︵2021︶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠯᠦᠨ ᠪᠥᠢᠷ ᠬᠤᠲᠠ ᠶᠢᠨ ᠲᠠᠪᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠲᠡ ᠶᠢᠨ ᠨᠡᠷᠡᠰ ᠦᠭᠡ ᠶᠢᠨ ᠲᠠᠶᠢᠯᠪᠤᠷᠢ
ᠨᠡᠶᠢᠲᠡᠯᠡᠭᠰᠡᠨ ᠴᠠᠭ᠄
2021/12/21
   1. ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠄ ᠮᠠᠨ ᠤ ᠤᠯᠤᠰ ᠤᠨ ᠤᠮᠠᠷᠠᠲᠤ ᠤᠷᠤᠨ ᠤ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠤᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠬᠤ᠂ ᠤᠯᠤᠰ ᠤᠨ ᠴᠢᠬᠤᠯᠠ ᠡᠨᠧᠷᠬᠢ ᠬᠢᠭᠡᠳ ᠪᠠᠶᠢᠯᠳᠤᠬᠤ ᠪᠣᠳᠤᠯᠭ᠎ᠠ ᠶᠢᠨ ᠡᠬᠢ ᠰᠤᠷᠪᠤᠯᠵᠢ ᠶᠢᠨ ᠰᠠᠭᠤᠷᠢᠨ ᠢ ᠪᠠᠶᠢᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ᠂ ᠮᠠᠨ ᠤ ᠤᠯᠤᠰ ᠤᠨ ᠤᠮᠠᠷᠠᠰᠢ ᠪᠠᠨ ᠴᠢᠯᠦᠭᠡᠲᠡᠢ ᠶᠠᠪᠤᠯᠴᠠᠬᠤ ᠪᠠᠬᠢᠯᠡᠯᠲᠡ ᠶᠢ ᠪᠠᠶᠢᠭᠤᠯᠬᠤ᠃     2. ︽ᠭᠤᠷᠪᠠᠨ ᠤᠷᠤᠨ ᠭᠤᠷᠪᠠᠨ ᠱᠤᠭᠤᠮ︾᠄ ︽ᠭᠤᠷᠪᠠᠨ ᠤᠷᠤᠨ︾ ᠭᠡᠵᠦ ᠬᠤᠲᠠ ᠪᠠᠯᠭᠠᠰᠤᠨ ᠤ ᠤᠷᠤᠨ ᠵᠠᠢ᠂ ᠲᠠᠷᠢᠶᠠᠯᠠᠩ ᠤᠨ ᠤᠷᠤᠨ ᠵᠠᠢ᠂ ᠠᠮᠢ ᠠᠬᠤᠢ ᠶᠢᠨ ᠤᠷᠤᠨ ᠵᠠᠢ ᠵᠡᠷᠭᠡ ᠭᠤᠷᠪᠠᠨ ᠵᠦᠢᠯ ᠤᠨ ᠬᠡᠯᠪᠡᠷᠢᠲᠦ ᠨᠤᠲᠤᠭ ᠳᠡᠪᠢᠰᠬᠡᠷ ᠤᠨ ᠤᠷᠤᠨ ᠵᠠᠢ ᠶᠢ ᠵᠢᠭᠠᠨ᠎ᠠ︔ ︽ᠭᠤᠷᠪᠠᠨ ᠱᠤᠭᠤᠮ︾ ᠭᠡᠵᠦ ᠬᠤᠲᠠ ᠪᠠᠯᠭᠠᠰᠤᠨ ᠤ ᠨᠡᠭᠡᠭᠡᠯᠲᠡ ᠶᠢᠨ ᠵᠠᠭᠠᠭ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠭᠡᠬᠦ ᠡᠨᠡ ᠭᠤᠷᠪᠠᠨ ᠬᠤᠷᠢᠭ᠎ᠠ ᠱᠤᠭᠤᠮ ᠢ ᠵᠢᠭᠠᠵᠤ ᠪᠠᠶᠢᠨ᠎ᠠ᠃     3. ︽ᠰᠢᠭᠤᠳ ᠬᠤᠷᠰᠢᠯᠴᠠᠬᠤ ᠠᠵᠤ ᠠᠬᠤᠢ︾᠄ ᠤᠷᠤᠨ ᠨᠤᠲᠤᠭ ᠤᠨ ᠬᠢᠯᠢ ᠵᠠᠭᠠᠭ ᠢ ᠡᠪᠳᠡᠵᠦ᠂ ᠡᠷᠬᠡ ᠳᠡᠭᠰᠢ ᠵᠦᠪᠳᠡᠯᠴᠡᠨ᠂ ᠰᠠᠶᠢᠨ ᠳᠤᠷ᠎ᠠ ᠠᠴᠠ ᠪᠠᠨ ᠬᠠᠮᠵᠢᠯᠴᠠᠬᠤ ᠤᠷᠢᠳᠠᠯ ᠳᠤᠤᠷ᠎ᠠ᠂ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠢᠶᠠᠷ ᠢᠶᠠᠨ ᠬᠠᠷᠢᠯᠴᠠᠨ ᠨᠥᠬᠦᠪᠦᠷᠢᠯᠡᠨ ᠦᠨᠳᠦᠷ ᠪᠦᠲᠦᠮᠵᠢᠲᠡᠢ ᠠᠰᠢᠭᠯᠠᠬᠤ ᠪᠠᠷ ᠰᠢᠭᠤᠳ ᠵᠣᠷᠢᠯᠭ᠎ᠠ ᠪᠣᠯᠭᠠᠭᠰᠠᠨ᠂ ᠲᠤᠭᠲᠠᠭᠰᠠᠨ ᠤᠷᠤᠨ ᠬᠡᠪᠴᠢᠶᠠᠨ ᠳᠤ ᠬᠠᠮᠵᠢᠯᠴᠠᠨ ᠡᠯ᠎ᠡ ᠵᠦᠢᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠵᠤ᠂ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠬᠢᠭᠡᠳ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠵᠡᠷᠭᠡ ᠬᠠᠮᠵᠢᠯᠴᠠᠭ᠎ᠠ ᠶᠢᠨ ᠵᠤᠬᠢᠴᠠᠭᠤᠯᠬᠤ ᠲᠤᠭᠲᠠᠴᠠ ᠪᠠᠷ ᠳᠠᠮᠵᠢᠨ ᠬᠠᠮᠲᠤᠪᠠᠷ ᠠᠰᠢᠭ ᠬᠦᠷᠲᠡᠬᠦ ᠤᠷᠤᠨ ᠬᠡᠪᠴᠢᠶᠠᠨ ᠤ ᠠᠵᠤ ᠠᠬᠤᠢ ᠶᠢᠨ ᠬᠦᠭᠵᠢᠯᠲᠡ ᠶᠢᠨ ᠬᠡᠪ ᠵᠠᠭᠪᠤᠷ ᠢ ᠵᠢᠭᠠᠨ᠎ᠠ᠃     4. ︽ᠬᠤᠶᠠᠷ ᠰᠢᠨ᠎ᠡ ᠨᠢᠭᠡ ᠴᠢᠬᠤᠯᠠ︾᠄ ︽ᠬᠤᠶᠠᠷ ᠰᠢᠨ᠎ᠡ︾ ᠭᠡᠵᠦ ᠰᠢᠨ᠎ᠡ ᠮᠠᠶ᠋ᠢᠭ ᠤᠨ ᠰᠠᠭᠤᠷᠢ ᠪᠡᠯᠡᠳᠬᠡᠮᠵᠢ ᠶᠢᠨ ᠪᠦᠲᠦᠬᠡᠨ ᠪᠠᠶᠢᠭᠤᠯᠤᠯᠳᠠ ᠬᠢᠭᠡᠳ ᠰᠢᠨ᠎ᠡ ᠮᠠᠶ᠋ᠢᠭ ᠤᠨ ᠬᠤᠲᠠᠴᠢᠯᠠᠯᠳᠠ ᠶᠢᠨ ᠪᠦᠲᠦᠬᠡᠨ ᠪᠠᠶᠢᠭᠤᠯᠤᠯᠳᠠ ᠶᠢ ᠵᠢᠭᠠᠨ᠎ᠠ᠃ ︽ᠨᠢᠭᠡ ᠴᠢᠬᠤᠯᠠ︾ ᠭᠡᠵᠦ ᠵᠠᠮ ᠬᠠᠷᠢᠯᠴᠠᠭ᠎ᠠ ᠤᠰᠤᠨ ᠠᠰᠢᠭᠯᠠᠯᠳᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠲᠦᠬᠡᠨ ᠪᠠᠶᠢᠭᠤᠯᠤᠯᠳᠠ ᠶᠢ ᠵᠢᠭᠠᠵᠤ ᠪᠠᠶᠢᠨ᠎ᠠ᠃    5. ︽ᠬᠠᠶᠢᠯᠠᠷ ᠴᠢᠲ᠋ᠠ ᠴᠦᠢᠪᠠᠯᠰᠠᠩ︾ ᠳᠡᠳ᠋ ᠤᠷᠤᠨ ᠪᠦᠰᠡ ᠶᠢᠨ ᠤᠯᠠᠨ ᠤᠯᠤᠰ ᠤᠨ ᠬᠠᠮᠲᠤᠷᠠᠯᠴᠠᠭ᠎ᠠ᠄ ᠤᠳᠤᠷᠢᠳᠤᠮᠵᠢ ᠤᠷᠤᠨ ᠤ ᠭᠤᠤᠯᠯᠠᠭᠴᠢ ᠲᠦᠪ ᠪᠤᠯᠬᠤ ᠬᠠᠶᠢᠯᠠᠷ ᠲᠤᠭᠤᠷᠢᠭ᠂ ᠤᠷᠤᠰ ᠤᠨ ᠵᠡᠷᠭᠡᠯᠡᠳᠡᠭᠡ ᠬᠢᠯᠢ ᠤᠷᠤᠨ ᠤ ᠲᠦᠪ ᠴᠢᠲ᠋ᠠ ᠬᠤᠲᠠ᠂ ᠮᠤᠩᠭᠤᠯ ᠤᠯᠤᠰ ᠤᠨ ᠳᠤᠷᠤᠨᠠᠳᠤ ᠠᠶᠢᠮᠠᠭ ᠤᠨ ᠲᠦᠪ ᠴᠦᠢᠪᠠᠯᠰᠠᠩ ᠬᠤᠲᠠ ᠪᠠᠷ ᠲᠤᠯᠭᠠᠭᠤᠷᠢᠯᠠᠭᠰᠠᠨ ᠳᠡᠳ᠋ ᠤᠷᠤᠨ ᠪᠦᠰᠡ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢᠨ ᠲᠤᠭᠲᠠᠴᠠ ᠶᠢ ᠵᠢᠭᠠᠨ᠎ᠠ᠃ ᠡᠭᠦᠨ ᠳᠤ ᠭᠤᠤᠯᠳᠠᠭᠤ ᠰᠠᠭᠤᠷᠢ ᠪᠡᠯᠡᠳᠬᠡᠮᠵᠢ᠂ ᠬᠢᠯᠢ ᠶᠢᠨ ᠪᠤᠭᠤᠮᠳᠠ ᠶᠢᠨ ᠬᠠᠮᠢᠶᠠᠷᠤᠯᠳᠠ᠂ ᠲᠦᠷᠦ ᠶᠢᠨ ᠪᠤᠳᠤᠯᠭ᠎ᠠ ᠶᠢᠨ ᠵᠠᠯᠭᠠᠯᠳᠠ᠂ ᠮᠦᠩᠭᠦᠨ ᠭᠦᠢᠯᠭᠡᠭᠡ᠂ ᠬᠢᠯᠢ ᠶᠢᠨ ᠬᠡᠷᠡᠭ ᠶᠠᠪᠤᠳᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠪᠠᠭᠲᠠᠭᠠᠨ᠎ᠠ᠃    6. ᠦᠨᠡᠮᠯᠡᠯ ᠣᠯᠭᠤᠬᠤ ᠭᠠᠷ ᠭᠦᠢᠴᠡᠳᠬᠡᠯ ᠢ ᠴᠣᠮᠬᠠᠳᠬᠠᠬᠤ᠄ ᠤᠯᠤᠰ ᠤᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠬᠢᠭᠡᠳ ᠤᠯᠠᠨ ᠨᠡᠶᠢᠲᠡ ᠶᠢᠨ ᠡᠷᠡᠭᠦᠯ ᠮᠡᠨᠳᠦ ᠵᠡᠷᠭᠡ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠯᠤᠭ᠎ᠠ ᠬᠤᠯᠪᠤᠭᠳᠠᠬᠤ ᠵᠦᠢᠯ ᠠᠴᠠ ᠭᠠᠳᠠᠨᠠᠬᠢ᠂ ᠬᠢᠨᠠᠨ ᠵᠦᠪᠰᠢᠶᠡᠷᠡᠬᠦ ᠲᠥᠷᠦᠯ ᠤᠨ ︽ᠦᠨᠡᠮᠯᠡᠯ︾᠎ ᠢ ᠲᠤᠰ ᠲᠤᠰ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠢ ᠰᠢᠭᠤᠳ ᠦᠭᠡᠶᠢᠰᠬᠡᠬᠦ᠂ ᠬᠢᠨᠠᠨ ᠵᠦᠪᠰᠢᠶᠡᠷᠡᠬᠦ ᠶᠢ ᠳᠠᠩᠰᠠᠯᠠᠭᠤᠯᠬᠤ ᠪᠣᠯᠭᠠᠨ ᠦᠭᠡᠷᠡᠴᠢᠯᠡᠬᠦ᠂ ᠮᠡᠳᠡᠭᠳᠡᠬᠦ ᠠᠮᠠᠯᠠᠯᠲᠠ ᠬᠢᠬᠦ᠂ ᠣᠷᠤᠬᠤ ᠶᠢ ᠵᠦᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠳᠦᠷᠪᠡᠨ ᠵᠦᠢᠯ ᠤᠨ ᠠᠷᠭ᠎ᠠ ᠬᠡᠯᠪᠡᠷᠢ ᠪᠠᠷ ᠰᠠᠯᠭᠠᠨ ᠭᠠᠷᠭᠠᠵᠤ᠂ ᠬᠢᠨᠠᠨ ᠵᠦᠪᠰᠢᠶᠡᠷᠡᠵᠦ ᠦᠨᠡᠮᠯᠡᠯ ᠣᠯᠭᠤᠬᠤ ᠭᠠᠷ ᠭᠦᠢᠴᠡᠳᠬᠡᠯ ᠢ ᠴᠣᠮᠬᠠᠳᠬᠠᠬᠤ ᠶᠢ ᠵᠢᠭᠠᠨ᠎ᠠ᠃    7. ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾᠄ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ᠂ ᠤᠯᠤᠰ ᠢᠶᠠᠨ ᠬᠠᠶᠢᠷᠠᠯᠠᠵᠤ ᠨᠤᠲᠤᠭ ᠢᠶᠠᠨ ᠬᠠᠶᠢᠷᠠᠯᠠᠬᠤ ᠠᠵᠢᠯᠯᠠᠭ᠎ᠠ᠂ ᠲᠦᠷᠢᠮ ᠲᠣᠭᠲᠠᠭᠠᠯ ᠢ ᠵᠢᠷᠤᠮᠯᠠᠵᠤ ᠬᠠᠤᠯᠢ ᠶᠢ ᠰᠠᠬᠢᠬᠤ ᠠᠵᠢᠯᠯᠠᠭ᠎ᠠ᠂ ᠶᠣᠰᠣ ᠰᠤᠷᠲᠠᠬᠤᠨ ᠤ ᠠᠵᠢᠯᠯᠠᠭ᠎ᠠ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠠᠵᠢᠯᠯᠠᠭ᠎ᠠ᠂ ᠦᠨᠡᠨᠴᠢ ᠢᠲᠡᠭᠡᠮᠵᠢᠲᠡᠶ ᠨᠥᠬᠦᠷᠰᠡᠭ ᠠᠵᠢᠯᠯᠠᠭ᠎ᠠ᠂ ᠨᠠᠰᠤᠲᠠᠨ ᠢᠶᠠᠨ ᠬᠦᠨᠳᠦᠯᠡᠵᠦ ᠲᠥᠷᠥᠯ ᠰᠠᠳᠤᠨ ᠢᠶᠠᠨ ᠬᠠᠶᠢᠷᠠᠯᠠᠬᠤ ᠠᠵᠢᠯᠯᠠᠭ᠎ᠠ᠂ ᠡᠷᠡᠭᠦᠯ ᠴᠢᠭᠢᠷᠠᠭ ᠠᠮᠢᠳᠤᠷᠠᠯ ᠤᠨ ᠠᠵᠢᠯᠯᠠᠭ᠎ᠠ᠂ ᠠᠮᠢ ᠠᠬᠤᠶ ᠶᠢᠨ ᠪᠣᠯᠪᠠᠰᠤᠨ ᠤ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠭᠠᠨ᠎ᠠ᠃    8. ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ︽ᠵᠢᠷᠭᠤᠭᠠᠨ ᠶᠡᠭᠡ ᠢᠨᠵᠧᠨᠧᠷᠢᠩ︾᠄ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠭᠡᠷ ᠪᠦᠯᠢ ᠵᠡᠷᠭᠡ ᠪᠣᠯᠪᠠᠰᠤᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠨ᠎ᠠ᠃     9. ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠢ ᠬᠥᠲᠥᠯᠥᠨ ᠳᠠᠭᠠᠭᠤᠯᠬᠤ᠂ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠲᠤᠯᠭᠠᠭᠤᠷᠢ ᠦᠢᠯᠡᠳᠦᠯ ᠢ ᠪᠠᠳᠠᠷᠠᠭᠤᠯᠬᠤ ᠪᠣᠯ ᠹᠧᠩ ᠴᠢᠶᠣᠤ ᠶᠢᠨ ᠲᠤᠷᠰᠢᠯᠭ᠎ᠠ ᠶᠢᠨ ᠭᠤᠣᠯᠳᠠᠯᠭ᠎ᠠ ᠮᠥᠨ︔ ᠠᠷᠠᠳ ᠣᠯᠠᠨ ᠳᠤ ᠲᠦᠰᠢᠭᠯᠡᠨ ᠦᠨᠳᠦᠰᠦᠨ ᠱᠠᠲᠤᠨ ᠤ ᠠᠰᠠᠭᠤᠳᠠᠯ ᠢ ᠰᠢᠢᠳᠪᠦᠷᠢᠯᠡᠬᠦ ᠪᠣᠯ ︽ᠹᠧᠩ ᠴᠢᠶᠣᠤ ᠶᠢᠨ ᠲᠤᠷᠰᠢᠯᠭ᠎ᠠ︾᠎ ᠶᠢᠨ ᠠᠮᠢᠨ ᠰᠦᠨᠡᠰᠦ ᠮᠥᠨ︔ ︽ᠪᠠᠭ᠎ᠠ ᠶᠠᠪᠤᠳᠠᠯ ᠢ ᠲᠣᠰᠬᠤᠨ ᠠᠴᠠ ᠪᠠᠨ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠪᠠᠨ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ︾᠎ ᠶᠢ ᠪᠠᠷᠢᠮᠳᠠᠯᠠᠬᠤ ᠪᠣᠯ ︽ᠹᠧᠩ ᠴᠢᠶᠣᠤ ᠶᠢᠨ ᠲᠤᠷᠰᠢᠯᠭ᠎ᠠ︾᠎ ᠶᠢᠨ ᠭᠤᠣᠯ ᠴᠢᠮᠥᠭᠡ ᠪᠣᠯᠤᠨ᠎ᠠ︔ ︽ᠬᠥᠮᠦᠨ ᠪᠠᠷᠢᠬᠤ ᠨᠢ ᠴᠥᠭᠡᠨ᠂ ᠠᠮᠤᠷ ᠲᠦᠪᠰᠢᠨ ᠰᠠᠶᠢᠨ︾᠂ ᠠᠷᠠᠳ ᠲᠦᠮᠡᠨ ᠠᠮᠤᠷ ᠵᠢᠮᠦᠷ ᠠᠵᠤ ᠲᠦᠷᠦᠭᠦ ᠶᠢ ᠪᠡᠶᠡᠯᠡᠭᠦᠯᠬᠦ ᠪᠣᠯ ︽ᠹᠧᠩ ᠴᠢᠶᠣᠤ ᠶᠢᠨ ᠲᠤᠷᠰᠢᠯᠭ᠎ᠠ︾᠎ ᠶᠢᠨ ᠦᠷᠳᠡᠭ ᠤᠨ ᠬᠥᠭᠡᠭᠡᠴᠡᠯᠳᠦᠯ ᠮᠥᠨ᠃     10. ᠰᠠᠶᠢᠨ ᠺᠠᠳ᠋ᠷ ᠤᠨ ᠪᠠᠷᠢᠮᠵᠢᠶ᠎ᠠ᠄ ᠢᠲᠡᠭᠡᠯ ᠪᠢᠰᠢᠷᠡᠯ ᠢᠶᠠᠨ ᠪᠠᠲᠤᠳᠬᠠᠬᠤ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠬᠡᠯᠡᠵᠦ ᠪᠤᠢ᠃     11. ︽ᠨᠢᠭᠡ ᠲᠦᠪ ᠤᠯᠠᠨ ᠴᠡᠭᠲᠦ︾ ᠴᠢᠳᠠᠪᠤᠷᠢᠲᠠᠨ ᠤ ᠠᠵᠢᠯ ᠤᠨ ᠲᠤᠭᠲᠠᠮᠵᠢ᠄ ᠭᠠᠳᠠᠭᠰᠢ ᠪᠠᠨ ᠨᠠᠶᠢᠰᠯᠠᠯ ᠢᠶᠠᠷ ᠲᠥᠪ ᠪᠣᠯᠭᠠᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠢᠴᠢ ᠳᠤᠮᠳᠠᠳᠤ ᠤᠷᠤᠨ᠂ ᠪᠠᠷᠠᠭᠤᠨ ᠬᠤᠶᠢᠲᠤ ᠣᠷᠣᠨ᠂ ᠵᠡᠭᠦᠨ ᠬᠤᠶᠢᠲᠤ ᠣᠷᠣᠨ ᠵᠡᠷᠭᠡ ᠭᠠᠵᠠᠷ ᠤᠷᠤᠨ ᠢᠶᠠᠷ ᠣᠯᠠᠨ ᠴᠡᠭ ᠪᠤᠯᠭᠠᠵᠦ᠂ ᠪᠡᠭᠡᠵᠢᠩ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠂ ᠰᠢᠨ᠎ᠡ ᠶᠢ ᠡᠭᠦᠳᠬᠦ ᠭᠤᠣᠯ ᠲᠥᠪᠯᠡᠷᠡᠭᠰᠡᠨ ᠭᠠᠵᠠᠷ ᠣᠷᠣᠨ ᠢ ᠬᠦᠢᠴᠡᠳ ᠠᠰᠢᠭᠯᠠᠨ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠤᠶᠠᠨ ᠬᠠᠳᠠᠨ ᠴᠢᠨᠠᠷᠲᠠᠢ ᠴᠢᠳᠠᠪᠤᠷᠢᠲᠠᠨ ᠲᠠᠲᠠᠬᠤ ᠪᠠᠷ ᠭᠤᠤᠯ ᠭᠠᠷᠳᠠᠴᠠ ᠪᠠ ᠭᠤᠤᠯ ᠠᠵᠢᠯ ᠤᠨ ᠠᠷᠭ᠎ᠠ ᠬᠡᠯᠪᠡᠷᠢ ᠪᠤᠯᠭᠠᠵᠦ᠂ ᠤᠷᠤᠨ ᠨᠤᠳᠤᠭ ᠢ ᠬᠦᠬᠡᠬᠡᠴᠡᠯᠳᠦᠬᠦ ᠦᠬᠡᠢ᠂ ᠴᠢᠳᠠᠪᠤᠷᠢᠳᠠᠨ ᠢ ᠬᠦᠨᠳᠦᠳᠬᠡᠨ ᠬᠡᠷᠡᠭᠯᠡᠬᠦ ᠶᠢ ᠯᠡ ᠬᠦᠬᠡᠬᠡᠴᠡᠯᠳᠦᠵᠦ᠂ ᠤᠶᠠᠨ ᠬᠠᠳᠠᠨ ᠴᠢᠨᠠᠷᠲᠠᠢ ᠴᠢᠳᠠᠪᠤᠷᠢᠲᠠᠨ ᠤᠷᠢᠬᠤ ᠶᠢ ᠶᠡᠬᠡᠪᠡᠷ ᠠᠬᠢᠭᠤᠯᠤᠨ᠎ᠠ︔ ᠲᠤᠳᠤᠭᠠᠳᠤ ᠳᠠᠭᠠᠨ ᠤᠷᠤᠨ ᠤ ᠲᠦᠪ ᠢᠶᠠᠷ ᠭᠤᠤᠯᠳᠠᠯᠭ᠎ᠠ ᠪᠤᠯᠭᠠᠵᠦ᠂ ᠲᠦᠪ ᠬᠤᠳᠠ ᠶᠢᠨ ᠴᠢᠳᠠᠪᠤᠷᠢᠳᠠᠨ ᠬᠤᠷᠠᠨ ᠴᠤᠭᠯᠠᠷᠠᠬᠤ ᠭᠠᠵᠠᠷ ᠣᠷᠣᠨ ᠢ ᠴᠣᠭᠴᠠᠯᠠᠨ ᠪᠠᠶᠢᠭᠤᠯᠵᠦ᠂ ᠲᠥᠪ ᠬᠤᠳᠠ ᠶᠢᠨ ᠳᠡᠭᠡᠳᠦ ᠳᠡᠰ ᠤᠨ ᠴᠢᠳᠠᠪᠤᠷᠢᠲᠠᠨ ᠬᠤᠷᠠᠨ ᠴᠤᠭᠯᠠᠷᠠᠬᠤ ᠦᠢᠯᠡᠴᠢᠯᠡᠯ ᠢ ᠪᠦᠷᠢᠯᠳᠦᠭᠦᠯᠵᠦ᠂ ᠬᠥᠬᠡᠬᠤᠲᠠ᠂ ᠪᠤᠭᠤᠳᠤ᠂ ᠣᠷᠳᠣᠰ ᠬᠤᠲᠠ᠂ ᠤᠯᠠᠭᠠᠨᠴᠠᠪ ᠤᠨ ᠠᠵᠤ ᠦᠢᠯᠡᠰ ᠤᠨ ᠪᠦᠯᠦᠭᠯᠡᠯ᠂ ᠬᠠᠲᠤᠨ ᠭᠤᠣᠯ ᠳᠠᠭᠠᠤ ᠤᠷᠤᠨ ᠤ ᠠᠵᠦ ᠠᠬᠤᠢ ᠶᠢᠨ ᠪᠦᠰᠡ᠂ ᠥᠪᠥᠷ ᠮᠣᠩᠭᠤᠯ ᠤᠨ ᠵᠡᠭᠦᠨ ᠪᠦᠰᠡ ᠨᠤᠲᠤᠭ ᠢᠶᠠᠷ ᠣᠯᠠᠨ ᠴᠡᠭ ᠢᠶᠠᠷ ᠪᠦᠬᠦ ᠪᠦᠰᠡ ᠨᠤᠲᠤᠭ ᠲᠤ ᠴᠢᠳᠠᠪᠤᠷᠢᠲᠠᠨ ᠬᠤᠷᠠᠨ ᠴᠤᠭᠯᠠᠷᠠᠬᠤ ᠶᠢ ᠬᠡᠯᠡᠵᠦ ᠪᠤᠢ᠃     12. ︽ᠲᠠᠪᠤ ᠶᠢ ᠬᠠᠮᠵᠢᠯᠴᠠᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ︾ ᠬᠥᠭᠵᠢᠯᠲᠡ ᠶᠢᠨ ᠲᠣᠭᠲᠠᠴᠠ᠄ ᠰᠢᠰᠲ᠋ᠧᠮᠵᠢᠭᠦᠯᠦᠨ ᠲᠥᠯᠥᠪᠵᠢᠭᠦᠯᠬᠦ ᠂ ᠳᠦᠷᠢᠮᠵᠢᠭᠦᠯᠦᠨ ᠵᠢᠷᠤᠮᠵᠢᠭᠤᠯᠬᠤ᠂ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ᠂ ᠲᠥᠷᠥᠯ ᠵᠦᠢᠯᠵᠢᠭᠦᠯᠦᠨ ᠠᠬᠢᠭᠤᠯᠬᠤ᠂ ᠮᠡᠳᠡᠭᠡ ᠵᠠᠩᠭᠢᠵᠢᠭᠤᠯᠤᠨ ᠲᠤᠯᠭᠠᠭᠤᠷᠢᠯᠠᠬᠤ ᠶᠢ ᠵᠢᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠬᠠᠲᠠᠭᠤᠵᠢᠬᠤ ᠶᠢ ᠲᠠᠰᠤᠷᠠᠯᠲᠠ ᠤᠢᠭᠡᠢ ᠠᠬᠢᠭᠤᠯᠤᠨ᠎ᠠ᠃     13. ︽ᠭᠤᠷᠪᠠᠨ ᠬᠤᠷᠠᠯ ᠨᠢᠭᠡ ᠬᠢᠴᠢᠶᠡᠯ︾᠎ ᠤᠨ ᠳᠦᠷᠢᠮ᠄ ︽ᠭᠤᠷᠪᠠᠨ ᠬᠤᠷᠠᠯ︾ ᠭᠡᠳᠡᠭ ᠨᠢ ᠨᠠᠮ ᠤᠨ ᠡᠬᠦᠷ ᠤᠨ ᠨᠠᠮ ᠤᠨ ᠭᠡᠰᠢᠭᠦᠳ ᠤᠨ ᠶᠡᠭᠡ ᠬᠤᠷᠠᠯ᠂ ᠨᠠᠮ ᠤᠨ ᠡᠭᠦᠷ ᠤᠨ ᠭᠡᠰᠢᠭᠦᠳ ᠤᠨ ᠬᠤᠷᠠᠯ᠂ ᠨᠠᠮ ᠤᠨ ᠳᠤᠭᠤᠶᠢᠯᠠᠩ ᠤᠨ ᠬᠤᠷᠠᠯ ᠢ ᠵᠢᠭᠠᠨ᠎ᠠ︔ ︽ᠨᠢᠭᠡ ᠬᠢᠴᠢᠶᠡᠯ︾ ᠭᠡᠳᠡᠭ ᠨᠢ ᠨᠠᠮ ᠤᠨ ᠬᠢᠴᠢᠶᠡᠯ ᠢ ᠵᠢᠭᠠᠵᠤ ᠪᠠᠶᠢᠨ᠎ᠠ᠃    14. ᠲᠠᠪᠤᠨ ᠬᠢᠵᠠᠭᠠᠷ ᠤᠨ ᠠᠵᠢᠯᠯᠠᠭ᠎ᠠ᠄ ᠦᠵᠡᠯ ᠰᠠᠨᠠᠭ᠎ᠠ ᠪᠠᠷ ᠬᠢᠯᠢ ᠬᠢᠵᠠᠭᠠᠷ ᠢ ᠪᠠᠶᠢᠭᠤᠯᠬᠤ᠂ ᠵᠣᠬᠢᠶᠠᠨ ᠪᠠᠶᠢᠭᠤᠯᠤᠯᠲᠠ ᠪᠠᠷ ᠬᠢᠯᠢ ᠬᠢᠵᠠᠭᠠᠷ ᠢ ᠪᠠᠬᠢᠵᠢᠭᠦᠯᠬᠦ ᠂ ᠠᠷᠠᠳ ᠢ ᠪᠠᠶᠠᠵᠢᠭᠤᠯᠤᠨ ᠬᠢᠯᠢ ᠬᠢᠵᠠᠭᠠᠷ ᠢ ᠬᠥᠭᠵᠢᠭᠦᠯᠬᠦ᠂ ᠬᠠᠪᠰᠤᠷᠤᠨ ᠲᠡᠳᠬᠦᠵᠦ ᠬᠢᠯᠢ ᠬᠢᠵᠠᠭᠠᠷ ᠢ ᠬᠦᠴᠦᠷᠬᠡᠭᠵᠢᠭᠦᠯᠬᠦ᠂ ᠬᠠᠮᠲᠤ ᠪᠠᠷ ᠪᠦᠲᠦᠭᠡᠨ ᠪᠠᠶᠢᠭᠤᠯᠵᠤ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠶᠢ ᠵᠢᠭᠠᠨ᠎ᠠ᠃ 15. ᠳᠥᠷᠪᠡᠨ ᠰᠤᠷᠲᠠᠯ᠄ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠵᠢᠭᠠᠵᠤ ᠪᠠᠶᠢᠨ᠎ᠠ᠃    16. ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠄ ︽ᠨᠢᠭᠡ ᠠᠵᠢᠯ ᠤᠨ ᠪᠠᠶᠢᠷᠢ︾ ᠭᠡᠳᠡᠭ ᠨᠢ ᠨᠢᠭᠡ ᠤᠳᠤᠷᠢᠳᠬᠤ ᠺᠠᠳ᠋ᠷ ᠤᠨ ᠲᠤᠰᠢᠶᠠᠯ ᠲᠠᠢ ᠵᠣᠬᠢᠴᠠᠯᠳᠤᠭᠰᠠᠨ ᠠᠵᠢᠯ ᠤᠨ ᠪᠠᠶᠢᠷᠢ ᠶᠢ ᠵᠢᠭᠠᠵᠤ ᠪᠠᠶᠢᠨ᠎ᠠ︔ ︽ᠬᠤᠣᠰ ᠬᠠᠷᠢᠭᠤᠴᠠᠯᠭ᠎ᠠ︾ ᠭᠡᠳᠡᠭ ᠨᠢ ᠨᠢᠭᠡ ᠤᠳᠤᠷᠢᠳᠬᠤ ᠺᠠᠳ᠋ᠷ ᠪᠠᠶᠢᠭ᠎ᠠ ᠠᠵᠢᠯ ᠤᠨ ᠪᠠᠶᠢᠷᠢ ᠳᠠᠭᠠᠨ ᠡᠭᠦᠷᠭᠡᠯᠡᠪᠡᠰᠦ ᠵᠣᠬᠢᠬᠤ ᠪᠣᠳᠠᠲᠠᠢ ᠲᠤᠬᠠᠶᠢᠯᠠᠭᠰᠠᠨ ᠠᠵᠢᠯ ᠳᠠᠭᠠᠨ ᠬᠠᠷᠢᠭᠤᠴᠠᠬᠤ ᠮᠥᠷᠲᠡᠭᠡᠨ ᠪᠠᠰᠠ ᠪᠠᠶᠢᠭ᠎ᠠ ᠠᠵᠢᠯ ᠤᠨ ᠪᠠᠶᠢᠷᠢ ᠳᠠᠭᠠᠨ ᠡᠭᠦᠷᠭᠡᠯᠡᠪᠡᠰᠦ ᠵᠣᠬᠢᠬᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠳᠤ ᠬᠠᠷᠢᠭᠤᠴᠠᠬᠤ ᠶᠢ ᠵᠢᠭᠠᠵᠤ ᠪᠠᠶᠢᠨ᠎ᠠ᠃   17. ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠳᠥᠷᠪᠡᠨ ᠵᠦᠢᠯ ᠤᠨ ᠬᠡᠯᠪᠡᠷᠢ︾᠄ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠬᠦ᠂ ᠪᠣᠯᠵᠣᠨ ᠶᠠᠷᠢᠯᠴᠠᠵᠤ ᠵᠠᠬᠢᠳᠠᠯ ᠢᠶᠠᠷ ᠠᠰᠠᠭᠤᠬᠤ ᠶᠢ ᠦᠷᠭᠦᠯᠵᠢ ᠥᠷᠨᠢᠭᠦᠯᠤᠨ᠂ ︽ᠨᠢᠭᠤᠷ ᠤᠯᠠᠶᠢᠯᠭᠠᠨ ᠬᠥᠯᠥᠰᠥ ᠭᠠᠷᠭᠠᠬᠤ︾᠎ ᠶᠢ ᠬᠡᠪ ᠤᠨ ᠪᠠᠶᠢᠳᠠᠯ ᠪᠣᠯᠭᠠᠨ᠎ᠠ︔ ᠨᠠᠮ ᠤᠨ ᠰᠠᠬᠢᠯᠭ᠎ᠠ ᠪᠠᠲᠤ ᠶᠢᠨ ᠬᠦᠡᠭᠭᠡᠨ ᠰᠢᠢᠳᠬᠡᠯ ᠥᠭᠬᠦ᠂ ᠵᠣᠬᠢᠶᠠᠨ ᠪᠠᠶᠢᠭᠤᠯᠤᠯᠲᠠ ᠶᠢᠨ ᠳᠤᠬᠢᠷᠠᠭᠤᠯᠤᠯᠳᠠ ᠬᠢᠬᠦ ᠶᠢ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠶᠢᠨ ᠣᠯᠠᠩᠬᠢ ᠲᠣᠭᠠᠲᠠᠨ ᠪᠣᠯᠭᠠᠨ᠎ᠠ︔ ᠨᠠᠮ ᠤᠨ ᠰᠠᠬᠢᠯᠭ᠎ᠠ ᠪᠠᠲᠤ ᠶᠢᠨ ᠬᠦᠨᠳᠦ ᠰᠢᠢᠳᠬᠡᠯ ᠥᠭᠬᠦ᠂ ᠴᠢᠬᠤᠯᠠ ᠶᠡᠭᠡ ᠲᠤᠰᠢᠶᠠᠯ ᠤᠨ ᠲᠣᠬᠢᠷᠠᠭᠤᠯᠤᠯᠲᠠ ᠬᠢᠬᠦ ᠶᠢ ᠴᠥᠭᠡᠨ ᠲᠣᠭᠠᠲᠠᠨ ᠪᠣᠯᠭᠠᠨ᠎ᠠ︔ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠵᠦ ᠬᠠᠤᠯᠢ ᠶᠢ ᠵᠥᠷᠢᠴᠡᠭᠰᠡᠨ ᠰᠡᠵᠢᠭᠯᠡᠯᠲᠡᠢ ᠪᠠᠶᠢᠬᠤ ᠶᠢ ᠬᠡᠷᠡᠭ ᠪᠣᠯᠭᠠᠨ ᠲᠠᠩᠰᠠᠯᠠᠵᠤ ᠬᠢᠨᠠᠨ ᠪᠠᠶᠢᠴᠠᠭᠠᠬᠤ ᠶᠠᠪᠤᠳᠠᠯ ᠢ ᠴᠥᠭᠡᠨ ᠪᠤᠯᠭᠠᠨ᠎ᠠ᠃    
ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ