᠧᠷᠢᠩ ᠤᠨ ᠥᠭᠴᠡᠭᠡ ᠶᠢ ᠠᠷᠢᠯᠭᠠᠵᠤ᠂ 776 ᠡᠷᠦᠬᠡ ᠮᠠᠯᠴᠢᠳ ᠤᠨ | 7943 ᠲᠦᠮᠡᠨ ᠲᠥᠭᠦᠷᠢᠭ ᠠᠷᠠᠳ ᠤᠨ ᠳᠤᠮᠳᠠᠬᠢ ᠥᠨᠳᠥᠷ ᠬᠦᠦ ᠲᠠᠢ ᠵᠢᠭᠡᠯᠡᠯᠭᠡ ᠶᠢ ᠠᠷᠢᠯᠭᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠢᠨᠠᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠲᠤᠰᠬᠠᠢ ᠬᠢᠨᠠᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠤᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠬᠤᠶᠠᠳᠤᠭᠠᠷ ᠤᠳᠠᠭᠠᠨ | ᠤ ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ 54 ᠰᠠᠤᠷᠢ ᠨᠡᠭᠦᠷᠡᠰᠦ | ᠰᠢᠲᠠᠭᠠᠯᠭ᠎ᠠ ᠶᠢᠨ ᠵᠤᠤᠬ᠎ᠠ ᠶᠢ ᠲᠠᠶᠠᠭᠳᠠᠭᠤᠯᠵᠤ᠂ ᠲᠦᠮᠡ ᠭᠠᠷᠤᠢ ᠲᠤᠨ ᠲᠦᠯᠡᠰᠢᠨ ᠨᠡᠭᠦᠷᠡᠰᠦ ᠶᠢᠨ ᠬᠡᠷᠡᠭᠯᠡᠯᠲᠡ ᠶᠢ ᠪᠠᠭᠠᠰᠬᠠᠪᠠ᠃ ᠬᠤᠲᠠ ᠪᠠᠯᠭᠠᠰᠤᠨ ᠤ ᠠᠭᠠᠷ | ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ ᠤᠨ ᠲᠣᠭᠠᠨ ᠤ ᠬᠠᠷᠢᠴᠠᠯ 95.8% ᠳᠤ ᠬᠦᠷᠪᠡ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠬᠥᠯᠥᠨ ᠨᠠᠭᠤᠷ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ | ᠬᠡᠷᠡᠭᠵᠢᠭᠦᠯᠵᠦ᠂ 174 ᠤᠰᠤ ᠬᠠᠩᠭᠠᠬᠤ ᠦᠨᠳᠦᠰᠦᠨ ᠬᠤᠳᠳᠤᠭ᠂ 5 ᠲᠥᠪᠯᠡᠷᠡᠭᠦᠯᠦᠨ ᠤᠰᠤ ᠬᠠᠩᠭᠠᠬᠤ ᠭᠠᠵᠠᠷ ᠢ ᠪᠠᠶᠢᠭᠤᠯᠵᠤ᠂ 11.8 ᠲᠦᠮᠡᠨ ᠮᠦ | ᠨᠠᠭᠤᠷ ᠤᠨ ᠲᠣᠭᠤᠷᠢᠨ ᠤ ᠡᠯᠡᠰᠦᠷᠬᠡᠭᠵᠢᠭᠰᠡᠨ ᠭᠠᠵᠠᠷ ᠢ ᠴᠡᠭᠴᠡᠯᠡᠨ ᠵᠠᠰᠠᠵᠤ᠂ 15 ᠡᠷᠦᠬᠡ ᠠᠮᠢ ᠠᠬᠤᠢ ᠶᠢᠨ ᠠᠷᠠᠳ ᠢ ᠨᠡᠭᠦᠯᠭᠡᠵᠦ᠂ 2 ᠵᠢᠭᠤᠯᠴᠢᠯᠠᠯ ᠤᠨ | ᠦᠵᠡᠮᠵᠢᠲᠦ ᠣᠷᠣᠨ ᠢ ᠵᠠᠰᠠᠨ ᠴᠡᠭᠴᠡᠯᠡᠪᠡ᠃ 868 ᠲᠦᠮᠡᠨ ᠮᠦ ᠮᠠᠯᠵᠢᠬᠤ ᠶᠢ ᠴᠠᠭᠠᠵᠠᠯᠠᠵᠤ᠂ 1302 ᠲᠦᠮᠡᠨ ᠮᠦ ᠮᠠᠯ ᠪᠡᠯᠴᠢᠭᠡᠷ ᠢ ᠲᠡᠩᠴᠡᠭᠦᠷᠢᠰᠢᠭᠦᠯᠵᠦ᠂ | 10 ᠲᠦᠮᠡᠨ ᠮᠦ ᠮᠠᠯᠵᠢᠬᠤ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠪᠡ᠃ ᠬᠤᠲᠠ ᠲᠣᠭᠤᠷᠢᠭ ᠤᠨ 0.4 ᠲᠦᠮᠡᠨ ᠮᠦ ᠨᠣᠭᠤᠭᠠᠷᠠᠭᠤᠯᠤᠯᠲᠠ ᠶᠢ | ᠪᠡᠶᠡᠯᠡᠭᠦᠯᠵᠦ᠂ 24.4 ᠲᠦᠮᠡᠨ ᠰᠠᠭᠤᠷᠢ ᠴᠢᠬᠢ ᠮᠣᠳᠣ ᠲᠠᠷᠢᠪᠠ᠃ ᠨᠢᠭᠡ ᠤᠳᠠᠭᠠᠨ ᠤ ᠬᠢᠯᠢ ᠶᠢᠨ ᠭᠠᠳᠠᠨᠠᠬᠢ ᠭᠠᠯ ᠢ ᠠᠮᠵᠢᠯᠲᠠᠲᠠᠢ ᠤᠨᠲᠠᠷᠠᠭᠠᠵᠤ᠂ ᠨᠢᠭᠡ | ᠤᠳᠠᠭᠠᠨ ᠤ ᠨᠤᠲᠤᠭ ᠪᠡᠯᠴᠢᠭᠡᠷ ᠤᠨ ᠭᠠᠯ ᠤᠨ ᠠᠶᠤᠯ ᠢ ᠲᠣᠬᠢᠲᠠᠢ ᠰᠢᠢᠳᠪᠦᠷᠢᠯᠡᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠶᠢ ᠵᠥᠷᠢᠴᠡᠨ ᠭᠠᠵᠠᠷ ᠡᠵᠡᠯᠡᠭᠰᠡᠨ 12 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠠᠭᠤᠷᠬᠠᠢ ᠶᠢᠨ ᠣᠷᠣᠨ ᠪᠠ 2.9 | ᠲᠡᠭᠰᠢ ᠳᠥᠷᠪᠡᠯᠵᠢᠨ ᠺᠢᠯᠣᠮᠧᠲᠷ ᠮᠠᠲ᠋ᠧᠷᠢᠶᠠᠯ ᠠᠪᠬᠤ ᠲᠠᠯᠠᠪᠤᠷ ᠢ ᠰᠡᠷᠭᠦᠭᠡᠨ ᠵᠠᠰᠠᠪᠠ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠭᠤᠣᠯ ᠨᠠᠭᠤᠷ ᠤᠨ ᠡᠷᠭᠢᠨ ᠲᠣᠭᠤᠷᠢᠨ ᠳᠠᠬᠢ ᠮᠠᠯᠵᠢᠬᠤ ᠡᠷᠦᠬᠡ ᠶᠢᠨ ᠳᠠᠩᠰᠠ ᠡᠪᠬᠡᠮᠡᠯ ᠢ ᠪᠠᠶᠢᠭᠤᠯᠵᠤ᠂ ᠭᠤᠣᠯᠳᠠᠯᠭ᠎ᠠ ᠲᠠᠢ ᠭᠤᠣᠯ | ᠨᠠᠭᠤᠷ ᠤᠨ ᠴᠢᠳᠠᠮᠵᠢᠲᠤ ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 66.7% ᠳᠤ ᠪᠣᠯᠪᠠ᠃ ᠪᠡᠶᠡᠴᠢ ᠴᠣᠭᠴᠠ ᠶᠢᠨ ᠴᠢᠳᠠᠮᠵᠢᠲᠤ | ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠣᠷᠣᠵᠤ ᠪᠣᠯᠬᠤ ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ ᠵᠦᠢᠯᠡᠰ | ᠤᠨ ᠨᠠᠷᠢᠨ ᠳᠠᠩᠰᠠ ᠶᠢ ᠨᠠᠶᠢᠳᠠᠪᠤᠷᠢᠵᠢᠭᠤᠯᠵᠤ᠂ 2000 ᠲᠦᠮᠡᠨ ᠮᠦ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠪᠠ᠃ | ︵ᠳᠥᠷᠪᠡ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠲᠦᠷᠭᠡᠳᠪᠡ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ | ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠬᠡᠷᠡᠭᠵᠢᠭᠦᠯᠵᠦ᠂ 310 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ 12 ᠬᠤᠭ | ᠨᠣᠪᠰᠢ ᠨᠥᠭᠡᠴᠡᠯᠡᠬᠦ ᠭᠠᠵᠠᠷ ᠢ ᠪᠠᠶᠢᠭᠤᠯᠪᠠ᠃ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠥᠷᠥᠯ ᠵᠦᠢᠯ | ᠢ ᠲᠣᠭᠲᠠᠭᠤᠨ ᠬᠡᠷᠡᠭᠵᠢᠭᠦᠯᠵᠦ᠂ ᠡᠷᠭᠢᠨ ᠲᠣᠭᠤᠷᠢᠨ ᠤ 51 ᠭᠠᠴᠠᠭᠠᠨ ᠳᠤ ᠪᠦᠷᠬᠦᠭᠦᠯᠪᠡ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠣᠣᠷ ᠰᠦᠯᠵᠢᠯᠲᠡ ᠶᠢ | ᠪᠦᠷᠢᠨ ᠲᠡᠭᠦᠯᠳᠡᠷᠵᠢᠭᠦᠯᠵᠦ᠂ ᠠᠽᠢᠶ᠎ᠠ ᠶᠢᠨ ᠪᠠᠩᠬᠢ ᠶᠢᠨ ᠬᠤᠪᠢᠶᠠᠷᠢ ᠲᠥᠷᠥᠯ ᠵᠦᠢᠯ ᠤᠨ 151 ᠺᠢᠯᠣᠮᠧᠲᠷ ᠵᠠᠰᠠᠮᠠᠯ ᠵᠠᠮ ᠤᠨ ᠭᠤᠣᠯ ᠴᠣᠭᠴᠠᠲᠤ ᠢᠨᠵᠧᠨᠧᠷᠢᠩ | ᠢ ᠪᠡᠶᠡᠯᠡᠭᠦᠯᠵᠦ᠂ ᠬᠠᠶᠢᠯᠠᠷ — ᠮᠠᠨᠵᠤᠤᠷ ᠬᠦᠷᠬᠦ ᠳᠡᠭᠡᠳᠦ ᠬᠤᠷᠳᠤᠴᠠᠲᠤ ᠵᠠᠰᠠᠮᠠᠯ ᠵᠠᠮ ᠤᠨ ᠢᠨᠵᠧᠨᠧᠷᠢᠩ ᠢ ᠬᠠᠮᠵᠢᠨ ᠠᠬᠢᠭᠤᠯᠪᠠ᠃ ᠠᠮᠤᠭᠤᠯᠠᠩ ᠪᠠᠯᠭᠠᠰᠤᠨ ᠤ | ᠬᠤᠲᠠ ᠲᠣᠭᠤᠷᠢᠭ ᠤᠨ ᠴᠢᠳᠠᠪᠬᠢ ᠶᠢ ᠲᠡᠭᠦᠯᠳᠡᠷᠵᠢᠭᠦᠯᠵᠦ᠂ ᠵᠡᠭᠡᠯᠢ ᠭᠤᠳᠤᠮᠵᠢ ᠳᠠᠬᠢ 2.8 ᠺᠢᠯᠣᠮᠧᠲᠷ ᠵᠠᠮ ᠢ ᠵᠠᠰᠠᠨ ᠰᠡᠯᠪᠢᠵᠦ᠂ 10.9 ᠲᠦᠮᠡᠨ ᠲᠡᠭᠰᠢ | ᠳᠥᠷᠪᠡᠯᠵᠢᠨ ᠮᠧᠲᠷ ᠳᠤᠯᠠᠭᠠᠯᠠᠭ᠎ᠠ ᠬᠠᠩᠭᠠᠬᠤ ᠲᠠᠯᠠᠪᠠᠢ ᠶᠢ ᠰᠢᠨ᠎ᠡ ᠢᠶᠠᠷ ᠨᠡᠮᠡᠭᠳᠡᠭᠦᠯᠵᠦ᠂ ᠨᠤᠭᠤ ᠭᠠᠵᠠᠷ ᠤᠨ ᠴᠡᠴᠡᠷᠯᠢᠭ ᠤᠨ ᠲᠥᠷᠥᠯ ᠵᠦᠢᠯ ᠤᠨ ᠠᠬᠢᠴᠠ ᠶᠢ | ᠤᠷᠤᠭᠰᠢᠲᠠᠢ ᠶᠠᠪᠤᠭᠳᠠᠭᠤᠯᠵᠤ᠂ ᠪᠣᠬᠢᠷ ᠤᠰᠤ ᠶᠢ ᠰᠢᠢᠳᠪᠦᠷᠢᠯᠡᠨ ᠳᠠᠬᠢᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠳᠠᠭᠤᠰᠬᠠᠪᠠ᠃ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡ ᠶᠢᠨ ᠣᠷᠳᠣᠨ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ | ᠤᠨ ᠭᠡᠷ ᠳᠣᠲᠣᠷᠠᠬᠢ ᠬᠥᠳᠡᠯᠭᠡᠭᠡᠨ ᠤ ᠲᠠᠯᠠᠪᠤᠷ ᠵᠡᠷᠭᠡ ᠢᠨᠵᠧᠨᠧᠷᠢᠩ ᠠᠰᠢᠭᠯᠠᠯᠲᠠ ᠳᠤ ᠣᠷᠣᠪᠠ᠃ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢ | ᠴᠢᠩᠭᠠᠳᠬᠠᠵᠤ᠂ ᠵᠡᠭᠡᠯᠢ ᠭᠤᠳᠤᠮᠵᠢ ᠶᠢ ᠴᠡᠪᠡᠷᠯᠡᠨ ᠠᠷᠢᠯᠭᠠᠬᠤ ᠠᠵᠢᠯ ᠢ ᠪᠠᠶᠢᠩᠭᠤᠵᠢᠭᠤᠯᠵᠤ᠂ ᠬᠤᠲᠠ ᠪᠠᠯᠭᠠᠰᠤᠨ ᠤ ᠡᠮᠬᠢ ᠵᠠᠮᠪᠠᠷᠠᠭ᠎ᠠ ᠦᠭᠡᠢ ᠦᠵᠡᠭᠳᠡᠯ ᠢ | ᠪᠦᠲᠦᠮᠵᠢᠲᠡᠢ ᠴᠡᠭᠴᠡᠯᠡᠨ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠷᠡᠭᠦᠯ ᠬᠠᠮᠠᠭᠠᠯᠠᠯ ᠤᠨ ᠬᠤᠰᠢᠭᠤ ᠶᠢ ᠠᠮᠵᠢᠯᠲᠠᠲᠠᠢ ᠡᠭᠦᠳᠦᠨ ᠪᠠᠶᠢᠭᠤᠯᠪᠠ᠃ | ︵ᠲᠠᠪᠤ︶ ᠠᠷᠠᠳ ᠤᠨ ᠠᠮᠢᠳᠤᠷᠠᠯ ᠢ ᠪᠠᠲᠤᠲᠠᠢ ᠰᠠᠶᠢᠵᠢᠷᠠᠭᠤᠯᠪᠠ᠃ ᠬᠤᠲᠠ ᠪᠠᠯᠭᠠᠰᠤᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ 91% ᠳᠤ ᠬᠦᠷᠴᠦ᠂ 2659 | ᠲᠦᠮᠡᠨ ᠲᠥᠭᠦᠷᠢᠭ ᠤᠨ ᠬᠦᠷᠲᠡᠮᠵᠢ ᠣᠯᠭᠤᠪᠠ᠃ ᠨᠡᠶᠢᠭᠡᠮ ᠤᠨ ᠳᠠᠭᠠᠳᠬᠠᠯ ᠤᠨ ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ 1711 ᠲᠦᠮᠡᠨ | ᠲᠥᠭᠦᠷᠢᠭ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠲᠠᠷᠬᠠᠭᠠᠪᠠ᠃ ᠦᠢᠯᠡᠰ ᠪᠣᠰᠬᠠᠵᠤ ᠠᠵᠢᠯ ᠣᠯᠭᠤᠬᠤ ᠶᠢ | ᠢᠳᠡᠪᠬᠢᠲᠡᠢ ᠲᠦᠯᠬᠢᠨ ᠠᠬᠢᠭᠤᠯᠵᠤ᠂ 105 ᠮᠠᠯᠴᠢᠳ ᠢ ᠰᠢᠯᠵᠢᠭᠦᠯᠦᠨ ᠠᠵᠢᠯ ᠣᠯᠭᠤᠨ᠂ ᠬᠤᠲᠠ ᠪᠠᠯᠭᠠᠰᠤ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠳ | 508 ᠬᠥᠮᠥᠨ ᠪᠣᠯᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 3.4% ᠳᠣᠲᠣᠷ᠎ᠠ ᠬᠢᠵᠠᠭᠠᠷᠯᠠᠪᠠ᠃ ᠰᠤᠷᠭᠠᠨ ᠬᠥᠮᠥᠵᠢᠯ | ᠤᠨ ᠦᠢᠯᠡᠰ ᠲᠡᠩᠴᠡᠭᠦᠷᠢᠲᠡᠢ ᠬᠥᠭᠵᠢᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠲᠦᠭᠡᠮᠡᠯᠵᠢᠭᠰᠡᠨ ᠨᠤᠷᠮ᠎ᠠ 100% ᠳᠤ | ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠠᠪᠰᠢᠭᠰᠠᠨ ᠨᠤᠷᠮ᠎ᠠ 99.6% ᠳᠤ ᠬᠦᠷᠴᠦ᠂ ᠭᠤᠣᠯᠳᠠᠯᠭ᠎ᠠ ᠲᠠᠢ ᠳᠡᠭᠡᠳᠦ ᠵᠡᠷᠭᠡ | ᠶᠢᠨ ᠳᠤᠮᠳᠠᠳᠤ ᠰᠤᠷᠭᠠᠭᠤᠯᠢ ᠳᠤ ᠣᠷᠣᠭᠰᠠᠨ ᠨᠤᠷᠮ᠎ᠠ 10% ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠲᠦᠯᠬᠢᠨ ᠠᠬᠢᠭᠤᠯᠵᠤ᠂ ᠬᠤᠰᠢᠭᠤᠨ ᠤ ᠬᠡᠪᠴᠢᠶᠡᠨ ᠳᠠᠬᠢ ᠡᠮᠴᠢᠯᠡᠭᠡᠨ ᠤ ᠬᠠᠮᠲᠤ | ᠴᠣᠭᠴᠠ ᠶᠢᠨ ᠭᠡᠷ᠎ᠡ ᠲᠣᠭᠲᠠᠭᠠᠯ ᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠣᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ | ᠪᠦᠬᠦᠨ ᠢ ᠪᠦᠷᠬᠦᠭᠦᠯᠪᠡ᠃ ᠮᠣᠩᠭᠤᠯ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠬᠥᠭᠵᠢᠭᠦᠯᠬᠦ ᠠᠵᠢᠯ ᠢ ᠯᠠᠪᠳᠠᠭᠤᠨ ᠲᠦᠯᠬᠢᠨ ᠠᠬᠢᠭᠤᠯᠪᠠ᠃ ᠣᠯᠠᠨ ᠨᠡᠶᠢᠲᠡ | ᠶᠢᠨ ᠰᠣᠶᠣᠯ ᠤᠨ ᠦᠢᠯᠡᠴᠢᠯᠡᠭᠡᠨ ᠢᠯᠡᠳᠲᠡ ᠳᠡᠭᠡᠭᠰᠢᠯᠡᠵᠦ᠂ ᠡᠯ᠎ᠡ ᠲᠥᠷᠥᠯ ᠤᠨ ᠲᠣᠮᠣ ᠬᠡᠯᠪᠡᠷᠢ ᠶᠢᠨ ᠤᠷᠤᠯᠳᠤᠭᠠᠨ ᠢ 30 ᠭᠠᠷᠤᠢ ᠲᠠᠯᠠᠪᠠᠢ ᠠᠮᠵᠢᠯᠲᠠᠲᠠᠢ | ᠡᠷᠬᠢᠯᠡᠵᠦ᠂ ᠪᠠᠷᠭᠤ ᠢᠰᠡᠭᠡᠢ ᠬᠠᠳᠬᠤᠮᠠᠯ ᠤᠷᠠᠯᠠᠯ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ | ᠶᠢᠨ ᠴᠢᠭ ᠪᠣᠯᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ | ᠵᠥᠷᠢᠴᠡᠯ ᠢ ᠰᠢᠢᠳᠪᠦᠷᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠪᠢ ᠬᠥᠮᠥᠨ ᠤ ᠬᠡᠲᠦᠷᠡᠮᠡᠬᠡᠢ | ᠬᠡᠷᠡᠭ ᠪᠠ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠦᠯᠦ ᠭᠠᠷᠪᠠ᠃ ᠠᠵᠢᠯᠲᠠᠨ ᠤ ᠶᠠᠪᠤᠳᠠᠯ ᠪᠣᠯᠣᠨ ᠴᠢᠳᠠᠪᠤᠷᠢᠲᠠᠨ᠂ ᠤᠯᠤᠰ ᠤᠨ ᠡᠳ᠋ ᠬᠥᠷᠥᠩᠭᠡ | ᠶᠢᠨ ᠬᠢᠨᠠᠯᠲᠠ ᠬᠠᠮᠢᠶᠠᠷᠤᠯᠲᠠ᠂ ᠬᠢᠨᠠᠨ ᠪᠣᠳᠣᠯᠲᠠ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ | ᠤᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ | ᠰᠢᠨ᠎ᠡ ᠠᠬᠢᠴᠠ ᠲᠠᠢ ᠪᠣᠯᠪᠠ᠃ | ᠲᠥᠯᠥᠭᠡᠯᠡᠭᠴᠢᠳ ᠡ᠂ | ᠥᠩᠭᠡᠷᠡᠭᠰᠡᠨ ᠨᠢᠭᠡ ᠵᠢᠯ ᠳᠤ᠂ ᠪᠦᠬᠦ ᠬᠤᠰᠢᠭᠤᠨ ᠤ ᠥᠷᠭᠡᠨ ᠣᠯᠠᠨ ᠺᠡᠳ᠋ᠷ ᠠᠵᠢᠯᠲᠠᠨ᠂ ᠡᠯ᠎ᠡ ᠦᠨᠳᠦᠰᠦᠲᠡᠨ ᠨᠥᠬᠦᠳ ᠬᠠᠮᠲᠦᠪᠡᠷ ᠡᠷᠡᠮᠡᠬᠡᠶᠢᠯᠡᠨ | ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠪᠦᠲᠦᠮᠵᠢ ᠶᠢ ᠬᠠᠮᠠᠭᠠᠯᠠᠵᠤ᠂ ᠪᠦᠲᠦᠮᠵᠢᠲᠡᠢ ᠠᠮᠵᠢᠯᠲᠠ ᠣᠯᠪᠠ᠃ ᠠᠮᠤᠭᠤᠯᠠᠩ | ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠸᠠᠩ ᠪᠠᠢ ᠯᠢᠩ ︽ᠪᠦᠬᠦ ᠤᠯᠤᠰ ᠤᠨ ᠵᠢᠱᠢᠶᠡᠴᠢ ᠪᠠᠭᠰᠢ︾ ᠪᠠᠷ ᠦᠨᠡᠯᠡᠭᠳᠡᠵᠦ᠂ ᠰᠢᠨᠡᠪᠤᠯᠠᠭ ᠰᠤᠮᠤᠨ ᠤ ᠡᠮᠨᠡᠯᠭᠡ | ᠶᠢᠨ ᠬᠤᠷᠢᠶᠠᠨ ᠤ ᠤᠷᠲᠤᠨᠠᠰᠤᠨ ︽ᠳᠤᠮᠳᠠᠳᠤ ᠤᠯᠤᠰ ᠤᠨ ᠰᠠᠶᠢᠨ ᠡᠮᠴᠢ᠂ ᠰᠠᠶᠢᠨ ᠰᠤᠪᠢᠯᠠᠭᠴᠢ︾ ᠪᠠᠷ ᠦᠨᠡᠯᠡᠭᠳᠡᠪᠡ᠃ ᠭᠠᠨᠵᠤᠤᠷ ᠭᠠᠴᠠᠭ᠎ᠠ ᠭᠤᠷᠪᠠᠳᠤᠭᠠᠷ | ᠪᠦᠯᠦᠭ ᠤᠨ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠳᠤ ᠵᠢᠭᠰᠠᠭᠠᠭᠳᠠᠵᠤ᠂ ᠲᠠᠪᠤᠨ ᠡᠷᠳᠡᠨᠢ ᠮᠠᠯ ᠠᠵᠤ ᠠᠬᠤᠢ᠂ | ᠲᠠᠩᠰᠤᠭ ᠦᠨᠳᠦᠰᠦᠲᠡᠨ ᠤ ᠬᠤᠪᠴᠠᠰᠤ ᠵᠠᠰᠠᠯ ᠤᠨ ᠺᠣᠮᠫᠠᠨᠢ᠂ ᠪᠠᠶᠠᠨ ᠲᠡᠮᠡᠭᠡ ᠲᠡᠵᠢᠭᠡᠨ ᠦᠷᠡᠵᠢᠭᠦᠯᠬᠦ ᠬᠤᠷᠰᠢᠶᠠᠵᠢᠯ ᠳᠣᠯᠣᠳᠤᠭᠠᠷ ᠪᠦᠯᠦᠭ ᠤᠨ ᠤᠯᠤᠰ ᠤᠨ | ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠢᠶᠠᠷ ᠵᠢᠭᠰᠠᠭᠠᠭᠳᠠᠪᠠ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠠᠵᠢᠯ ᠥᠪᠡᠷᠲᠡᠭᠡᠨ | ᠵᠠᠰᠠᠬᠤ ᠣᠷᠣᠨ ᠤ ᠰᠢᠯᠭᠠᠯᠲᠠ ᠶᠢ ᠤᠷᠤᠭᠰᠢᠲᠠᠢ ᠥᠩᠭᠡᠷᠡᠭᠦᠯᠵᠦ᠂ ︽ᠰᠢᠨ᠎ᠡ ᠪᠠᠷᠭᠤ ᠵᠡᠭᠦᠨ ᠬᠤᠰᠢᠭᠤᠨ ᠤ ᠣᠶᠢᠯᠠᠯᠭ᠎ᠠ︾ ᠶᠢᠨ ᠮᠣᠩᠭᠤᠯ ᠬᠡᠪᠯᠡᠯ ᠢ ᠪᠦᠬᠦ | ᠬᠤᠲᠠ ᠳᠤ ᠲᠦᠷᠦᠭᠦᠦ ᠲᠠᠷᠬᠠᠭᠠᠪᠠ᠃ | ᠥᠩᠭᠡᠷᠡᠭᠰᠡᠨ ᠨᠢᠭᠡ ᠵᠢᠯ ᠳᠤ᠂ ᠪᠢᠳᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠥᠮᠥᠵᠢᠯ ᠢ ᠭᠦᠨᠵᠡᠭᠡᠢ ᠥᠷᠨᠢᠭᠦᠯᠵᠦ᠂ ᠰᠤᠷᠤᠯᠴᠠᠯᠭ᠎ᠠ ᠬᠥᠮᠥᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠬᠤ᠂ ᠴᠡᠭᠴᠡᠯᠡᠨ ᠨᠠᠶᠢᠳᠠᠪᠤᠷᠢᠵᠢᠭᠤᠯᠬᠤ | ᠵᠡᠷᠭᠡ ᠠᠵᠢᠯ ᠢ ᠪᠦᠬᠦ ᠶᠠᠪᠤᠴᠠ ᠳᠤ ᠲᠤᠤᠱᠯᠠᠭᠤᠯᠵᠤ᠂ ᠣᠯᠠᠨ ᠲᠦᠮᠡᠨ ᠤ ᠲᠥᠯᠥᠭᠡ ᠪᠣᠳᠠᠲᠤ ᠰᠠᠶᠢᠨ ᠶᠠᠪᠤᠳᠠᠯ ᠢ ᠢᠳᠡᠪᠬᠢᠲᠡᠢ ᠬᠢᠵᠦ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠭᠠᠶᠢᠯᠢ ᠰᠦᠢᠳᠬᠡᠯ ᠢ 1848 ᠲᠦᠮᠡᠨ ᠲᠥᠭᠦᠷᠢᠭ ᠬᠡᠯᠲᠦᠷᠢᠭᠦᠯᠵᠦ᠂ ᠠᠵᠤ | ᠠᠬᠤᠶᠢᠯᠠᠯ ᠡᠬᠢᠯᠡᠨ ᠡᠷᠬᠢᠯᠡᠬᠦ ᠬᠤᠭᠤᠴᠠᠭ᠎ᠠ ᠶᠢ 3 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ︔ ᠭᠡᠷ ᠪᠠᠶᠢᠰᠢᠩ ᠭᠠᠵᠠᠷ ᠰᠢᠷᠣᠢ ᠶᠢᠨ ᠬᠡᠪᠴᠢᠶᠡᠨ ᠳᠠᠬᠢ | ᠦᠯᠡᠳᠡᠭᠳᠡᠯ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ 3 ᠪᠠᠭ᠎ᠠ ᠲᠣᠭᠤᠷᠢᠭ ᠤᠨ 278 ᠡᠷᠦᠬᠡ ᠶᠢᠨ ᠦᠨᠡᠮᠯᠡᠯ ᠣᠯᠭᠤᠬᠤ ᠳᠤ ᠬᠦᠴᠢᠷ ᠠᠰᠠᠭᠤᠳᠠᠯ ᠢ | ᠰᠢᠢᠳᠪᠦᠷᠢᠯᠡᠪᠡ︔ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠬᠦᠴᠦᠯᠡᠨ ᠭᠦᠢᠴᠡᠳᠬᠡᠵᠦ᠂ ᠬᠤᠲᠠ ᠬᠤᠰᠢᠭᠤ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 126 ᠬᠤᠪᠢ ᠰᠠᠨᠠᠯ ᠵᠥᠪᠯᠡᠯᠭᠡ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 79 | ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠵᠦ᠂ ᠭᠦᠢᠴᠡᠳᠬᠡᠭᠰᠡᠨ ᠨᠤᠷᠮ᠎ᠠ 100% ᠳᠤ ᠬᠦᠷᠪᠡ᠃ | ᠥᠩᠭᠡᠷᠡᠭᠰᠡᠨ ᠨᠢᠭᠡ ᠵᠢᠯ ᠳᠤ᠂ ᠪᠢᠳᠠ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠤᠨ | ᠣᠷᠳᠣᠨ ᠤ ᠠᠵᠢᠯ ᠢ ᠪᠦᠬᠦ ᠲᠠᠯ᠎ᠠ ᠪᠠᠷ ᠬᠠᠤᠯᠢ ᠳᠦᠷᠢᠮᠵᠢᠯ ᠤᠨ ᠵᠠᠮ ᠳᠤ ᠣᠷᠣᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠢᠷᠤᠮ ᠢ ᠴᠢᠩᠭ᠎ᠠ ᠨᠠᠶᠢᠳᠠᠪᠤᠷᠢᠵᠢᠭᠤᠯᠪᠠ︔ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠣᠢ ᠪᠣᠯᠭᠠᠵᠤ᠂ ᠪᠦᠬᠦ ᠬᠤᠰᠢᠭᠤᠨ ᠤ ᠡᠩ ᠤᠨ | ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠡᠳᠦᠷ ᠲᠤᠲᠤᠮ ᠤᠨ ᠠᠯᠪᠠᠨ ᠤ ᠵᠠᠷᠤᠳᠠᠯ ᠤᠨ ᠬᠠᠮᠤᠭ ᠳᠣᠣᠷ᠎ᠠ ᠪᠠᠷᠢᠮᠵᠢᠶ᠎ᠠ ᠶᠢ ᠬᠡᠷᠡᠭᠯᠡᠪᠡ︔ ᠨᠠᠮ ᠤᠨ | ᠰᠤᠷᠲᠠᠯ ᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠤᠨ ᠨᠠᠢᠮᠠᠨ ᠵᠤᠷᠪᠤᠰ | ᠲᠣᠭᠲᠠᠭᠠᠯ ᠢ ᠡᠷᠡᠰ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠣᠯᠣᠨ ᠬᠢᠨᠠᠨ ᠪᠣᠳᠣᠯᠲᠠ ᠶᠢᠨ ᠬᠢᠨᠠᠯᠲᠠ ᠶᠢ ᠦᠨᠡᠨᠬᠦ ᠰᠠᠶᠢᠲᠤᠷ ᠠᠳᠬᠤᠵᠤ᠂ | ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠣᠢ ᠪᠣᠯᠭᠠᠪᠠ᠃ | ᠲᠥᠯᠥᠭᠡᠯᠡᠭᠴᠢᠳ ᠡ | ᠡᠳᠡᠭᠡᠷ ᠠᠮᠵᠢᠯᠲᠠ ᠣᠯᠣᠭᠰᠠᠨ ᠨᠢ ᠬᠢᠯᠪᠠᠷ ᠪᠤᠰᠤ ᠶᠤᠮ᠃ ᠡᠨᠡ ᠪᠣᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠣᠯᠣᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠪᠣᠯᠣᠨ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ | ᠡᠷᠡᠯᠬᠡᠭᠯᠡᠨ ᠴᠢᠷᠮᠠᠶᠢᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ᠂ ᠬᠤᠰᠢᠭᠤᠨ ᠳᠤ ᠰᠠᠭᠤᠭ᠎ᠠ ᠴᠡᠷᠢᠭ ᠠᠩᠭᠢ ᠪᠣᠯᠣᠨ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠠᠮᠲᠤᠪᠷ ᠣᠷᠣᠯᠴᠠᠭᠰᠠᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ | ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠬᠢᠭᠡᠳ ᠰᠢᠨ᠎ᠡ ᠪᠠᠷᠭᠤ ᠵᠡᠭᠦᠨ ᠬᠤᠰᠢᠭᠤᠨ ᠤ ᠬᠥᠭᠵᠢᠯᠲᠡ ᠶᠢ ᠳᠡᠮᠵᠢᠨ ᠲᠤᠰᠠᠯᠠᠭᠰᠠᠨ ᠪᠦᠬᠦ | ᠨᠥᠬᠦᠳ ᠨᠠᠶᠢᠵᠠ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠢᠳᠠ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ ᠪᠠᠰᠠ ᠣᠷᠣᠰᠢᠵᠤ ᠪᠠᠶᠢᠭ᠎ᠠ ᠠᠰᠠᠭᠤᠳᠠᠯ ᠢᠶᠠᠨ ᠰᠡᠷᠭᠡᠭ ᠢᠶᠠᠷ ᠲᠠᠨᠢᠬᠤ ᠬᠡᠷᠡᠭᠲᠡᠢ᠃ ᠣᠳᠣᠬᠠᠨ ᠳᠤ ᠮᠠᠨ ᠤ | ᠬᠤᠰᠢᠭᠤᠨ ᠳᠤ ᠭᠤᠷᠪᠠᠨ ᠠᠵᠤ ᠦᠢᠯᠡᠰ ᠤᠨ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠡᠯᠬᠢᠶᠡᠵᠢᠯ ᠲᠡᠭᠦᠯᠳᠡᠷᠵᠢᠭᠡᠳᠦᠢ᠂ ᠠᠵᠤ ᠠᠬᠤᠢ ᠶᠢᠨ ᠬᠥᠭᠵᠢᠯᠲᠡ | ᠲᠣᠭᠲᠠᠭᠤᠨ ᠪᠣᠯᠪᠠᠴᠤ ᠡᠯ᠎ᠡ ᠵᠦᠢᠯ ᠤᠨ ᠬᠦᠴᠢᠷᠳᠡᠯ ᠣᠷᠣᠰᠢᠵᠤ ᠪᠣᠢ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠵᠠᠯᠭᠠᠯᠳᠤᠯ ᠰᠠᠭᠠᠳ ᠬᠠᠷᠰᠢ ᠲᠠᠢ᠂ ᠬᠤᠲᠠ | ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ᠂ ᠲᠥᠪ ᠬᠤᠲᠠ ᠪᠠᠯᠭᠠᠰᠤᠨ ᠤ ᠨᠥᠯᠥᠭᠡᠯᠡᠨ ᠳᠠᠶᠢᠴᠢᠯᠠᠬᠤ ᠦᠢᠯᠡᠳᠦᠯ ᠢᠯᠠ ᠪᠤᠰᠤ᠂ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠠᠷᠤᠭᠠᠰᠤ ᠮᠥᠨ ᠯᠡ ᠨᠡᠮᠡᠭᠳᠡᠵᠦ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠡᠳᠦᠷ ᠢᠷᠡᠬᠦᠶ᠎ᠡ ᠲᠣᠪᠣᠶᠢᠮ᠎ᠠ ᠪᠣᠯᠵᠤ᠂ ᠵᠠᠷᠢᠮ ᠺᠠᠳ᠋ᠷᠴᠤᠳ ᠤᠨ ᠠᠵᠢᠯ ᠢᠶᠠᠨ ᠲᠥᠰᠥᠪᠯᠡᠬᠦ ᠬᠠᠷᠠᠭ᠎ᠠ ᠢᠪᠴᠤᠤ᠂ | ᠴᠢᠳᠠᠪᠤᠷᠢ ᠶᠢᠨ ᠬᠢᠷᠢ ᠲᠦᠪᠰᠢᠨ ᠨᠢ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ ᠵᠡᠷᠭᠡ ᠪᠠᠶᠢᠳᠠᠯ ᠣᠷᠣᠰᠢᠵᠤ ᠪᠣᠢ᠃ ᠡᠳᠡᠭᠡᠷ | ᠠᠰᠠᠭᠤᠳᠠᠯ ᠢ ᠪᠢᠳᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠬᠢᠨᠠᠮᠠᠭᠠᠢ ᠰᠢᠢᠳᠪᠦᠷᠢᠯᠡᠨ᠎ᠡ᠃ | ᠬᠤᠶᠠᠷ᠂2020 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠬᠤᠲᠠ ᠶᠢᠨ | ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ᠂ ᠬᠤᠰᠢᠭᠤ ᠨᠠᠮ ᠤᠨ ᠬᠤᠷᠢᠶᠠᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠲᠣᠭᠲᠠᠭᠤᠨ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠰᠠᠨᠠᠭ᠎ᠠ ᠶᠢ | ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ | ᠶᠢ ᠪᠠᠷᠢᠮᠲᠠᠯᠠᠵᠤ᠂ ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ ᠪᠠᠷ ᠤᠳᠤᠷᠢᠳᠤᠮᠵᠢ ᠪᠣᠯᠭᠠᠵᠤ᠂ ᠭᠤᠷᠪᠠᠨ ᠶᠡᠭᠡ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠪᠠᠷ ᠭᠤᠣᠯᠳᠠᠯᠭ᠎ᠠ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠪᠠᠷ ᠦᠨᠳᠦᠰᠦ ᠪᠣᠯᠭᠠᠵᠤ᠂ ᠠᠮᠢ ᠠᠬᠤᠶᠢᠴᠢ ᠮᠠᠯ ᠠᠵᠤ ᠠᠬᠤᠢ ᠶᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠪᠣᠯᠣᠨ ᠪᠣᠭᠤᠮᠲᠠ ᠶᠢᠨ ᠠᠵᠤ ᠠᠬᠤᠢ ᠶᠢ ᠬᠦᠴᠦᠷᠬᠡᠭᠵᠢᠭᠦᠯᠦᠨ ᠪᠣᠳᠠᠲᠠᠶᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ | ᠪᠠᠲᠤᠯᠠᠬᠤ ᠡᠯ᠎ᠡ ᠲᠥᠷᠥᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠵᠡᠰᠬᠦᠯᠡᠩᠲᠦ ᠰᠠᠶᠢᠬᠠᠨ᠂ ᠪᠠᠶᠠᠨ ᠴᠢᠨᠡᠭᠡᠯᠢᠭ᠂ ᠡᠶ᠎ᠡ ᠵᠣᠬᠢᠴᠠᠩᠭᠤᠢ᠂ | ᠵᠣᠯ ᠵᠢᠷᠭᠠᠯᠲᠤ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠲᠠᠢ ᠬᠠᠮᠲᠤᠪᠡᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠶᠢ ᠪᠠᠲᠤᠯᠠᠨ᠎ᠠ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 1.5% ᠣᠷᠴᠢᠮ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠢ | ᠪᠠᠲᠤᠯᠠᠨ᠎ᠠ︔ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠪᠦᠷᠢ 3% ᠪᠠ 4. | 5% ᠣᠷᠴᠢᠮ ᠨᠡᠮᠡᠭᠳᠡᠭᠦᠯᠦᠨ᠎ᠡ︔ ᠪᠦᠬᠦ ᠵᠢᠯ ᠳᠤ 500 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠤᠷᠮ᠎ᠠ ᠶᠢ 4.5% ᠳᠣᠲᠣᠷ᠎ᠠ ᠬᠢᠵᠠᠭᠠᠷᠯᠠᠨ᠎ᠠ᠃ ᠪᠠᠲᠤᠯᠠᠭ᠎ᠠ ᠶᠢᠨ ᠴᠢᠨᠠᠷᠲᠠᠢ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠦᠨ᠎ᠡ︔ ᠬᠢᠵᠠᠭᠠᠷᠲᠤ ᠴᠢᠨᠠᠷᠲᠠᠢ ᠭᠦᠢᠴᠡᠳᠬᠡᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠣᠶᠢᠷ ᠬᠤᠲᠠ ᠶᠢᠨ ᠱᠠᠭᠠᠷᠳᠠᠯᠭ᠎ᠠ ᠳᠤ | ᠬᠦᠷᠭᠡᠨ᠎ᠡ᠃ | ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠪᠢᠳᠠ ᠰᠢᠨ᠎ᠡ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ︽ᠠᠮᠢ ᠠᠬᠤᠢ ᠶᠢ ᠲᠡᠷᠢᠭᠦᠨ ᠪᠠᠶᠢᠷᠢᠨ ᠳᠤ | ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ︾ ᠶᠢᠨ ᠰᠢᠨ᠎ᠡ ᠠᠷᠭ᠎ᠠ ᠵᠠᠮ ᠢᠶᠠᠷ ᠡᠷᠡᠰ ᠭᠤᠶᠢᠪᠢᠰᠢ | ᠦᠭᠡᠢ ᠵᠠᠮᠨᠠᠨ᠎ᠠ︔ ᠲᠣᠭᠲᠠᠭᠤᠨ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠵᠤ᠂ ᠬᠤᠷᠳᠤᠴᠠ᠂ ᠶᠠᠰᠤ ᠴᠢᠨᠠᠷ ᠪᠣᠯᠣᠨ ᠦᠷ᠎ᠡ | ᠠᠰᠢᠭ ᠤᠨ ᠬᠠᠷᠢᠴᠠᠭ᠎ᠠ ᠶᠢ ᠣᠨᠣᠪᠴᠢᠲᠠᠢ ᠡᠵᠡᠮᠳᠡᠨ ᠰᠢᠢᠳᠪᠦᠷᠢᠯᠡᠵᠦ᠂ ᠰᠣᠶᠣᠯ ᠵᠢᠭᠤᠯᠴᠢᠯᠠᠯ᠂ ᠪᠣᠭᠤᠮᠲᠠ ᠶᠢᠨ ᠠᠷᠠᠯᠵᠢᠶ᠎ᠠ ᠵᠡᠷᠭᠡ ᠠᠵᠤ ᠦᠢᠯᠡᠰ ᠤᠨ ᠲᠦᠷᠭᠡᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ︔ ᠠᠵᠤ ᠦᠢᠯᠡᠰ ᠤᠨ ᠠᠮᠢ ᠠᠬᠤᠶᠢᠵᠢᠯᠲᠠ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠢ | ᠪᠠᠬᠢᠵᠢᠭᠦᠯᠦᠨ ᠳᠡᠭᠡᠭᠰᠢᠯᠡᠭᠦᠯᠬᠦ ᠬᠢᠭᠡᠳ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠬᠦ ᠬᠠᠷᠢᠴᠠᠭ᠎ᠠ ᠶᠢ ᠣᠨᠣᠪᠴᠢᠲᠠᠢ ᠡᠵᠡᠮᠳᠡᠨ ᠰᠢᠢᠳᠪᠦᠷᠢᠯᠡᠵᠦ᠂ ᠠᠮᠢ | ᠠᠬᠤᠶᠢᠴᠢ ᠮᠠᠯ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠎ᠡ᠃ | ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠣᠨ᠎ᠠ | ᠶᠠᠳᠠᠭᠤ ᠠᠴᠠ ᠠᠩᠭᠢᠵᠢᠷᠠᠭᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠳᠠᠶᠢᠯᠠᠯᠳᠤᠭᠠᠨ ᠤ ᠵᠢᠯ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠡᠯ᠎ᠡ ᠲᠠᠯ᠎ᠠ ᠶᠢᠨ ᠠᠵᠢᠯ ᠢ ᠨᠡᠩ | ᠨᠠᠷᠢᠯᠢᠭ ᠣᠨᠣᠪᠴᠢᠲᠠᠢ ᠬᠢᠵᠦ᠂ ︽ᠡᠷᠭᠢᠨ ᠬᠠᠷᠠᠬᠤ︾ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠯ ᠢ ᠴᠢᠩᠭ᠎ᠠ | ᠬᠠᠷᠭᠤᠭᠤᠯᠵᠤ᠂ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠪᠣᠳᠠᠲᠠᠢ ᠦᠷ᠎ᠡ ᠪᠦᠲᠦᠮᠵᠢ ᠣᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠤᠨ | ᠰᠢᠯᠭᠠᠯᠲᠠ ᠦᠨᠡᠯᠡᠯᠲᠡ ᠶᠢ ᠥᠩᠭᠡᠷᠡᠭᠡᠬᠦ ᠶᠢ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ | ᠂ ︽ᠳᠥᠷᠪᠡ ᠶᠢ ᠦᠯᠦ ᠬᠠᠶᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠢᠯ ᠪᠦᠷᠢ 80 ᠲᠦᠮᠡᠨ ᠲᠥᠭᠦᠷᠢᠭ ᠠᠴᠠ ᠳᠡᠭᠡᠭᠰᠢ ᠶᠠᠳᠠᠭᠤ ᠶᠢ ᠲᠡᠳᠬᠦᠬᠦ | ᠠᠰᠢᠭ ᠲᠤᠰᠠ ᠶᠢᠨ ᠪᠡᠯᠡ ᠮᠥᠩᠭᠦ ᠶᠢ ᠵᠠᠷᠤᠴᠠᠭᠤᠯᠵᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠠᠶᠤᠯ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠬᠥᠮᠥᠰ ᠲᠤ | ᠴᠢᠭᠯᠡᠭᠦᠯᠦᠨ᠂ ᠤᠷᠢᠳᠴᠢᠯᠠᠨ ᠭᠠᠷᠳᠠᠨ ᠠᠳᠬᠤᠵᠤ ᠣᠨᠣᠪᠴᠢᠲᠠᠢ ᠬᠠᠪᠰᠤᠷᠤᠨ ᠲᠡᠳᠬᠦᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠳᠠᠬᠢᠨ ᠶᠠᠳᠠᠭᠤᠷᠠᠬᠤ | ᠶᠢ ᠡᠷᠡᠰ ᠬᠤᠷᠢᠭᠯᠠᠨ᠎ᠠ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ 2300 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ | ᠂ ᠭᠠᠴᠠᠭᠠᠨ ᠤ ᠵᠢᠵᠢᠭ ᠬᠡᠯᠪᠡᠷᠢ ᠶᠢᠨ ᠣᠯᠠᠨ ᠨᠡᠶᠢᠲᠡ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠠᠵᠤ ᠦᠢᠯᠡᠰ ᠢ ᠬᠥᠭᠵᠢᠭᠦᠯᠬᠦ ᠲᠥᠷᠥᠯ ᠵᠦᠢᠯ ᠢ | ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠪᠠ ᠢᠲᠡᠭᠡᠯ ᠵᠣᠷᠢᠭ ᠢ ᠲᠡᠳᠬᠦᠬᠦ ᠶᠢ ᠭᠦᠨᠵᠡᠭᠡᠢ ᠤᠶᠠᠯᠳᠤᠭᠤᠯᠤᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠵᠤ᠂ ᠶᠠᠳᠠᠭᠤ ᠬᠦᠴᠢᠷᠳᠡᠯᠲᠡᠢ | ᠭᠠᠴᠠᠭ᠎ᠠ ᠪᠣᠯᠣᠨ ᠣᠯᠠᠨ ᠲᠦᠮᠡᠨ ᠤ ᠦᠷᠭᠦᠯᠵᠢᠯᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠬᠦᠷᠲᠡᠭᠳᠡᠯ ᠢ | ᠦᠨᠡᠨᠬᠦ ᠨᠡᠮᠡᠭᠳᠡᠭᠦᠯᠦᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ | ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠬᠦ ᠳᠠᠯᠳᠠ ᠴᠢᠨᠠᠷᠲᠠᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠡᠨᠡ ᠵᠢᠯ ᠵᠠᠰᠠᠭ ᠤᠨ ᠣᠷᠳᠣᠨ ᠤ ᠳᠠᠯᠳᠠ ᠥᠭᠴᠡᠭᠡ | ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠴᠡᠭᠡ ᠶᠢ 2.3 ᠳ᠋ᠦᠩᠰᠢᠭᠤᠷ ᠲᠥᠭᠦᠷᠢᠭ ᠠᠷᠢᠯᠭᠠᠬᠤ ᠪᠠᠷ ᠲᠥᠯᠥᠪᠯᠡᠪᠡ᠃ ᠥᠷᠢ ᠲᠥᠯᠥᠬᠦ | ᠲᠥᠰᠥᠪ ᠤᠨ ᠪᠡᠯᠡ ᠮᠥᠩᠭᠦ ᠶᠢᠨ ᠨᠡᠮᠡᠭᠳᠡᠬᠦ ᠶᠢ ᠪᠠᠲᠤᠯᠠᠵᠤ᠂ ᠵᠢᠯ ᠪᠦᠷᠢ 10% ᠣᠷᠴᠢᠮ ᠳᠠᠷᠠᠭᠠᠯᠠᠨ ᠨᠡᠮᠡᠭᠳᠡᠭᠦᠯᠬᠦ ᠬᠠᠷᠢᠴᠠᠯ ᠢᠶᠠᠷ ᠥᠷᠢ ᠲᠥᠯᠥᠬᠦ ᠲᠥᠰᠥᠪ ᠢ | ᠲᠣᠬᠢᠷᠠᠭᠤᠯᠤᠨ᠎ᠠ᠃ ᠡᠳ᠋ ᠤᠨ ᠵᠠᠰᠠᠭ ᠤᠨ ᠣᠷᠣᠯᠭ᠎ᠠ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠶᠢᠨ ᠪᠤᠰᠤ ᠣᠷᠣᠯᠭ᠎ᠠ ᠶᠢᠨ | ᠬᠠᠮᠢᠶᠠᠷᠤᠯᠲᠠ ᠶᠢᠨ ᠲᠣᠭᠲᠠᠴᠠ ᠶᠢ ᠪᠦᠷᠢᠨ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠰᠤᠯᠠ ᠪᠠᠶᠢᠭ᠎ᠠ ᠭᠡᠷ | ᠬᠥᠷᠥᠩᠭᠡ ᠶᠢᠨ ᠰᠢᠢᠳᠪᠦᠷᠢᠯᠡᠯᠲᠡ ᠶᠢ ᠲᠦᠷᠭᠡᠳᠬᠡᠵᠦ᠂ ᠡᠬᠢ ᠪᠠᠶᠠᠯᠢᠭ ᠢ ᠲᠠᠸᠠᠷᠴᠢᠯᠠᠨ ᠠᠰᠢᠭᠯᠠᠵᠤ᠂ ᠡᠳ᠋ ᠤᠨ ᠬᠦᠴᠦᠨ ᠢ ᠨᠥᠬᠦᠪᠦᠷᠢᠯᠡᠨ᠎ᠡ᠃ ᠣᠷᠣᠨ ᠨᠤᠲᠤᠭ | ᠤᠨ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠪᠡᠯᠡ ᠮᠥᠩᠭᠦ ᠶᠢ ᠢᠳᠡᠪᠬᠢᠲᠡᠢ ᠣᠯᠵᠤ᠂ ᠬᠢᠵᠠᠭᠠᠷᠯᠠᠭᠰᠠᠨ ᠲᠤᠭ᠎ᠠ ᠶᠢᠨ | ᠳᠣᠲᠣᠷ᠎ᠠ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠪᠠᠷ ᠢᠨᠵᠧᠨᠧᠷᠢᠩ ᠤᠨ ᠥᠷᠢ ᠥᠭᠴᠡᠭᠡ ᠶᠢ ᠤᠷᠢᠳᠠᠪᠡᠷ ᠲᠥᠯᠥᠨ᠎ᠡ᠃ ︽ᠠᠷᠪᠢᠯᠠᠨ ᠭᠠᠮᠨᠠᠬᠤ︾ | ᠦᠵᠡᠯᠲᠡ ᠶᠢ ᠪᠠᠲᠤ ᠪᠣᠢ ᠪᠣᠯᠭᠠᠵᠤ᠂ 2019 ᠣᠨ ᠳᠤ ᠡᠩ ᠤᠨ ᠴᠢᠨᠠᠷᠲᠠᠢ ᠵᠠᠷᠤᠯᠭ᠎ᠠ ᠶᠢ 10% ᠪᠠᠷ ᠪᠠᠭᠠᠰᠬᠠᠵᠤ᠂ ᠠᠯᠪᠠᠨ ᠤ ᠭᠤᠷᠪᠠᠨ ᠵᠠᠷᠤᠳᠠᠯ ᠢ 3% | ᠪᠠᠷ ᠪᠠᠭᠠᠰᠬᠠᠭᠰᠠᠨ ᠤ ᠰᠠᠭᠤᠷᠢᠨ ᠳᠡᠭᠡᠷ᠎ᠡ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠨ᠎ᠠ᠃ ᠮᠠᠯᠵᠢᠬᠤ ᠣᠷᠣᠨ ᠤ ᠥᠨᠳᠥᠷ ᠬᠦᠦ ᠲᠠᠢ ᠵᠢᠭᠡᠯᠡᠯᠭᠡ | ᠪᠠ ᠵᠣᠷᠢᠭᠤᠳᠠ ᠥᠷᠢ ᠥᠭᠴᠡᠭᠡ ᠠᠴᠠ ᠪᠠᠨ ᠳᠤᠲᠠᠭᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠥᠯᠥ ᠭᠠᠷᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ ᠬᠥᠯᠥᠨ ᠨᠠᠭᠤᠷ ᠢ ᠶᠡᠷᠦᠩᠬᠡᠶᠢᠯᠡᠨ | ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠵᠢᠯ ᠳᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠂ | ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠡᠭᠴᠡᠯᠡᠨ ᠵᠠᠰᠠᠬᠤ᠂ ᠨᠠᠭᠤᠷ ᠤᠨ ᠲᠣᠭᠤᠷᠢᠨ ᠤ ᠡᠯᠡᠰᠦᠷᠬᠡᠭᠵᠢᠭᠰᠡᠨ ᠭᠠᠵᠠᠷ ᠢ ᠵᠠᠰᠠᠬᠤ᠂ ᠬᠠᠮᠠᠭᠠᠯᠠᠯᠲᠠ ᠶᠢᠨ | ᠣᠷᠣᠨ ᠤ ᠠᠮᠢ ᠠᠬᠤᠢ ᠶᠢᠨ ᠠᠷᠠᠳ ᠢ ᠨᠡᠭᠦᠯᠭᠡᠬᠦ᠂ ᠲᠠᠴᠢᠷᠳᠠᠭᠰᠠᠨ ᠪᠡᠯᠴᠢᠭᠡᠷ ᠡᠪᠡᠰᠦ ᠶᠢ ᠵᠠᠰᠠᠵᠤ ᠬᠠᠮᠢᠶᠠᠷᠬᠤ ᠵᠡᠷᠭᠡ ᠲᠥᠷᠥᠯ ᠵᠦᠢᠯ ᠢ ᠪᠦᠬᠦ ᠲᠠᠯ᠎ᠠ ᠪᠠᠷ | ᠪᠡᠶᠡᠯᠡᠭᠦᠯᠵᠦ᠂ ᠴᠡᠪᠡᠷᠰᠢᠭᠦᠯᠦᠭᠰᠡᠨ ᠤᠰᠤ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠲᠣᠭᠲᠠᠭᠤᠨ ᠢᠶᠠᠷ ᠶᠠᠪᠤᠭᠳᠠᠭᠤᠯᠤᠨ᠎ᠠ᠃ ᠭᠤᠣᠯ᠂ ᠨᠠᠭᠤᠷ ᠤᠨ | ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ᠂ ᠭᠤᠣᠯ᠂ ᠨᠠᠭᠤᠷ ᠤᠨ ᠣᠷᠴᠢᠨ ᠲᠣᠭᠤᠷᠢᠨ ᠢ ᠳᠦᠷᠢᠮᠵᠢᠭᠦᠯᠦᠨ ᠬᠠᠮᠢᠶᠠᠷᠬᠤ ᠶᠢ | ᠭᠦᠨᠵᠡᠭᠡᠶᠢᠷᠡᠭᠦᠯᠦᠨ᠂ ᠬᠥᠯᠥᠨ ᠪᠣᠶᠢᠷ ᠬᠤᠲᠠ ᠶᠢᠨ ︽ᠬᠤᠶᠠᠷ ᠭᠤᠣᠯ ᠬᠤᠶᠠᠷ ᠨᠠᠭᠤᠷ︾ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ | ᠠᠬᠢᠭᠤᠯᠵᠤ᠂ ᠴᠠᠭᠠᠨᠨᠠᠭᠤᠷ ᠤᠨ ᠤᠰᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠬᠢᠵᠦ᠂ ᠠᠮᠢ ᠠᠬᠤᠢ ᠶᠢᠨ ᠦᠷ᠎ᠡ | ᠠᠰᠢᠭ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠦᠨᠡᠨ ᠬᠦ ᠪᠠᠳᠠᠷᠠᠭᠤᠯᠤᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠨᠡᠭᠦᠷᠡᠰᠦᠨ ᠰᠢᠲᠠᠭᠠᠯᠭ᠎ᠠ ᠶᠢᠨ ᠵᠤᠤᠬ᠎ᠠ ᠶᠢ ᠲᠠᠶᠠᠭᠳᠠᠭᠤᠯᠬᠤ ᠠᠵᠢᠯ ᠢ ᠪᠦᠬᠦ ᠲᠠᠯ᠎ᠠ | ᠪᠠᠷ ᠪᠡᠶᠡᠯᠡᠭᠦᠯᠦᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠢ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠢ ᠲᠦᠯᠬᠢᠨ ᠠᠬᠢᠭᠤᠯᠵᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠯᠵᠢᠭᠦᠯᠦᠨ ᠬᠠᠶᠠᠬᠤ᠂ ᠠᠰᠢᠭᠯᠠᠵᠤ ᠰᠢᠢᠳᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ︵ᠬᠤᠶᠠᠷ︶ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠠᠮᠢ ᠠᠬᠤᠢ ᠶᠢ ᠵᠠᠰᠠᠨ ᠬᠠᠮᠠᠭᠠᠯᠠᠬᠤ ᠢᠨᠵᠧᠨᠧᠷᠢᠩ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ 1.81 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ | ᠪᠠᠷ ᠲᠥᠯᠥᠪᠯᠡᠵᠦ᠂ 868 ᠲᠦᠮᠡᠨ ᠮᠦ ᠪᠡᠯᠴᠢᠭᠡᠷᠯᠡᠬᠦ ᠶᠢ ᠴᠠᠭᠠᠵᠠᠯᠠᠵᠤ᠂ 1325 ᠲᠦᠮᠡᠨ ᠮᠦ ᠮᠠᠯ ᠪᠡᠯᠴᠢᠭᠡᠷ ᠢ ᠲᠡᠩᠴᠡᠭᠦᠷᠢᠰᠢᠭᠦᠯᠦᠨ᠎ᠡ᠃ 2286 ᠲᠦᠮᠡᠨ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠲᠥᠷᠥᠯ ᠵᠦᠢᠯ᠂ ᠮᠠᠯᠵᠢᠬᠤ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠪᠠ ᠭᠤᠷᠪᠠᠨ ᠤᠮᠠᠷᠠᠲᠤ ᠶᠢᠨ ᠬᠠᠯᠬᠠᠪᠴᠢ ᠣᠢ ᠶᠢ ᠬᠥᠮᠥᠨ ᠤ ᠬᠦᠴᠦ ᠪᠠᠷ ᠣᠶᠢᠵᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ 0.11 ᠲᠦᠮᠡᠨ ᠮᠦ ᠪᠠᠶᠢᠭᠠᠯᠢᠭ ᠣᠢ᠂ 89 ᠲᠦᠮᠡᠨ ᠮᠦ ᠤᠯᠤᠰ ᠤᠨ ᠨᠡᠶᠢᠲᠡ ᠶᠢᠨ ᠠᠰᠠᠷᠠᠮᠵᠢ ᠶᠢᠨ ᠣᠢ ᠶᠢᠨ ᠬᠠᠮᠢᠶᠠᠷᠤᠨ | ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠭᠠᠵᠠᠷ ᠰᠢᠷᠣᠢ ᠶᠢ ᠵᠠᠰᠠᠨ ᠬᠠᠮᠢᠶᠠᠷᠬᠤ | ᠠᠬᠢᠴᠠ ᠶᠢ ᠲᠦᠷᠭᠡᠳᠬᠡᠵᠦ᠂ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠢᠭᠡᠨᠲᠡ ᠬᠠᠭᠠᠯᠪᠤᠷᠢᠯᠠᠭᠰᠠᠨ 5 | ᠲᠦᠮᠡᠨ ᠮᠦ ᠣᠶᠢᠲᠤ ᠭᠠᠵᠠᠷ ᠤᠨ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ ᠲᠤᠷᠰᠢᠯᠲᠠ ᠴᠢᠭ ᠤᠨ ᠡᠭᠦᠷᠭᠡ ᠶᠢ ᠬᠢᠨᠠᠮᠠᠭᠠᠢ | ᠨᠠᠶᠢᠳᠠᠪᠤᠷᠢᠵᠢᠭᠤᠯᠤᠨ᠎ᠠ᠃ ᠬᠢᠲᠠᠳ ᠡᠪᠡᠰᠦᠨ ᠡᠮ᠂ ᠴᠢᠴᠠᠷᠭᠠᠨ᠎ᠠ᠂ ᠪᠣᠷᠣ ᠮᠣᠳᠣ᠂ ᠴᠠᠷᠭᠠᠰᠤ ᠵᠡᠷᠭᠡ ᠲᠠᠷᠢᠮᠠᠯ ᠲᠠᠷᠢᠬᠤ ᠶᠢ ᠵᠣᠷᠢᠭᠵᠢᠭᠤᠯᠵᠤ᠂ ᠠᠮᠢ ᠠᠬᠤᠢ ᠶᠢᠨ | ᠬᠠᠮᠠᠭᠠᠯᠠᠯᠲᠠ ᠬᠢᠭᠡᠳ ᠠᠵᠤ ᠦᠢᠯᠡᠰ ᠢ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠤᠨ᠎ᠠ᠃ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠪᠡᠯᠴᠢᠭᠡᠷ ᠮᠠᠯ ᠢ | ᠲᠡᠩᠴᠡᠭᠦᠷᠢᠰᠢᠭᠦᠯᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠳᠤᠯᠠᠩ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠢ ᠬᠢᠨᠠᠨ ᠬᠡᠮᠵᠢᠬᠦ ᠰᠢᠰᠲ᠋ᠧᠮ | ᠢ ᠪᠠᠶᠢᠭᠤᠯᠤᠨ ᠲᠡᠭᠦᠯᠳᠡᠷᠵᠢᠭᠦᠯᠵᠦ᠂ ᠵᠢᠯ ᠲᠤᠷᠰᠢᠲᠠ ᠬᠥᠳᠡᠯᠦᠩᠭᠦᠢ ᠪᠠᠷ ᠬᠢᠨᠠᠨ ᠬᠡᠮᠵᠢᠵᠦ᠂ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ ᠨᠤᠲᠤᠭ | ᠪᠡᠯᠴᠢᠭᠡᠷ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠣᠯᠭᠤᠨ᠎ᠠ᠃ | ᠣᠢ ᠰᠢᠭᠤᠢ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠣᠢ ᠰᠢᠭᠤᠢ᠂ ᠨᠤᠲᠤᠭ ᠪᠡᠯᠴᠢᠭᠡᠷ᠂ | ᠲᠠᠷᠢᠶᠠᠯᠠᠬᠤ ᠭᠠᠵᠠᠷ ᠤᠨ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠬᠠᠤᠯᠢ ᠪᠤᠰᠤ ᠪᠠᠷ ᠬᠠᠭᠠᠯᠪᠤᠷᠢᠯᠠᠬᠤ᠂ ᠳᠤᠷ᠎ᠠ ᠪᠠᠷ ᠢᠶᠠᠨ | ᠮᠠᠯᠲᠠᠬᠤ᠂ ᠲᠣᠭᠲᠠᠭᠠᠯ ᠠᠴᠠ ᠵᠥᠷᠢᠴᠡᠨ ᠮᠠᠯᠵᠢᠬᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠳᠦᠷᠢᠮ ᠠᠴᠠ ᠵᠥᠷᠢᠴᠡᠨ ᠪᠠᠶᠢᠭᠤᠯᠤᠭᠰᠠᠨ ᠵᠤᠰᠠᠭᠠᠯ ᠤᠨ ᠣᠷᠳᠣ ᠶᠢ ᠴᠡᠭᠴᠡᠯᠡᠨ ᠵᠠᠰᠠᠬᠤ ᠪᠠ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠬᠡᠪᠴᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ︽ᠪᠠᠭ᠎ᠠ ᠲᠠᠷᠠᠬᠠᠢ ᠪᠤᠲᠠᠷᠬᠠᠢ︾ | ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠭᠤᠷᠪᠠᠨ ᠣᠷᠣᠨ ᠭᠤᠷᠪᠠᠨ ᠱᠤᠭᠤᠮ︾ ᠢ | ᠵᠠᠭᠠᠭᠯᠠᠨ ᠲᠣᠭᠲᠠᠭᠠᠵᠤ ᠴᠢᠩᠭ᠎ᠠ ᠰᠠᠬᠢᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠬᠡᠷᠡᠭᠵᠢᠭᠦᠯᠦᠨ᠂ ᠠᠮᠢ ᠠᠬᠤᠢ ᠶᠢᠨ ᠨᠥᠬᠦᠪᠦᠷᠢ ᠣᠯᠭᠤᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠪᠣᠬᠢᠷᠲᠤᠯ | ᠭᠠᠳᠠᠭᠰᠢᠯᠠᠭᠤᠯᠬᠤ ᠡᠷᠬᠡ᠂ ᠣᠢ ᠰᠢᠭᠤᠢ ᠶᠢᠨ ᠨᠡᠭᠦᠷᠡᠰᠦᠲᠦ᠋ᠷᠦᠭᠴᠢ ᠶᠢᠨ ᠬᠤᠷᠠᠮᠳᠤᠭᠤᠯᠭ᠎ᠠ ᠶᠢᠨ ᠠᠷᠠᠯᠵᠢᠶ᠎ᠠ ᠵᠡᠷᠭᠡ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ | ᠃ ᠠᠮᠢ ᠠᠬᠤᠢ ᠶᠢᠨ ᠰᠢᠰᠲ᠋ᠧᠮ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠦᠨᠡᠯᠡᠨ ᠵᠢᠱᠢᠬᠦ ᠰᠢᠰᠲ᠋ᠧᠮ ᠪᠠ ᠨᠡᠭᠦᠷᠡᠰᠦᠲᠦ᠋ᠷᠦᠭᠴᠢ ᠶᠢ ᠬᠤᠷᠠᠮᠳᠤᠭᠤᠯᠤᠨ | ᠨᠥᠭᠡᠴᠡᠯᠡᠵᠦ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃ | ︵ᠭᠤᠷᠪᠠ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ᠠᠮᠢ ᠠᠬᠤᠶᠢᠴᠢ ᠮᠠᠯ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ ︽ᠵᠢᠵᠢᠭ ᠰᠡᠯᠭᠦᠨ ᠮᠠᠯᠵᠢᠬᠤ︾ ᠪᠡᠯᠴᠢᠭᠡᠷᠯᠡᠭᠦᠯᠬᠦ ᠬᠡᠯᠪᠡᠷᠢ | ᠶᠢ ᠰᠠᠨᠠᠭᠠᠴᠢᠯᠠᠨ ᠳᠡᠯᠭᠡᠷᠡᠭᠦᠯᠵᠦ᠂ ᠬᠥᠷᠰᠢ ᠵᠡᠷᠭᠡᠯᠡᠳᠡᠭᠡ ᠮᠠᠯᠵᠢᠬᠤ ᠡᠷᠦᠬᠡ ᠬᠠᠳᠤᠯᠠᠩ ᠪᠡᠯᠴᠢᠭᠡᠷ ᠢᠶᠠᠷ ᠢᠶᠠᠨ ᠬᠤᠪᠢ ᠣᠷᠣᠵᠤ ᠬᠤᠷᠰᠢᠶᠠᠵᠢᠯ ᠪᠠᠶᠢᠭᠤᠯᠬᠤ ᠶᠢ | ᠵᠣᠷᠢᠭᠵᠢᠭᠤᠯᠵᠤ᠂ ᠬᠠᠳᠤᠯᠠᠩ ᠪᠡᠯᠴᠢᠭᠡᠷ ᠤᠨ ᠠᠰᠢᠭᠯᠠᠯᠲᠠ ᠶᠢᠨ ᠨᠤᠷᠮ᠎ᠠ ᠪᠣᠯᠣᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠬᠡᠷᠡᠭᠰᠡᠯ | ᠪᠣᠯᠣᠨ ᠬᠥᠮᠥᠨ ᠤ ᠬᠦᠴᠦᠨ ᠤ ᠣᠷᠤᠭᠤᠯᠤᠯᠲᠠ ᠶᠢ ᠪᠠᠭᠤᠷᠠᠭᠤᠯᠤᠨ᠎ᠠ᠃ ︽ᠦᠬᠡᠷ ᠢ ᠨᠡᠮᠡᠭᠳᠡᠭᠦᠯᠵᠦ ᠬᠤᠨᠢ ᠶᠢ ᠴᠥᠭᠡᠳᠬᠡᠬᠦ᠂ ᠴᠥᠭᠡᠨ ᠲᠡᠵᠢᠭᠡᠵᠦ ᠨᠠᠷᠢᠯᠢᠭ | ᠲᠡᠵᠢᠭᠡᠬᠦ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠢ ᠶᠢ 120 ᠲᠦᠮᠡ ᠣᠷᠴᠢᠮ ᠪᠠᠲᠤᠯᠠᠵᠤ᠂ | ᠠᠩᠭᠧᠰ᠂ ᠰᠢᠮᠧᠨ᠋ᠲᠷ ᠮᠢᠬᠠᠨ ᠤ ᠦᠬᠡᠷ ᠤᠨ ᠴᠡᠪᠡᠷ ᠡᠭᠦᠯᠳᠡᠷ ᠪᠠ ᠰᠢᠯᠢᠳᠡᠭ ᠡᠭᠦᠯᠳᠡᠷ ᠢ ᠥᠷᠭᠡᠳᠬᠡᠨ ᠦᠷᠡᠵᠢᠭᠦᠯᠬᠦ ᠶᠢ ᠭᠤᠣᠯᠳᠠᠯᠭ᠎ᠠ ᠲᠠᠢ ᠠᠳᠬᠤᠵᠤ᠂ ᠬᠥᠯᠥᠨ | ᠪᠣᠶᠢᠷ ᠤᠨ ᠲᠠᠯ᠎ᠠ ᠨᠤᠲᠤᠭ ᠤᠨ ᠬᠤᠨᠢᠨ ᠮᠢᠬᠠᠨ ᠤ ᠨᠡᠷᠡᠲᠦ ᠲᠡᠮᠳᠡᠭᠲᠦ ᠶᠢ ᠦᠷᠭᠦᠯᠵᠢᠯᠡᠨ ᠪᠠᠶᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠨᠠᠷᠢᠯᠢᠭ | ᠡᠳ᠋ᠰᠢᠭᠦᠯᠬᠦ ᠶᠢ ᠬᠥᠭᠵᠢᠭᠦᠯᠵᠦ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠪᠠ ᠠᠮᠤᠷ ᠲᠦᠪᠰᠢᠨ ᠤ ᠮᠥᠷᠳᠡᠵᠦ ᠪᠣᠯᠬᠤᠶᠢᠴᠠ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠨ᠎ᠠ᠃ ︽ᠪᠠᠷᠭᠤ ᠠᠳᠤᠭᠤ︾ ᠶᠢᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠠᠮᠠᠭᠠᠯᠠᠯᠲᠠ ᠶᠢᠨ | ᠲᠥᠷᠥᠯ ᠵᠦᠢᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠬᠤ ᠠᠵᠤ ᠦᠢᠯᠡᠰ ᠢ ᠢᠳᠡᠪᠬᠢᠲᠡᠢ | ᠬᠥᠭᠵᠢᠭᠦᠯᠦᠨ᠎ᠡ᠃ ᠲᠡᠮᠡᠭᠡ ᠲᠡᠵᠢᠭᠡᠨ ᠦᠷᠡᠵᠢᠭᠦᠯᠬᠦ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂100 ᠲᠦᠮᠡᠨ ᠲᠥᠭᠦᠷᠢᠭ ᠪᠡᠯᠡ ᠣᠷᠣᠭᠤᠯᠬᠤ ᠪᠠᠷ | ᠲᠥᠯᠥᠪᠯᠡᠵᠦ᠂ ᠴᠠᠭᠠᠨ ᠪᠠᠯᠭᠠᠰᠤᠨ ᠳᠤ ᠲᠡᠮᠡᠭᠡᠨ ᠤ ᠰᠦ ᠶᠢ ᠪᠠᠷᠢᠮᠵᠢᠶᠠᠵᠢᠭᠤᠯᠤᠨ ᠰᠠᠭᠠᠬᠤ ᠭᠠᠵᠠᠷ ᠪᠠ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠤᠨ᠎ᠠ᠃ | ︽ᠤᠮᠠᠷᠠᠰᠢ ᠨᠡᠭᠡᠭᠡᠯᠲᠡ ᠬᠢᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠠᠰᠠᠷ᠂ ᠬᠢᠨᠠᠨ | ᠬᠠᠮᠢᠶᠠᠷᠬᠤ ᠲᠣᠭᠤᠷᠢᠭ ᠵᠡᠷᠭᠡ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠢᠯᠢ ᠶᠢᠨ ᠭᠤᠣᠯ ᠤᠨ ᠬᠤᠶᠠᠳᠤᠭᠠᠷ ᠬᠥᠭᠦᠷᠭᠡ ᠶᠢᠨ ᠪᠦᠲᠦᠭᠡᠨ | ᠪᠠᠶᠢᠭᠤᠯᠤᠯᠲᠠ ᠶᠢᠨ ᠤᠯᠤᠰ ᠤᠨ ᠵᠥᠪᠰᠢᠶᠡᠷᠡᠯ ᠢ ᠴᠢᠷᠮᠠᠶᠢᠨ ᠣᠯᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠪᠦᠷᠢᠨ ᠲᠡᠭᠦᠯᠳᠡᠷᠵᠢᠭᠦᠯᠦᠨ᠎ᠡ᠃ ᠵᠠᠬ᠎ᠠ ᠶᠢᠨ | ᠠᠷᠠᠯᠵᠢᠶ᠎ᠠ ᠶᠢ ᠬᠥᠭᠵᠢᠶᠡᠨ ᠬᠦᠴᠦᠷᠬᠡᠭᠵᠢᠭᠦᠯᠵᠦ᠂ ᠠᠷᠠᠯᠵᠢᠶᠠᠨ ᠤ ᠲᠣᠭᠤᠷᠢᠭ ᠲᠠᠬᠢ ᠪᠣᠭᠤᠮᠲᠠ ᠪᠠᠷ ᠥᠩᠭᠡᠷᠡᠬᠦ ᠪᠠ ᠲᠡᠭᠡᠭᠡᠪᠦᠷᠢᠯᠡᠬᠦ ᠭᠦᠢᠴᠡᠳᠬᠡᠯ ᠢ | ᠳᠥᠭᠦᠮᠴᠢᠯᠡᠵᠦ᠂ ᠳᠤᠮᠳᠠᠳᠤ ᠮᠣᠩᠭᠤᠯ ᠤᠯᠤᠰ ᠤᠨ ᠬᠢᠯᠢ ᠶᠢᠨ ᠠᠷᠠᠳ ᠤᠨ ᠠᠷᠠᠯᠵᠢᠶᠠᠨ ᠤ ᠶᠠᠪᠤᠯᠴᠠᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠮᠣᠩᠭᠤᠯ | ᠤᠯᠤᠰ ᠯᠤᠭ᠎ᠠ ᠶᠢᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠴᠢᠷᠮᠠᠶᠢᠨ ᠪᠠᠶᠢᠭᠤᠯᠤᠨ᠎ᠠ᠃ ᠣᠨᠴᠠᠯᠢᠭᠲᠤ ᠠᠵᠤ | ᠦᠢᠯᠡᠰ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠯᠤᠰ ᠤᠨ ᠠᠮᠤ ᠪᠤᠳᠠᠭ᠎ᠠ ᠶᠢ ᠭᠠᠳᠠᠭᠠᠳᠤ ᠠᠴᠠ ᠣᠷᠣᠭᠤᠯᠵᠤ | ᠦᠢᠯᠡᠳᠪᠦᠷᠢᠯᠡᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠲᠦᠷᠭᠡᠳᠬᠡᠵᠦ᠂ ᠠᠮᠤ ᠪᠤᠳᠠᠭ᠎ᠠ ᠭᠠᠳᠠᠭᠠᠳᠤ ᠠᠴᠠ ᠣᠷᠣᠭᠤᠯᠬᠤ ᠠᠵᠢᠯ ᠤᠯᠤᠰ ᠤᠨ ᠵᠥᠪᠰᠢᠶᠡᠷᠡᠯ ᠢ | ᠴᠢᠷᠮᠠᠶᠢᠨ ᠣᠯᠵᠤ᠂ ᠠᠮᠤ ᠪᠤᠳᠠᠭ᠎ᠠ ᠶᠢ ᠭᠠᠳᠠᠭᠠᠳᠤ ᠠᠴᠠ ᠣᠷᠣᠭᠤᠯᠬᠤ ᠠᠵᠢᠯ ᠢ ᠠᠯᠬᠤᠮ ᠠᠯᠬᠤᠮ ᠢᠶᠠᠷ ᠪᠠᠶᠢᠩᠭᠤᠵᠢᠭᠤᠯᠤᠨ ᠬᠡᠪᠴᠢᠶᠡᠵᠢᠭᠦᠯᠵᠦ᠂ | ᠦᠢᠯᠡᠰᠵᠢᠭᠦᠯᠦᠨ ᠬᠥᠭᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠬᠦ᠂ ᠰᠢᠨ᠎ᠡ ᠰᠣᠷᠭᠤᠭ ᠢᠶᠠᠷ ᠬᠠᠳᠠᠭᠠᠯᠠᠬᠤ᠂ ᠨᠥᠭᠡᠴᠡᠯᠡᠵᠦ | ᠲᠡᠭᠡᠭᠡᠪᠦᠷᠢᠯᠡᠬᠦ᠂ ᠪᠣᠯᠪᠠᠰᠤᠷᠠᠭᠤᠯᠵᠤ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠤᠨ ᠬᠡᠪᠴᠢᠶ᠎ᠡ ᠶᠢ ᠥᠷᠭᠡᠳᠬᠡᠨ᠂ ᠳᠣᠲᠣᠷ᠎ᠠ ᠭᠠᠵᠠᠷ ᠲᠠᠷᠢᠵᠤ᠂ ᠪᠣᠭᠤᠮᠲᠠ ᠪᠠᠷ ᠳᠠᠮᠵᠢᠭᠤᠯᠵᠤ᠂ ᠬᠢᠯᠢ ᠶᠢᠨ | ᠭᠠᠳᠠᠨ᠎ᠠ ᠬᠤᠪᠢᠶᠠᠷᠢᠯᠠᠬᠤ ᠶᠢ ᠨᠢᠭᠡᠳᠦᠭᠦᠯᠦᠭᠰᠡᠨ ᠵᠢᠮᠢᠰ ᠨᠣᠭᠤᠭ᠎ᠠ ᠶᠢᠨ ᠦᠢᠯᠡᠳᠬᠦᠨ ᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠳ᠋ᠠᠴᠢᠩ | ᠤᠨ ᠮᠣᠩᠭᠤᠯ ᠤᠯᠤᠰ ᠲᠠᠬᠢ ︽ᠲᠠᠮᠴᠠᠭ︾ ᠬᠢᠯᠢ ᠶᠢᠨ ᠭᠠᠳᠠᠨᠠᠬᠢ ᠴᠢᠯᠠᠭᠤᠨ ᠲᠣᠰᠣ ᠬᠠᠶᠢᠬᠤ ᠲᠥᠷᠥᠯ ᠵᠦᠢᠯ ᠢ ᠳᠡᠮᠵᠢᠵᠦ᠂ ᠪᠣᠭᠤᠮᠲᠠ ᠪᠠᠷ ᠥᠩᠭᠡᠷᠡᠭᠡᠬᠦ | ᠲᠦᠭᠦᠬᠡᠢ ᠴᠢᠯᠠᠭᠤᠨ ᠲᠣᠰᠣᠨ ᠤ ᠬᠡᠪᠴᠢᠶ᠎ᠡ ᠶᠢ ᠥᠷᠭᠡᠳᠬᠡᠨ᠎ᠡ᠃ ᠨᠡᠭᠦᠷᠡᠰᠦ᠂ ᠬᠦᠳᠡᠷ᠂ ᠬᠤᠪᠣᠷ ᠰᠢᠷᠣᠢ ᠶᠢ ᠭᠠᠳᠠᠭᠠᠳᠤ ᠠᠴᠠ ᠣᠷᠣᠭᠤᠯᠬᠤ ᠪᠠᠷ ᠴᠢᠷᠮᠠᠶᠢᠵᠤ᠂ | ᠮᠣᠩᠭᠤᠯ ᠤᠯᠤᠰ ᠤᠨ ᠵᠡᠭᠦᠨ ᠬᠡᠰᠡᠭ ᠠᠴᠠ ᠴᠢᠯᠠᠭᠤᠨ ᠲᠣᠰᠣ ᠣᠷᠣᠭᠤᠯᠬᠤ ᠪᠠᠶᠢᠯᠳᠤᠬᠤ ᠪᠣᠳᠣᠯᠭ᠎ᠠ ᠶᠢᠨ ᠡᠳ᠋ ᠪᠠᠷᠠᠭ᠎ᠠ ᠶᠢ ᠨᠡᠪᠲᠡᠷᠡᠭᠦᠯᠬᠦ ᠵᠠᠮ ᠤᠨ ᠪᠠᠶᠢᠷᠢ | ᠰᠠᠭᠤᠷᠢ ᠶᠢ ᠪᠠᠬᠢᠵᠢᠭᠦᠯᠦᠨ᠎ᠡ᠃ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ︽ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ | ᠲᠥᠯᠥᠪᠵᠢᠭᠦᠯᠭᠡ︾ ᠶᠢ ᠨᠠᠶᠢᠷᠠᠭᠤᠯᠤᠨ ᠨᠡᠶᠢᠲᠡᠯᠡᠨ᠎ᠡ᠃ ᠭᠠᠨᠵᠤᠤᠷ ᠭᠠᠴᠠᠭᠠᠨ ᠤ ᠰᠣᠶᠣᠯ ᠵᠢᠭᠤᠯᠴᠢᠯᠠᠯ ᠤᠨ ᠣᠨᠴᠠᠯᠢᠭᠲᠤ ᠵᠢᠵᠢᠭ ᠪᠠᠯᠭᠠᠰᠤ ᠪᠠ ᠨᠣᠮᠣᠨ ᠬᠠᠨ | ᠳᠠᠶᠢᠨ ᠤ ᠪᠠᠭᠤᠷᠢ ᠶᠢ ᠪᠦᠲᠦᠭᠡᠨ ᠪᠠᠶᠢᠭᠤᠯᠵᠤ ᠬᠠᠮᠠᠭᠠᠯᠠᠬᠤ ᠵᠡᠷᠭᠡ ᠲᠥᠷᠥᠯ ᠵᠦᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ᠤᠯᠠᠭᠠᠨᠬᠤᠲᠠ — | ᠠᠮᠤᠭᠤᠯᠠᠩ — ᠬᠠᠶᠢᠯᠠᠷ — ᠮᠠᠨᠵᠤᠤᠷ︾ ᠵᠢᠭᠤᠯᠴᠢᠯᠠᠯ ᠤᠨ ᠣᠷᠣᠨ ᠤ ᠳᠠᠪᠠᠭᠤᠯᠢᠭ ᠪᠠᠶᠢᠷᠢᠨ ᠳᠤ ᠲᠦᠰᠢᠭᠯᠡᠨ᠂ ᠬᠥᠯᠥᠨ ᠪᠣᠶᠢᠷ ᠤᠨ ᠬᠤᠲᠠ ᠶᠢᠨ ᠪᠦᠲᠦᠭᠡᠨ | ᠪᠠᠶᠢᠭᠤᠯᠤᠯᠲᠠ ᠳᠤ ᠪᠡᠯᠡ ᠣᠷᠣᠭᠤᠯᠬᠤ ᠬᠠᠷᠢᠭᠤᠴᠠᠯᠭᠠᠲᠤ ᠺᠣᠮᠫᠠᠨᠢ ᠲᠠᠢ ᠬᠠᠮᠲᠤ ᠪᠡᠯᠡ ᠮᠥᠩᠭᠦ ᠣᠷᠣᠭᠤᠯᠵᠤ ᠵᠢᠭᠤᠯᠴᠢᠯᠠᠯ ᠨᠡᠭᠡᠭᠡᠨ ᠬᠥᠭᠵᠢᠭᠦᠯᠬᠦ ᠺᠣᠮᠫᠠᠨᠢ | ᠪᠠᠶᠢᠭᠤᠯᠵᠤ᠂ ᠬᠠᠨᠳᠠᠭᠠᠢ ᠶᠢᠨ ᠣᠨᠴᠠᠯᠢᠭᠲᠤ ᠵᠢᠵᠢᠭ ᠪᠠᠯᠭᠠᠰᠤ᠂ ᠰᠢᠪᠠᠷ ᠵᠠᠰᠠᠯ ᠡᠮᠴᠢᠯᠡᠭᠡ ᠶᠢᠨ ᠦᠵᠡᠮᠵᠢᠲᠦ ᠣᠷᠣᠨ ᠵᠡᠷᠭᠡ ᠲᠥᠷᠥᠯ ᠵᠦᠢᠯ ᠢ ᠬᠠᠮᠲᠤᠪᠡᠷ ᠨᠡᠭᠡᠭᠡᠨ | ᠬᠥᠭᠵᠢᠭᠦᠯᠵᠦ᠂ ᠵᠢᠭᠤᠯᠴᠢᠯᠠᠯ ᠤᠨ ᠠᠵᠤ ᠦᠢᠯᠡᠰᠵᠢᠭᠦᠯᠬᠦ᠂ ᠵᠠᠬ᠎ᠠ ᠳᠡᠯᠭᠡᠭᠦᠷᠴᠢᠯᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠵᠢᠭᠤᠯᠴᠢᠯᠠᠯ ᠢ ᠨᠡᠭᠡᠭᠡᠨ ᠬᠥᠭᠵᠢᠭᠦᠯᠬᠦ | ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ ︽ᠬᠥᠯᠥᠨ ᠪᠣᠶᠢᠷ ᠨᠡᠷᠡᠮᠵᠢᠲᠦ︾ ᠲᠠᠯ᠎ᠠ ᠨᠤᠲᠤᠭ ᠤᠨ ᠵᠢᠭᠤᠯᠴᠢᠯᠠᠯ ᠤᠨ ᠭᠠᠯᠲᠤ ᠲᠡᠷᠭᠡᠨ ᠤ | ᠲᠥᠷᠥᠯ ᠵᠦᠢᠯ ᠳᠤ ᠲᠦᠰᠢᠭᠯᠡᠨ ᠲᠠᠯ᠎ᠠ ᠨᠤᠲᠤᠭ ᠤᠨ ᠦᠵᠡᠮᠵᠢ ᠪᠠ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠤᠭ ᠳᠦᠷᠰᠦ ᠪᠠᠶᠢᠳᠠᠯ ᠢ | ᠢᠯᠡᠷᠡᠭᠦᠯᠵᠦ᠂ ᠪᠠᠷᠰᠲᠦ ᠠᠴᠠ ᠨᠣᠭᠤᠭᠠᠨᠨᠠᠭᠤᠷ ᠬᠦᠷᠬᠦ ᠵᠢᠭᠤᠯᠴᠢᠯᠠᠯ ᠤᠨ ᠦᠵᠡᠮᠵᠢᠲᠦ ᠣᠷᠣᠨ ᠤ ᠵᠠᠮ ᠱᠤᠭᠤᠮ ᠢ ᠬᠥᠭᠵᠢᠭᠦᠯᠵᠦ᠂ ︽ᠬᠢᠯᠢ ᠪᠠᠷ ᠥᠩᠭᠡᠷᠡᠨ | ᠵᠢᠭᠤᠯᠴᠢᠯᠠᠬᠤ︾ ᠶᠢ ︽ᠵᠣᠷᠢᠭᠰᠠᠨ ᠵᠢᠭᠤᠯᠴᠢᠯᠠᠯ ᠤᠨ ᠭᠠᠵᠠᠷ︾ ᠪᠣᠯᠭᠠᠨ ᠬᠤᠪᠢᠷᠠᠭᠤᠯᠤᠨ᠎ᠠ᠃ ᠪᠠᠷᠭᠤ ᠮᠣᠩᠭᠤᠯ ᠦᠨᠳᠦᠰᠦᠲᠡᠨ ᠤ ᠤᠯᠠᠮᠵᠢᠯᠠᠯ ᠪᠣᠯᠣᠨ | ᠪᠠᠶᠢᠭᠠᠯᠢᠭ ᠠᠮᠢ ᠠᠬᠤᠶᠢᠴᠢ ᠨᠡᠭᠦᠳᠡᠯ ᠮᠠᠯᠵᠢᠯ ᠤᠨ ᠰᠣᠶᠣᠯ ᠳᠤ ᠲᠦᠰᠢᠭᠯᠡᠨ᠂ ᠲᠠᠯ᠎ᠠ ᠨᠤᠲᠤᠭ ᠤᠨ ᠮᠠᠯᠵᠢᠬᠤ ᠡᠷᠦᠬᠡ ᠶᠢᠨ ᠵᠢᠭᠤᠯᠴᠢᠯᠠᠯ ᠢ ᠰᠦᠪᠡᠭᠴᠢᠯᠡᠨ | ᠥᠷᠨᠢᠭᠦᠯᠵᠦ᠂ ᠵᠢᠭᠤᠯᠴᠢᠯᠠᠯ ᠤᠨ ᠦᠢᠯᠡᠰ ᠤᠨ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠳᠥᠷᠪᠡ︶ ᠠᠵᠤ ᠦᠢᠯᠡᠰ ᠤᠨ ᠲᠥᠷᠥᠯ ᠵᠦᠢᠯ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠦᠨ᠎ᠡ᠃ ᠮᠠᠯᠵᠢᠬᠤ ᠡᠷᠦᠬᠡ ᠯᠦᠭᠡ ᠶᠢᠨ ᠠᠰᠢᠭ ᠲᠤᠰᠠ ᠶᠢᠨ ᠬᠤᠯᠪᠣᠭᠠᠯᠠᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦ ᠰᠠᠭᠠᠯᠢ ᠶᠢᠨ ᠦᠢᠯᠡᠰ ᠤᠨ ᠬᠤᠷᠰᠢᠶᠠᠵᠢᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠥᠬᠦᠴᠡᠯ ᠲᠠᠢ | ᠮᠠᠯᠵᠢᠬᠤ ᠡᠷᠦᠬᠡ ᠪᠣᠯᠣᠨ ᠬᠤᠷᠰᠢᠶᠠᠵᠢᠯ ᠢ ᠳᠡᠮᠵᠢᠵᠦ ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠬᠥᠭᠵᠢᠭᠦᠯᠵᠦ᠂ ︽ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ + ᠬᠤᠷᠰᠢᠶᠠᠵᠢᠯ + ᠡᠳ᠋ᠰᠢᠭᠦᠯᠬᠦ ᠦᠢᠯᠡᠳᠪᠦᠷᠢ︾ ᠶᠢᠨ ᠬᠡᠯᠪᠡᠷᠢᠲᠦ ᠦᠢᠯᠡᠳᠪᠦᠷᠢᠯᠡᠵᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠲᠤᠷᠰᠢᠯᠲᠠ ᠶᠢᠨ ᠴᠢᠭ ᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠨᠡᠷᠡᠲᠦ ᠲᠡᠮᠳᠡᠭᠲᠦ ᠶᠢᠨ ᠨᠥᠯᠥᠭᠡ ᠶᠢ | ᠢᠳᠡᠪᠬᠢᠲᠡᠢ ᠲᠦᠯᠬᠢᠨ ᠠᠬᠢᠭᠤᠯᠵᠤ᠂ ︽ᠭᠠᠯᠠᠭᠤᠲᠤ︾ ᠲᠡᠮᠳᠡᠭᠲᠦ ᠴᠠᠭᠠᠨ ᠢᠳᠡᠭᠡᠨ ᠤ ᠦᠢᠯᠡᠳᠬᠦᠨ ᠤ ᠨᠥᠯᠥᠭᠡᠯᠡᠯ ᠢ ᠥᠷᠭᠡᠳᠬᠡᠵᠦ᠂ ︽ᠠᠩᠭᠢᠯᠤᠮ᠎ᠠ︾ | ᠴᠠᠭᠠᠨ ᠢᠳᠡᠭᠡᠨ ᠡᠳ᠋ᠰᠢᠭᠦᠯᠬᠦ ᠲᠤᠰᠬᠠᠢ ᠬᠤᠷᠰᠢᠶᠠᠵᠢᠯ ᠢ ᠭᠤᠣᠯᠳᠠᠯᠭ᠎ᠠ ᠲᠠᠢ ᠲᠡᠳᠬᠦᠨ ᠲᠡᠰ ᠳᠡᠪᠰᠢᠭᠦᠯᠦᠨ᠎ᠡ᠃ ᠴᠠᠭᠠᠨ ᠪᠠᠯᠭᠠᠰᠤᠨ ᠤ ᠰᠦ ᠶᠢᠨ ᠦᠢᠯᠡᠰ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠲᠦᠯᠬᠢᠨ | ᠠᠬᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ᠪᠦᠬᠦ ᠬᠤᠰᠢᠭᠤᠨ ᠤ ᠰᠠᠭᠠᠯᠢ ᠶᠢᠨ ᠦᠨᠢᠶ᠎ᠡ ᠶᠢ 1.3 ᠲᠦᠮᠡᠨ | ᠲᠣᠯᠣᠭᠠᠢ ᠠᠴᠠ ᠳᠡᠭᠡᠭᠰᠢ ᠬᠦᠷᠭᠡᠵᠦ᠂ ᠰᠢᠨ᠎ᠡ ᠰᠣᠷᠭᠤᠭ ᠰᠦ ᠶᠢᠨ ᠭᠠᠷᠤᠯᠲᠠ ᠶᠢ 8.5 ᠲᠦᠮᠡᠨ ᠲᠣᠨ ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ | 10 ᠲᠦᠮᠡ ᠮᠦ ᠬᠢᠲᠠᠳ ᠡᠪᠡᠰᠦᠨ ᠡᠮ ᠲᠠᠷᠢᠬᠤ ᠰᠠᠭᠤᠷᠢᠨ ᠭᠠᠵᠠᠷ ᠪᠠ10 ᠲᠦᠮᠡᠨ ᠮᠦ ᠴᠢᠴᠠᠷᠭᠠᠨ᠎ᠠ ᠲᠠᠷᠢᠬᠤ ᠰᠠᠭᠤᠷᠢᠨ ᠭᠠᠵᠠᠷ ᠪᠠᠶᠢᠭᠤᠯᠬᠤ ᠶᠢ | ᠦᠷᠭᠦᠯᠵᠢᠯᠡᠨ ᠲᠡᠳᠬᠦᠵᠦ᠂ ᠡᠮᠲᠦ ᠢᠳᠡᠭᠡᠨ ᠤ ᠵᠦᠢᠯ ᠤᠨ ᠤᠷᠭᠤᠮᠠᠯ ᠢ ᠲᠠᠷᠢᠵᠤ᠂ ᠦᠢᠯᠡᠳᠪᠦᠷᠢᠯᠡᠬᠦ᠂ ᠰᠤᠳᠤᠯᠬᠤ ᠠᠴᠠ ᠦᠢᠯᠡᠳᠬᠦᠨ ᠢ ᠪᠣᠷᠣᠯᠠᠭᠤᠯᠬᠤ | ᠪᠦᠬᠦᠶᠢᠯᠡ ᠠᠵᠤ ᠦᠢᠯᠡᠰ ᠤᠨ ᠬᠡᠯᠬᠢᠶᠡᠵᠢᠯ ᠪᠣᠯᠭᠠᠨ ᠠᠯᠬᠤᠮ ᠠᠯᠬᠤᠮ ᠢᠶᠠᠷ ᠬᠥᠭᠵᠢᠭᠦᠯᠦᠨ᠎ᠡ᠃ ᠡᠮᠦᠨᠡᠲᠦ ᠬᠡᠰᠡᠭ ᠤᠨ ᠲᠠᠷᠢᠶᠠᠯᠠᠩ ᠤᠨ ᠲᠠᠯᠠᠪᠠᠢ ᠶᠢᠨ ᠲᠠᠷᠢᠵᠤ | ᠤᠷᠠᠭᠤᠯᠬᠤ᠂ ᠪᠣᠯᠪᠠᠰᠤᠷᠠᠭᠤᠯᠬᠤ᠂ ᠲᠣᠭᠤᠷᠢᠨ ᠵᠤᠭᠠᠴᠠᠬᠤ ᠶᠢ ᠨᠢᠭᠡ ᠴᠣᠭᠴᠠᠵᠢᠭᠤᠯᠤᠭᠰᠠᠨ ᠰᠣᠳᠣᠨ ᠲᠥᠷᠥᠯ ᠵᠦᠢᠯ ᠢ ᠰᠦᠪᠡᠭᠴᠢᠯᠡᠨ ᠥᠷᠨᠢᠭᠦᠯᠬᠦ ᠶᠢ | ᠳᠡᠮᠵᠢᠵᠦ᠂ ᠰᠡᠯᠡᠭᠦᠴᠡᠯ ᠵᠢᠭᠤᠯᠴᠢᠯᠠᠯ᠂ ᠢᠳᠡᠭᠡᠨ ᠤᠮᠳᠠᠭᠠᠨ ᠪᠠ ᠠᠷᠠᠳ ᠤᠨ ᠠᠮᠢᠳᠤᠷᠠᠯ ᠤᠨ ᠣᠨᠴᠠᠯᠢᠭᠲᠤ ᠪᠠᠭᠤᠳᠠᠯ᠂ ᠰᠣᠶᠣᠯ ᠤᠨ ᠪᠡᠶᠡᠴᠢ ᠣᠶᠢᠯᠠᠭᠠᠯᠲᠠ᠂ | ᠡᠷᠡᠭᠦᠯᠵᠢᠯ ᠪᠡᠶ᠎ᠡ ᠰᠤᠪᠢᠯᠠᠯᠲᠠ ᠵᠡᠷᠭᠡ ᠠᠵᠤ ᠦᠢᠯᠡᠰ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠮᠠᠯᠴᠢᠳ ᠤᠨ ᠣᠯᠠᠨ ᠠᠷᠭ᠎ᠠ ᠵᠠᠮ ᠢᠶᠠᠷ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠤᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢ ᠠᠬᠢᠭᠤᠯᠤᠨ᠎ᠠ᠃ 4349 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠪᠣᠰᠬᠠᠬᠤ | ᠬᠦᠷᠢᠶᠡᠯᠡᠩ ᠢ ᠪᠦᠲᠦᠭᠡᠨ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠲᠠᠪᠴᠠᠩ ᠢ ᠪᠠᠶᠢᠭᠤᠯᠤᠨ᠎ᠠ᠃ 5000 ᠲᠦᠮᠡᠨ ᠲᠥᠭᠦᠷᠢᠭ | ᠤᠨ ᠪᠡᠯᠡ ᠣᠷᠣᠭᠤᠯᠵᠤ᠂ ᠭᠤᠸᠠᠩᠵᠧᠦ ᠮᠠᠰᠢᠨ ᠲᠡᠷᠭᠡ ᠶᠢ ᠬᠦᠢᠲᠡᠨ ᠣᠷᠣᠨ ᠤ ᠮᠥᠰᠥ ᠴᠠᠰᠤᠨ ᠳᠤ ᠲᠤᠷᠰᠢᠨ ᠵᠢᠯᠣᠭᠤᠳᠬᠤ ᠲᠥᠷᠥᠯ ᠵᠦᠢᠯ ᠢ ᠦᠷᠭᠦᠯᠵᠢᠯᠡᠨ | ᠪᠠᠶᠢᠭᠤᠯᠵᠤ᠂ ᠨᠣᠭᠤᠭᠠᠨᠨᠠᠭᠤᠷ ᠤᠨ ᠵᠢᠭᠠᠰᠤ ᠠᠩᠨᠠᠬᠤ ᠰᠣᠶᠣᠯ᠂ ᠰᠡᠯᠡᠭᠦᠴᠡᠯ ᠤᠨ ᠣᠷᠣᠨ ᠵᠡᠷᠭᠡ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠠᠪᠴᠠᠩ ᠢ | ᠦᠷᠭᠦᠯᠵᠢᠯᠡᠨ ᠪᠠᠶᠢᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠥᠯ ᠵᠦᠢᠯ ᠢ ᠡᠭᠦᠳᠬᠦ ᠪᠠᠷ ᠴᠢᠷᠮᠠᠶᠢᠨ᠎ᠠ᠃ ᠬᠠᠨᠳᠠᠭᠠᠢ ᠶᠢᠨ ᠲᠡᠮᠦᠷ ᠵᠡᠰ ᠤᠨ | ᠠᠭᠤᠷᠬᠠᠢ ᠮᠠᠯᠲᠠᠬᠤ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ ᠣᠳᠣ ᠪᠠᠶᠢᠭ᠎ᠠ 5 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠭᠠᠷᠤᠯᠲᠠ ᠪᠣᠯᠣᠨ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠵᠤ᠂ ᠬᠡᠪᠴᠢᠶᠡᠵᠢᠯ ᠠᠴᠠ ᠳᠣᠷᠤᠭᠰᠢᠬᠢ ᠠᠵᠤ ᠦᠢᠯᠡᠳᠪᠦᠷᠢ ᠶᠢᠨ ᠳᠠᠯᠳᠠ ᠬᠦᠴᠦᠨ | ᠢ ᠢᠯᠡᠷᠡᠭᠦᠯᠵᠦ᠂ ᠬᠡᠪᠴᠢᠶᠡᠵᠢᠯ ᠳᠤ ᠣᠷᠣᠬᠤ ᠶᠢ ᠵᠢᠯᠣᠭᠤᠳᠤᠨ ᠳᠠᠶᠢᠴᠢᠯᠠᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠰᠠᠭᠤᠷᠢᠯᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠣᠳᠠᠲᠠᠢ ᠰᠠᠶᠢᠲᠤᠷ ᠠᠳᠬᠤᠨ᠎ᠠ᠃ | ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠭᠦᠯᠬᠦ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ | ᠪᠠᠷ ᠥᠷᠨᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠰᠠᠶᠢᠲᠠᠢ ᠶᠢ ᠤᠷᠮᠠᠰᠢᠭᠤᠯᠬᠤ ᠪᠠ | ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠤᠷᠲᠤ ᠬᠤᠭᠤᠴᠠᠭᠠᠨ ᠤ ᠬᠠᠮᠲᠤᠷᠠᠯᠴᠠᠭᠠᠨ ᠤ ᠲᠣᠭᠲᠠᠴᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ ᠶᠢᠨ ᠳᠦᠷᠢᠮ ᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ | ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠭᠠᠶᠢᠯᠢ ᠬᠥᠩᠭᠡᠷᠡᠭᠦᠯᠵᠦ ᠵᠠᠷᠤᠳᠠᠯ ᠢ ᠪᠠᠭᠤᠷᠠᠭᠤᠯᠬᠤ | ᠡᠯ᠎ᠡ ᠵᠦᠢᠯ ᠤᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ | ᠬᠦᠷᠲᠡᠭᠡᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠤᠨ ᠦᠢᠯᠡᠳᠬᠦᠨ ᠢ ᠨᠠᠷᠢᠯᠢᠭ | ᠪᠣᠯᠪᠠᠰᠤᠷᠠᠭᠤᠯᠬᠤ᠂ ᠪᠣᠭᠤᠮᠲᠠ ᠶᠢᠨ ᠬᠢᠯᠢ ᠶᠢᠨ ᠠᠷᠠᠯᠵᠢᠶ᠎ᠠ᠂ ᠠᠮᠢ ᠠᠬᠤᠶᠢᠴᠢ ᠵᠢᠭᠤᠯᠴᠢᠯᠠᠯ ᠵᠡᠷᠭᠡ ᠲᠣᠭᠤᠷᠢᠨ ᠳᠤ ᠪᠦᠬᠦ ᠲᠠᠯ᠎ᠠ ᠪᠠᠷ ᠭᠠᠳᠠᠭᠰᠢ ᠲᠠᠨᠢᠯᠴᠠᠭᠤᠯᠤᠨ | ᠳᠡᠯᠭᠡᠷᠡᠭᠦᠯᠵᠦ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠵᠣᠯᠭᠠᠭᠤᠯᠬᠤ ᠨᠤᠷᠮ᠎ᠠ᠂ ᠠᠮᠵᠢᠯᠲᠠ ᠣᠯᠬᠤ ᠨᠤᠷᠮ᠎ᠠ ᠪᠣᠯᠣᠨ ᠭᠡᠷ᠎ᠡ ᠭᠦᠢᠴᠡᠳᠬᠡᠬᠦ ᠨᠤᠷᠮ᠎ᠠ ᠶᠢ | ᠳᠡᠭᠡᠭᠰᠢᠯᠡᠭᠦᠯᠦᠨ᠎ᠡ᠃ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ | ᠮᠠᠯᠵᠢᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠭᠠᠴᠠᠭᠠᠨ ᠤ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ | ᠴᠢᠨᠡᠭᠡᠯᠢᠭᠵᠢᠭᠦᠯᠦᠨ ᠳᠠᠶᠢᠴᠢᠯᠠᠬᠤ ᠴᠢᠳᠠᠪᠤᠷᠢᠲᠠᠢ ᠭᠠᠴᠠᠭᠠᠨ ᠳᠤ ᠲᠥᠷᠥᠯ ᠵᠦᠢᠯ ᠪᠣᠯᠣᠨ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠣᠯᠠᠨ ᠵᠦᠢᠯ ᠤᠨ | ᠠᠷᠭ᠎ᠠ ᠵᠠᠮ ᠢᠶᠠᠷ ᠮᠠᠯᠵᠢᠬᠤ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠮᠥᠵᠢᠭᠦᠯᠦᠨ᠎ᠡ᠃ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠢ ᠡᠮᠬᠢ ᠵᠢᠷᠤᠮ ᠲᠠᠢ ᠪᠠᠷ ᠰᠢᠯᠵᠢᠭᠦᠯᠦᠨ ᠠᠰᠢᠭᠯᠠᠬᠤ | ᠶᠢ ᠳᠦᠷᠢᠮᠵᠢᠭᠦᠯᠦᠨ ᠵᠢᠯᠣᠭᠤᠳᠴᠤ᠂ ᠪᠠᠷᠢᠮᠵᠢᠶᠠᠵᠢᠭᠰᠠᠨ ᠦᠢᠯᠡᠳᠪᠦᠷᠢᠯᠡᠯ᠂ ᠬᠡᠪᠴᠢᠶᠡᠵᠢᠭᠰᠡᠨ ᠡᠵᠡᠩᠨᠡᠯᠲᠡ ᠶᠢ ᠳᠠᠶᠢᠴᠢᠯᠠᠨ᠎ᠠ᠃ ᠰᠢᠨ᠎ᠡ ᠬᠡᠯᠪᠡᠷᠢ ᠶᠢᠨ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠬᠥᠭᠵᠢᠭᠦᠯᠵᠦ᠂10 ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ᠂ 4 ᠵᠢᠱᠢᠶ᠎ᠡ | ᠦᠵᠡᠭᠦᠯᠬᠦ ᠲᠤᠰᠬᠠᠢ ᠬᠤᠷᠰᠢᠶᠠᠵᠢᠯ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠰᠠᠭᠤᠷᠢᠰᠢᠬᠤ ᠣᠷᠴᠢᠨ ᠲᠣᠭᠤᠷᠢᠨ ᠢ ᠴᠢᠩᠭ᠎ᠠ ᠴᠡᠭᠴᠡᠯᠡᠨ ᠵᠠᠰᠠᠨ᠎ᠠ᠃ ︽ᠠᠷᠪᠠᠨ ᠬᠤᠰᠢᠭᠤ ᠵᠠᠭᠤᠨ | ᠰᠤᠮᠤ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ 750 ᠲᠦᠮᠡᠨ ᠲᠥᠭᠦᠷᠢᠭ ᠪᠡᠯᠡ | ᠣᠷᠣᠭᠤᠯᠬᠤ ᠪᠠᠷ ᠲᠥᠯᠥᠪᠯᠡᠵᠦ᠂ ᠴᠠᠭᠠᠨ ᠪᠠᠯᠭᠠᠰᠤ ᠪᠣᠯᠣᠨ ᠬᠠᠨᠳᠠᠭᠠᠢ ᠰᠤᠮᠤᠨ ᠳᠤ 3 ᠪᠣᠬᠢᠷ ᠤᠰᠤ ᠰᠢᠢᠳᠪᠦᠷᠢᠯᠡᠬᠦ ᠥᠷᠲᠡᠭᠡ ᠪᠠᠶᠢᠭᠤᠯᠵᠤ᠂ ᠮᠠᠯᠵᠢᠬᠤ ᠣᠷᠣᠨ | ᠤ 357 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠤᠨ᠎ᠠ᠃ ᠬᠤᠭ ᠨᠣᠪᠰᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠰᠢᠯᠢᠳᠡᠭᠵᠢᠭᠦᠯᠵᠦ᠂ 375 | ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ 8 ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠮᠠᠰᠢᠨ᠂ 625 ᠬᠤᠭ ᠨᠣᠪᠰᠢ ᠶᠢᠨ ᠬᠠᠶᠢᠷᠴᠠᠭ ︵ | ᠰᠠᠭᠤᠯᠭ᠎ᠠ︶ ᠬᠤᠳᠠᠯᠳᠤᠨ ᠠᠪᠴᠤ᠂ 6 ᠬᠤᠭ ᠨᠣᠪᠰᠢ ᠲᠡᠭᠡᠭᠡᠪᠦᠷᠢᠯᠡᠨ ᠳᠠᠮᠵᠢᠭᠤᠯᠬᠤ ᠥᠷᠲᠡᠭᠡ ᠪᠠᠶᠢᠭᠤᠯᠤᠨ᠎ᠠ᠃ ᠮᠠᠯᠵᠢᠬᠤ ᠣᠷᠣᠨ ᠤ ᠮᠠᠯ ᠤᠨ ᠢᠯᠭᠠᠳᠠᠰᠤ | ᠶᠢ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ 450 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠮᠠᠯ ᠤᠨ | ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ | ︵ᠵᠢᠷᠭᠤᠭ᠎ᠠ︶ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠲᠦᠯᠬᠢᠨ ᠠᠬᠢᠭᠤᠯᠤᠨ᠎ᠠ | ᠬᠤᠲᠠ ᠪᠠᠯᠭᠠᠰᠤᠨ ᠤ ᠦᠢᠯᠡᠳᠦᠯᠭᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢ | ᠴᠢᠩᠭᠠᠳᠬᠠᠵᠤ᠂ 2000 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂14 ᠺᠢᠯᠣᠮᠧᠲᠷ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ᠂ 2 | ᠰᠠᠭᠤᠷᠢ ᠢᠯᠴᠢ ᠰᠣᠯᠢᠬᠤ ᠥᠷᠲᠡᠭᠡ ᠶᠢ ᠦᠷᠭᠦᠯᠵᠢᠯᠡᠨ ᠪᠠᠶᠢᠭᠤᠯᠵᠤ᠂ ᠠᠮᠤᠭᠤᠯᠠᠩ ᠪᠠᠯᠭᠠᠰᠤᠨ ᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠪᠦᠷᠬᠦᠴᠡ ᠶᠢᠨ | ᠨᠤᠷᠮ᠎ᠠ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 2200 ᠲᠦᠮᠡᠨ ᠲᠥᠭᠦᠷᠢᠭ | ᠪᠡᠯᠡ ᠣᠷᠣᠭᠤᠯᠬᠤ ᠪᠠᠷ ᠲᠥᠯᠥᠪᠯᠡᠵᠦ᠂ ᠠᠮᠤᠭᠤᠯᠠᠩ ᠪᠠᠯᠭᠠᠰᠤᠨ ᠤ ᠣᠷᠱᠤᠨ ᠵᠠᠮ᠂ ᠪᠠᠷᠭᠤ ᠵᠠᠮ ᠢ ᠵᠠᠰᠠᠨ ᠰᠡᠯᠪᠢᠬᠦ ᠢᠨᠵᠧᠨᠧᠷᠢᠩ ᠢ ᠦᠷᠭᠦᠯᠵᠢᠯᠡᠨ | ᠪᠠᠶᠢᠭᠤᠯᠤᠨ᠎ᠠ᠃ ᠪᠠᠯᠭᠠᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ 800 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ | ᠠᠮᠤᠭᠤᠯᠠᠩ ᠪᠠᠯᠭᠠᠰᠤᠨ ᠤ ᠨᠤᠭᠤ ᠭᠠᠵᠠᠷ ᠤᠨ ᠴᠡᠴᠡᠷᠯᠢᠭ ᠤᠨ ᠲᠥᠷᠥᠯ ᠵᠦᠢᠯ ᠢ ᠦᠷᠭᠦᠯᠵᠢᠯᠡᠨ ᠪᠠᠶᠢᠭᠤᠯᠤᠨ᠎ᠠ᠃ ᠰᠣᠶᠣᠯ ᠪᠡᠶ᠎ᠡ ᠲᠠᠮᠢᠷ ᠤᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ 1278 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠠᠵᠢᠯᠲᠠᠳ ᠤᠨ ᠰᠣᠶᠣᠯ ᠪᠡᠶ᠎ᠡ ᠲᠠᠮᠢᠷ ᠤᠨ | ᠬᠥᠳᠡᠯᠭᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠢ ᠦᠷᠭᠦᠯᠵᠢᠯᠡᠨ ᠪᠠᠶᠢᠭᠤᠯᠤᠨ᠎ᠠ᠃ ︽ | ᠱᠧᠩ ᠱᠦᠢ ᠰᠢᠨ ᠴᠧᠩ︾᠂ ︽ᠸᠠᠨ ᠾᠧ ᠱᠢ ᠵᠢᠶ᠋ᠨ︾᠂ ︽ᠺᠠᠢ ᠰᠢᠤᠸᠠᠨᠴᠧᠩ︾ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ | ᠵᠦᠢᠯ ᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠬᠤᠲᠠ ᠪᠠᠯᠭᠠᠰᠤᠨ ᠤ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠎ᠠ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠭᠠᠵᠠᠷ | ᠰᠢᠷᠣᠢ ᠶᠢᠨ ᠴᠡᠪᠡᠷ ᠠᠰᠢᠭᠯᠠᠯᠲᠠ ᠶᠢᠨ ᠨᠤᠷᠮ᠎ᠠ ᠶᠢ ᠦᠨᠡᠨᠬᠦ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠳᠠᠬᠢᠨ ᠠᠰᠢᠭᠯᠠᠬᠤ ᠶᠢ ᠲᠦᠷᠭᠡᠳᠬᠡᠨ | ᠠᠬᠢᠭᠤᠯᠵᠤ᠂ ᠬᠤᠲᠠ ᠪᠠᠯᠭᠠᠰᠤᠨ ᠤ ᠠᠮᠢᠵᠢᠷᠠᠯ ᠤᠨ ᠬᠦᠴᠦᠨ ᠢ ᠬᠥᠭᠵᠢᠶᠡᠨᠡ᠃ ᠭᠡᠷ ᠠᠬᠤᠢ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠭᠡᠷ ᠠᠬᠤᠢ ᠶᠢᠨ | ᠬᠠᠮᠢᠶᠠᠷᠤᠯᠲᠠ ᠶᠢ ᠵᠠᠬ᠎ᠠ ᠳᠡᠯᠭᠡᠭᠦᠷᠴᠢᠯᠡᠨ ᠳᠦᠷᠢᠮᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢ ᠨᠠᠷᠢᠯᠢᠭᠵᠢᠭᠤᠯᠤᠨ | ᠬᠠᠮᠢᠶᠠᠷᠬᠤ ᠶᠢ ᠴᠢᠩᠭᠠᠳᠬᠠᠵᠤ᠂ ᠬᠤᠲᠠ ᠪᠠᠯᠭᠠᠰᠤᠨ ᠤ ᠬᠠᠮᠢᠶᠠᠷᠤᠯᠲᠠ ᠪᠠ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ | ᠶᠢᠨ ᠳᠦᠷᠢ ᠲᠥᠷᠬᠦ ᠶᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ ᠪᠠ ᠴᠤᠭᠯᠠᠭ᠎ᠠ ᠮᠠᠶᠢᠮᠠᠢ ᠶᠢᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠨ᠂ ︽ᠭᠤᠷᠪᠠ ᠶᠢ ᠵᠥᠷᠢᠴᠡᠵᠦ ᠳᠥᠷᠪᠡ ᠶᠢ ᠪᠤᠯᠢᠶᠠᠬᠤ︾ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠠᠮᠤᠭᠤᠯᠠᠩ ᠪᠠᠯᠭᠠᠰᠤ ᠲᠣᠭᠤᠷᠢᠭ ᠲᠠᠬᠢ 5G ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ | ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠰᠦᠢ ᠹᠡᠨ ᠾᠧ — ᠮᠠᠨᠵᠤᠤᠷ ᠬᠦᠷᠬᠦ | ᠳᠡᠭᠡᠳᠦ ᠬᠤᠷᠳᠤᠴᠠᠲᠤ ᠵᠠᠰᠠᠮᠠᠯ ᠵᠠᠮ ᠤᠨ ᠬᠠᠶᠢᠯᠠᠷ — ᠮᠠᠨᠵᠤᠤᠷ ᠬᠦᠷᠬᠦ ᠬᠡᠰᠡᠭ ᠤᠨ ᠢᠨᠵᠧᠨᠧᠷᠢᠩ ᠢ ᠢᠳᠡᠪᠬᠢᠲᠡᠢ ᠬᠠᠮᠵᠢᠨ ᠠᠬᠢᠭᠤᠯᠤᠨ᠎ᠠ᠃ ᠬᠥᠳᠡᠭᠡ ᠲᠣᠰᠬᠤᠨ | ᠤ ᠵᠠᠰᠠᠮᠠᠯ ᠵᠠᠮ ᠢ ᠠᠷᠠᠴᠢᠯᠠᠨ ᠬᠠᠮᠢᠶᠠᠷᠬᠤ ᠤᠷᠲᠤ ᠬᠤᠭᠤᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠬᠥᠳᠡᠭᠡ ᠲᠣᠰᠬᠤᠨ ᠤ ᠳᠦᠷᠪᠡᠨ | ᠰᠠᠶᠢᠲᠤᠷ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠤᠲᠠ ᠬᠥᠳᠡᠭᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠤ ᠳᠦᠷᠰᠦ | ᠪᠠᠶᠢᠳᠠᠯ ᠢ ᠲᠠᠰᠤᠷᠠᠯᠲᠠ ᠦᠭᠡᠢ ᠪᠣᠢ ᠪᠣᠯᠭᠠᠨ᠎ᠠ᠃ ᠴᠠᠬᠢᠯᠭᠠᠨ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠢᠵᠢ ᠪᠦᠷᠢᠯᠳᠦᠭᠦᠯᠦᠭᠰᠡᠨ | ᠴᠠᠬᠢᠯᠭᠠᠨ ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠨ ᠪᠠᠶᠢᠭᠤᠯᠵᠤ᠂ ᠮᠣᠳᠤᠬᠠᠮᠵᠢ ᠠᠴᠠ ᠵᠢᠪᠬᠤᠯᠠᠩᠲᠤ ᠬᠦᠷᠬᠦ 10 ᠺᠢᠯᠣᠸᠠᠲ | ᠴᠠᠬᠢᠯᠭᠠᠨ ᠱᠤᠭᠤᠮ ᠠᠴᠠ ᠰᠢᠨ᠎ᠡ ᠬᠤᠪᠢᠶᠠᠷᠢ ᠱᠤᠭᠤᠮ ᠢ ᠪᠠᠶᠢᠭᠤᠯᠵᠤ ᠫᠧᠩ ᠰᠠᠷᠠᠪᠴᠢ ᠳᠤ ᠴᠠᠬᠢᠯᠭᠠᠨ ᠨᠡᠪᠲᠡᠷᠡᠭᠦᠯᠬᠦ ᠲᠥᠷᠥᠯ ᠵᠦᠢᠯ ᠢ ᠪᠡᠶᠡᠯᠡᠭᠦᠯᠵᠦ᠂ | ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠰᠤᠷᠭᠠᠭᠤᠯᠢ ᠡᠷᠬᠢᠯᠡᠬᠦ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ | ᠰᠠᠶᠢᠵᠢᠷᠠᠭᠤᠯᠵᠤ᠂ 1550 ᠲᠦᠮᠡᠨ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠠᠮᠤᠭᠤᠯᠠᠩ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ | ᠳᠤ ᠲᠤᠰᠠᠯᠠᠬᠤ ᠬᠡᠷᠡᠭᠯᠡᠭᠡᠨ ᠤ ᠭᠡᠷ᠂ ᠡᠭᠦᠳᠦᠨ ᠪᠦᠲᠦᠭᠡᠯᠲᠡ ᠶᠢᠨ ᠬᠢᠴᠢᠶᠡᠯ ᠤᠨ ᠲᠠᠰᠤᠭ ᠵᠡᠷᠭᠡ ᠢᠨᠵᠧᠨᠧᠷᠢᠩ ᠢ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠲᠦᠷᠭᠡᠳᠬᠡᠨ | ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ᠂ ᠬᠤᠯᠤᠭᠠᠨ᠎ᠠ ᠶᠢᠨ ᠬᠢᠵᠢᠭ | ᠵᠡᠷᠭᠡ ᠬᠠᠯᠳᠠᠪᠤᠷᠢᠲᠤ ᠴᠢᠨᠠᠷᠲᠠᠢ ᠬᠢᠵᠢᠭ ᠡᠪᠡᠳᠴᠢᠨ ᠢ ᠡᠷᠡᠰ ᠰᠡᠷᠭᠡᠶᠢᠯᠡᠨ ᠡᠵᠡᠮᠳᠡᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠪᠠᠲᠤᠲᠠᠢ ᠥᠷᠨᠢᠭᠦᠯᠵᠦ | ᠂ ᠡᠯ᠎ᠡ ᠲᠥᠷᠥᠯ ᠤᠨ ᠰᠣᠶᠣᠯ ᠪᠡᠶ᠎ᠡ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠡᠷᠬᠢᠯᠡᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠠᠲᠤᠲᠠᠢ ᠰᠠᠶᠢᠲᠤᠷ ᠬᠢᠨ᠎ᠡ᠃ ᠶᠡᠭᠡ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠳ᠂ ᠠᠵᠢᠯ | ᠣᠯᠬᠤ ᠳᠤ ᠬᠦᠴᠢᠷᠲᠡᠢ ᠬᠥᠮᠥᠰ ᠤᠨ ᠠᠳᠠᠯ ᠦᠢᠯᠡᠰ ᠪᠣᠰᠬᠠᠬᠤ ᠳᠡᠮᠵᠢᠯᠭᠡ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠬᠤᠪᠴᠠᠰᠤ ᠵᠠᠰᠠᠯ | ᠣᠶᠣᠬᠤ ᠵᠡᠷᠭᠡ ᠣᠷᠣᠨ ᠨᠤᠲᠤᠭ ᠤᠨ ᠣᠨᠴᠠᠯᠢᠭᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠢᠳᠡᠪᠬᠢᠲᠡᠢ ᠥᠷᠨᠢᠭᠦᠯᠦᠨ᠂ ᠠᠵᠢᠯ ᠣᠯᠭᠤᠬᠤ | ᠠᠷᠭ᠎ᠠ ᠵᠠᠮ ᠢ ᠥᠷᠭᠡᠳᠬᠡᠨ᠎ᠡ᠃ ᠬᠥᠯᠥᠰᠦᠨ ᠠᠵᠢᠯᠴᠢᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ | ᠮᠥᠩᠭᠦ ᠵᠡᠷᠭᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠨ ᠤ ᠡᠷᠬᠡ ᠠᠰᠢᠭ ᠢ ᠨᠢ ᠪᠠᠲᠤᠯᠠᠨ᠎ᠠ᠃ ᠪᠦᠬᠦ ᠠᠷᠠᠳ ᠤᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠲᠦᠯᠬᠢᠨ ᠠᠬᠢᠭᠤᠯᠵᠤ᠂ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠨᠠᠰᠤᠵᠢᠯ ᠤᠨ | ᠳᠠᠭᠠᠳᠬᠠᠯ ᠳᠤ ᠣᠷᠣᠯᠴᠠᠬᠤ ᠨᠤᠷᠮ᠎ᠠ ᠶᠢ 90% ᠠᠴᠠ ᠳᠡᠭᠡᠭᠰᠢ ᠬᠦᠷᠭᠡᠬᠦ ᠶᠢ ᠪᠠᠲᠤᠯᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠬᠤ ᠶᠣᠰᠣᠲᠠᠢ | ᠪᠦᠬᠦᠨ ᠢ ᠪᠠᠲᠤᠯᠠᠬᠤ ᠪᠠᠷ ᠴᠢᠷᠮᠠᠶᠢᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠲᠦᠷ ᠴᠠᠭ ᠠᠪᠤᠷᠠᠨ ᠲᠤᠰᠠᠯᠠᠬᠤ ᠵᠡᠷᠭᠡ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠬᠦᠴᠦᠯᠡᠨ ᠪᠠᠲᠤᠯᠠᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠵᠦ᠂ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠴᠢᠷᠮᠠᠶᠢᠨ ᠡᠭᠦᠳᠦᠨ᠎ᠡ᠃ | ᠨᠡᠶᠢᠭᠡᠮ ᠤᠨ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ︾ ᠢ ᠪᠦᠬᠦ ᠲᠠᠯ᠎ᠠ | ᠪᠠᠷ ᠬᠡᠷᠡᠭᠵᠢᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠢ ᠨᠡᠶᠢᠳᠡᠮ ᠪᠦᠷᠬᠦᠭᠦᠯᠬᠦ ᠶᠢ ᠠᠬᠢᠭᠤᠯᠤᠨ᠎ᠠ᠃ ︽ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠦᠷᠭᠦᠯᠵᠢᠯᠡᠨ ᠲᠦᠯᠬᠢᠨ ᠠᠬᠢᠭᠤᠯᠵᠤ᠂ ᠬᠤᠲᠠ ᠲᠣᠭᠤᠷᠢᠭ ᠤᠨ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠣᠶᠤᠨᠴᠢ ᠬᠠᠷᠠᠭᠠᠨ ᠳᠠᠪᠲᠠᠮᠵᠢ ᠪᠠᠷ ᠭᠤᠷᠪᠠᠨ ᠱᠠᠲᠤ | ᠰᠡᠷᠭᠡᠶᠢᠯᠡᠨ ᠡᠵᠡᠮᠳᠡᠬᠦ ᠲᠠᠪᠴᠠᠩ ᠪᠣᠯᠣᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠪᠦᠷᠢᠨ | ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠨᠳᠦ ᠶᠡᠭᠡ | ᠠᠳᠡᠯ ᠭᠠᠷᠬᠤ ᠶᠢ ᠡᠷᠡᠰ ᠬᠤᠷᠢᠭᠯᠠᠨ᠎ᠠ᠃ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠢᠳᠡᠭᠡᠨ ᠤ ᠵᠦᠢᠯ ᠤᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠲᠣᠭᠲᠠᠭᠠᠯ︾ ᠢ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ | ᠬᠠᠮᠢᠶᠠᠷᠤᠯᠲᠠ ᠶᠢ ᠴᠢᠩᠭᠠᠳᠬᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠭᠡᠮ ᠤᠨ ᠵᠥᠷᠢᠴᠡᠯ ᠢ ᠪᠠᠶᠢᠴᠠᠭᠠᠨ | ᠰᠡᠷᠡᠮᠵᠢᠯᠡᠭᠦᠯᠬᠦ ᠪᠠ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠤᠨ ᠦᠨᠳᠦᠰᠦᠲᠡᠨ ᠤ | ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠤᠰᠢᠭᠤᠨ ᠤ ᠡᠯ᠎ᠡ ᠦᠨᠳᠦᠰᠦᠲᠡᠨ ᠨᠦᠭᠦᠳ ᠤᠨ ᠠᠷᠠᠳ | ᠲᠦᠮᠡᠨ ᠤ ᠡᠷᠬᠡ ᠲᠡᠭᠰᠢ ᠪᠦᠯᠬᠦᠮᠳᠡᠯ ᠲᠠᠢ᠂ ᠡᠶ᠎ᠡ ᠨᠠᠶᠢᠷᠠᠮᠳᠠᠭᠤ᠂ ᠡᠷᠡᠯᠬᠡᠭᠯᠡᠨ ᠤᠷᠤᠭᠰᠢᠯᠠᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠦᠢᠯᠡᠰ ᠪᠦᠲᠦᠭᠡᠬᠦ ᠳᠤ ᠵᠣᠷᠢᠭᠲᠠᠢ ᠪᠠᠷ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠃ ᠪᠢᠳᠠ ︽ᠤᠭ ᠰᠠᠨᠠᠭ᠎ᠠ ᠪᠠᠨ ᠰᠠᠬᠢᠵᠤ᠂ ᠬᠠᠷᠢᠭᠤᠴᠠᠯᠭ᠎ᠠ ᠪᠠᠨ | ᠡᠭᠦᠷᠭᠡᠯᠡᠬᠦ︾ ᠶᠢ ᠪᠠᠲᠤ ᠴᠡᠭᠡᠵᠢᠯᠡᠵᠦ᠂ ᠤᠯᠤᠰ ᠲᠥᠷᠥ ᠶᠢ ᠡᠷᠬᠢᠮᠯᠡᠨ᠂ ᠣᠪᠣᠷ ᠰᠤᠷᠲᠠᠯ ᠢᠶᠠᠨ ᠰᠠᠶᠢᠵᠢᠷᠠᠭᠤᠯᠵᠤ᠂ ᠴᠢᠳᠠᠮᠠᠭᠠᠢ ᠠᠵᠢᠯᠯᠠᠵᠤ᠂ ᠠᠷᠠᠳ ᠲᠦᠮᠡᠨ ᠤ | ᠬᠦᠷᠢᠶᠡᠯᠡᠯ ᠢ ᠣᠯᠣᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠢᠯᠠ ᠲᠣᠳᠣ ᠤᠯᠤᠰ ᠲᠥᠷᠥ ᠶᠢᠨ ᠵᠣᠭᠰᠣᠯᠲᠠ ᠶᠢ ᠡᠷᠬᠢᠮᠯᠡᠨ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠡᠯ᠎ᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ | ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠢ ᠰᠠᠭᠠᠳ ᠦᠭᠡᠢ ᠶᠠᠪᠤᠭᠳᠠᠭᠤᠯᠬᠤ ᠶᠢ ᠦᠨᠡᠨᠬᠦ ᠪᠠᠲᠤᠯᠠᠨ᠎ᠠ᠃ | ᠪᠢᠳᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ ᠪᠠᠨ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠡᠷᠬᠡ ᠶᠢᠨ ᠨᠠᠷᠢᠨ | ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠬᠤᠷᠢᠭ᠎ᠠ ᠲᠠᠢ ᠵᠦᠢᠯ ᠤᠨ ᠨᠠᠷᠢᠨ ᠳᠠᠩᠰᠠ ᠶᠢᠨ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠣᠯᠠᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠭᠤᠴᠢ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠢᠯᠠ ᠪᠠᠷ ᠬᠦᠯᠢᠶᠡᠵᠦ᠂ ᠵᠠᠰᠠᠭ ᠤᠨ ᠣᠷᠳᠣᠨ ᠤ ᠠᠵᠢᠯ ᠤᠨ ᠲᠤᠬᠠᠢ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ | ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠪᠢᠳᠠ ᠵᠣᠷᠢᠭᠲᠠᠢ ᠪᠠᠷ ᠬᠠᠷᠢᠭᠤᠴᠠᠯᠭ᠎ᠠ ᠪᠠᠨ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠷᠢᠮᠲᠠᠯᠠᠨ᠎ᠠ᠃ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠬᠦ ᠠᠵᠢᠯ ᠤᠨ ᠣᠪᠣᠷ ᠰᠤᠷᠲᠠᠯ ᠢᠶᠠᠷ ᠠᠰᠠᠭᠤᠳᠠᠯ ᠢ ᠴᠢᠩᠭ᠎ᠠ ᠠᠳᠬᠤᠵᠤ᠂ ᠠᠵᠢᠯ ᠢᠶᠠᠨ ᠪᠠᠲᠤᠲᠠᠢ ᠪᠡᠶᠡᠯᠡᠭᠦᠯᠦᠨ᠂ ︽ᠡᠴᠦᠰ ᠤᠨ ᠨᠢᠭᠡ ᠺᠢᠯᠣᠮᠧᠲᠷ︾ | ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ | ᠲᠥᠯᠥᠭᠡᠯᠡᠭᠴᠢᠳ ᠡ︕ | ᠴᠢᠷᠮᠠᠶᠢᠨ ᠲᠡᠮᠡᠴᠡᠵᠦ ᠲᠡᠦᠬᠡ ᠶᠢ ᠡᠭᠦᠳᠦᠨ᠂ ᠪᠣᠳᠠᠲᠠᠢ ᠠᠵᠢᠯᠯᠠᠵᠤ ᠢᠷᠡᠭᠡᠳᠦᠢ ᠪᠠᠨ ᠴᠣᠭᠴᠠᠯᠠᠶ᠎ᠠ︕ ᠪᠢᠳᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠡᠭᠡᠨ ᠴᠢᠩᠭ᠎ᠠ | ᠲᠦᠰᠢᠭᠯᠡᠵᠦ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠣᠳᠠᠲᠠᠢ ᠠᠵᠢᠯᠯᠠᠨ᠂ ᠡᠮᠦᠨ᠎ᠡ ᠹᠷᠤᠨᠲ ᠲᠤ ᠲᠡᠮᠡᠴᠡᠵᠦ᠂ | ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠵᠣᠯ ᠵᠢᠷᠭᠠᠯᠲᠤ ᠰᠢᠨ᠎ᠡ ᠪᠠᠷᠭᠤ ᠵᠡᠭᠦᠨ ᠬᠤᠰᠢᠭᠤ ᠪᠠᠨ ᠪᠦᠲᠦᠭᠡᠨ ᠪᠠᠶᠢᠭᠤᠯᠬᠤ ᠪᠠᠷ | ᠴᠥᠬᠦᠷᠡᠰᠢ ᠦᠭᠡᠢ ᠲᠡᠮᠡᠴᠡᠵᠡᠭᠡᠶ᠎ᠡ︕ |