ᠤᠳᠤ ᠲᠠᠪᠤᠨ ᠵᠢᠯ ᠤᠨ ᠲᠤᠷᠰᠢᠬᠢ ᠪᠦᠬᠦ ᠬᠤᠳᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ | ᠦᠨᠳᠦᠰᠦᠨ ᠪᠠᠶᠢᠳᠠᠯ ᠵᠢᠴᠢ ᠬᠤᠶᠢᠰᠢᠳᠠ ᠶᠢᠨ ᠠᠵᠢᠯ ᠤᠨ ᠰᠠᠨᠠᠭᠤᠯᠭ᠎ᠠ ᠶᠢ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠳᠣᠣᠷᠠᠬᠢ ᠮᠡᠲᠦ ᠮᠡᠳᠡᠭᠦᠯᠦᠶ᠎ᠡ᠂ ᠬᠢᠨᠠᠨ ᠪᠠᠶᠢᠴᠠᠭᠠᠬᠤ ᠪᠣᠯᠪᠠᠤ᠃ | ᠨᠢᠭᠡ᠂ ᠲᠠᠪᠤᠨ ᠵᠢᠯ ᠤᠨ ᠲᠤᠷᠰᠢᠬᠢ ᠠᠵᠢᠯ ᠤᠨ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠳᠠ ᠶᠢᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ︽ᠲᠦᠷᠪᠡᠨ ᠤᠬᠠᠮᠰᠠᠷ︾ ᠢ ᠴᠢᠩᠭᠠᠷᠠᠭᠤᠯᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ | ᠂ ᠦᠨᠡᠨᠴᠢ ᠰᠢᠳᠤᠷᠭᠤ ᠪᠠᠷ ᠡᠭᠦᠷᠭᠡ ᠪᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠴᠢᠨᠠᠷ ᠰᠠᠶᠢᠲᠠᠢ ᠬᠥᠭᠵᠢᠯᠲᠡ ᠲᠡᠰᠢ ᠯᠠᠪᠳᠠᠭᠤᠨ ᠢᠶᠠᠷ ᠠᠬᠢᠪᠠ᠃ | ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠬᠦᠲᠦᠯᠦᠭᠦᠯᠵᠦ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠪᠡ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠬᠤ ᠳᠤᠮᠳᠠ ᠵᠥᠪ ᠴᠢᠭᠯᠡᠯ ᠢ ᠪᠠᠲᠤᠳᠬᠠᠪᠠ᠃ | ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ | ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ | ᠲᠦᠷᠦᠭᠦᠯᠡᠨ ᠤᠨᠤᠯ ᠰᠤᠷᠤᠯᠴᠠᠨ᠂ ᠢᠲᠡᠭᠡᠯ ᠵᠤᠷᠢᠭ ᠢᠶᠠᠨ ᠴᠢᠩᠭᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠥᠯᠦᠨ ᠪᠤᠶᠢᠷ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠣᠳᠠᠲᠤ | ᠪᠠᠶᠢᠳᠠᠯ ᠲᠠᠢ ᠨᠢᠭᠲᠠ ᠤᠶᠠᠯᠳᠤᠭᠤᠯᠵᠤ᠂ ᠢᠮᠠᠭᠲᠠ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠪᠠ᠃ ᠤᠯᠤᠰ ᠲᠦᠷᠦ ᠶᠢᠨ ᠬᠢᠨᠠᠯᠲᠠ ᠶᠢ | ᠴᠢᠩᠭᠠᠳᠬᠠᠬᠤ᠂ ︽ᠭᠤᠷᠪᠠᠨ ᠢᠯᠵᠠᠷᠠᠬᠤ ᠦᠬᠡᠢ︾ ᠶᠢ ᠨᠢᠭᠡ ᠴᠤᠭᠴᠠᠵᠢᠭᠤᠯᠤᠨ ᠠᠬᠢᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠡᠷᠡᠭ ᠢᠶᠠᠷ ᠬᠠᠯᠠᠨ ᠰᠠᠶᠢᠵᠢᠷᠠᠭᠤᠯᠤᠯᠳᠠ ᠶᠢ ᠠᠬᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ | ᠶᠠᠷᠢᠯᠴᠠᠯᠭ᠎ᠠ ᠰᠤᠳᠤᠯᠤᠯᠲᠠ ᠦᠷᠨᠢᠭᠦᠯᠵᠦ᠂ ᠠᠵᠢᠯ ᠶᠠᠪᠤᠳᠠᠯ ᠰᠡᠳᠭᠢᠬᠦ ᠰᠠᠭᠤᠷᠢ ᠶᠢ ᠪᠠᠲᠤᠳᠬᠠᠨ᠂ ᠠᠵᠢᠯ ᠶᠠᠪᠤᠳᠠᠯ ᠢ ᠪᠦᠲᠦᠭᠡᠬᠦ ᠠᠷᠭ᠎ᠠ ᠵᠠᠮ ᠢ ᠡᠵᠡᠮᠳᠡᠵᠦ᠂ | ᠠᠵᠢᠯ ᠤᠨ ᠬᠢᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠪᠡ᠃ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤᠮᠳᠠ ᠤᠯᠤᠰ ᠲᠦᠷᠦ ᠶᠢᠨ ᠬᠢᠨᠠᠯᠲᠠ ᠶᠢ | ᠴᠢᠩᠭᠠᠳᠬᠠᠪᠠ᠃ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠵᠡᠷᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠠᠭᠠᠵᠤ ᠬᠢᠨᠠᠯᠲᠠ ᠲᠠᠯᠪᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠳᠠᠯᠠᠵᠤ᠂ ᠲᠥᠪ ᠴᠢᠩᠭ᠎ᠠ ᠤᠯᠤᠰ ᠲᠥᠷᠥ ᠶᠢᠨ ᠬᠢᠨᠠᠯᠲᠠ ᠪᠠᠷ ᠵᠠᠰᠠᠭ ᠤᠨ | ᠵᠠᠷᠯᠢᠭ ᠢ ᠰᠠᠭᠠᠳ ᠥᠬᠡᠶ ᠬᠡᠷᠡᠭᠵᠢᠭᠦᠯᠬᠦ ᠶᠢ ᠬᠠᠮᠠᠭᠠᠯᠠᠪᠠ᠃ ᠲᠠᠪᠤᠨ ᠵᠢᠯ ᠤᠨ ᠲᠤᠷᠰᠢ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ | 52 ᠪᠠᠶᠢᠴᠠᠭᠠᠨ ᠰᠢᠢᠳᠪᠦᠷᠢᠯᠡᠵᠦ᠂ 52 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠥᠭᠴᠡᠶ︔ ︽ᠬᠤᠶᠠᠷ ᠬᠠᠷᠢᠭᠤᠴᠠᠯᠭ᠎ᠠ︾ ᠭᠦᠢᠴᠡᠳ | ᠪᠤᠰᠤ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠨ ᠵᠡᠷᠭᠡ ᠠᠰᠠᠭᠤᠳᠠᠯ ᠢ 679 ᠨᠠᠶᠢᠳᠠᠪᠤᠷᠢᠵᠢᠭᠤᠯᠵᠤ᠂ 422 ᠬᠥᠮᠦᠨ ᠳᠤ ᠨᠠᠮ | ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠥᠭᠴᠦ᠂ 165 ᠬᠥᠮᠦᠨ ᠳᠤ ᠵᠣᠬᠢᠶᠠᠨ ᠪᠠᠶᠢᠭᠤᠯᠤᠯᠲᠠ ᠶᠢᠨ ᠰᠢᠢᠳᠭᠡᠯ ᠦᠭᠪᠡ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠬᠢᠨᠠᠯᠲᠠ ᠲᠠᠯᠪᠢᠬᠤ ᠶᠢ ᠤᠨᠤᠴᠠᠲᠠᠢ ᠪᠦᠲᠦᠮᠵᠢᠲᠡᠢ ᠠᠬᠢᠭᠤᠯᠵᠤ᠂ 58 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ | ᠥᠭᠴᠦ᠂ 116 ᠬᠥᠮᠦᠨ ᠳᠤ ᠵᠣᠬᠢᠶᠠᠨ ᠪᠠᠶᠢᠭᠤᠯᠤᠯᠲᠠ ᠶᠢᠨ ᠰᠢᠢᠳᠭᠡᠯ ᠦᠭᠴᠦ᠂ 54 ᠬᠤᠭᠤᠴᠠᠭᠠᠨ ᠤ 178 ᠬᠥᠮᠦᠨ ᠤᠳᠠᠭ᠎ᠠ ᠶᠢ ᠮᠡᠳᠡᠭᠡᠯᠡᠨ ᠢᠯᠡᠴᠢᠯᠡᠪᠡ᠃ | ᠪᠠᠲᠤᠮᠦ᠋ᠩᠬᠡ ᠶᠢᠨ ︽ᠴᠠᠭᠠᠰᠤᠨ ᠳᠡᠭᠡᠷ᠎ᠡ ᠡᠷᠡᠭᠦᠦ ᠰᠢᠢᠳᠭᠡᠯ ᠭᠦᠢᠴᠡᠳᠬᠡᠭᠰᠡᠨ︾ ᠬᠡᠷᠡᠭ ᠲᠤ ᠬᠤᠯᠪᠣᠭᠳᠠᠭᠰᠠᠨ 84 ᠬᠠᠷᠢᠭᠤᠴᠠᠯᠭᠠᠲᠠᠨ ᠢ ᠴᠢᠩᠭ᠎ᠠ ᠨᠡᠬᠡᠮᠵᠢᠯᠡᠵᠦ | ᠂ 54 ᠬᠥᠮᠦᠨ ᠳᠤ ᠰᠢᠢᠳᠭᠡᠯ ᠥᠭᠴᠦ᠂ 10 ᠬᠥᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠪᠡ᠃ | ᠦᠷᠭᠦᠯᠵᠢᠯᠡᠨ ᠮᠦᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠳᠤᠮᠳᠠ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠦᠨ ᠰᠡᠷᠭᠦᠭᠡᠪᠡ᠃ ᠵᠠᠩ ᠢᠦᠢ | ᠵᠢᠶᠦ᠋ᠨ᠂ ᠯᠢᠶᠠᠩ ᠵᠢᠢ ᠬᠤᠩ᠂ ᠸᠠᠩ ᠶᠦᠩ ᠱᠧᠩ ᠵᠡᠷᠭᠡ ᠬᠥᠮᠦᠰ ᠤᠨ ᠬᠡᠷᠡᠭ ᠠᠴᠠ ᠢᠯᠡᠷᠡᠭᠰᠡᠨ ᠠᠰᠠᠭᠤᠳᠠᠯ ᠲᠠᠢ ᠤᠶᠠᠯᠳᠤᠭᠤᠯᠤᠨ᠂ ᠦᠨᠳᠦᠰᠦ ᠰᠤᠷᠪᠤᠯᠵᠢ | ᠪᠤᠢ ᠪᠣᠯᠤᠭᠰᠠᠨ ᠰᠢᠯᠲᠠᠭᠠᠨ ᠢ ᠵᠠᠳᠠᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠭᠠᠵᠠᠷ ᠣᠷᠣᠨ ᠤ ᠵᠠᠰᠠᠯᠲᠠ᠂ ᠠᠵᠢᠯ ᠲᠦᠷᠦᠯ ᠤᠨ | ᠵᠠᠰᠠᠯᠲᠠ ᠪᠠ ᠤᠯᠤᠰ ᠲᠦᠷᠦ ᠶᠢᠨ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠪᠠ᠃ ᠤᠯᠤᠰ ᠲᠥᠷᠥ ᠶᠢᠨ ᠠᠮᠢ ᠠᠬᠤᠶ ᠶᠢᠨ ᠦᠨᠡᠯᠡᠯᠲᠡ ᠶᠢᠨ ᠲᠣᠭᠲᠠᠴᠠ ᠶᠢ | ᠪᠦᠷᠢᠨᠰᠢᠬᠦᠯᠵᠦ᠂ ᠪᠥᠬᠦ ᠣᠷᠣᠨ ᠳᠤ ︽ᠤᠯᠤᠰ ᠲᠥᠷᠥ ᠶᠢᠨ ᠠᠮᠢ ᠠᠬᠤᠶ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠠᠵᠢᠯ ᠤᠨ ᠠᠷᠭ᠎ᠠ︾ ᠶᠢ ᠬᠠᠮᠤᠭ | ᠲᠡᠷᠢᠭᠦᠨ ᠳᠤ ᠨᠡᠶᠢᠲᠡᠯᠡᠪᠡ᠃ ᠴᠢᠭᠡᠴᠢ ᠰᠤᠷᠲᠠᠯ ᠲᠦᠪ ᠤᠪᠤᠷ ᠢ ᠡᠷᠴᠢᠮᠲᠡᠢ ᠪᠠᠳᠠᠷᠠᠭᠤᠯᠵᠤ᠂ ᠤᠯᠠᠨ ᠲᠦᠮᠡᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠦᠲᠦᠮᠵᠢ ᠳᠠᠬᠢ ᠬᠠᠨᠤᠮᠵᠢ ᠶᠢᠨ ᠬᠡᠮᠵᠢᠶ᠎ᠡ ᠶᠢ 94.84% ᠪᠣᠯᠲᠠᠯ᠎ᠠ ᠳᠡᠭᠡᠭᠰᠢᠯᠡᠭᠦᠯᠵᠦ᠂ ᠭᠠᠵᠠᠷ | ᠣᠷᠣᠨ ᠤ ᠤᠯᠤᠰ ᠲᠦᠷᠦ ᠶᠢᠨ ᠠᠮᠢ ᠠᠬᠤᠶ ᠦᠷᠭᠦᠯᠵᠢᠯᠡᠨ ᠰᠠᠶᠢᠵᠢᠷᠠᠪᠠ᠃ | ︵ᠬᠤᠶᠠᠷ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠴᠢᠳᠠᠮᠵᠢ ᠪᠣᠯᠭᠠᠨ | ᠲᠠᠰᠤᠷᠠᠯᠲᠠ ᠦᠭᠡᠢ ᠬᠤᠪᠢᠷᠠᠭᠤᠯᠪᠠ | ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠪᠠ᠃ ᠬᠢᠨᠠᠨ ᠪᠠᠶᠢᠴᠠᠭᠠᠬᠤ ᠵᠥᠪᠯᠡᠯ ᠢ ᠬᠠᠤᠯᠢ ᠶᠣᠰᠣᠭᠠᠷ ᠪᠠᠶᠢᠭᠤᠯᠵᠤ᠂ ᠪᠦᠬᠦ | ᠬᠤᠲᠠ ᠶᠢᠨ ᠪᠠᠶᠢᠴᠠᠭᠠᠬᠤ ᠪᠠᠶᠢᠭᠤᠯᠭ᠎ᠠ ᠶᠢᠨ 211 ᠬᠥᠮᠦᠨ ᠢ ᠰᠢᠯᠵᠢᠭᠦᠯᠦᠨ ᠬᠠᠮᠢᠶᠠᠷᠬᠤ ᠶᠢ ᠪᠡᠶᠡᠯᠡᠭᠦᠯᠵᠦ᠂ ᠭᠦᠨᠵᠡᠭᠡᠢ ᠠᠭᠤᠰᠤᠯᠴᠠᠬᠤ ᠪᠠᠷ ᠳᠠᠮᠵᠢᠨ᠂ | ᠢᠯᠵᠠᠷᠠᠯ ᠢ ᠡᠰᠡᠷᠭᠦᠴᠡᠬᠦ ᠬᠦᠴᠦᠨ ᠢ ᠨᠡᠩ ᠲᠥᠪᠯᠡᠷᠡᠭᠦᠯᠦᠨ ᠨᠢᠭᠡᠳᠭᠡᠪᠡ᠃ ᠬᠤᠲᠠ ᠶᠢᠨ ᠱᠠᠲᠤᠨ ᠤ 64 ᠨᠠᠮ ᠪᠠ ᠲᠥᠷᠥ ᠶᠢᠨ ᠪᠠᠶᠢᠭᠤᠯᠭ᠎ᠠ ᠳᠤ 25 ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠵᠤ᠂ ᠤᠯᠤᠰ ᠤᠨ ᠥᠮᠴᠢᠯᠡᠯ ᠤᠨ 3 ᠡᠷᠦᠬᠡ ᠠᠵᠤ ᠠᠬᠤᠶᠢᠯᠠᠯ ᠳᠤ ᠬᠢᠨᠠᠨ | ᠪᠠᠶᠢᠴᠠᠭᠠᠬᠤ ᠲᠤᠰᠬᠠᠶ ᠲᠤᠰᠢᠶᠠᠯᠲᠠᠨ ᠲᠣᠮᠢᠯᠠᠨ᠂ ᠡᠯ᠎ᠡ ᠬᠤᠰᠢᠭᠤ ᠬᠤᠲᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠠᠴᠠ 180 ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠵᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠶᠢ | ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠬᠠᠤᠯᠢ ᠶᠣᠰᠣᠭᠠᠷ ᠥᠷᠭᠡᠳᠬᠡᠵᠦ᠂ ᠪᠦᠬᠦ ᠬᠤᠳᠠ ᠶᠢᠨ ᠬᠢᠨᠠᠨ | ᠪᠠᠶᠢᠴᠠᠭᠠᠭᠳᠠᠬᠤ ᠡᠲᠡᠭᠡᠳ 5. 6 ᠲᠦᠮᠡᠨ ᠬᠥᠮᠦᠨ ᠳᠤ ᠬᠦᠷᠴᠦ᠂ ᠥᠭᠡᠷᠡᠴᠢᠯᠡᠯᠲᠡ ᠬᠢᠬᠦ ᠠᠴᠠ ᠡᠮᠦᠨᠡᠬᠢ ᠠᠴᠠ 3.2 ᠲᠦᠮᠡᠨ ᠬᠥᠮᠦᠨ ᠨᠡᠮᠡᠭᠳᠡᠪᠡ᠃ | ᠬᠤᠲᠠ ᠶᠢᠨ ᠲᠣᠰ ᠱᠠᠲᠤ ᠪᠠ ᠮᠠᠨᠵᠤᠤᠷ ᠬᠤᠲᠠ᠂ ᠠᠷᠤᠨ ᠬᠤᠰᠢᠭᠤᠨ ᠳᠤ 3 ᠦᠯᠡᠳᠡᠭᠡᠨ ᠬᠤᠴᠤᠷᠭᠠᠬᠤ ᠲᠠᠯᠠᠪᠤᠷ ᠪᠠᠶᠢᠭᠤᠯᠵᠤ᠂ ᠠᠵᠢᠯ ᠤᠨ ᠬᠦᠴᠦᠨ ᠢ | ᠭᠦᠢᠴᠡᠳ ᠳᠣᠭᠢᠷᠠᠭᠤᠯᠤᠨ ᠬᠦᠴᠦᠷᠬᠡᠭᠵᠢᠭᠦᠯᠵᠦ᠂ ᠬᠠᠤᠯᠢ ᠴᠠᠭᠠᠵᠠ ᠶᠢᠨ ᠪᠠᠶᠢᠭᠤᠯᠭ᠎ᠠ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠬᠢᠨᠠᠨ | ᠪᠠᠶᠢᠴᠠᠭᠠᠯᠲᠠ ᠮᠦᠷᠳᠡᠨ ᠪᠠᠶᠢᠴᠠᠭᠠᠯᠲᠠ ᠶᠢ ᠪᠠᠲᠤᠯᠠᠬᠤ ᠴᠢᠳᠠᠪᠤᠷᠢ ᠶᠡᠬᠡᠪᠡᠷ ᠳᠡᠭᠡᠭᠰᠢᠯᠡᠪᠡ᠃ | ︽ᠲᠦᠷᠪᠡᠨ ᠵᠦᠢᠯ ᠤᠨ ᠬᠢᠨᠠᠯᠲᠠ︾ ᠶᠢᠨ ᠨᠡᠪᠲᠡᠷᠡᠯᠴᠡᠨ ᠠᠭᠤᠰᠤᠯᠴᠠᠬᠤ ᠶᠢ ᠠᠬᠢᠭᠤᠯᠪᠠ᠃ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ ᠰᠢᠯᠵᠢᠭᠦᠯᠦᠨ | ᠲᠤᠰᠢᠶᠠᠬᠤ᠂ ᠠᠷᠭ᠎ᠠ ᠬᠡᠮᠵᠢᠶ᠎ᠡ ᠬᠡᠷᠡᠭᠯᠡᠬᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠬᠢᠯᠭ᠎ᠠ | ᠪᠠᠲᠤ ᠪᠠᠷ ᠬᠢᠨᠠᠯᠲᠠ ᠲᠠᠯᠪᠢᠬᠤ᠂ ᠬᠢᠨᠠᠨ ᠪᠠᠶᠢᠴᠠᠭᠠᠬᠤ ᠪᠠᠷ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠬᠤ ᠪᠠᠷ ᠬᠢᠨᠠᠯᠲᠠ ᠲᠠᠯᠪᠢᠬᠤ᠂ ᠴᠠᠭᠳᠠᠨ ᠪᠠᠶᠢᠴᠠᠭᠠᠬᠤ ᠪᠠᠷ | ᠬᠢᠨᠠᠯᠲᠠ ᠲᠠᠯᠪᠢᠬᠤ ᠶᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠠᠬᠢᠭᠤᠯᠪᠠ᠃ ᠬᠢᠨᠡᠠ ᠪᠠᠶᠢᠴᠡᠭᠠᠬᠤ ᠡᠷᠭᠡ ᠶᠢ ᠦᠨᠳᠦᠰᠦᠨ ᠱᠠᠳᠤ ᠲᠡᠰᠢ ᠤᠷᠲᠤᠳᠬᠠᠬᠤ ᠶᠢ | ᠠᠬᠢᠭᠤᠯᠵᠤ᠂ ᠪᠦᠬᠦ ᠬᠤᠳᠠ ᠳᠤ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨᠠᠨ ᠪᠠᠶᠢᠴᠠᠭᠠᠬᠤ ᠠᠯᠪᠡᠠ ᠭᠡᠷ ᠢ 141 ᠪᠠᠶᠢᠭᠤᠯᠵᠤ᠂ 290 ᠲᠤᠰᠬᠠᠢ | ᠲᠤᠰᠢᠶᠠᠯ ᠲᠠᠢ ᠺᠠᠳ᠋ᠷ ᠢ ᠲᠤᠬᠢᠷᠠᠭᠤᠯᠪᠠ᠃ ᠢᠯᠵᠠᠷᠠᠯ ᠢ ᠡᠰᠡᠷᠭᠦᠴᠡᠬᠦ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ | ᠪᠦᠷᠢᠯᠳᠦᠬᠦᠨ ᠨᠢᠭᠡᠴᠢ ᠠᠴᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ 1873 ᠬᠤᠪᠢ ᠠᠰᠠᠭᠤᠳᠠᠯ ᠤᠨ ᠰᠦᠪᠡᠭᠴᠢ ᠰᠢᠯᠵᠢᠭᠦᠯᠦᠨ | ᠬᠦᠷᠭᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠡᠯ᠎ᠡ ᠪᠦᠷᠢᠯᠳᠦᠬᠦᠨ ᠨᠢᠭᠡᠴᠢ ᠳᠤ 488 ᠬᠤᠪᠢ ᠠᠰᠠᠭᠤᠳᠠᠯ ᠤᠨ ᠰᠦᠪᠡᠭᠴᠢ | ᠰᠢᠯᠵᠢᠭᠦᠯᠦᠨ ᠬᠦᠷᠭᠡᠵᠦ᠂ 6 ᠤᠷᠭᠤᠳᠤᠯ ᠬᠥᠮᠦᠨ ᠢ ᠬᠠᠮᠵᠢᠯᠴᠠᠨ ᠨᠡᠬᠡᠮᠵᠢᠯᠡᠨ ᠠᠪᠴᠢᠷᠠᠪᠠ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ | ᠠᠩᠬᠠᠷᠴᠤ᠂ ︽ᠲᠠᠰᠤᠭ ᠳᠤᠭᠤᠶᠢᠯᠠᠩ︾ ᠤᠨ ᠬᠤᠯᠪᠣᠭᠠᠯᠠᠨ ᠬᠥᠳᠡᠯᠦᠯᠴᠡᠬᠦ ᠵᠠᠭᠪᠤᠷ ᠢ ᠬᠡᠷᠡᠭᠯᠡᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠵᠣᠬᠢᠶᠠᠯ︾ ᠢ ᠪᠣᠳᠠᠲᠠᠶᠢᠵᠢᠭᠤᠯᠤᠨ | ᠨᠠᠷᠢᠯᠢᠬᠵᠢᠭᠤᠯᠬᠤ ᠶᠢ ᠠᠬᠢᠭᠤᠯᠪᠠ᠃ | ︽ᠲᠣᠮᠣ ᠳ᠋ᠠᠶᠢᠲ᠋ᠠ︾ ᠶᠢᠨ ᠪᠠᠶᠢᠭᠤᠯᠤᠯᠲᠠ ᠬᠡᠷᠡᠭᠯᠡᠯᠲᠡ ᠶᠢ ᠠᠬᠢᠭᠤᠯᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠬᠠᠶᠢᠯᠠᠭᠰᠠᠨ ᠠᠵᠢᠯ ᠢ | ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠯᠦᠭᠡ ᠭᠦᠨᠵᠡᠭᠡᠶ ᠠᠭᠤᠰᠤᠯᠴᠠᠬᠤ ᠶᠢ ᠲᠦᠷᠭᠡᠳᠬᠡᠵᠦ᠂ ᠮᠡᠳᠡᠭᠡ ᠵᠠᠩᠭᠢᠵᠢᠯᠲᠠ ᠶᠢᠨ ᠠᠵᠢᠯ ᠤᠨ ᠲᠠᠪᠤᠨ ᠵᠢᠯ ᠤᠨ | ᠲᠥᠯᠥᠪᠵᠢᠭᠦᠯᠭᠡ ᠶᠢ ᠲᠣᠭᠲᠠᠭᠠᠵᠤ᠂ ᠴᠠᠬᠢᠮ ᠳ᠋ᠠᠶᠢᠲ᠋ᠠ ᠶᠢᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠨᠢᠭᠤᠴᠠ ᠮᠡᠳᠡᠭᠡ ᠵᠠᠩᠭᠢ ᠶᠢᠨ | ᠲᠤᠰᠬᠠᠶ ᠰᠦᠯᠵᠢᠶ᠎ᠡ᠂ ᠶᠠᠷᠢᠯᠴᠠᠭ᠎ᠠ ᠬᠢᠬᠦ ᠲᠣᠭᠤᠷᠢᠭ ᠤᠨ ᠲᠤᠰᠬᠠᠶ ᠰᠦᠯᠵᠢᠶ᠎ᠡ ᠵᠡᠷᠭᠡ ᠲᠤᠯᠤᠭᠠᠨ ᠢᠵᠢ ᠰᠦᠯᠵᠢᠶ᠎ᠡ ᠪᠠ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ | ᠮᠡᠳᠡᠭᠦᠯᠬᠦ᠂ ᠤᠶᠤᠨᠲᠤ ᠳᠠᠩᠰᠠ ᠡᠪᠬᠡᠮᠡᠯ ᠵᠡᠷᠭᠡ ᠲᠠᠪᠤᠨ ᠶᠡᠭᠡ ᠲᠠᠪᠴᠠᠩ ᠢ ᠪᠠᠶᠢᠭᠤᠯᠵᠤ᠂ 36 ᠨᠢᠭᠡᠴᠢ ᠲᠠᠢ ᠲᠤᠰᠬᠠᠶ ᠱᠤᠭᠤᠮ ᠢ ᠬᠠᠮᠲᠤ ᠪᠠᠷ ᠪᠠᠶᠢᠭᠤᠯᠬᠤ | ᠬᠡᠯᠡᠯᠴᠡᠭᠡᠷ ᠲᠣᠭᠲᠠᠭᠠᠵᠤ᠂ ᠰᠦᠪᠡᠭᠴᠢ ᠰᠢᠢᠳᠪᠦᠷᠢᠯᠡᠬᠦ ᠤᠨᠤᠪᠴᠢ ᠶᠢᠨ ᠬᠡᠮᠵᠢᠶ᠎ᠡ ᠪᠠ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠪᠡ᠃ | ︵ᠭᠤᠷᠪᠠ︶ ᠡᠳᠦᠷ ᠲᠤᠳᠤᠮ ᠤᠨ ᠬᠢᠨᠠᠯᠲᠠ ᠪᠠᠷ ᠭᠤᠣᠯᠳᠠᠯᠭ᠎ᠠ ᠪᠣᠯᠭᠠᠨ᠂ ᠤᠳᠠᠭᠠᠨ ᠳᠠᠭᠠᠭᠠᠮᠠᠭᠠᠢ ᠪᠠᠷ ︽ᠲᠦᠷᠪᠡᠨ ᠰᠤᠷᠲᠠᠯ︾ ᠢ ᠵᠠᠯᠠᠷᠠᠭᠤᠯᠵᠤ ᠲᠥᠪ | ᠤᠪᠤᠷ ᠢ ᠪᠠᠳᠠᠷᠠᠭᠤᠯᠪᠠ | ᠬᠢᠨᠠᠯᠲᠠ ᠲᠠᠯᠪᠢᠬᠤ ᠴᠢᠭᠯᠡᠯ ᠢ ᠲᠣᠳᠣᠷᠬᠠᠶ ᠪᠣᠯᠭᠠᠪᠠ᠃ ︽ᠡᠷᠬᠡ ᠶᠢᠨ ᠨᠠᠷᠢᠨ ᠳᠠᠩᠰᠠ︾ ︽ᠬᠠᠷᠢᠭᠤᠴᠠᠯᠭ᠎ᠠ ᠶᠢᠨ ᠨᠠᠷᠢᠨ ᠳᠠᠩᠰᠠ︾ ︽ᠨᠠᠵᠠᠭᠠᠶ ᠲᠠᠯ᠎ᠠ ᠶᠢᠨ | ᠨᠠᠷᠢᠨ ᠳᠠᠩᠰᠠ︾ ᠶᠢᠨ ᠲᠣᠭᠤᠷᠢᠨ ᠳᠤ᠂ ᠠᠯᠪᠠᠨ ᠡᠷᠬᠡ ᠶᠢᠨ ᠶᠠᠪᠤᠭᠳᠠᠯ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠶᠠᠪᠤᠴᠠ ᠳᠤ ᠪᠠᠶᠢᠷᠢᠯᠠᠭᠤᠯᠤᠯᠲᠠ ᠨᠢ ᠬᠦᠴᠦᠨ ᠦᠭᠡᠢ᠂ ᠬᠡᠷᠡᠭᠵᠢᠭᠦᠯᠦᠯᠲᠡ ᠨᠢ ᠭᠦᠢᠴᠡᠳ ᠪᠤᠰᠤ ᠵᠡᠷᠭᠡ ᠠᠰᠠᠭᠤᠳᠠᠯ ᠢ ᠭᠦᠨᠵᠡᠭᠡᠶ ᠡᠷᠢᠵᠦ᠂ | ᠴᠡᠭᠴᠡᠯᠡᠨ ᠰᠠᠶᠢᠵᠢᠷᠠᠭᠤᠯᠤᠯᠲᠠ ᠶᠢ ᠪᠤᠳᠠᠲᠠᠶᠢᠵᠢᠭᠤᠯᠬᠤ ᠶᠢ ᠴᠠᠭ ᠲᠤᠬᠠᠶ ᠳᠤᠨᠢ ᠠᠬᠢᠭᠤᠯᠪᠠ᠃ ᠤᠳᠤᠷᠢᠳᠬᠤ ᠺᠠᠳ᠋ᠷᠴᠤᠳ ᠤᠨ ᠴᠢᠬᠡᠴᠢ ᠵᠠᠰᠠᠭ ᠤᠨ ᠳᠠᠩᠰᠠ | ᠡᠪᠬᠡᠮᠡᠯ ᠢ ᠡᠳᠦᠷ ᠲᠤᠳᠤᠮ ᠤᠨ ᠬᠠᠮᠢᠶᠠᠷᠤᠯᠲᠠ ᠳᠤ ᠤᠷᠤᠭᠤᠯᠪᠠ᠃ ᠴᠢᠬᠡᠴᠢ ᠵᠠᠰᠠᠭ ᠤᠨ ᠲᠤᠬᠠᠶ ᠰᠠᠨᠠᠯ ᠳᠤ ᠬᠠᠷᠢᠭᠤᠯᠲᠠ ᠥᠭᠬᠦ ᠪᠣᠭᠤᠮᠲᠠ ᠶᠢ ᠴᠢᠩᠭ᠎ᠠ | ᠡᠵᠡᠮᠳᠡᠵᠦ᠂ ︽ᠠᠰᠠᠭᠤᠳᠠᠯ ᠲᠠᠢ ᠪᠠᠶᠢᠲᠠᠯ᠎ᠠ ᠵᠡᠷᠭᠡ ᠳᠡᠪᠰᠢᠭᠦᠯᠬᠦ︾ ᠶᠢ ᠴᠢᠩᠭ᠎ᠠ ᠰᠡᠷᠭᠡᠶᠢᠯᠡᠪᠡ᠃ ᠲᠠᠪᠤᠨ ᠵᠢᠯ ᠤᠨ ᠲᠤᠷᠰᠢ᠂ ᠪᠦᠬᠦ ᠬᠤᠳᠠ ᠶᠢᠨ 9.57 ᠲᠦᠮᠡᠨ | ᠬᠥᠮᠦᠨ ᠤᠳᠠᠭ᠎ᠠ ᠶᠢ ᠴᠢᠭᠡᠴᠢ ᠵᠠᠰᠠᠭ ᠤᠨ ᠳᠠᠩᠰᠠ ᠡᠪᠬᠡᠮᠡᠯ ᠳᠤ ᠪᠢᠴᠢᠵᠦ ᠣᠷᠣᠭᠤᠯᠪᠠ︔ ᠴᠢᠬᠡᠴᠢ ᠵᠠᠰᠠᠭ ᠤᠨ ᠲᠤᠬᠠᠢ ᠰᠠᠨᠠᠯ ᠤᠨ ᠬᠠᠷᠢᠭᠤ ᠳᠤ 143 ᠬᠥᠮᠦᠨ | ᠤᠳᠠᠭ᠎ᠠ ᠶᠢ ᠲᠦᠷ ᠬᠤᠶᠢᠰᠢᠯᠠᠭᠤᠯᠬᠤ ᠪᠤᠶᠤ ᠦᠭᠡᠶᠢᠰᠬᠡᠬᠦ ᠴᠢᠨᠠᠷᠲᠠᠶ ᠰᠠᠨᠠᠯ ᠳᠤᠷᠠᠳᠪᠠ᠃ | ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠪᠡ᠃ ᠡᠳᠦᠷ ᠲᠤᠲᠤᠮ ᠤᠨ ᠬᠢᠨᠠᠯᠲᠠ ᠲᠠᠯᠪᠢᠬᠤ ᠬᠢᠭᠡᠳ ᠲᠤᠰᠬᠠᠶ ᠲᠦᠷᠦᠯ ᠢᠶᠠᠷ ᠰᠢᠮᠳᠠᠭᠤᠯᠤᠨ | ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ︽ᠪᠠᠶᠢᠩᠭᠤᠵᠢᠭᠰᠠᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠤᠨ ᠠᠷᠭ᠎ᠠ︾ | ᠶᠢ ᠲᠣᠭᠲᠠᠭᠠᠵᠤ᠂ ︽ᠬᠠᠮᠤᠭ ᠤᠨ ᠦᠨᠳᠦᠰᠦᠨ ᠱᠠᠲᠤᠨ ᠳᠤ ᠠᠵᠢᠯᠯᠠᠭᠤᠯᠬᠤ ᠠᠷᠭ᠎ᠠ︾ ᠶᠢ ᠬᠡᠷᠡᠭᠯᠡᠨ᠂ ︽ᠪᠡᠶᠡᠴᠢᠯᠡᠨ ᠲᠤᠷᠰᠢᠬᠤ ᠮᠠᠶ᠋ᠢᠭ︾ ᠤᠨ ᠬᠢᠨᠠᠯᠲᠠ | ᠲᠠᠯᠪᠢᠬᠤ ᠵᠠᠭᠪᠤᠷ ᠤᠨ ᠰᠢᠨ᠎ᠡ ᠶᠢ ᠡᠭᠦᠳᠴᠦ᠂ ᠰᠦᠷᠬᠡᠬᠦ ᠪᠠᠷ ᠰᠠᠬᠢᠯᠭ᠎ᠠ ᠪᠠᠲᠤ ᠶᠢ ᠵᠥᠷᠢᠴᠡᠭᠰᠡᠨ᠂ ᠳᠠᠯᠳᠠᠭᠤᠷ ᠣᠨᠳᠣᠣᠰᠢᠭᠰᠠᠨ ᠵᠡᠷᠭᠡ ᠠᠰᠠᠭᠤᠳᠠᠯ ᠢ ᠭᠦᠨᠵᠡᠭᠡᠶ | ᠠᠭᠤᠳᠠᠯᠤᠨ ᠨᠠᠷᠢᠨ ᠪᠠᠶᠢᠴᠠᠭᠠᠪᠠ᠃ ᠲᠠᠪᠤᠨ ᠵᠢᠯ ᠤᠨ ᠲᠤᠷᠰᠢ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ | ᠠᠰᠠᠭᠤᠳᠠᠯ ᠢ 494 ᠪᠠᠶᠢᠴᠠᠭᠠᠨ ᠰᠢᠢᠳᠪᠦᠷᠢᠯᠡᠵᠦ᠂ 434 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠥᠭᠴᠡᠶ︔ ᠬᠡᠯᠪᠡᠷᠢᠴᠢ ᠦᠵᠡᠯ᠂ | ᠨᠤᠶᠠᠨᠴᠢ ᠰᠤᠷᠲᠠᠯ ᠤᠨ ᠠᠰᠠᠭᠤᠳᠠᠯ ᠢ 679 ᠪᠠᠶᠢᠴᠠᠭᠠᠨ ᠰᠢᠢᠳᠪᠦᠷᠢᠯᠡᠵᠦ᠂ 712 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠥᠭᠪᠡ᠃ | ᠬᠢᠨᠠᠯᠲᠠ ᠲᠠᠯᠪᠢᠬᠤ ᠴᠢᠨᠠᠷ ᠪᠦᠲᠦᠮᠵᠢ ᠶᠢ ᠳᠡᠭᠡᠭᠰᠢᠯᠡᠭᠦᠯᠪᠡ᠃ ︽ᠤᠨᠤᠴᠠᠲᠠᠢ ᠪᠠᠷ ᠬᠢᠨᠠᠯᠲᠠ ᠲᠠᠯᠪᠢᠬᠤ ᠣᠨ︾᠂ ︽ᠪᠢᠴᠢᠯ ᠢᠯᠵᠠᠷᠠᠯ ᠢ ᠵᠠᠰᠠᠬᠤ ᠣᠨ︾ | ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ︽ᠬᠠᠮ ᠨᠢᠳᠤᠷᠭ᠎ᠠ︾ ᠪᠠ | ᠪᠠᠶᠢᠭᠤᠯᠭ᠎ᠠ ᠶᠢᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ︽ᠤᠭᠰᠠᠷᠠᠮᠠᠯ ᠨᠢᠳᠤᠷᠭ᠎ᠠ︾ ᠶᠢ ᠦᠷᠭᠦᠯᠵᠢᠯᠡᠨ ᠰᠠᠶᠢᠲᠤᠷ ᠬᠢᠵᠦ᠂ ᠬᠢᠨᠠᠯᠲᠠ ᠲᠠᠯᠪᠢᠬᠤ | ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠪᠴᠠᠩ ᠪᠠ ᠲᠠᠬᠢᠨ ᠬᠢᠨᠠᠯᠲᠠ ᠲᠠᠯᠪᠢᠬᠤ ᠲᠠᠪᠴᠠᠩ ᠤᠨ | ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ 616 ᠬᠤᠪᠢ ᠠᠰᠠᠭᠤᠳᠠᠯ ᠤᠨ ᠰᠦᠪᠡᠭᠴᠢ ᠶᠢ ᠬᠦᠯᠢᠶᠡᠨ ᠠᠪᠴᠤ ᠰᠢᠢᠳᠪᠦᠷᠢᠯᠡᠨ᠂ 212 ᠬᠥᠮᠦᠨ ᠢ ᠨᠢ ᠬᠡᠷᠡᠭ | ᠪᠤᠯᠭᠠᠨ ᠲᠠᠩᠰᠠᠯᠠᠵᠤ᠂ 160 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠥᠭᠴᠦ᠂ 80 ᠬᠥᠮᠦᠨ ᠳᠤ ᠵᠣᠬᠢᠶᠠᠨ ᠪᠠᠶᠢᠭᠤᠯᠤᠯᠲᠠ ᠶᠢᠨ | ᠰᠢᠢᠳᠭᠡᠯ ᠦᠭᠪᠡ︔ ᠦᠨᠳᠦᠰᠦᠨ ᠱᠠᠲᠤᠨ ᠤ ︽ᠪᠢᠴᠢᠯ ᠢᠯᠵᠠᠷᠠᠯ︾ ᠤᠨ ᠶᠡᠭᠡ ᠴᠡᠪᠡᠷᠯᠡᠯᠲᠡ ᠶᠢᠨ ᠠᠵᠢᠯᠯᠠᠭ᠎ᠠ ᠶᠢ ᠥᠷᠨᠢᠭᠦᠯᠵᠦ᠂ ᠵᠠᠬᠢᠳᠠᠯ ᠰᠤᠷᠪᠤᠯᠵᠢᠯᠠᠯ ᠢᠶᠠᠷ | ᠢᠯᠡᠴᠢᠯᠡᠨ ᠮᠡᠳᠡᠭᠦᠯᠦᠭᠰᠡᠨ ᠢ 1256 ᠬᠤᠪᠢ ᠰᠢᠢᠳᠪᠦᠷᠢᠯᠡᠵᠦ᠂ 298 ᠬᠤᠪᠢ ᠶᠢ ᠨᠢ ᠬᠡᠷᠡᠭ ᠪᠣᠯᠭᠠᠨ ᠲᠠᠩᠰᠠᠯᠠᠵᠤ᠂ 331 ᠬᠥᠮᠦᠨ ᠳᠤ ᠨᠠᠮ ᠵᠠᠰᠠᠭ ᠤᠨ | ᠰᠠᠬᠢᠯᠭ᠎ᠠ ᠪᠠᠲᠤ ᠶᠢᠨ ᠰᠢᠢᠳᠭᠡᠯ ᠥᠭᠴᠦ᠂ 169 ᠬᠥᠮᠦᠨ ᠳᠤ ᠵᠣᠬᠢᠶᠠᠨ ᠪᠠᠶᠢᠭᠤᠯᠤᠯᠲᠠ ᠶᠢᠨ ᠰᠢᠢᠳᠭᠡᠯ ᠦᠭᠴᠦ᠂ 37 ᠬᠥᠮᠦᠨ ᠢ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ 63 ᠺᠠᠳ᠋ᠷ ᠢ ᠳᠤᠳᠤᠷᠬᠠᠶᠢᠯᠠᠨ ᠵᠠᠯᠠᠷᠠᠭᠤᠯᠵᠤ ᠦᠭᠪᠡ᠃ | ︵ᠲᠦᠷᠪᠡ︶ ︽ᠭᠤᠷᠪᠠᠨ ᠢᠯᠵᠠᠷᠠᠬᠤ ᠦᠭᠡᠢ︾ ᠶᠢ ᠨᠢᠭᠡ ᠴᠤᠬᠴᠠᠵᠢᠭᠤᠯᠬᠤ ᠪᠠᠷ ᠬᠠᠷᠠᠯᠲᠠ ᠪᠣᠯᠭᠠᠵᠤ᠂ ᠢᠯᠵᠠᠷᠠᠯ ᠢ ᠵᠠᠰᠠᠬᠤ ᠴᠢᠳᠠᠪᠬᠢ ᠲᠠᠰᠤᠷᠠᠯᠳᠠ | ᠦᠭᠡᠢ ᠳᠡᠭᠡᠭᠰᠢᠯᠡᠪᠡ | ᠢᠯᠵᠠᠷᠠᠯ ᠢ ᠡᠷᠡᠰ ᠪᠦᠲᠦᠮᠵᠢᠲᠡᠢ ᠵᠠᠯᠬᠠᠭᠠᠨ ᠰᠢᠢᠳᠬᠡᠪᠡ᠃ ᠢᠯᠵᠠᠷᠠᠯ ᠢ ᠡᠰᠡᠷᠭᠦᠴᠡᠬᠦ ᠲᠡᠮᠡᠴᠡᠯ ᠤᠨ ᠦᠨᠳᠦᠷ ᠲᠠᠷᠤᠯᠲᠠᠲᠤ ᠪᠠᠶᠢᠳᠠᠯ ᠢ ᠪᠠᠲᠤᠯᠠᠵᠤ᠂ | ᠵᠠᠷᠢᠮ ᠭᠦᠨ ᠳᠠᠪᠬᠤᠷᠭ᠎ᠠ ᠶᠢᠨ ᠢᠯᠵᠠᠷᠠᠯ ᠤᠨ ᠠᠰᠠᠭᠤᠳᠠᠯ ᠪᠦᠲᠦᠮᠵᠢᠲᠡᠢ ᠠᠷᠢᠯᠭᠠᠭᠳᠠᠪᠠ᠃ ᠲᠠᠪᠤᠨ ᠵᠢᠯ ᠤᠨ ᠲᠤᠷᠰᠢ᠂ ᠪᠦᠬᠦ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ 18080 ᠬᠤᠪᠢ ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ 3595 ᠬᠤᠪᠢ ᠶᠢ ᠨᠢ ᠬᠡᠷᠡᠭ ᠪᠣᠯᠭᠠᠨ | ᠳᠠᠩᠰᠠᠯᠠᠵᠤ᠂ 3286 ᠬᠤᠪᠢ ᠬᠡᠷᠡᠭ ᠢ ᠲᠠᠰᠤᠯᠤᠨ ᠰᠢᠢᠳᠪᠦᠷᠢᠯᠡᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ︽ᠳᠥᠷᠪᠡᠨ ᠵᠦᠢᠯ ᠤᠨ ᠬᠡᠯᠪᠡᠷᠢ︾ | ᠶᠢ ᠤᠨᠤᠴᠠᠳᠠᠢ ᠬᠡᠷᠡᠭᠯᠡᠨ 14724 ᠬᠥᠮᠦᠨ ᠤᠳᠠᠭ᠎ᠠ ᠶᠢ ᠰᠢᠢᠳᠪᠦᠷᠢᠯᠡᠵᠦ᠂ 178 ᠬᠥᠮᠦᠨ ᠳᠤ ᠦᠯᠡᠳᠡᠬᠡᠨ ᠬᠤᠴᠤᠷᠭᠠᠬᠤ ᠠᠷᠭ᠎ᠠ ᠬᠡᠮᠵᠢᠶ᠎ᠡ ᠠᠪᠴᠤ᠂ | 3337 ᠬᠥᠮᠦᠨ ︵ᠡᠭᠦᠨ ᠳᠤ ᠭᠠᠵᠠᠷ ᠤᠨ ᠲᠡᠰ ᠤᠨ ᠺᠠᠳ᠋ᠷ 175 ᠬᠥᠮᠦᠨ︶ ᠳᠤ ᠰᠢᠢᠳᠬᠡᠯ ᠥᠭᠴᠦ᠂ 250 ᠬᠥᠮᠦᠨ ᠢ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠪᠡ᠃ ᠹᠧᠩ ᠹᠠᠩ ᠰᠢᠶᠠᠩ᠂ ᠵᠠᠩ ᠶᠦᠩ ᠯᠢᠨ᠂ ᠮᠠ ᠬᠤᠩ ᠰᠢᠶᠠᠩ ᠵᠡᠷᠭᠡ ᠣᠯᠠᠨ ᠲᠦᠮᠡᠨ ᠤ ᠲᠤᠰᠬᠠᠯ ᠢᠶᠠᠷ ᠴᠢᠩᠭ᠎ᠠ᠂ | ᠨᠥᠯᠥᠭᠡᠯᠡᠬᠦ ᠬᠦᠴᠦᠨ ᠢᠶᠠᠷ ᠶᠡᠭᠡ ᠨᠢᠭᠡ ᠪᠦᠯᠦᠭ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠬᠦᠴᠦᠷᠬᠡᠭ ᠰᠦᠷᠳᠡᠬᠦᠯᠦᠯ ᠪᠠ ᠲᠥᠷᠥ ᠶᠢᠨ ᠪᠣᠳᠣᠯᠭ᠎ᠠ ᠶᠢᠨ | ᠢᠪᠡᠭᠡᠯ ᠳᠤᠤᠷ᠎ᠠ᠂ 557 ᠺᠠᠳ᠋ᠷ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠴᠠᠭᠠᠪᠤᠷᠯᠠᠵᠤ᠂ ᠠᠰᠠᠭᠤᠳᠠᠯ ᠢᠶᠠᠨ ᠲᠤᠰᠢᠶᠠᠪᠠ᠃ | ᠬᠡᠷᠡᠭ ᠢᠶᠠᠷ ᠬᠠᠯᠠᠨ ᠰᠠᠶᠢᠵᠢᠷᠠᠭᠤᠯᠤᠯᠳᠠ ᠶᠢ ᠠᠬᠢᠭᠤᠯᠬᠤ ᠴᠢᠳᠠᠮᠵᠢ ᠶᠢ ᠳᠡᠭᠡᠭᠰᠢᠯᠡᠬᠦᠯᠪᠡ᠃ ︽ᠬᠡᠷᠡᠭ ᠢᠶᠠᠷ ᠬᠠᠯᠠᠨ ᠰᠠᠶᠢᠵᠢᠷᠠᠭᠤᠯᠤᠯᠳᠠ ᠶᠢ ᠠᠬᠢᠭᠤᠯᠬᠤ ᠤᠨ︾ ᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠷᠬᠡ ᠶᠢᠨ ᠬᠢᠵᠠᠭᠠᠷᠯᠠᠯ ᠪᠠ ᠬᠢᠨᠠᠯᠲᠠ ᠲᠠᠯᠪᠢᠯᠳᠠ ᠶᠢ ᠦᠷᠭᠦᠯᠵᠢᠯᠡᠨ ᠴᠢᠩᠭᠠᠳᠬᠠᠵᠤ᠂ ᠠᠵᠢᠯ ᠲᠥᠷᠥᠯ ᠤᠨ ᠴᠢᠨᠠᠷᠲᠠᠢ᠂ | ᠣᠷᠣᠨ ᠪᠦᠰᠡ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠬᠡᠷᠡᠭ ᠢᠶᠠᠷ ᠬᠠᠯᠠᠨ ᠰᠠᠶᠢᠵᠢᠷᠠᠭᠤᠯᠤᠯᠳᠠ ᠶᠢ ᠠᠬᠢᠭᠤᠯᠬᠤ ᠪᠠᠷ ᠭᠤᠤᠯᠳᠠᠯᠭ᠎ᠠ ᠪᠤᠯᠭᠠᠵᠤ᠂ 3260 | ᠬᠥᠮᠦᠨ ᠤᠳᠠᠭ᠎ᠠ ᠶᠢ ᠰᠢᠭᠦᠨ ᠶᠠᠷᠢᠯᠴᠠᠬᠤ᠂ ᠬᠠᠷᠢᠭᠤ ᠰᠤᠷᠪᠤᠯᠵᠢᠯᠠᠬᠤ ᠬᠥᠮᠦᠵᠢᠯ ᠥᠷᠨᠢᠭᠦᠯᠵᠦ᠂ ᠬᠡᠷᠡᠭ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ | ᠵᠠᠰᠠᠬᠤ ᠶᠢ ᠨᠡᠪᠲᠡᠷᠡᠯᠴᠡᠭᠦᠯᠦᠨ ᠠᠭᠤᠰᠤᠯᠴᠠᠭᠤᠯᠬᠤ ᠶᠢ ᠠᠬᠢᠭᠤᠯᠪᠠ᠃ ᠲᠣᠭᠲᠠᠴᠠ ᠶᠢᠨ ᠳᠤᠲᠠᠭᠳᠠᠯ ᠪᠠ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢ 933 ᠬᠤᠪᠢ ᠲᠣᠭᠲᠠᠭᠠᠨ ᠲᠠᠷᠬᠠᠭᠠᠵᠤ᠂ ᠬᠤᠯᠪᠣᠭᠳᠠᠯ ᠪᠦᠬᠦᠢ ᠭᠠᠵᠠᠷ ᠣᠷᠣᠨ᠂ ᠨᠢᠭᠡᠴᠢ ᠶᠢ | ᠱᠠᠯᠠᠪᠳᠠᠭᠤᠯᠵᠤ ᠪᠠᠶᠢᠭᠠᠳ 588 ᠵᠤᠷᠪᠤᠰ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠡᠷᠡᠭ ᠢᠶᠠᠷ ᠬᠠᠯᠠᠨ ᠰᠠᠶᠢᠵᠢᠷᠠᠭᠤᠯᠤᠯᠳᠠ ᠶᠢ ᠠᠬᠢᠭᠤᠯᠬᠤ᠂ ᠬᠡᠷᠡᠭ ᠢᠶᠠᠷ | ᠪᠠᠶᠢᠭᠤᠯᠤᠯᠳᠠ ᠶᠢ ᠠᠬᠢᠭᠤᠯᠬᠤ᠂ ᠬᠡᠷᠡᠭ ᠢᠶᠠᠷ ᠵᠠᠰᠠᠯᠳᠠ ᠶᠢ ᠠᠬᠢᠭᠤᠯᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠬᠡᠷᠡᠭ ᠤᠨ ᠳᠠᠷᠠᠭ᠎ᠠ ᠴᠡᠭᠴᠡᠯᠡᠨ | ᠰᠠᠶᠢᠵᠢᠷᠠᠭᠤᠯᠬᠤ ᠶᠢ ᠪᠦᠬᠦ ᠶᠠᠪᠤᠴᠠ ᠳᠤ ᠴᠡᠭᠴᠡᠯᠡᠨ ᠰᠠᠶᠢᠵᠢᠷᠠᠭᠤᠯᠬᠤ ᠪᠣᠯᠭᠠᠨ ᠬᠤᠪᠢᠷᠠᠭᠤᠯᠬᠤ ᠶᠢ ᠠᠬᠢᠭᠤᠯᠪᠠ᠃ | ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠳᠠᠯᠠᠩ ᠬᠠᠰᠢᠯᠭ᠎ᠠ ᠪᠠᠶᠢᠭᠤᠯᠪᠠ᠃ ᠬᠦᠮᠦᠨ ᠲᠠᠢ ᠨᠢ ᠤᠴᠠᠷᠠᠬᠤ ᠤᠴᠢᠷ ᠶᠠᠪᠤᠳᠠᠯ ᠳᠤ ᠬᠠᠨᠲᠤᠬᠤ | ᠦᠷ᠎ᠡ ᠪᠦᠲᠦᠮᠵᠢ ᠭᠠᠷᠭᠠᠬᠤ ᠪᠠᠶᠢᠩᠭᠤᠵᠢᠭᠰᠠᠨ ᠰᠡᠷᠡᠮᠵᠢᠯᠡᠭᠦᠯᠬᠦ ᠬᠥᠮᠦᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠯᠵᠠᠷᠠᠯ ᠢ ᠡᠰᠡᠷᠭᠦᠴᠡᠨ | ᠴᠢᠬᠡᠴᠢ ᠶᠢ ᠡᠷᠬᠢᠮᠯᠡᠬᠦ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢᠶᠠᠷ ᠭᠤᠤᠯ ᠪᠣᠯᠭᠠᠭᠰᠠᠨ᠂ ᠴᠢᠬᠡᠴᠢ ᠵᠠᠰᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ | ᠂ ᠴᠢᠬᠡᠴᠢ ᠰᠤᠷᠲᠠᠯ ᠤᠨ ᠤᠯᠠᠭᠠᠨᠮᠥ᠋ᠴᠢᠷ ᠢᠶᠠᠷ ᠬᠠᠪᠰᠤᠷᠤᠮᠵᠢ ᠪᠣᠯᠭᠠᠭᠰᠠᠨ ︽1+2︾ ᠴᠢᠬᠡᠴᠢ ᠵᠠᠰᠠᠭ ᠤᠨ ᠤᠬᠠᠭᠤᠯᠭ᠎ᠠ ᠶᠢᠨ ᠵᠠᠭᠪᠤᠷ ᠢ ᠪᠠᠶᠢᠭᠤᠯᠵᠤ᠂ | ᠭᠥᠯᠢᠶᠡᠨ ᠠᠪᠤᠭᠴᠢᠳ 12.9 ᠲᠦᠮᠡᠨ ᠬᠥᠮᠦᠨ ᠤᠳᠠᠭ᠎ᠠ ᠳᠤ ᠬᠥᠷᠪᠡ︔ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢᠨ ᠰᠡᠷᠡᠮᠵᠢᠯᠡᠬᠦᠯᠬᠦ ᠲᠡᠮᠳᠡᠭᠯᠡᠯ ᠢ 23 ᠳᠡᠪᠲᠡᠷ ᠨᠠᠶᠢᠷᠠᠭᠤᠯᠤᠨ ᠳᠠᠷᠤᠮᠠᠯᠯᠠᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ 13 ᠬᠤᠪᠢ ᠰᠡᠭᠦᠳᠡᠷᠯᠡᠪᠡ︔ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ 78 ᠤᠳᠠᠭ᠎ᠠ ᠲᠦᠷᠦᠭᠦᠯᠡᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠲᠥᠷᠥᠯ ᠤᠨ ᠨᠡᠶᠢᠲᠡᠯᠢᠭ ᠬᠡᠷᠡᠭ ᠤᠨ | ᠵᠢᠱᠢᠶ᠎ᠡ ᠶᠢ 1042 ᠮᠡᠳᠡᠭᠡᠯᠡᠵᠦ᠂ ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠᠷ ᠨᠢᠭᠡ ᠬᠡᠰᠡᠭ ᠢ ᠰᠡᠷᠡᠮᠵᠢᠯᠡᠬᠦᠯᠦᠨ᠂ ᠨᠢᠭᠡ ᠤᠷᠤᠨ ᠢ ᠵᠠᠰᠠᠬᠤ | ᠶᠡᠷᠦᠩᠬᠡᠶᠢᠯᠡᠭᠰᠡᠨ ᠦᠢᠯᠡᠳᠦᠯ ᠢ ᠪᠡᠶᠡᠯᠡᠭᠦᠯᠪᠡ᠃ | ︵ᠲᠠᠪᠤ︶ ᠲᠤᠰᠬᠠᠶ ᠵᠠᠰᠠᠯᠳᠠ ᠪᠠᠷ ᠠᠴᠢᠶᠠᠯᠠᠭᠴᠢ ᠪᠣᠯᠭᠠᠵᠤ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ | ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠲᠤᠰᠬᠠᠶ ᠵᠠᠰᠠᠯᠲᠠ ᠶᠢ ᠭᠦᠨᠵᠡᠭᠡᠶᠢᠷᠡᠭᠦᠯᠪᠡ᠃ 1308 ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ | ᠂ 333 ᠬᠤᠪᠢ ᠶᠢ ᠬᠡᠷᠡᠭ ᠪᠣᠯᠭᠠᠨ ᠳᠠᠩᠰᠠᠯᠡᠵᠦ᠂ 340 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠥᠭᠴᠦ᠂ 151 ᠬᠥᠮᠦᠨ ᠳᠤ | ᠵᠣᠬᠢᠶᠠᠨ ᠪᠠᠶᠢᠭᠤᠯᠤᠯᠲᠠ ᠶᠢᠨ ᠰᠢᠢᠳᠬᠡᠯ ᠦᠭᠴᠦ᠂ 23 ᠬᠥᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ 37 ᠬᠤᠭᠤᠴᠠᠭᠠᠨ ᠤ | 90 ᠬᠡᠷᠡᠭ ᠢ ᠮᠡᠳᠡᠭᠡᠯᠡᠨ ᠢᠯᠡᠴᠢᠯᠡᠪᠡ᠃ ᠬᠤᠲᠠ᠂ ᠬᠤᠰᠢᠭᠤ ᠬᠤᠲᠠ ᠲᠣᠭᠤᠷᠢᠭ ᠬᠤᠶᠠᠷ ᠱᠠᠲᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠤ ᠬᠡᠷᠡᠭ ᠳᠠᠭᠠᠭᠠᠴᠢᠯᠠᠬᠤ ᠲᠦᠷᠢᠮ ᠢ ᠬᠡᠷᠡᠭᠵᠢᠭᠦᠯᠵᠦ᠂ ᠲᠥᠪ ᠤᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠲᠤᠰᠬᠠᠶ ᠲᠣᠭᠤᠷᠢᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ | ᠭᠦᠢᠴᠡᠳᠬᠡᠬᠦ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ 36 ᠬᠤᠪᠢ ᠶᠢ ᠬᠡᠷᠡᠭ ᠪᠤᠯᠭᠠᠨ ᠳᠠᠩᠰᠠᠯᠠᠵᠤ᠂ 56 ᠬᠥᠮᠦᠨ ᠳᠤ ᠨᠠᠮ ᠵᠠᠰᠠᠭ ᠤᠨ ᠰᠠᠬᠢᠯᠭ᠎ᠠ | ᠪᠠᠲᠤ ᠶᠢᠨ ᠰᠢᠢᠳᠬᠡᠯ ᠥᠭᠴᠦ᠂ 35 ᠬᠥᠮᠦᠨ ᠳᠤ ᠵᠣᠬᠢᠶᠠᠨ ᠪᠠᠶᠢᠭᠤᠯᠤᠯᠲᠠ ᠶᠢᠨ ᠰᠢᠢᠳᠬᠡᠯ ᠦᠭᠪᠡ᠃ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤᠨ ᠤ ᠤᠤᠯ ᠤᠨ ᠳᠡᠳ᠋ ᠬᠤᠰᠢᠭᠤᠨ ᠳᠠᠷᠤᠭ᠎ᠠ ᠬᠤᠩ ᠰᠢᠩ ᠵᠡᠷᠭᠡ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠨᠢᠬᠡ ᠪᠦᠯᠦᠭ ︽ | ᠬᠦᠷᠢᠳ ᠬᠤᠷᠤᠬᠠᠢ︾ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ | ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠠᠷᠠᠯ ᠪᠠ ︽ᠬᠠᠮᠠᠭᠠᠯᠠᠭᠴᠢ ᠰᠢᠬᠦᠷ︾ ᠢ ᠬᠦᠨ ᠠᠭᠤᠳᠠᠯᠤᠨ ᠲᠦᠢᠯᠪᠤᠷᠢᠲᠠᠶ ᠪᠠᠶᠢᠴᠠᠭᠠᠪᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠴᠠᠭᠠᠨ ᠰᠢᠢᠳᠪᠦᠷᠢᠯᠡᠭᠰᠡᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠦᠨᠳᠦ ᠶᠡᠭᠡ | ᠬᠡᠷᠡᠭ ᠲᠤ ᠴᠢᠭᠯᠡᠭᠦᠯᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ︽1+1+N︾ ᠠᠵᠢᠯ ᠤᠨ ᠵᠠᠭᠪᠤᠷ ᠢ ᠬᠡᠷᠡᠭᠵᠢᠭᠦᠯᠵᠦ᠂ ᠬᠡᠷᠡᠭ | ᠰᠢᠢᠳᠪᠦᠷᠢᠯᠡᠬᠦ ᠡᠬᠢ ᠪᠠᠶᠠᠯᠢᠭ ᠪᠠ ᠠᠵᠢᠯ ᠤᠨ ᠬᠦᠴᠦᠨ ᠢ ᠨᠢᠭᠡᠳᠦᠯᠲᠡᠢ ᠲᠥᠯᠥᠪᠯᠡᠨ᠂ ᠠᠰᠠᠭᠤᠳᠠᠯ ᠤᠨ ᠰᠦᠪᠡᠭᠴᠢ ᠶᠢᠨ ᠲᠦᠷᠭᠡᠨ ᠰᠢᠪᠲᠤᠯᠤᠯᠲᠠ ᠶᠢ | ᠪᠡᠶᠡᠯᠡᠭᠦᠯᠪᠡ᠃ 139 ᠬᠤᠪᠢ ᠶᠢ ᠬᠡᠷᠡᠭ ᠪᠣᠯᠭᠠᠨ ᠳᠡᠩᠰᠡᠯᠡᠵᠦ᠂ 11 ᠬᠥᠮᠦᠨ ᠢ ᠦᠯᠡᠳᠡᠬᠡᠨ ᠬᠤᠴᠤᠷᠭᠠᠵᠤ᠂ 120 ᠬᠥᠮᠦᠨ ᠳᠤ ᠨᠠᠮ ᠵᠠᠰᠠᠭ ᠤᠨ ᠰᠠᠬᠢᠯᠭ᠎ᠠ | ᠪᠠᠲᠤ ᠶᠢᠨ ᠰᠢᠢᠳᠬᠡᠯ ᠥᠭᠴᠦ᠂ 13 ᠬᠥᠮᠦᠨ ᠳᠤ ᠵᠣᠬᠢᠶᠠᠨ ᠪᠠᠶᠢᠭᠤᠯᠤᠯᠲᠠ ᠶᠢᠨ ᠰᠢᠢᠳᠬᠡᠯ ᠦᠭᠴᠦ᠂ 18 ᠬᠥᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠪᠡ᠃ ᠱᠤᠤ ᠰᠢ ᠳ᠋ᠦᠩ᠂ ᠲᠠᠩ ᠱᠧᠩ ᠵᠢᠶᠦ᠋ᠨ᠂ ᠸᠠᠩ ᠴᠢᠶᠠᠩ ᠵᠡᠷᠭᠡ ᠬᠠᠷ᠎ᠠ ᠪᠦᠯᠦᠭᠲᠡᠨ ᠳᠤ ᠬᠤᠯᠪᠣᠭᠳᠠᠭᠰᠠᠨ 8 ᠬᠡᠷᠡᠭ ᠢ ᠭᠦᠨ | ᠠᠭᠤᠳᠠᠯᠵᠤ᠂ ᠠᠷᠤᠨ ᠬᠤᠰᠢᠭᠤᠨ ᠤ ᠵᠠᠰᠠᠭ ᠤᠨ ᠣᠷᠳᠣᠨ ᠤ ᠤᠤᠯ ᠤᠨ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠵᠠᠩ ᠵᠢᠶᠧ᠂ ᠶᠠᠭᠰᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠤᠯ ᠤᠨ ᠳᠠᠷᠤᠭ᠎ᠠ ᠴᠢᠦᠢ ᠬᠤᠩ ᠯᠢ ᠵᠡᠷᠭᠡ ᠬᠠᠷ᠎ᠠ ᠪᠦᠯᠦᠭᠲᠡᠨ ᠳᠤ | ᠬᠤᠯᠪᠣᠭᠳᠠᠭᠰᠠᠨ ︽ᠬᠠᠮᠠᠭᠠᠯᠠᠭᠴᠢ ᠰᠢᠬᠦᠷ︾ ᠢ ᠡᠷᠡᠰ ᠠᠷᠢᠯᠭᠠᠪᠠ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠦᠨᠳᠦᠰᠦᠨ ᠱᠠᠲᠤᠨ ᠤ ︽ᠢᠯᠠᠭ᠎ᠠ | ᠰᠠᠪᠠᠭᠤᠷᠳᠠᠬᠤ︾ ᠲᠠᠢ ᠤᠶᠠᠯᠳᠤᠭᠤᠯᠵᠤ᠂ ᠶᠠᠭᠰᠢ ᠬᠤᠳᠠ ᠶᠢᠨ ᠪᠤᠭᠲᠤ ᠪᠠᠯᠭᠠᠰᠤᠨ ᠤ ᠡᠯ ᠳ᠋ᠤᠤ ᠾᠧ ᠽᠢ ᠲᠣᠰᠬᠤᠨ ᠤ ᠨᠠᠮ ᠤᠨ ᠡᠭᠦᠷ ᠤᠨ ᠤᠤᠯ ᠤᠨ ᠱᠦᠵᠢ᠂ | ᠲᠣᠰᠬᠤᠨ ᠤ ᠵᠥᠪᠯᠡᠯ ᠤᠨ ᠤᠤᠯ ᠤᠨ ᠡᠷᠬᠢᠯᠡᠭᠴᠢ ᠵᠠᠩ ᠶᠢᠦ ᠪᠦᠦ ᠶᠢᠨ ︽ᠲᠣᠰᠬᠤᠨ ᠤ ᠡᠵᠡᠷᠬᠡᠭᠴᠢ︾ ᠶᠢᠨ ᠨᠡᠶᠢᠲᠡᠯᠢᠭ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠠᠰᠤᠷᠤ ᠰᠠᠶᠢᠨ ᠨᠡᠶᠢᠭᠡᠮ ᠤᠨ ᠦᠷ᠎ᠡ ᠳ᠋ᠦᠩ ᠤᠯᠪᠠ᠃ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠦᠷᠢᠮ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠶᠢ ᠠᠬᠢᠭᠤᠯᠪᠠ᠃ 14 | ᠠᠵᠢᠯ ᠤᠨ ᠲᠤᠰᠬᠠᠢ ᠠᠩᠭᠢ ᠪᠠᠶᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠭᠰᠠᠨ ᠢᠯᠵᠠᠷᠠᠯ᠂ ᠣᠪᠣᠷ ᠰᠤᠷᠲᠠᠯ᠂ | ᠬᠠᠷᠢᠭᠤᠴᠠᠯᠭ᠎ᠠ ᠶᠢᠨ ᠠᠰᠠᠭᠤᠳᠠᠯ ᠢ ᠭᠦᠨᠵᠡᠭᠡᠢ ᠠᠭᠤᠳᠠᠯᠵᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ | ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠪᠡ᠃ 54 ᠬᠤᠪᠢ ᠠᠰᠠᠭᠤᠳᠠᠯ ᠤᠨ ᠰᠦᠪᠡᠭᠴᠢ ᠶᠢ ᠭᠥᠯᠢᠶᠡᠨ ᠠᠪᠴᠤ᠂ 53 ᠬᠤᠪᠢ | ᠠᠰᠠᠭᠤᠳᠠᠯ ᠢ ᠲᠠᠰᠤᠯᠤᠨ ᠰᠢᠢᠳᠪᠦᠷᠢᠯᠡᠵᠦ᠂ 45 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠥᠭᠴᠦ᠂ 14 ᠬᠥᠮᠦᠨ ᠳᠤ ᠵᠣᠬᠢᠶᠠᠨ | ᠪᠠᠶᠢᠭᠤᠯᠤᠯᠲᠠ ᠶᠢᠨ ᠰᠢᠢᠳᠬᠡᠯ ᠦᠭᠴᠦ᠂ 10 ᠬᠥᠮᠦᠨ ᠢ ᠦᠯᠡᠳᠡᠬᠡᠨ ᠬᠤᠴᠤᠷᠭᠠᠵᠤ᠂ 6 ᠬᠥᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ | ᠬᠦᠷᠭᠡᠪᠡ︔ ᠪᠥᠬᠦ ᠬᠤᠲᠠ ᠶᠢᠨ ᠨᠡᠶᠢᠲᠡ 384 ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠪᠡ︔ ᠰᠠᠬᠢᠯᠭ᠎ᠠ ᠪᠠᠲᠤ ᠬᠠᠤᠯᠢ ᠶᠢ ᠵᠥᠷᠢᠴᠡᠵᠦ ᠣᠯᠤᠭᠰᠠᠨ ᠣᠯᠵᠠ | ᠠᠰᠢᠭ ᠢ 2.57 ᠳ᠋ᠦᠩᠰᠢᠭᠤᠷ ᠲᠥᠭᠦᠷᠢᠭ ᠬᠤᠷᠢᠶᠠᠨ ᠠᠪᠴᠤ᠂ 3.95 ᠳ᠋ᠦᠩᠰᠢᠭᠤᠷ ᠲᠥᠭᠦᠷᠢᠭ ᠤᠨ ᠮᠥᠩᠭᠦ ᠪᠣᠳᠠᠰ ᠢ ᠪᠠᠶᠢᠴᠠᠭᠠᠨ ᠪᠢᠲᠡᠭᠦᠮᠵᠢᠯᠡᠵᠦ | ᠦᠯᠡᠳᠡᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠯᠠᠪᠳᠠᠭᠤᠯᠵᠤ ᠪᠠᠶᠢᠭᠠᠳ 2305.24 ᠲᠦᠮᠡᠨ ᠲᠥᠭᠦᠷᠢᠭ ᠤᠨ ᠭᠠᠶᠢᠯᠢ ᠰᠦᠢᠳᠬᠡᠯ ᠢ ᠨᠡᠬᠡᠮᠵᠢᠯᠡᠨ | ᠲᠤᠰᠢᠶᠠᠯᠭᠠᠪᠠ᠃ ᠬᠤᠲᠠ ᠶᠢᠨ ᠨᠠᠮ ᠤᠨ ᠬᠤᠷᠢᠶᠠᠨ ᠤ ᠤᠤᠯ ᠤᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠤᠤᠯ ᠤᠨ ᠳᠡᠳ᠋ ᠬᠤᠲᠠ ᠶᠢᠨ ᠳᠠᠷᠤᠭ᠎ᠠ | ᠪᠠᠶ ᡁᠢ ᠶᠤᠸᠠᠨ᠂ ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠤᠤᠯ ᠤᠨ ᠳᠡᠳ᠋ | ᠡᠷᠬᠢᠯᠡᠭᠴᠢ ᠭᠤᠤ ᠪᠦᠦ ᠺᠦᠨ ᠵᠡᠷᠭᠡ ᠢᠯᠵᠠᠷᠠᠯ ᠳᠤ ᠬᠤᠯᠪᠣᠭᠳᠠᠭᠰᠠᠨ ᠬᠦᠨᠳᠦ ᠶᠡᠭᠡ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ | ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ | ᠦᠷᠨᠢᠬᠦᠯᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠠᠵᠢᠯᠲᠠᠨ ᠤ ᠰᠠᠬᠢᠯᠭ᠎ᠠ ᠪᠠᠲᠤ | ᠬᠠᠤᠯᠢ ᠴᠠᠭᠠᠵᠠ ᠶᠢ ᠵᠥᠷᠢᠴᠡᠭᠰᠡᠨ 222 ᠬᠡᠷᠡᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ 167 ᠬᠥᠮᠦᠨ ᠢ ᠨᠢ ᠬᠡᠷᠡᠭ ᠪᠣᠯᠭᠠᠨ ᠳᠡᠩᠰᠡᠯᠡᠵᠦ᠂ 23 | ᠬᠥᠮᠦᠨ ᠢ ᠦᠯᠡᠳᠡᠭᠡᠨ ᠬᠤᠴᠤᠷᠭᠠᠵᠤ᠂ 82 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠥᠭᠴᠦ᠂ 25 ᠬᠥᠮᠦᠨ ᠳᠤ ᠵᠣᠬᠢᠶᠠᠨ | ᠪᠠᠶᠢᠭᠤᠯᠤᠯᠲᠠ ᠶᠢᠨ ᠰᠢᠢᠳᠬᠡᠯ ᠦᠭᠪᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠤᠯ ᠤᠨ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ | ᠶᠠᠩ ᡁᠢ ᠵᠢᠶᠦ᠋ᠨ᠂ ᠮᠠᠨᠵᠤᠤᠷ ᠬᠤᠲᠠ ᠶᠢᠨ ᠪᠠᠶᠢᠴᠠᠭᠠᠬᠤ ᠬᠤᠷᠢᠶᠠᠨ ᠤ ᠤᠤᠯ ᠤᠨ ᠪᠠᠶᠢᠴᠠᠭᠠᠬᠤ ᠳᠠᠷᠤᠭ᠎ᠠ ᠰᠦᠨ ᠬᠠᠶ᠂ ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠨᠠᠮ ᠤᠨ ᠬᠤᠷᠢᠶᠠᠨ ᠤ ᠤᠤᠯ ᠤᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠤᠤᠯ ᠤᠨ ᠱᠦᠵᠢ ᠱᠤᠤ ᠬᠤᠩ | ᠵᠢᠶᠦ᠋ᠨ᠂ ᠠᠷᠤᠨ ᠬᠤᠰᠢᠭᠤᠨ ᠤ ᠰᠢᠭᠦᠬᠦ ᠬᠤᠷᠢᠶᠠᠨ ᠤ ᠤᠤᠯ ᠤᠨ ᠳᠠᠷᠤᠭ᠎ᠠ ᠸᠠᠩ ᠶᠦᠩ ᠱᠧᠩ ᠵᠡᠷᠭᠡ ᠶᠢᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ | ᠲᠤᠰᠬᠠᠶ ᠠᠩᠭᠢ ᠶᠢ ᠵᠣᠬᠢᠶᠠᠨ ᠪᠠᠶᠢᠭᠤᠯᠵᠤ ᠳᠡᠭᠡᠳᠦ ᠱᠠᠲᠤᠨ ᠤ ᠲᠤᠰᠢᠶᠠᠨ ᠭᠦᠢᠴᠡᠳᠬᠡᠯᠭᠡᠭᠰᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠣᠯᠠᠨ ᠤᠳᠠᠭ᠎ᠠ | ᠪᠠᠶᠢᠴᠠᠭᠠᠭᠠᠳ ᠲᠤᠳᠤᠯᠠᠭᠳᠠᠬᠤ ᠦᠬᠡᠢ ᠶᠠᠭᠰᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠸᠠᠩ ᠬᠤᠩ ᡁᠢ ᠶᠢᠨ ᠠᠰᠠᠭᠤᠳᠠᠯ ᠤᠨ | ᠰᠦᠪᠡᠭᠴᠢ ᠶᠢ ᠭᠦᠨ ᠠᠭᠤᠳᠠᠯᠤᠨ ᠲᠦᠢᠯᠪᠤᠷᠢᠲᠠᠶ ᠪᠠᠶᠢᠴᠠᠭᠠᠵᠤ᠂ ᠨᠡᠯᠢᠶᠡᠳ ᠣᠬᠤᠷᠬᠠᠨ ᠬᠤᠭᠤᠴᠠᠭᠠᠨ ᠳᠤ ᠲᠡᠭᠦᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠪᠣᠳᠠᠲᠤ ᠬᠡᠷᠡᠭ ᠢ ᠪᠠᠶᠢᠴᠠᠭᠠᠨ ᠳᠣᠲᠣᠯᠠᠵᠤ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠭᠦᠢᠴᠡᠳ ᠨᠤᠲᠠᠯᠠᠯᠲᠠ ᠶᠢ ᠤᠯᠪᠠ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠤᠨ ᠲᠤᠰᠬᠠᠢ ᠵᠠᠰᠠᠯᠳᠠ ᠶᠢᠨ ᠠᠵᠢᠯ ᠢ ᠭᠦᠨᠵᠡᠭᠡᠶ ᠦᠷᠨᠢᠬᠦᠯᠪᠡ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠬᠤ᠂ ᠬᠢᠨᠠᠨ ᠵᠥᠪᠰᠢᠶᠡᠷᠡᠬᠦ᠂ ᠰᠦᠢᠳᠬᠡᠯ ᠲᠤᠰᠢᠶᠠᠬᠤ᠂ ᠲᠦᠷᠢᠶᠡᠰᠦᠯᠡᠬᠦ᠂ | ᠬᠠᠮᠢᠶᠠᠷᠬᠤ ᠳᠤᠮᠳᠠᠬᠢ ᠲᠣᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠵᠤ᠂ 25 ᠬᠤᠪᠢ ᠶᠢ ᠬᠡᠷᠡᠭ ᠪᠣᠯᠭᠠᠨ ᠳᠡᠩᠰᠡᠯᠡᠵᠦ᠂ 13 ᠬᠥᠮᠦᠨ ᠳᠤ ᠰᠢᠢᠳᠬᠡᠯ ᠥᠭᠴᠦ᠂ | 20 ᠬᠥᠮᠦᠨ ᠳᠤ ᠵᠣᠬᠢᠶᠠᠨ ᠪᠠᠶᠢᠭᠤᠯᠤᠯᠲᠠ ᠶᠢᠨ ᠰᠢᠢᠳᠬᠡᠯ ᠦᠭᠴᠦ᠂ 5 ᠬᠥᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠤᠨᠳᠤᠤ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠢ 3.75 ᠳ᠋ᠦᠩᠰᠢᠭᠤᠷ ᠲᠥᠭᠦᠷᠢᠭ ᠨᠡᠬᠡᠮᠵᠢᠯᠡᠨ ᠲᠤᠰᠢᠶᠠᠯᠭᠠᠪᠠ᠃ ᠬᠤᠲᠠ ᠶᠢᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠬᠡᠷ ᠤᠨ ᠤᠤᠯ ᠤᠨ ᠡᠷᠬᠢᠯᠡᠭᠴᠢ ᠮᠥᠷᠡᠨ ᠤ ᠬᠡᠷᠡᠭ ᠨᠢ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠢ | ᠲᠦᠷᠦᠯ ᠤᠨ ᠠᠩᠬᠠᠳᠠᠭᠴᠢ ᠵᠢᠱᠢᠶ᠎ᠡ ᠪᠣᠯᠵᠤ ᠦᠯᠡᠳᠡᠬᠡᠨ ᠬᠤᠴᠤᠷᠭᠠᠭᠰᠠᠨ ᠬᠡᠷᠡᠭ ᠪᠤᠯᠤᠨ᠎ᠠ᠃ | ︵ᠵᠢᠷᠭᠤᠭ᠎ᠠ︶ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠭᠠᠷᠳᠠᠴᠠ ᠪᠣᠯᠭᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠬᠤᠷᠴᠠ | ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠪᠠ | ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠬᠦᠨᠵᠡᠭᠡᠶᠢᠷᠡᠬᠦᠯᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠪᠠᠨ ᠡᠭᠡᠯᠵᠢ ᠶᠢᠨ | 326 ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠯᠲᠠ ᠬᠢᠵᠦ᠂ 3989 ᠠᠰᠠᠭᠤᠳᠠᠯ᠂ 346 ᠰᠦᠪᠡᠭᠴᠢ ᠶᠢ ᠢᠯᠡᠷᠡᠭᠦᠯᠵᠦ᠂ ᠪᠦᠬᠦ ᠣᠷᠣᠨ ᠳᠤ | ᠬᠠᠮᠤᠭ ᠤᠨ ᠲᠡᠷᠢᠭᠦᠨ ᠳᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠯᠲᠠ ᠶᠢ ᠪᠦᠷᠬᠦᠭᠦᠯᠬᠦ ᠡᠭᠦᠷᠭᠡ ᠶᠢ ᠪᠡᠶᠡᠯᠡᠭᠦᠯᠪᠡ᠃ | ᠴᠠᠭᠳᠠᠨ ᠪᠠᠶᠢᠴᠠᠭᠠᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠪᠠ᠃ ᠨᠢᠭᠡᠳᠦᠯᠲᠡᠶ ᠤᠳᠤᠷᠢᠳᠤᠯᠭ᠎ᠠ᠂ ᠱᠠᠲᠤ ᠬᠤᠪᠢᠶᠠᠨ ᠬᠠᠷᠢᠭᠤᠴᠠᠬᠤ ᠶᠢ | ᠪᠠᠷᠢᠮᠲᠠᠯᠠᠵᠤ᠂ ᠬᠤᠰᠢᠭᠤ ᠬᠤᠲᠠ ᠲᠣᠭᠤᠷᠢᠭ ᠤᠨ ᠴᠠᠭᠳᠠᠨ ᠪᠠᠶᠢᠴᠠᠭᠠᠬᠤ ᠠᠵᠢᠯ ᠢ ᠠᠯᠬᠤᠮ ᠠᠯᠬᠤᠮ ᠢᠶᠠᠷ ᠵᠢᠷᠤᠮᠵᠢᠭᠤᠯᠬᠤ ᠶᠢ ᠠᠬᠢᠭᠤᠯᠪᠠ᠃ ᠬᠤᠶᠠᠷ ᠱᠠᠲᠤᠨ ᠤ | ᠴᠠᠭᠳᠠᠨ ᠪᠠᠶᠢᠴᠠᠭᠠᠬᠤ ᠬᠦᠴᠦᠨ ᠢ ᠨᠢᠭᠡᠳᠦᠯᠲᠡᠢ ᠲᠦᠯᠦᠪᠯᠡᠨ ᠨᠡᠶᠢᠳᠬᠡᠵᠦ᠂ ᠳᠡᠰ ᠳᠡᠪᠰᠢᠭᠦᠯᠬᠦ᠂ ᠣᠨᠳᠣᠣ ᠭᠠᠵᠠᠷ ᠬᠡᠷᠡᠭᠯᠡᠬᠦ᠂ ᠪᠦᠬᠦ ᠲᠠᠯ᠎ᠠ ᠪᠠᠷ ᠬᠤᠯᠪᠣᠭᠠᠯᠠᠨ | ᠬᠥᠳᠡᠯᠦᠯᠴᠡᠬᠦ ᠵᠡᠷᠭᠡ ᠠᠷᠭ᠎ᠠ ᠬᠡᠯᠪᠡᠷᠢ ᠶᠢ 14 ᠤᠳᠠᠭ᠎ᠠ ᠬᠡᠷᠡᠭᠯᠡᠵᠦ᠂ ᠨᠢᠭᠡ ᠪᠦᠯᠦᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠣᠬᠢᠷᠲᠤᠯ ᠢ | ᠰᠡᠷᠭᠡᠶᠢᠯᠡᠨ ᠵᠠᠰᠠᠬᠤ ᠵᠡᠷᠭᠡ ᠬᠦᠷᠢᠶ᠎ᠡ ᠴᠠᠷᠠᠭᠠᠨ ᠳᠠᠬᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠠᠬᠢᠭᠤᠯᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠰᠢ ᠤᠷᠲᠤᠳᠬᠠᠬᠤ ᠶᠢ ᠬᠦᠴᠦᠲᠡᠢ ᠠᠬᠢᠭᠤᠯᠪᠠ᠃ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠪᠤᠳᠠᠳᠠᠶᠢᠵᠢᠭᠤᠯᠪᠠ᠃ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠪᠠᠷ ᠵᠣᠭᠰᠣᠴᠠ ᠪᠣᠯᠭᠠᠬᠤ ᠶᠢ ᠪᠠᠷᠢᠮᠲᠠᠯᠠᠵᠤ᠂ ᠥᠩᠭᠡᠨ ᠲᠠᠯ᠎ᠠ ᠪᠠ | ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠨᠣᠷᠮ᠎ᠠ 95% ᠳᠤ ᠬᠥᠷᠪᠡ᠃ ᠡᠯ᠎ᠡ ᠲᠦᠷᠦᠯ ᠤᠨ ᠳᠦᠷᠢᠮ ᠢ 3725 ᠵᠦᠢᠯ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ 1700 | ᠬᠥᠮᠦᠨ ᠤᠳᠠᠭ᠎ᠠ ᠬᠠᠷᠢᠭᠤᠴᠠᠯᠭ᠎ᠠ ᠨᠡᠬᠡᠮᠵᠢᠯᠡᠵᠦ᠂ ᠡᠯ᠎ᠡ ᠲᠥᠷᠥᠯ ᠤᠨ ᠠᠵᠤ ᠠᠬᠤᠢ ᠶᠢᠨ ᠬᠤᠬᠢᠷᠠᠯ ᠢ 3.22 ᠳ᠋ᠦᠩᠰᠢᠭᠤᠷ ᠲᠥᠭᠦᠷᠢᠭ ᠡᠭᠡᠭᠦᠯᠦᠨ ᠠᠪᠴᠢᠷᠠᠪᠠ᠃ | | ︵ᠲᠤᠯᠤᠭ᠎ᠠ︶ ᠡᠩᠨᠡᠭᠡᠨ ᠤ ᠪᠠᠶᠢᠭᠤᠯᠤᠯᠲᠠ ᠪᠠᠷ ᠭᠤᠣᠯ ᠪᠣᠯᠭᠠᠵᠤ᠂ ᠥᠨᠳᠥᠷ ᠬᠡᠪ ᠪᠣᠯᠪᠠᠰᠤᠷᠠᠯ ᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠪᠠ | ᠦᠨᠡᠨᠴᠢ ᠰᠢᠳᠤᠷᠭᠤ ᠵᠠᠩ ᠴᠢᠨᠠᠷ ᠢ ᠬᠠᠳᠠᠭᠤᠵᠢᠭᠤᠯᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ | ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠦᠵᠡᠯ ᠰᠠᠨᠠᠭ᠎ᠠ ᠪᠠᠨ ᠵᠡᠪᠰᠡᠭᠯᠡᠬᠦ ᠶᠢ ᠴᠢᠩᠭᠠᠳᠬᠠᠵᠤ᠂ ᠬᠦᠰᠡᠯᠡᠩ ᠢᠲᠡᠭᠡᠯ ᠵᠤᠷᠢᠭ ᠢ ᠪᠠᠲᠤ | ᠴᠤᠭᠴᠠᠯᠠᠪᠠ᠃ ︽ᠨᠠᠷᠠᠰᠤ ᠮᠡᠳᠤ ᠪᠠᠲᠤ ᠴᠢᠩᠭ᠎ᠠ᠂ ᠤᠷᠤᠰᠬᠠᠯ ᠮᠡᠳᠤ ᠴᠡᠪᠡᠷ ᠲᠤᠩᠭᠠᠯᠠᠭ︾ ᠤᠨᠴᠠᠯᠢᠬᠳᠤ ᠨᠠᠮ ᠤᠨ ᠪᠠᠶᠢᠭᠤᠯᠤᠯᠲᠠ ᠶᠢᠨ ᠲᠦᠷᠦᠯ ᠳᠡᠮᠳᠡᠭ ᠢ | ᠡᠭᠦᠳᠬᠦ ᠪᠠᠷ ᠭᠠᠷᠳᠠᠴᠠ ᠪᠣᠯᠭᠠᠵᠤ᠂ ᠵᠠᠩ ᠴᠢᠨᠠᠷ ᠢᠶᠠᠨ ᠬᠠᠳᠠᠭᠤᠵᠢᠭᠤᠯᠵᠤ᠂ ᠴᠢᠳᠠᠪᠤᠷᠢ ᠪᠠᠨ ᠪᠣᠯᠪᠠᠰᠤᠷᠠᠭᠤᠯᠵᠤ᠂ ᠤᠪᠤᠷ ᠰᠤᠷᠲᠠᠯ ᠢᠶᠠᠨ ᠳᠠᠪᠳᠠᠵᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠨᠠᠮ ᠪᠣᠯᠤᠨ ᠠᠷᠠᠳ ᠲᠦᠮᠡᠨ ᠳᠡᠭᠡᠨ ᠦᠨᠡᠨᠴᠢ ᠰᠢᠳᠤᠷᠭᠤ | ᠪᠠᠶᠢᠬᠤ ᠪᠠᠨ ᠲᠠᠶᠢᠯᠪᠤᠷᠢᠯᠠᠬᠤ ᠶᠢ ᠬᠦᠳᠦᠯᠦᠨ ᠵᠢᠯᠤᠭᠤᠳᠪᠠ᠃ | ᠴᠡᠪᠡᠷ ᠠᠷᠢᠭᠤᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠪᠠ᠃ ᠢᠮᠠᠭᠲᠠ ︽ᠲᠡᠮᠦᠷ ᠳᠠᠪᠲᠠᠬᠤ ᠳᠤ ᠥᠪᠡᠷ ᠢᠶᠠᠨ ᠵᠠᠪᠠᠯ ᠬᠠᠳᠠᠭᠤ ᠪᠠᠶᠢᠬᠤ︾ | ᠱᠠᠭᠠᠷᠳᠠᠯᠭ᠎ᠠ ᠶᠣᠰᠣᠭᠠᠷ ᠪᠡᠶ᠎ᠡ ᠪᠠᠨ ᠴᠢᠩᠭ᠎ᠠ ᠱᠠᠭᠠᠷᠳᠠᠵᠤ᠂ ᠰᠠᠬᠢᠯᠭ᠎ᠠ ᠪᠠᠲᠤ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠵᠢᠷᠤᠮ ᠳᠠᠷᠠᠭᠠᠯᠠᠯ ᠤᠨ ᠤᠬᠠᠮᠰᠠᠷ | ᠂ ᠭᠡᠷᠡᠴᠢ ᠪᠠᠷᠢᠮᠲᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠪᠣᠯᠪᠠᠰᠤᠨ ᠢᠶᠠᠷ ᠬᠡᠷᠡᠭ ᠰᠢᠢᠳᠪᠦᠷᠢᠯᠡᠪᠡ᠃ | ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠪᠦᠬᠦ ᠬᠤᠲᠠ ᠳᠤ 1140 ᠨᠡᠷᠡᠰ ᠣᠨᠴᠠ ᠤᠷᠢᠭᠰᠠᠨ ᠬᠢᠨᠠᠨ ᠪᠠᠶᠢᠴᠠᠭᠠᠭᠴᠢ ᠶᠢ ᠰᠣᠩᠭᠤᠨ ᠤᠷᠢᠪᠠ᠃ | ᠳᠣᠲᠣᠭᠠᠳᠤ ᠶᠢᠨ ᠬᠢᠨᠠᠯᠲᠠ ᠪᠠᠨ ᠴᠢᠩᠭᠠᠳᠬᠠᠵᠤ᠂ ᠼᠦᠢ ᠶᠤᠸᠠᠨ ᠴᠢᠩ ᠤᠨ ᠬᠡᠷᠡᠭ ᠢᠶᠠᠷ ᠲᠣᠯᠢ ᠪᠣᠯᠭᠠᠨ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ᠂ ︽ | ᠵᠤᠯᠠ ᠶᠢᠨ ᠳᠤᠤᠷᠠᠬᠢ ᠬᠠᠷᠠᠩᠭᠤᠢ︾ ᠦᠵᠡᠭᠳᠡᠯ ᠢ ᠡᠷᠡᠰ ᠴᠡᠭᠴᠡᠯᠡᠨ ᠵᠠᠰᠠᠵᠤ᠂ 22 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠥᠭᠴᠦ᠂ 1 | ᠨᠡᠷᠡᠰ ᠣᠨᠴᠠ ᠤᠷᠢᠭᠰᠠᠨ ᠬᠢᠨᠠᠨ ᠪᠠᠶᠢᠴᠠᠭᠠᠭᠴᠢ ᠶᠢ ᠤᠷᠢᠯᠭ᠎ᠠ ᠠᠴᠠ ᠭᠠᠷᠭᠠᠪᠠ᠃ | ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠪᠠᠨ ᠳᠡᠭᠡᠭᠰᠢᠯᠡᠬᠦᠯᠪᠡ᠃ ᠪᠤᠯᠪᠠᠰᠤᠷᠠᠭᠤᠯᠤᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠡᠶᠢᠲᠡ 4.4 | ᠲᠦᠮᠡᠨ ᠬᠥᠮᠦᠨ ᠤᠳᠠᠭ᠎ᠠ ᠪᠤᠯᠪᠠᠰᠤᠷᠠᠭᠤᠯᠪᠠ᠃ ᠬᠡᠷᠡᠭ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ᠂ ᠰᠣᠩᠭᠤᠨ ᠲᠣᠮᠢᠯᠠᠬᠤ᠂ ᠪᠦᠬᠦᠯᠢ ᠪᠠᠶᠢᠭᠤᠯᠤᠮᠵᠢᠲᠤ | ᠳᠦᠷᠢᠮ ᠠᠴᠠ 1511 ᠬᠥᠮᠦᠨ ᠤᠳᠠᠭ᠎ᠠ ᠰᠢᠯᠵᠢᠭᠦᠯᠦᠨ ᠠᠪᠴᠢᠷᠠᠵᠤ ᠲᠣᠮᠣ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠭᠤᠯᠬᠤ ᠶᠢ | ᠪᠠᠷᠢᠮᠲᠠᠯᠠᠪᠠ᠃ ︽ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ︾ ᠢ ᠬᠡᠷᠡᠭᠵᠢᠭᠦᠯᠵᠦ᠂ ᠣᠷᠣᠨ ᠨᠤᠲᠤᠭ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ | ᠂ ᠬᠡᠷᠡᠭ ᠰᠢᠢᠳᠪᠦᠷᠢᠯᠡᠬᠦ ᠳᠡᠭᠡᠨ ᠴᠢᠳᠠᠮᠠᠭᠠᠢ᠂ ᠬᠡᠷᠡᠭ ᠰᠢᠢᠳᠪᠦᠷᠢᠯᠡᠵᠦ ᠴᠢᠳᠠᠬᠤ ᠨᠢᠭᠡ ᠪᠦᠯᠦᠭ ᠰᠢᠯᠢᠳᠡᠭ ᠺᠠᠳ᠋ᠷ ᠴᠣᠯᠭᠤᠷᠠᠨ ᠭᠠᠷᠪᠠ᠃ ᠪᠥᠬᠦ ᠣᠷᠣᠨ ᠤ 4 | ᠰᠣᠳᠣᠨ ᠬᠡᠷᠡᠭ ᠤᠨ ᠵᠢᠱᠢᠶ᠎ᠡ᠂ 12 ᠰᠢᠯᠢᠳᠡᠭ ᠬᠡᠷᠡᠭ ᠤᠨ ᠵᠢᠱᠢᠶ᠎ᠡ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠡᠷᠢᠭᠦᠨ ᠤ ᠬᠠᠮᠲᠤ ᠨᠢᠬᠡᠴᠢ ᠶᠢ ᠦᠩᠭᠡ ᠭᠡᠷᠡᠯ ᠲᠠᠢ ᠪᠠᠷ ᠭᠥᠷᠳᠡᠵᠦ᠂ ᠯᠢᠦ ᠰᠢᠤᠢ | ᠰᠧᠨ᠂ ᠮᠠ ᠴᠤᠤ᠂ ᠢᠦᠶ ᠶᠦᠩ ᠵᠡᠷᠭᠡ ᠨᠦᠬᠦᠷ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠰᠠᠶᠢᠰᠢᠶᠠᠯ ᠢ ᠭᠥᠷᠳᠡᠪᠡ᠃ | ᠡᠲᠡᠭᠡᠷ ᠠᠮᠵᠢᠯᠲᠠ ᠶᠢ ᠤᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠲᠠ ᠶᠢᠨ ᠨᠠᠮ ᠤᠨ ᠬᠤᠷᠢᠶ᠎ᠠ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠥᠬᠦ ᠬᠤᠲᠠ ᠶᠢᠨ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠨᠢᠭᠲᠠ ᠬᠠᠮᠵᠢᠯᠴᠠᠭᠰᠠᠨ ᠤ ᠦᠷ᠎ᠡ ᠳ᠋ᠦᠩ ᠮᠥᠨ᠂ ᠪᠥᠬᠦ ᠬᠤᠲᠠ ᠶᠢᠨ ᠨᠠᠮ ᠤᠨ ᠭᠡᠰᠢᠭᠦᠨ ᠺᠠᠳ᠋ᠷ ᠪᠣᠯᠤᠨ | ᠠᠷᠠᠳ ᠣᠯᠠᠨ ᠤ ᠢᠳᠡᠪᠬᠢᠲᠡᠶ ᠣᠷᠣᠯᠴᠠᠭᠰᠠᠨ ᠤ ᠦᠷ᠎ᠡ ᠳ᠋ᠦᠩ ᠮᠥᠨ᠂ ᠪᠠᠰᠠ ᠴᠤ ᠪᠤᠢ ᠪᠦᠬᠦᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ | ᠰᠢᠷᠭᠠᠭᠤ ᠴᠢᠷᠮᠠᠶᠢᠭᠰᠠᠨ ᠤ ᠦᠷ᠎ᠡ ᠳ᠋ᠦᠩ ᠮᠥᠨ᠃ ᠠᠳᠡ᠂ ᠤᠯᠠᠨ ᠵᠢᠯ ᠤᠨ ᠲᠤᠷᠰᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠠᠯᠠᠮᠵᠢᠯᠠᠨ | ᠳᠡᠮᠵᠢᠭᠰᠡᠨ ᠤᠳᠤᠷᠢᠳᠤᠯᠭ᠎ᠠ ᠪᠣᠯᠤᠨ ᠨᠥᠬᠦᠳ ᠲᠤ ᠴᠢᠩ ᠰᠡᠳᠬᠢᠯ ᠠᠴᠠ ᠪᠠᠨ ᠲᠠᠯᠠᠷᠬᠠᠬᠤ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ | ᠪᠠᠶᠢᠨ᠎ᠠ︕ | ᠥᠩᠭᠡᠷᠡᠭᠰᠡᠨ ᠲᠠᠪᠤᠨ ᠵᠢᠯ ᠳᠤ᠂ ᠪᠦᠬᠦ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠤᠨ ᠥᠷᠭᠡᠨ ᠤᠯᠠᠨ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠭᠤᠣᠯᠳᠠᠯᠭ᠎ᠠ ᠪᠠ ᠶᠡᠭᠡ ᠲᠠᠯ᠎ᠠ ᠳᠤ ᠦᠢᠯᠡᠴᠢᠯᠡᠬᠦ ᠲᠤᠭᠤᠷᠢᠨ ᠳᠤ᠂ ᠦᠨᠡᠨᠴᠢ ᠰᠢᠳᠤᠷᠭᠤ ᠪᠠᠷ ᠲᠤᠰᠢᠶᠠᠯ ᠢᠶᠠᠨ | ᠭᠦᠢᠴᠡᠳᠬᠡᠨ᠂ ᠬᠠᠷᠢᠭᠤᠴᠠᠯᠭ᠎ᠠ ᠲᠠᠢ ᠠᠵᠢᠯᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ | ᠦᠷ᠎ᠡ ᠪᠦᠲᠦᠮᠵᠢ ᠶᠢ ᠣᠯᠵᠠᠢ᠃ ᠪᠢᠳᠡ᠄ ︽ᠬᠤᠶᠠᠷ ᠢ ᠬᠠᠮᠠᠭᠠᠯᠠᠬᠤ︾ ᠳᠤ ᠡᠷᠬᠡᠪᠰᠢ ᠠᠩᠬᠠᠷᠤᠯ ᠢᠶᠠᠨ ᠲᠥᠪᠯᠡᠷᠡᠭᠦᠯᠦᠨ ᠡᠭᠦᠷᠬᠡ ᠲᠤᠰᠢᠶᠠᠯ ᠢᠶᠠᠨ ᠭᠦᠢᠴᠡᠳᠬᠡᠨ᠎ᠡ᠃ | ︽ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠬᠤ ᠪᠣᠯ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡᠯᠡᠵᠦ ᠪᠠᠶᠢᠭ᠎ᠠ ᠣᠨᠴᠠᠭᠠᠶ ᠲᠡᠦᠬᠡᠲᠦ ᠡᠭᠦᠷᠭᠡ ᠪᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ | ᠮᠥᠨ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠬᠠᠷᠢᠶᠠᠯᠠᠭᠳᠠᠬᠤ ᠴᠢᠨᠠᠷ ᠢ ᠪᠠᠲᠤ ᠡᠵᠡᠮᠳᠡᠵᠦ᠂ ᠤᠯᠤᠰ ᠲᠦᠷᠦ ᠶᠢᠨ | ᠤᠬᠠᠮᠰᠠᠷ ᠢᠶᠠᠨ ᠴᠢᠩᠭᠠᠳᠬᠠᠨ᠂ ᠲᠤᠭ ᠲᠡᠮᠳᠡᠭ ᠲᠣᠳᠣᠷᠬᠠᠢ ᠪᠠᠷ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠬᠠᠮᠠᠭᠠᠯᠠᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠤᠨᠤᠴᠠᠲᠠᠢ ᠡᠷᠴᠢᠮᠲᠡᠢ ᠥᠷᠨᠢᠭᠦᠯᠵᠦ᠂ ᠪᠠᠲᠤᠯᠠᠨ ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ | ᠲᠡᠭᠦᠯᠳᠡᠷᠵᠢᠭᠦᠯᠦᠨ ᠬᠦᠭᠵᠢᠭᠦᠯᠬᠦ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠠᠷᠠᠳ ᠲᠦᠮᠡᠨ ᠢ ᠳᠡᠭᠡᠳᠦᠯᠡᠬᠦ ᠦᠨᠳᠦᠰᠦᠨ ᠵᠣᠭᠰᠣᠯᠲᠠ ᠶᠢ | ᠡᠷᠬᠡᠪᠰᠢ ᠪᠠᠲᠤ ᠰᠠᠬᠢᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠪᠣᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠦᠨᠳᠦᠰᠦᠨ | ᠵᠣᠭᠰᠣᠯᠲᠠ ᠪᠠ ᠦᠷᠳᠡᠭ ᠤᠨ ᠬᠠᠨᠳᠤᠰᠢ ᠮᠥᠨ᠃ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠢ ᠰᠠᠶᠢᠲᠤᠷ ᠠᠩᠬᠠᠷᠴᠤ᠂ ᠤᠯᠠᠨ ᠲᠦᠮᠡᠨ ᠤ | ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠲᠡᠳᠡᠨ ᠤ ᠬᠦᠷᠲᠡᠮᠵᠢ ᠶᠢᠨ ᠲᠦᠷᠦᠭᠳᠡᠯ ᠢ ᠨᠡᠩ ᠥᠩᠭᠡ ᠪᠤᠳᠤᠭ ᠲᠠᠢ᠂ ᠵᠣᠯ | ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠬᠦ᠋ᠢᠴᠡ᠂ ᠠᠮᠤᠷ ᠲᠦᠪᠰᠢᠨᠲᠦ ᠲᠥᠷᠦᠭᠳᠡᠯ ᠢ ᠨᠡᠩ ᠪᠠᠲᠤᠯᠠᠭ᠎ᠠ ᠲᠠᠢ ᠪᠣᠯᠭᠠᠪᠠ᠃ ᠴᠢᠨᠠᠷ ᠰᠠᠶᠢᠲᠠᠢ ᠬᠥᠭᠵᠢᠯᠲᠡ ᠶᠢᠨ | ᠠᠵᠢᠯ ᠤᠨ ᠭᠤᠣᠯ ᠰᠡᠳᠦᠪ ᠢ ᠡᠷᠬᠡᠪᠰᠢ ᠡᠵᠡᠮᠳᠡᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠳᠤᠮᠳᠠ ᠲᠤᠭᠤᠰᠢᠯᠠᠭᠳᠠᠭᠰᠠᠨ ᠢᠯᠡᠷᠡᠯ ᠪᠣᠯᠤᠨ᠎ᠠ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠡᠷᠡᠰ | ᠭᠤᠶᠢᠪᠢᠰᠢ ᠦᠭᠡᠢ ᠪᠠᠷᠢᠮᠲᠠᠯᠠᠨ᠂ ︽ᠭᠤᠷᠪᠠᠨ ᠢᠯᠵᠠᠷᠠᠬᠤ ᠦᠬᠡᠢ︾ ᠶᠢ ᠨᠢᠭᠡ ᠴᠤᠭᠴᠠᠵᠢᠭᠤᠯᠤᠨ ᠠᠬᠢᠭᠤᠯᠵᠤ᠂ ᠵᠠᠯᠬᠠᠭᠠᠨ ᠰᠢᠢᠳᠬᠡᠬᠦ ᠪᠠᠷ ᠰᠦᠷᠳᠡᠭᠦᠯᠬᠦ᠂ | ᠲᠦᠷᠢᠮ ᠢᠶᠠᠷ ᠬᠢᠵᠠᠭᠠᠷᠯᠠᠬᠤ᠂ ᠤᠬᠠᠮᠰᠠᠷ ᠢᠶᠠᠨ ᠳᠡᠭᠡᠭᠰᠢᠯᠡᠭᠦᠯᠬᠦ ᠶᠢ ᠤᠶᠠᠯᠳᠤᠭᠤᠯᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ | ᠵᠦᠢᠯ ᠤᠨ ᠬᠡᠯᠪᠡᠷᠢ︾ ᠶᠢ ᠣᠨᠤᠴᠠᠲᠠᠢ ᠬᠡᠷᠡᠭᠯᠡᠨ᠂ ᠢᠯᠵᠠᠷᠠᠯ ᠢ ᠴᠡᠭᠴᠡᠯᠡᠨ ᠵᠠᠰᠠᠬᠤ ᠴᠢᠳᠠᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠡᠩᠨᠡᠭᠡ ᠶᠢᠨ | ᠪᠠᠶᠢᠭᠤᠯᠤᠯᠲᠠ ᠶᠢ ᠡᠷᠬᠡᠪᠰᠢ ᠲᠤᠪᠤᠶᠢᠮ᠎ᠠ ᠪᠠᠶᠢᠷᠢ ᠳᠤ ᠲᠠᠯᠪᠢᠨ᠎ᠠ᠃ ᠰᠠᠬᠢᠯᠭ᠎ᠠ ᠪᠠᠲᠤ ᠶᠢ ᠬᠡᠷᠡᠭᠵᠢᠭᠦᠯᠬᠦ ᠳᠤ ᠡᠷᠬᠡᠪᠰᠢ ᠤᠷᠢᠳ ᠢᠶᠠᠷ ᠰᠠᠬᠢᠯᠭ᠎ᠠ ᠪᠠᠲᠤ ᠶᠢ ᠰᠠᠬᠢᠵᠤ᠂ | ᠪᠤᠰᠤᠳ ᠢ ᠱᠠᠭᠠᠷᠳᠠᠬᠤ ᠳᠤ ᠡᠷᠬᠡᠪᠰᠢ ᠤᠷᠢᠳ ᠢᠶᠠᠷ ᠪᠡᠶ᠎ᠡ ᠪᠠᠨ ᠱᠠᠭᠠᠷᠳᠠᠬᠤ ᠬᠡᠷᠡᠭᠲᠡᠢ᠃ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠬᠡᠪ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠴᠢᠳᠠᠪᠤᠷᠢ ᠪᠠ ᠲᠤᠰᠬᠠᠢ ᠮᠡᠷᠭᠡᠵᠢᠭᠰᠡᠨ | ᠲᠦᠪᠰᠢᠨ ᠢᠶᠠᠨ ᠳᠡᠭᠡᠭᠰᠢᠯᠡᠭᠦᠯᠵᠦ᠂ ᠬᠠᠮᠤᠭ ᠤᠨ ᠴᠢᠩᠭ᠎ᠠ ᠬᠢᠵᠠᠭᠠᠷᠯᠠᠯ ᠪᠠ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠳᠠᠭᠠᠨ ᠦᠨᠡᠨᠴᠢ ᠰᠢᠳᠤᠷᠭᠤ᠂ | ᠦᠨᠡᠨ ᠠᠴᠠ ᠵᠥᠪ ᠢ ᠡᠷᠢᠬᠦ᠂ ᠵᠤᠷᠢᠭᠲᠠᠢ ᠲᠡᠮᠡᠴᠡᠬᠦ᠂ ᠳᠠᠷᠤᠤ ᠪᠣᠯᠭᠤᠮᠵᠢᠲᠠᠢ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠰᠢᠯᠢᠳᠡᠭ ᠵᠠᠩ | ᠴᠢᠨᠠᠷ ᠢᠶᠠᠨ ᠢᠮᠠᠭᠲᠠ ᠪᠠᠷᠢᠮᠲᠠᠯᠠᠵᠤ᠂ ᠦᠨᠡᠨᠴᠢ ᠰᠢᠳᠤᠷᠭᠤ ᠴᠡᠪᠡᠷ ᠠᠷᠢᠭᠤᠨ ᠡᠭᠦᠷᠭᠡᠯᠡᠯ ᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠤᠷ ᠴᠡᠷᠢᠭ ᠢ | ᠪᠠᠶᠢᠭᠤᠯᠬᠤ ᠬᠡᠷᠡᠭᠲᠡᠢ ᠭᠡᠳᠡᠭ ᠢ ᠭᠦᠨᠵᠡᠭᠡᠶ ᠣᠶᠢᠯᠠᠭᠠᠪᠠ᠃ ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ᠂ ᠢᠯᠵᠠᠷᠠᠯ ᠢ ᠡᠰᠡᠷᠭᠦᠴᠡᠬᠦ ᠲᠡᠮᠡᠴᠡᠯ ᠡᠭᠦᠷᠢᠳᠡ | ᠳᠠᠭᠤᠰᠤᠰᠢ ᠦᠭᠡᠢ᠂ ᠦᠯᠡᠳᠡᠭᠳᠡᠯ ᠪᠠᠶᠢᠭ᠎ᠠ ᠮᠦᠷᠲᠡᠭᠡᠨ ᠮᠥᠨ ᠬᠦ ᠨᠡᠮᠡᠭᠳᠡᠭᠰᠡᠭᠡᠷ ᠭᠡᠳᠡᠭ ᠢ ᠪᠢᠳᠡ ᠡᠷᠬᠡᠪᠰᠢ ᠰᠡᠷᠭᠡᠭ ᠢᠶᠠᠷ ᠲᠠᠨᠢᠬᠤ ᠬᠡᠷᠡᠭᠲᠡᠢ︔ ᠵᠠᠷᠢᠮ ᠨᠠᠮ ᠤᠨ | ᠵᠣᠬᠢᠶᠠᠨ ᠪᠠᠶᠢᠭᠤᠯᠤᠯᠲᠠ ᠳᠤ ᠪᠠᠰᠠ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠤᠯᠠᠷᠠᠭᠤᠯᠵᠤ ᠪᠠᠯᠠᠷᠬᠠᠶᠢᠰᠢᠭᠤᠯᠤᠭᠰᠠᠨ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠴᠢᠩᠭ᠎ᠠ ᠪᠢᠰᠢ ᠪᠠᠶᠢᠭ᠎ᠠ ᠵᠡᠷᠭᠡ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠤᠰᠢᠭᠰᠠᠭᠠᠷ︔ ᠤᠯᠠᠨ ᠲᠦᠮᠡᠨ ᠤ | ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠠᠭᠠᠵᠠᠯᠠᠭᠰᠠᠨ ᠪᠣᠯᠪᠠᠴᠤ ᠪᠠᠰᠠ ᠣᠷᠤᠰᠢᠭᠰᠠᠭᠠᠷ᠂ ᠣᠨᠴᠠᠭᠠᠶᠢᠯᠠᠨ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠣᠷᠤᠰᠢᠭᠰᠠᠭᠠᠷ︔ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠪᠠ ᠠᠷᠠᠳ ᠤᠯᠠᠨ ᠤ ᠬᠦᠰᠡᠯ | ᠨᠠᠶᠢᠳᠠᠯᠭ᠎ᠠ ᠲᠠᠢ ᠬᠠᠷᠢᠴᠠᠭᠤᠯᠪᠠᠯ᠂ ᠬᠢᠨᠠᠯᠲᠠ ᠲᠠᠯᠪᠢᠬᠤ ᠠᠵᠢᠯ ᠪᠠ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠳᠤ ᠮᠥᠨ ᠯᠡ ᠵᠥᠷᠢᠶ᠎ᠡ ᠣᠷᠤᠰᠢᠭᠰᠠᠭᠠᠷ ᠪᠠᠶᠢᠨ᠎ᠠ᠃ | ᠡᠭᠦᠨ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ | ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠲᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ | ᠡᠷᠬᠡᠪᠰᠢ ᠰᠢᠨ᠎ᠡ ᠪᠠᠶᠢᠳᠠᠯ ᠳᠤ ᠵᠣᠬᠢᠴᠠᠵᠤ᠂ ᠰᠢᠨ᠎ᠡ ᠲᠣᠬᠢᠶᠠᠯ ᠢ ᠡᠵᠡᠮᠳᠡᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ ᠶᠡᠷᠦᠩᠬᠡᠶ ᠱᠠᠭᠠᠷᠳᠠᠯᠭ᠎ᠠ | ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠦᠭᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠶ ᠪᠠᠷᠢᠮᠲᠠᠯᠠᠵᠤ᠂ ᠬᠢᠨᠠᠯᠲᠠ | ᠲᠠᠯᠪᠢᠬᠤ ᠲᠤᠭᠲᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠡᠨᠴᠢ ᠰᠢᠳᠤᠷᠭᠤ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠨᠡᠨ ᠠᠴᠠ ᠵᠥᠪ ᠢ | ᠡᠷᠢᠵᠦ᠂ ᠲᠥᠪ ᠭᠤᠣᠯᠴᠢ ᠶᠢ ᠰᠠᠬᠢᠨ ᠰᠢᠨ᠎ᠡ ᠶᠢ ᠡᠭᠦᠳᠴᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠡᠷᠴᠢᠮᠲᠡᠢ ᠠᠬᠢᠭᠤᠯᠵᠤ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ ᠪᠠᠲᠤᠯᠠᠨ ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ | ᠲᠡᠭᠦᠯᠳᠡᠷᠵᠢᠭᠦᠯᠦᠨ ᠬᠦᠭᠵᠢᠭᠦᠯᠬᠦ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠬᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠨᠡᠩ ᠦᠵᠡᠰᠬᠦᠯᠡᠩᠲᠦ ᠰᠠᠶᠢᠬᠠᠨ ᠥᠨᠢᠷ ᠪᠠᠶᠠᠯᠢᠭ ᠡᠶ᠎ᠡ | ᠵᠣᠬᠢᠴᠠᠩᠭᠤᠢ ᠠᠮᠤᠷ ᠠᠮᠤᠭᠤᠯᠠᠩ ᠬᠥᠯᠦᠨ ᠪᠥᠢᠷ ᠢ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠡᠷᠡᠰ ᠴᠢᠩᠭ᠎ᠠ ᠪᠠᠲᠤᠯᠠᠭ᠎ᠠ ᠬᠠᠩᠭᠠᠨ᠎ᠠ᠃ | ︵ᠨᠢᠭᠡ︶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ | ᠬᠢᠨᠠᠯᠲᠠ ᠲᠠᠯᠪᠢᠬᠤ ᠶᠢ ᠴᠢᠩᠭ᠎ᠠ ᠬᠦᠴᠦᠲᠡᠶ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠠᠬᠢ ᠴᠢᠬᠤᠯᠠ | ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ | ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠬᠢᠨᠠᠯᠲᠠ ᠲᠠᠯᠪᠢᠬᠤ ᠨᠢ ᠢᠯᠡ ᠲᠣᠳᠣ ᠤᠯᠤᠰ ᠲᠦᠷᠦ ᠶᠢᠨ ᠬᠠᠷᠢᠶᠠᠯᠠᠭᠳᠠᠬᠤ ᠴᠢᠨᠠᠷ ᠲᠠᠢ ᠪᠠᠶᠢᠵᠤ᠂ | ᠠᠶᠠᠯᠠᠯ ᠬᠡᠳᠦᠢ ᠬᠤᠯᠠ ᠪᠣᠯᠬᠤ ᠲᠤᠳᠤᠮ᠂ ᠲᠡᠮᠡᠴᠡᠯ ᠲᠡᠳᠦᠢ ᠪᠡᠷᠬᠡᠰᠢᠶᠡᠯᠲᠡᠢ ᠪᠣᠯᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠤᠯᠠᠮ ᠠᠴᠠ ᠴᠢᠩᠳᠠᠯᠠᠬᠤ | ᠴᠢᠬᠤᠯᠠᠲᠠᠢ ᠪᠠᠶᠢᠨ᠎ᠠ᠃ ︽ᠬᠤᠶᠠᠷ ᠢ ᠬᠠᠮᠠᠭᠠᠯᠠᠬᠤ︾ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠳᠠᠯᠠᠨ᠎ᠠ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ | ᠪᠠᠷᠢᠮᠲᠠᠯᠠᠵᠤ᠂ ᠰᠤᠷᠤᠯᠴᠠᠨ ᠲᠤᠭᠤᠰᠢᠯᠠᠭᠤᠯᠬᠤ ᠶᠠᠪᠤᠴᠠ ᠳᠤ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠤᠬᠠᠮᠰᠠᠷᠲᠤ ᠴᠢᠨᠠᠷ ᠡᠷᠡᠰ ᠪᠠᠲᠤ ᠴᠢᠨᠠᠷ ᠢ ᠲᠠᠰᠤᠷᠠᠯᠲᠠ ᠦᠭᠡᠢ | ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ᠂ ᠨᠠᠷᠢᠯᠢᠭ | ᠲᠠᠩᠰᠠ ᠪᠠᠶᠢᠭᠤᠯᠵᠤ᠂ ᠣᠨᠤᠴᠠᠲᠠᠢ ᠬᠢᠨᠠᠨ ᠪᠠᠶᠢᠴᠠᠭᠠᠵᠤ᠂ ᠨᠢᠮᠪᠠᠢ ᠲᠠᠩᠰᠠ ᠲᠤᠰᠢᠶᠠᠨ᠎ᠠ᠃ ᠴᠠᠭ ᠪᠠ ᠬᠠᠨᠳᠤᠰᠢ ᠳᠤᠨᠢ ᠲᠣᠬᠢᠷᠠᠭᠤᠯᠤᠨ ᠤᠯᠤᠰ ᠲᠦᠷᠦ ᠶᠢᠨ | ᠬᠢᠨᠠᠯᠲᠠ ᠲᠠᠯᠪᠢᠬᠤ ᠬᠦᠴᠦᠯᠡᠬᠦ ᠴᠡᠭ ᠢ ᠡᠵᠡᠮᠳᠡᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠠᠰᠤᠷᠤ ᠰᠠᠶᠢᠨ ᠤᠯᠤᠰ ᠲᠦᠷᠦ ᠶᠢᠨ ᠠᠮᠢ ᠠᠬᠤᠢ ᠶᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠵᠡᠷᠭᠡ ᠶᠢᠨ ᠲᠤᠭᠤᠷᠢᠨ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠥᠷᠨᠢᠭᠦᠯᠵᠦ᠂ ︽ᠳᠥᠷᠪᠡᠨ ᠤᠬᠠᠮᠰᠠᠷ︾ ᠴᠢᠩᠭ᠎ᠠ ᠪᠤᠰᠤ᠂ ᠦᠵᠡᠯ | ᠰᠠᠨᠠᠭ᠎ᠠ ᠨᠢᠭᠡᠳᠦᠯ ᠥᠬᠡᠶ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠭᠦᠢᠴᠡᠳ ᠪᠤᠰᠤ ᠵᠡᠷᠭᠡ ᠠᠰᠠᠭᠤᠳᠠᠯ ᠢ ᠡᠷᠴᠢᠮᠲᠡᠢ ᠢᠯᠡᠷᠡᠭᠦᠯᠦᠨ ᠵᠠᠯᠠᠷᠠᠭᠤᠯᠵᠤ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠱᠠᠯᠠᠪᠳᠠᠭᠤᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠬᠡᠰᠡᠭ | ᠪᠦᠯᠦᠭ ᠢᠶᠠᠷ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠠᠭᠤᠷᠢᠯᠠᠬᠤ ᠦᠵᠡᠯ ᠢ ᠠᠷᠢᠯᠭᠠᠵᠤ᠂ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ | ᠴᠢᠩᠭᠠᠷᠠᠭᠤᠯᠤᠨ᠎ᠠ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ ᠤᠯᠤᠰ ᠲᠦᠷᠦ ᠶᠢᠨ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ᠂ ᠠᠵᠢᠯ ᠬᠢᠵᠦ ᠳᠡᠶᠢᠯᠬᠦ᠂ ᠵᠤᠷᠢᠭᠲᠠᠢ ᠡᠭᠦᠷᠭᠡᠯᠡᠬᠦ ᠶᠢ ᠱᠠᠯᠠᠪᠳᠠᠭᠤᠯᠤᠨ ᠱᠠᠭᠠᠷᠳᠠᠨ᠎ᠠ᠃ ᠴᠢᠬᠡᠴᠢ ᠵᠠᠰᠠᠭ ᠤᠨ | ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠡᠪ ᠰᠤᠷᠲᠠᠯ ᠪᠣᠳᠠᠲᠠᠶ᠂ ᠰᠠᠬᠢᠯᠭ᠎ᠠ ᠪᠠᠲᠤ ᠴᠢᠩᠭ᠎ᠠ᠂ ᠺᠠᠳ᠋ᠷ ᠠᠷᠢᠭᠤᠨ ᠴᠢᠬᠡᠴᠢ᠂ ᠤᠳᠤᠷᠢᠳᠬᠤ ᠪᠠᠭ ᠴᠢᠬᠡᠴᠢ ᠪᠠᠷ | ᠵᠠᠰᠠᠭ ᠪᠠᠷᠢᠬᠤ ᠶᠢ ᠴᠢᠷᠮᠠᠶᠢᠨ ᠪᠡᠶᠡᠯᠡᠭᠦᠯᠵᠦ᠂ ᠳᠣᠲᠣᠨᠣ ᠮᠦᠷᠲᠡᠭᠡᠨ ᠬᠡᠮᠵᠢᠶ᠎ᠡ ᠲᠠᠢ᠂ ᠠᠷᠢᠭᠤᠨ ᠴᠢᠬᠡᠴᠢ ᠮᠥᠷᠲᠡᠭᠡᠨ ᠦᠭᠡᠳᠡᠲᠡᠢ ᠳᠣᠲᠣᠨᠣ ᠴᠢᠭᠡᠴᠢ ᠵᠠᠰᠠᠭ ᠪᠠ | ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠪᠠ ᠬᠥᠭᠵᠢᠯᠲᠡ ᠶᠢᠨ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠬᠤᠶᠠᠷ︶ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ︽ᠭᠤᠷᠪᠠᠨ ᠢᠯᠵᠠᠷᠠᠬᠤ ᠦᠬᠡᠢ︾ ᠶᠢ ᠨᠢᠭᠡ | ᠴᠤᠭᠴᠠᠵᠢᠭᠤᠯᠤᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠲᠠᠰᠤᠷᠠᠯᠲᠠ ᠦᠭᠡᠢ ᠪᠡᠶᠡᠯᠡᠭᠦᠯᠦᠨ᠎ᠡ ᠢᠯᠵᠠᠷᠠᠯ ᠢ ᠡᠰᠡᠷᠭᠦᠴᠡᠬᠦ ᠨᠢ ᠨᠠᠮ ᠪᠠ ᠤᠯᠤᠰ ᠤᠨ | ᠮᠠᠨᠳᠤᠵᠤ ᠮᠥᠬᠦᠬᠦ ᠲᠠᠢ ᠬᠤᠯᠪᠣᠭᠳᠠᠵᠤ᠂ ᠰᠢᠨ᠎ᠡ ᠴᠠᠭ ᠦᠶ᠎ᠡ ᠰᠢᠨ᠎ᠡ ᠱᠠᠳᠤ ᠦᠶ᠎ᠡ ᠳᠤ ᠨᠡᠩ ᠴᠤ ᠬᠦᠴᠢᠷ ᠢ ᠮᠡᠳᠡᠵᠤ ᠪᠠᠶᠢᠭᠠᠳ ᠬᠦᠴᠦᠯᠡᠨ ᠤᠷᠤᠭᠰᠢᠯᠠᠵᠤ᠂ ︽ | ᠰᠢᠯᠭᠠᠯᠲᠠ ᠳᠤ ᠣᠷᠣᠯᠴᠠᠬᠤ︾ ᠰᠡᠷᠭᠡᠭ ᠪᠠᠶᠢᠳᠠᠯ ᠢ ᠢᠮᠠᠭᠲᠠ ᠪᠠᠲᠤᠯᠠᠵᠤ᠂ ︽ᠢᠯᠵᠠᠷᠠᠭᠤᠯᠬᠤ︾ ︽ᠬᠤᠮᠤᠷᠭᠠᠨ ᠠᠪᠠᠯᠠᠬᠤ︾ ᠰᠡᠷᠡᠮᠵᠢ ᠪᠠᠨ ᠪᠠᠲᠤᠯᠠᠵᠤ᠂ ︽ | ᠴᠢᠩᠭ᠎ᠠ︾ ᠪᠠᠶᠢᠬᠤ ᠦᠨᠳᠦᠰᠦᠨ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ︽ᠭᠤᠷᠪᠠᠨ ᠢᠯᠵᠠᠷᠠᠬᠤ ᠦᠬᠡᠢ︾ ᠶᠢ ᠨᠢᠭᠡ ᠴᠤᠭᠴᠠᠵᠢᠭᠤᠯᠤᠨ | ᠠᠬᠢᠭᠤᠯᠬᠤ ᠤᠢᠢᠯᠠᠭᠠᠭᠳᠠᠬᠤᠨ ᠰᠡᠳᠬᠢᠮᠵᠢ ᠪᠣᠯᠤᠨ ᠦᠢᠯᠡᠳᠦᠯᠭᠡ ᠶᠢᠨ ᠰᠦᠪᠡᠭᠴᠢᠯᠡᠯᠳᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠡᠩ ᠡᠮᠬᠢ ᠵᠢᠷᠤᠮ ᠲᠠᠢ | ᠪᠥᠭᠡᠳ ᠥᠨᠳᠥᠷ ᠪᠦᠲᠦᠮᠵᠢᠲᠡᠢ᠂ ᠬᠠᠣᠯᠢ ᠰᠠᠬᠢᠯᠭ᠎ᠠ ᠪᠠᠳᠠᠷᠠᠯ ᠬᠥᠭᠵᠢᠯ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠯᠤᠰ ᠲᠦᠷᠦ ᠶᠢᠨ ᠠᠮᠢ ᠠᠬᠤᠢ | ᠪᠣᠯᠤᠨ ᠬᠥᠭᠵᠢᠯᠲᠡ ᠶᠢᠨ ᠣᠷᠴᠢᠨ ᠨᠥᠭᠦᠴᠡᠯ ᠢ ᠪᠠᠶᠢᠭᠤᠯᠤᠨ᠎ᠠ᠃ ᠢᠯᠵᠠᠷᠠᠯ ᠢ ᠡᠰᠡᠷᠭᠦᠴᠡᠬᠦ ᠴᠢᠩᠭ᠎ᠠ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠨ᠎ᠠ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠩ ᠲᠡᠷᠢᠭᠦᠨ ᠳᠤ ᠤᠯᠤᠰ ᠲᠦᠷᠦ ᠶᠢᠨ ᠲᠠᠯ᠎ᠠ ᠠᠴᠠ | ᠦᠵᠡᠵᠦ᠂ ᠤᠯᠤᠰ ᠲᠦᠷᠦ ᠶᠢᠨ ᠬᠤᠣᠷ ᠬᠥᠨᠥᠭᠡᠯ ᠢ ᠠᠷᠢᠯᠭᠠᠬᠤ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠦᠨᠳᠦᠷᠴᠡ ᠳᠤ ᠵᠤᠭᠰᠤᠵᠤ᠂ ᠳᠡᠭᠡᠳᠦ | ᠬᠡᠮᠵᠢᠶᠡᠨ ᠤ ᠡᠷᠡᠰ ᠭᠤᠶᠢᠪᠢᠰᠢ ᠦᠭᠡᠢ ᠵᠣᠷᠢᠭ ᠢᠶᠠᠷ ᠦᠯᠡᠳᠡᠭᠳᠡᠯ ᠢ ᠪᠠᠭᠠᠰᠬᠠᠵᠤ᠂ ᠥᠴᠦᠬᠡᠨ ᠴᠦ ᠬᠦᠯᠢᠴᠡᠬᠦ ᠦᠭᠡᠢ ᠣᠪᠣᠷ ᠢᠶᠠᠷ ᠨᠡᠮᠡᠭᠳᠡᠯ ᠢ ᠬᠤᠷᠢᠭᠯᠠᠨ | ᠵᠤᠭᠰᠤᠭᠠᠨ᠎ᠠ᠃ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠶ ᠶᠢᠨ ᠠᠰᠠᠭᠤᠳᠠᠯ ᠤᠨ ᠰᠣᠯᠪᠢᠴᠠᠭᠰᠠᠨ ᠢᠯᠵᠠᠷᠠᠯ ᠤᠨ ᠬᠡᠷᠡᠭ ᠢ ᠴᠢᠩᠭ᠎ᠠ ᠪᠠᠶᠢᠴᠠᠭᠠᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠲᠦᠷᠦ ᠬᠠᠤᠯᠢ ᠴᠠᠭᠠᠵᠠ᠂ ᠡᠬᠢ ᠪᠠᠶᠠᠯᠢᠭ᠂ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭ᠎ᠠ ᠳᠠᠬᠢ | ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠵᠦ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ᠂ ᠲᠥᠷᠦᠯ ᠵᠦᠢᠯ ᠤᠨ ᠬᠢᠨᠠᠨ ᠵᠦᠪᠰᠢᠶᠡᠷᠡᠯ᠂ ᠠᠮᠢ | ᠠᠬᠤᠶ ᠶᠢᠨ ᠬᠦᠷᠢᠶ᠎ᠡ ᠴᠠᠷᠠᠭ᠎ᠠ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠲᠠᠯ᠎ᠠ ᠶᠢᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ᠃ | ᠬᠡᠭᠡᠯᠢ ᠲᠦᠯᠬᠢᠨ ᠬᠠᠭ᠋ᠤᠤᠯᠢ ᠢᠳᠡᠬᠦ ᠶᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠵᠤ᠂ ᠬᠡᠭᠡᠯᠢ ᠲᠦᠯᠬᠢᠭᠰᠡᠳ ᠤᠨ ︽ᠬᠠᠷ᠎ᠠ ᠳᠠᠩᠰᠠ︾ ᠶᠢᠨ ᠲᠦᠷᠢᠮ ᠢ | ᠰᠦᠪᠡᠭᠴᠢᠯᠡᠨ ᠪᠠᠶᠢᠭᠤᠯᠤᠨ᠎ᠠ᠃ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠬᠢᠨᠠᠨ ᠪᠠᠶᠢᠴᠠᠭᠠᠵᠤ ᠠᠷᠭ᠎ᠠ ᠬᠡᠮᠵᠢᠶ᠎ᠡ ᠶᠢ | ᠴᠢᠩᠳᠠᠯᠠᠨ ᠬᠡᠷᠡᠭᠵᠢᠭᠦᠯᠵᠦ᠂ ᠬᠡᠷᠡᠭ ᠢ ᠰᠢᠢᠳᠪᠦᠷᠢᠯᠡᠭᠰᠡᠨ ᠶᠠᠰᠤ ᠴᠢᠨᠠᠷ ᠢ ᠦᠨᠡᠯᠡᠨ ᠪᠠᠶᠢᠴᠠᠭᠠᠬᠤ᠂ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠪᠠ ᠰᠢᠢᠳᠬᠡᠯ | ᠥᠭᠬᠦ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ᠃ ᠨᠡᠩ ᠥᠨᠳᠥᠷ ᠵᠣᠭᠰᠣᠯᠲᠠ ᠠᠴᠠ ᠬᠡᠷᠡᠭ ᠢᠶᠠᠷ | ᠬᠠᠯᠠᠨ ᠰᠠᠶᠢᠵᠢᠷᠠᠭᠤᠯᠤᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠦᠨ᠎ᠡ᠃ ︽ᠵᠠᠯᠬᠠᠭᠠᠬᠤ᠂ ᠵᠠᠰᠠᠬᠤ᠂ ᠰᠡᠷᠭᠡᠶᠢᠯᠡᠬᠦ︾ ᠶᠢᠨ ᠬᠤᠪᠢᠰᠤᠩᠭᠤᠶ ᠨᠢᠭᠡᠳᠦᠯ ᠤᠨ | ᠬᠠᠷᠢᠴᠠᠭ᠎ᠠ ᠶᠢ ᠡᠵᠡᠮᠳᠡᠵᠦ᠂ ᠣᠨᠴᠠᠭᠠᠶ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠪᠤᠴᠠ ᠪᠠ ᠦᠷ᠎ᠡ ᠳ᠋ᠦᠩ ᠢ ᠪᠦᠬᠦ ᠲᠠᠯ᠎ᠠ ᠶᠢᠨ ᠵᠠᠰᠠᠯᠲᠠ ᠶᠢᠨ ᠶᠠᠪᠤᠴᠠ ᠳᠤᠮᠳᠠ | ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠢᠯᠵᠠᠷᠠᠯ ᠢ ᠴᠢᠩᠭ᠎ᠠ ᠵᠠᠯᠬᠠᠭᠠᠨ ᠰᠢᠢᠳᠬᠡᠬᠦ ᠬᠢᠭᠡᠳ ᠴᠢᠩᠭ᠎ᠠ ᠲᠦᠷᠢᠮ᠂ ᠴᠢᠩᠭ᠎ᠠ ᠱᠠᠭᠠᠷᠳᠠᠯᠭ᠎ᠠ᠂ ᠴᠢᠩᠭ᠎ᠠ | ᠬᠥᠮᠦᠵᠢᠯ ᠯᠦᠭᠡ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠵᠠᠳᠠᠯᠤᠨ ᠰᠢᠨᠵᠢᠯᠡᠵᠦ᠂ ᠠᠰᠠᠭᠤᠳᠠᠯ ᠤᠨ ᠦᠨᠳᠦᠰᠦ | ᠰᠤᠷᠪᠤᠯᠵᠢ ᠶᠢ ᠡᠷᠢᠨ ᠣᠯᠵᠤ᠂ ᠬᠡᠷᠡᠭ ᠡᠭᠦᠰᠬᠦ ᠵᠢᠮ᠎ᠡ ᠶᠣᠰᠣ ᠶᠢ ᠰᠤᠳᠤᠯᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠦᠲᠦᠮᠵᠢᠲᠡᠶ ᠲᠤᠰᠠᠲᠠᠶ ᠠᠷᠭ᠎ᠠ ᠬᠡᠮᠵᠢᠶ᠎ᠡ | ᠪᠠ ᠰᠠᠨᠠᠭᠤᠯᠭ᠎ᠠ ᠳᠤᠷᠠᠳᠬᠤ ᠶᠢᠨ ᠬᠠᠮᠲᠤ ᠱᠠᠯᠠᠪᠳᠠᠭᠤᠯᠤᠨ ᠨᠠᠶᠢᠳᠠᠪᠤᠷᠢᠵᠢᠭᠤᠯᠤᠨ᠎ᠠ᠃ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠬᠤ ᠪᠠ ᠪᠠᠶᠢᠩᠭᠤ | ᠪᠦᠲᠦᠮᠵᠢᠲᠦ ᠪᠠᠶᠢᠬᠤ ᠶᠢ ᠠᠬᠢᠭᠤᠯᠤᠨ᠎ᠠ᠃ ᠬᠡᠷᠡᠭ ᠤᠨ ᠵᠢᠱᠢᠶ᠎ᠡ ᠶᠢ ᠪᠠᠶᠢᠴᠠᠭᠠᠨ ᠰᠢᠢᠳᠪᠦᠷᠢᠯᠡᠬᠦ ᠲᠠᠢ ᠤᠶᠠᠯᠳᠤᠭᠤᠯᠤᠨ᠂ ᠳᠡᠷᠭᠡᠳᠡᠬᠢ ᠬᠡᠷᠡᠭ ᠤᠨ ᠵᠢᠱᠢᠶ᠎ᠡ ᠪᠠᠷ | ᠣᠶᠢᠷ᠎ᠠ ᠬᠠᠪᠢ ᠶᠢᠨ ᠬᠥᠮᠦᠰ ᠢᠶᠠᠨ ᠬᠥᠮᠦᠵᠢᠭᠦᠯᠵᠦ᠂ ᠰᠡᠷᠡᠮᠵᠢᠯᠡᠭᠦᠯᠬᠦ ᠬᠥᠮᠦᠵᠢᠯ ᠤᠨ ᠨᠥᠯᠥᠭᠡᠯᠡᠬᠦ ᠬᠦᠴᠦᠨ ᠪᠠ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ | ᠥᠬᠡᠶ ᠥᠷᠭᠡᠳᠬᠡᠨ ᠳᠡᠭᠡᠭᠰᠢᠯᠡᠭᠦᠯᠦᠨ᠎ᠡ᠃ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ | ᠪᠠᠶᠢᠭᠠᠳ ᠠᠯᠪᠠ ᠪᠠ ᠬᠤᠪᠢ᠂ ᠳᠤᠲᠤᠨᠤ ᠪᠠ ᠴᠢᠬᠡᠴᠢ᠂ ᠰᠡᠳᠬᠢᠯᠭᠡ ᠪᠠ ᠬᠠᠤᠯᠢ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠨ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠦᠷᠳᠡᠭ ᠤᠨ ᠦᠵᠡᠯᠳᠠ ᠶᠢ ᠪᠤᠢ ᠪᠣᠯᠭᠠᠨ᠎ᠠ᠃ | ︵ᠭᠤᠷᠪᠠ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ︽ᠲᠦᠷᠪᠡᠨ ᠰᠤᠷᠲᠠᠯ︾ ᠢ ᠥᠴᠦᠬᠡᠨ ᠴᠦ ᠰᠤᠯᠠᠷᠠᠭᠤᠯᠤᠯ ᠦᠭᠡᠢ ᠵᠠᠯᠠᠷᠠᠭᠤᠯᠤᠨ | ᠵᠠᠰᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠨ᠎ᠠ | ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠤ ᠲᠠᠷᠠᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠨᠠᠮ | ᠪᠣᠯᠤᠨ ᠠᠷᠠᠳ ᠤᠯᠠᠨ ᠯᠤᠭ᠎ᠠ ᠴᠢᠰᠤ ᠮᠢᠬᠠᠨ ᠤ ᠪᠠᠷᠢᠯᠳᠤᠯᠭ᠎ᠠ ᠲᠠᠢ ᠪᠠᠶᠢᠬᠤ ᠡᠨᠡᠬᠦ ᠵᠠᠩᠭᠢᠯᠠᠭ᠎ᠠ ᠶᠢ ᠠᠳᠬᠤᠵᠤ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ | ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ | ᠵᠠᠰᠠᠵᠤ᠂ ᠨᠠᠮ ᠤᠨ ᠲᠦᠷᠦ ᠪᠠᠷᠢᠬᠤ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠵᠤᠵᠠᠭᠠᠳᠬᠠᠨ᠎ᠠ᠃ ︽ᠲᠦᠷᠪᠡᠨ ᠰᠤᠷᠲᠠᠯ︾ ᠤᠨ ᠭᠡᠮ ᠠᠷᠬᠠᠭ ᠢ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ | ᠰᠣᠩᠭᠤᠯᠲᠠ ᠬᠢᠬᠦ᠂ ᠵᠣᠬᠢᠴᠠᠭᠤᠯᠤᠯᠲᠠ ᠬᠢᠬᠦ᠂ ᠳᠤᠲᠠᠭᠤ ᠲᠤᠷᠭᠤᠨ ᠬᠢᠬᠦ᠂ ᠢᠯᠠᠩᠭᠤᠶ᠎ᠠ ︽ᠴᠢᠮᠡᠬᠦ ᠮᠠᠶ᠋ᠢᠭ︾ ︽ᠤᠰᠤ ᠰᠦᠷᠴᠢᠬᠦ ᠮᠠᠶ᠋ᠢᠭ︾ ︽ᠡᠭᠡᠭᠡ | ᠠᠳᠠᠯᠢᠬᠠᠨ ᠮᠠᠶ᠋ᠢᠭ︾ ᠢᠶᠠᠷ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠢ ᠴᠢᠩᠭ᠎ᠠ ᠠᠩᠬᠠᠷᠴᠤ᠂ ︽ᠬᠠᠭᠤᠷᠮᠠᠭ ᠰᠢᠨ᠎ᠡ ᠶᠢ ᠡᠭᠦᠳᠬᠦ︾ ︽ᠮᠠᠲ᠋ᠧᠷᠢᠶᠠᠯ | ᠭᠠᠶᠢᠬᠠᠭᠤᠯᠬᠤ︾ ᠵᠡᠷᠭᠡ ᠬᠠᠭᠤᠷᠮᠠᠭ ᠠᠵᠢᠯᠯᠠᠭ᠎ᠠ ᠬᠢᠬᠦ ᠪᠠ ᠳᠠᠪᠬᠤᠷᠳᠠᠭᠤᠯᠤᠨ ᠬᠤᠷᠠᠯ ᠬᠢᠵᠦ ᠪᠢᠴᠢᠭ ᠮᠠᠲ᠋ᠧᠷᠢᠶᠠᠯ ᠲᠠᠷᠬᠠᠭᠠᠬᠤ᠂ ᠪᠥᠭᠡᠮᠨᠡᠷᠡᠯᠳᠦᠨ ᠪᠠᠶᠢᠴᠠᠭᠠᠨ | ᠰᠤᠳᠤᠯᠬᠤ ᠵᠡᠷᠭᠡ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ ᠲᠥᠪ ᠤᠨ ᠨᠠᠢᠮᠠᠨ ᠵᠦᠢᠯ ᠤᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠵᠢᠷᠭᠠᠨ | ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠲᠠᠬᠢᠨ ᠰᠡᠷᠭᠦᠬᠦ ᠶᠢ ᠡᠷᠡᠰ ᠰᠡᠷᠭᠡᠶᠢᠯᠡᠵᠦ᠂ ︽ᠬᠠᠭᠤᠴᠢᠨ ᠡᠪᠡᠳᠴᠢᠨ︾ ᠤ ᠲᠠᠬᠢᠨ ᠡᠭᠦᠰᠬᠦ ᠪᠠ ᠰᠢᠨ᠎ᠡ | ᠬᠡᠯᠪᠡᠷᠢ ᠪᠠᠷ ᠣᠨᠳᠤᠤᠰᠢᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠢᠯᠵᠠᠷᠠᠯ ᠢ ᠡᠰᠡᠷᠭᠦᠴᠡᠨ ︽ᠢᠯᠠᠭ᠎ᠠ ᠰᠠᠪᠠᠭᠤᠷᠳᠠᠬᠤ︾ ᠳᠤᠮᠳᠠ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠦᠨ᠎ᠡ᠃ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ᠂ ᠬᠠᠮᠲᠤᠪᠠᠷ ᠪᠠᠶᠠᠵᠢᠬᠤ ᠶᠢ ᠠᠬᠢᠭᠤᠯᠬᠤ ᠡᠯ᠎ᠡ | ᠲᠥᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠦᠷᠭᠦᠯᠵᠢᠯᠡᠨ | ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠤᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ ᠡᠮᠴᠢᠯᠡᠭᠡ᠂ ᠨᠠᠰᠤᠵᠢᠯ ᠤᠨ ᠠᠰᠠᠷᠠᠮᠵᠢ ᠨᠡᠶᠢᠭᠡᠮ ᠤᠨ | ᠪᠠᠲᠤᠯᠠᠭ᠎ᠠ᠂ ᠠᠮᠢ ᠠᠬᠤᠶ ᠶᠢᠨ ᠣᠷᠴᠢᠨ ᠬᠠᠮᠠᠭᠠᠯᠠᠯᠲᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠡᠷᠭᠡ ᠬᠦᠷᠢᠶ᠎ᠡ ᠴᠠᠷᠠᠭ᠎ᠠ ᠳᠠᠬᠢ ᠢᠯᠵᠠᠷᠠᠮᠠᠯ ᠰᠤᠷᠲᠠᠯ ᠤᠨ | ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠱᠠᠮᠰᠢᠨ ᠡᠵᠡᠯᠡᠬᠦ᠂ ᠬᠢᠬᠠᠬᠤ ᠭᠠᠴᠢᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ | ︵ᠲᠦᠷᠪᠡ︶ ᠴᠠᠭᠳᠠᠨ ᠪᠠᠶᠢᠴᠠᠭᠠᠬᠤ ᠠᠵᠢᠯ ᠤᠨ ᠳᠡᠭᠡᠳᠦ ᠲᠤᠤᠷᠠᠳᠤ ᠱᠠᠳᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠨᠠᠮ ᠤᠨ ᠳᠣᠲᠣᠭᠠᠳᠤ ᠶᠢᠨ | ᠬᠢᠨᠠᠯᠲᠠ ᠲᠠᠯᠪᠢᠬᠤ ᠬᠤᠷᠴᠠ ᠰᠡᠯᠡᠮ᠎ᠡ ᠪᠠ ᠤᠯᠠᠨ ᠲᠦᠮᠡᠨ ᠲᠠᠢ ᠨᠢᠭᠲᠠ ᠬᠠᠷᠢᠯᠴᠠᠬᠤ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ | ᠴᠠᠭᠳᠠᠨ ᠪᠠᠶᠢᠴᠠᠭᠠᠬᠤ ᠪᠣᠯ ᠨᠠᠮ ᠤᠨ ᠲᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠠᠴᠠ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠤᠳᠤᠷᠢᠳᠤᠯᠭ᠎ᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ | ᠤᠯᠤᠰ ᠲᠦᠷᠦ ᠶᠢᠨ ᠬᠢᠨᠠᠯᠲᠠ ᠲᠠᠯᠪᠢᠯᠳᠠ ᠬᠢᠬᠦ ᠴᠢᠬᠤᠯᠠ ᠤᠯᠤᠰ ᠲᠦᠷᠦ ᠶᠢᠨ ᠠᠵᠢᠯ ᠮᠥᠨ᠃ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠴᠢᠩᠭᠠᠳᠬᠠᠨ᠎ᠠ | ᠃ ︽ᠭᠤᠷᠪᠠᠨ ᠲᠦᠪᠯᠡᠷᠡᠬᠦᠯᠬᠦ︾ ᠬᠢᠨᠠᠯᠲᠠ ᠲᠠᠯᠪᠢᠬᠤ ᠭᠤᠣᠯᠳᠠᠯᠭ᠎ᠠ᠂ ︽ᠳᠦᠷᠪᠡᠨ ᠬᠠᠷᠭᠤᠭᠤᠯᠬᠤ︾ ᠬᠢᠨᠠᠯᠲᠠ ᠲᠠᠯᠪᠢᠬᠤ ᠪᠠᠷᠢᠮᠵᠢᠶ᠎ᠠ᠂ ︽ᠲᠦᠷᠪᠡ ᠶᠢ ᠴᠢᠩᠭ᠎ᠠ | ᠠᠩᠬᠠᠷᠬᠤ︾ ᠬᠢᠨᠠᠯᠲᠠ ᠲᠠᠯᠪᠢᠬᠤ ᠠᠷᠭ᠎ᠠ ᠵᠠᠮ ᠤᠨ ᠲᠤᠭᠤᠷᠢᠨ ᠳᠤ᠂ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠡᠭᠦᠷᠭᠡ | ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠲᠠᠯ᠎ᠠ ᠪᠠᠷ ᠬᠢ ᠵᠦᠷᠢᠶ᠎ᠡ ᠪᠠᠨ ᠡᠷᠢᠵᠦ᠂ ᠤᠯᠤᠰ ᠲᠦᠷᠦ ᠶᠢᠨ ᠵᠦᠷᠢᠶ᠎ᠡ ᠶᠢ | ᠵᠠᠯᠠᠷᠠᠭᠤᠯᠬᠤ ᠪᠠᠷ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠬᠡᠳᠡᠷᠬᠦ ᠰᠢᠮᠳᠠᠭᠤᠯᠵᠤ᠂ ᠠᠵᠤ ᠠᠬᠤᠢ ᠨᠡᠶᠢᠭᠡᠮ ᠤᠨ ᠡᠯ᠎ᠡ | ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠳᠠᠶᠢᠴᠢᠯᠠᠨ᠎ᠠ᠃ ᠳᠡᠭᠡᠲᠦ ᠳᠣᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ | ᠭᠦᠨᠵᠡᠭᠡᠶᠢᠷᠡᠭᠦᠯᠦᠨ᠎ᠡ᠃ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠤᠰᠢᠭᠤ ᠬᠤᠲᠠ | ᠲᠣᠭᠤᠷᠢᠭ ᠲᠤ ᠴᠠᠭᠳᠠᠨ ᠪᠠᠶᠢᠴᠠᠭᠠᠬᠤ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠠᠵᠢᠯᠲᠠᠨ ᠤ ᠬᠦᠴᠦᠨ᠂ ᠬᠥᠮᠦᠵᠢᠯ ᠪᠣᠯᠪᠠᠰᠤᠷᠠᠭᠤᠯᠤᠯ᠂ ᠳᠦᠷᠢᠮ ᠤᠨ | ᠪᠠᠶᠢᠭᠤᠯᠤᠯᠲᠠ ᠵᠡᠷᠭᠡ ᠲᠠᠯ᠎ᠠ ᠪᠠᠷ ᠡᠬᠢ ᠪᠠᠶᠠᠯᠢᠭ ᠢᠶᠠᠨ ᠨᠡᠶᠢᠳᠬᠡᠬᠦ ᠪᠠᠷ ᠴᠢᠷᠮᠠᠶᠢᠨ᠎ᠠ᠃ ᠴᠠᠭᠳᠠᠨ ᠪᠠᠶᠢᠴᠠᠭᠠᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠶᠢᠨ ᠬᠢᠨᠠᠯᠲᠠ ᠲᠠᠯᠪᠢᠬᠤ ᠶᠢ ᠨᠢᠭᠡᠳᠦᠯᠲᠡᠢ ᠲᠦᠯᠦᠪᠯᠡᠨ ᠵᠣᠯᠭᠠᠭᠤᠯᠬᠤ ᠶᠢ ᠭᠦᠨᠵᠡᠭᠡᠢ ᠠᠬᠢᠭᠤᠯᠵᠤ᠂ ᠴᠠᠭᠳᠠᠨ ᠪᠠᠶᠢᠴᠠᠭᠠᠯᠳᠠ ᠶᠢᠨ ᠶᠡᠷᠦᠩᠬᠡᠶᠢᠯᠡᠨ | ᠬᠢᠨᠠᠯᠲᠠ ᠲᠠᠯᠪᠢᠬᠤ ᠦᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠤᠨ᠎ᠠ᠃ ᠴᠠᠭᠳᠠᠨ ᠪᠠᠶᠢᠴᠠᠭᠠᠯᠳᠠ ᠶᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ | ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠲᠣᠭᠲᠠᠴᠠ᠂ ᠱᠠᠯᠠᠪᠳᠠᠭᠤᠯᠬᠤ ᠲᠣᠭᠲᠠᠴᠠ᠂ ᠦᠨᠡᠯᠡᠬᠦ | ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠦᠬᠡᠢ᠂ ᠬᠡᠯᠪᠡᠷᠢᠴᠢ | ᠦᠵᠡᠯ ᠭᠠᠷᠭᠠᠬᠤ᠂ ᠦᠩᠬᠡᠨ ᠲᠠᠯ᠎ᠠ ᠶᠢᠨ ᠠᠵᠢᠯ ᠬᠢᠬᠦ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠴᠢᠨᠠᠭᠰᠢᠯᠠᠪᠠᠯ ᠰᠠᠶᠢᠵᠢᠷᠠᠭᠤᠯᠬᠤ ᠶᠢᠨ ᠳᠠᠭᠠᠤ | ᠵᠦᠷᠢᠴᠡᠭᠰᠡᠳ ᠢ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠡᠷᠦᠩᠬᠡᠶᠢᠯᠡᠨ ᠵᠠᠰᠠᠬᠤ᠂ ᠦᠩᠬᠡᠨ ᠲᠠᠯ᠎ᠠ ᠪᠠ ᠦᠨᠳᠦᠰᠦ ᠰᠣᠷᠪᠤᠯᠵᠢ ᠠᠴᠠ ᠨᠢ ᠵᠠᠰᠠᠬᠤ ᠶᠢ | ᠠᠬᠢᠭᠤᠯᠤᠨ᠎ᠠ᠃ | ︵ᠲᠠᠪᠤ︶ ᠨᠠᠮ ᠪᠠ ᠤᠯᠤᠰ ᠤᠨ ᠬᠢᠨᠠᠯᠲᠠ ᠲᠠᠯᠪᠢᠬᠤ ᠲᠤᠭᠲᠠᠯᠴᠠᠭ᠎ᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠬᠢᠨᠠᠯᠲᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠬᠦ ᠲᠠᠯ᠎ᠠ ᠳᠤ ᠠᠭᠤᠰᠬᠠᠨ᠎ᠠ | ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠲᠤᠭᠲᠠᠯᠴᠠᠭ᠎ᠠ ᠶᠢ ᠲᠡᠭᠦᠯᠳᠡᠷᠵᠢᠭᠦᠯᠬᠦ ᠪᠣᠯ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠭᠤᠯᠭ᠎ᠠ ᠮᠥᠨ᠂ ᠡᠷᠬᠡᠪᠰᠢ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠤᠯᠤᠰ ᠲᠦᠷᠦ ᠶᠢᠨ | ᠬᠦᠲᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ ᠲᠦᠷᠦᠯ ᠤᠨ ᠬᠢᠨᠠᠯᠲᠠ ᠶᠢᠨ ᠨᠡᠪᠲᠡᠷᠡᠯᠴᠡᠭᠦᠯᠦᠨ ᠠᠭᠤᠰᠤᠯᠴᠠᠭᠤᠯᠬᠤ ᠶᠢ ᠠᠬᠢᠭᠤᠯᠤᠨ᠎ᠠ | ᠃ ᠳᠣᠲᠣᠭᠠᠳᠤ ᠳᠠᠭᠠᠨ ︽ᠳᠥᠷᠪᠡᠨ ᠵᠦᠢᠯ ᠤᠨ ᠬᠢᠨᠠᠯᠲᠠ︾ ᠶᠢ ᠨᠢᠭᠡᠳᠦᠯᠲᠡᠶ ᠲᠦᠯᠦᠪᠯᠡᠨ ᠵᠣᠯᠭᠠᠭᠤᠯᠬᠤ ᠶᠢ ᠠᠬᠢᠭᠤᠯᠵᠤ᠂ ᠭᠤᠤᠯ ᠬᠠᠷᠢᠭᠤᠴᠠᠯᠭ᠎ᠠ ᠭᠤᠤᠯ | ᠠᠵᠢᠯ ᠢ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠦᠨ᠎ᠡ︔ ᠭᠠᠳᠠᠭᠠᠳᠤ ᠳᠠᠭᠠᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠦᠪᠯᠡᠯ ᠤᠨ ᠬᠢᠨᠠᠯᠲᠠ ᠲᠠᠯᠪᠢᠬᠤ ᠶᠢ ᠬᠠᠮᠵᠢᠯᠴᠠᠨ ᠵᠢᠯᠣᠭᠤᠳᠴᠤ ᠠᠬᠢᠭᠤᠯᠬᠤ ᠴᠢᠳᠠᠮᠵᠢ ᠶᠢ ᠪᠠᠳᠠᠷᠠᠭᠤᠯᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ | ᠭᠤᠤᠯᠯᠠᠭᠤᠯᠵᠤ᠂ ᠵᠣᠬᠢᠶᠠᠨ ᠪᠠᠶᠢᠭᠤᠯᠬᠤ᠂ ᠤᠯᠤᠰ ᠲᠥᠷᠥ ᠬᠠᠤᠯᠢ ᠴᠠᠭᠠᠵᠠ᠂ ᠬᠢᠨᠠᠨ ᠪᠤᠳᠤᠬᠤ᠂ ᠡᠳ᠋ ᠤᠨ ᠶᠠᠪᠤᠳᠠᠯ ᠨᠢᠭᠲᠠᠯᠠᠨ ᠪᠤᠳᠤᠬᠤ᠂ ᠲᠤᠭ᠎ᠠ ᠪᠦᠷᠢᠳᠬᠡᠯ᠂ | ᠣᠯᠠᠨ ᠲᠦᠮᠡᠨ ᠵᠡᠷᠭᠡ ᠡᠯ᠎ᠡ ᠵᠦᠢᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠤᠨ᠎ᠠ︔ ᠬᠥᠨᠳᠡᠯᠡᠨ ᠠᠴᠠ ᠲᠣᠮᠢᠯᠠᠨ ᠰᠠᠭᠤᠯᠭᠠᠵᠤ ᠬᠢᠨᠠᠯᠲᠠ | ᠲᠠᠯᠪᠢᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠰᠠᠯᠠᠭ᠎ᠠ ᠮᠥᠴᠢᠷ ᠲᠤ ᠰᠠᠭᠤᠭ᠎ᠠ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠠᠴᠠ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠶᠢ ᠠᠬᠢᠭᠤᠯᠤᠨ᠎ᠠ︔ ᠭᠤᠯᠳᠤ ᠠᠴᠠ ᠬᠢᠨᠠᠯᠲᠠ ᠲᠠᠯᠪᠢᠬᠤ ᠶᠢ ᠣᠷᠣᠨ ᠪᠦᠰᠡ ᠶᠢᠨ ᠵᠠᠰᠠᠯᠲᠠ᠂ ᠰᠠᠯᠠᠭ᠎ᠠ | ᠮᠥᠴᠢᠷ ᠤᠨ ᠵᠠᠰᠠᠯᠲᠠ᠂ ᠠᠵᠢᠯ ᠲᠥᠷᠥᠯ ᠤᠨ ᠵᠠᠰᠠᠯᠲᠠ ᠳᠤ ᠠᠭᠤᠰᠤᠯᠴᠠᠭᠤᠯᠵᠤ᠂ ᠬᠢᠨᠠᠯᠲᠠ ᠶᠢ ᠳᠣᠷᠣᠭᠰᠢ ᠪᠤᠳᠠᠳᠠᠶᠢᠵᠢᠭᠤᠯᠬᠤ ᠶᠢ ᠠᠬᠢᠭᠤᠯᠤᠨ᠎ᠠ᠃ ᠡᠳᠦᠷ | ᠲᠤᠲᠤᠮ ᠤᠨ ᠬᠢᠨᠠᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ᠃ ᠤᠯᠠᠨ ᠲᠦᠮᠡᠨ ᠤ ᠲᠤᠰᠬᠠᠭᠰᠠᠨ ᠪᠠ ᠵᠠᠬᠢᠳᠠᠯ ᠰᠣᠷᠪᠤᠯᠵᠢᠯᠠᠯ ᠢᠶᠠᠷ ᠢᠯᠡᠴᠢᠯᠡᠨ | ᠮᠡᠳᠡᠬᠦᠯᠦᠭᠰᠡᠨ ᠰᠦᠪᠡᠭᠴᠢ ᠶᠢᠨ ᠳᠤᠮᠳᠠ ᠠᠴᠠ ᠡᠬᠢ ᠡᠭᠦᠰᠦᠯ ᠢ ᠣᠯᠵᠤ ᠮᠡᠳᠡᠬᠦ᠂ ᠪᠣᠳᠠᠲᠤ ᠪᠠᠶᠢᠳᠠᠯ ᠢ ᠡᠵᠡᠮᠰᠢᠬᠦ ᠶᠢ ᠴᠢᠬᠤᠯᠠᠴᠢᠯᠠᠵᠤ᠂ ᠬᠢᠨᠠᠯᠲᠠ ᠲᠠᠯᠪᠢᠬᠤ ᠶᠢ | ᠠᠰᠠᠭᠤᠳᠠᠯ ᠭᠠᠷᠬᠤ ᠠᠴᠠ ᠤᠷᠢᠳ ᠪᠠᠶᠢᠬᠤ ᠶᠢ ᠠᠬᠢᠭᠤᠯᠵᠤ᠂ ᠺᠠᠳ᠋ᠷ ᠨᠠᠷ ᠲᠤ ᠬᠢᠨᠠᠯᠲᠠ ᠲᠠᠯᠪᠢᠯᠳᠠ ᠶᠢ ᠬᠦᠯᠢᠶᠡᠬᠦ ᠶᠢ ᠵᠠᠩᠰᠢᠭᠤᠯᠵᠤ᠂ ᠤᠯᠠᠨ ᠲᠦᠮᠡᠨ ᠳᠤ | ᠬᠢᠨᠠᠯᠲᠠ ᠲᠠᠯᠪᠢᠬᠤ᠂ ᠬᠢᠨᠠᠯᠲᠠ ᠲᠠᠯᠪᠢᠬᠤ ᠳᠤ ᠤᠷᠤᠯᠴᠠᠬᠤ ᠶᠢ ᠤᠶᠢᠯᠠᠭᠠᠭᠤᠯᠤᠨ᠎ᠠ᠃ ᠥᠩᠭᠡᠷᠡᠭᠰᠡᠨ ᠢ ᠨᠢ ᠵᠠᠯᠬᠠᠭᠠᠵᠤ ᠬᠤᠶᠢᠨᠠᠬᠢ ᠶᠢ ᠴᠡᠭᠡᠷᠯᠡᠬᠦᠯᠬᠦ᠂ | ᠡᠪᠡᠳᠴᠢᠨ ᠢ ᠨᠢ ᠵᠠᠰᠠᠵᠤ ᠡᠳᠡᠭᠡᠷᠡᠬᠦᠯᠬᠦ ᠶᠢ ᠪᠣᠳᠣᠯᠬᠢᠯᠠᠨ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ︾ ᠶᠢ | ᠣᠨᠣᠴᠠᠲᠠᠢ ᠬᠡᠷᠡᠭᠯᠡᠵᠦ᠂ ︽ᠭᠤᠷᠪᠠ ᠶᠢ ᠢᠯᠭᠠᠬᠤ︾ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ | ᠤᠶᠠᠯᠳᠤᠭᠤᠯᠬᠤ᠂ ᠤᠷᠮᠠᠰᠢᠭᠤᠯᠬᠤ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠦᠨᠡᠨ ᠬᠦ ᠪᠡᠶᠡᠯᠡᠭᠦᠯᠵᠦ᠂ ᠤᠯᠤᠰ ᠲᠦᠷᠦ ᠶᠢᠨ ᠦᠷ᠎ᠡ ᠳ᠋ᠦᠩ᠂ ᠰᠠᠬᠢᠯᠭ᠎ᠠ | ᠪᠠᠲᠤ ᠬᠠᠤᠯᠢ ᠴᠠᠭᠠᠵᠠ ᠶᠢᠨ ᠦᠷ᠎ᠡ ᠳ᠋ᠦᠩ᠂ ᠨᠡᠶᠢᠭᠡᠮ ᠤᠨ ᠦᠷ᠎ᠡ ᠳ᠋ᠦᠩ ᠤᠨ ᠨᠢᠭᠡᠳᠦᠯ ᠢ ᠴᠢᠷᠮᠠᠶᠢᠨ ᠪᠡᠶᠡᠯᠡᠭᠦᠯᠦᠨ᠎ᠡ᠃ ︽ᠨᠢᠭᠡᠳᠦᠭᠡᠷ ᠭᠠᠷ︾ ᠪᠠ ᠤᠳᠤᠷᠢᠳᠬᠤ | ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠢᠨᠠᠯᠲᠠ ᠲᠠᠯᠪᠢᠬᠤ ᠶᠢ ᠲᠤᠰᠬᠠᠢ ᠬᠠᠷᠢᠭᠤᠴᠠᠬᠤ ᠪᠠᠶᠢᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠠᠳᠠᠯᠢ ᠱᠠᠲᠤᠨ ᠤ ᠨᠠᠮ ᠤᠨ ᠬᠤᠷᠢᠶ᠎ᠠ ᠪᠠ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠱᠠᠭᠠᠷᠳᠠᠯᠭ᠎ᠠ | ᠶᠣᠰᠣᠭᠠᠷ ᠳᠡᠭᠡᠳᠦ ᠱᠠᠲᠤᠨ ᠤ ︽ᠨᠢᠭᠡᠳᠦᠭᠡᠷ ᠭᠠᠷ︾ ᠲᠤᠤᠷᠠᠳᠤ ᠱᠠᠲᠤᠨ ᠤ ︽ᠨᠢᠭᠡᠳᠦᠭᠡᠷ ᠭᠠᠷ︾ ᠢ ᠰᠠᠶᠢᠲᠤᠷ ᠠᠳᠬᠤᠬᠤ ᠶᠢ ᠱᠠᠯᠠᠪᠳᠠᠭᠤᠯᠵᠤ᠂ ᠳᠡᠭᠡᠳᠦ ᠨᠢᠭᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠲᠤᠭᠲᠠᠭᠰᠠᠨ ᠬᠤᠭᠤᠴᠠᠭ᠎ᠠ ᠲᠠᠢ ᠪᠠᠷ ᠲᠤᠤᠷᠠᠳᠤ ᠨᠢᠭᠡ ᠱᠠᠲᠤᠨ ᠤ ᠨᠠᠮ ᠤᠨ ᠬᠤᠷᠢᠶᠠᠨ ᠤ | ᠱᠦᠵᠢ ᠯᠦᠭᠡ ᠶᠠᠷᠢᠯᠴᠠᠭ᠎ᠠ ᠬᠢᠬᠦ᠂ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠮᠡᠳᠡᠬᠦᠯᠦᠯᠳᠡ ᠳᠤ ᠦᠨᠡᠯᠡᠯᠳᠡ ᠬᠢᠬᠦ ᠶᠢ | ᠦᠷᠨᠢᠬᠦᠯᠬᠦ ᠵᠡᠷᠭᠡ ᠪᠦᠲᠦᠮᠵᠢᠲᠡᠢ ᠠᠷᠭ᠎ᠠ ᠬᠢᠳᠡᠯ ᠢ ᠰᠦᠪᠡᠭᠴᠢᠯᠡᠵᠦ᠂ ︽ᠨᠢᠭᠡᠳᠦᠭᠡᠷ ᠭᠠᠷ︾ ᠪᠠ ᠠᠳᠠᠯᠢ ᠱᠠᠲᠤᠨ ᠤ ᠬᠢᠨᠠᠯᠲᠠ ᠲᠠᠯᠪᠢᠬᠤ ᠳᠤ ᠬᠦᠴᠢᠷᠳᠡᠢ | ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ | ︵ᠵᠢᠷᠭᠤᠭ᠎ᠠ︶ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠰᠲ᠋ᠧᠮ ᠤᠨ | ᠲᠥᠪᠯᠡᠷᠡᠭᠰᠡᠨ᠂ ᠬᠠᠮᠵᠢᠯᠴᠠᠭᠰᠠᠨ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠲᠤᠭᠲᠠᠮᠵᠢ ᠶᠢ ᠪᠠᠶᠢᠭᠤᠯᠤᠨ᠎ᠠ | ᠥᠭᠡᠷᠡᠴᠢᠯᠡᠯᠲᠡ ᠪᠣᠯ ᠤᠳᠤᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠠᠬᠢ ᠪᠦᠰᠡᠯᠡᠯᠲᠡ ᠶᠢ ᠰᠢᠪᠲᠤᠯᠵᠤ᠂ ᠰᠢᠨ᠎ᠡ | ᠪᠠᠶᠢᠳᠠᠯ ᠢ ᠡᠭᠦᠳᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠪᠠᠰᠠ ᠴᠤ ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠲᠡᠰᠢ ᠤᠷᠤᠭᠰᠢᠯᠠᠬᠤ ᠦᠨᠳᠦᠰᠦᠨ ᠬᠥᠳᠡᠯᠭᠡᠬᠦ ᠬᠦᠴᠦᠨ ᠮᠥᠨ᠃ ︽ᠭᠤᠷᠪᠠᠨ ᠵᠦᠢᠯ ᠤᠨ ᠥᠭᠡᠷᠡᠴᠢᠯᠡᠯᠲᠡ︾ ᠶᠢ ᠬᠤᠲᠠ ᠶᠢᠨ | ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠳᠤ ᠠᠭᠤᠰᠤᠯᠴᠠᠭᠤᠯᠵᠤ ᠲᠦᠯᠦᠪᠵᠢᠬᠦᠯᠦᠨ | ᠨᠠᠶᠢᠳᠠᠪᠤᠷᠢᠵᠢᠭᠤᠯᠵᠤ᠂ ᠨᠡᠶᠢᠳᠡᠮ ᠪᠦᠷᠬᠦᠭᠦᠯᠬᠦ ᠶᠢ ᠠᠬᠢᠭᠤᠯᠬᠤ᠂ ᠪᠦᠲᠦᠮᠵᠢᠳᠡᠢ ᠬᠦᠴᠦᠯᠡᠬᠦ ᠰᠢᠪᠲᠤᠯᠤᠯᠳᠠ ᠶᠢ ᠳᠡᠭᠡᠭᠰᠢᠯᠡᠬᠦᠯᠬᠦ ᠶᠢᠨ ᠲᠤᠭᠤᠷᠢᠨ ᠳᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠲᠤᠪᠤᠶᠢᠯᠭᠠᠨ ᠳᠤᠲᠠᠭᠳᠠᠯ ᠢ ᠨᠥᠬᠦᠪᠥᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠢᠨᠠᠨ ᠪᠠᠶᠢᠴᠠᠭᠠᠬᠤ ᠡᠷᠬᠡ ᠶᠢᠨ ᠶᠠᠪᠤᠭᠳᠠᠯ ᠤᠨ ᠲᠣᠭᠲᠠᠴᠠ ᠶᠢ | ᠨᠠᠷᠢᠯᠢᠬᠵᠢᠭᠤᠯᠤᠨ᠂ ︽ᠬᠢᠨᠠᠨ ᠪᠠᠶᠢᠴᠠᠭᠠᠬᠤ ᠬᠠᠤᠯᠢ︾ ᠪᠣᠯᠤᠨ ︽ᠡᠷᠡᠭᠦᠦ ᠶᠢᠨ ᠬᠠᠤᠯᠢ︾ ︽ᠡᠷᠡᠭᠦᠦ ᠶᠢᠨ ᠵᠠᠷᠭᠤ ᠶᠢᠨ ᠬᠠᠤᠯᠢ︾ ᠵᠡᠷᠭᠡ ᠵᠣᠯᠭᠠᠭᠤᠯᠬᠤ | ᠲᠣᠭᠲᠠᠴᠠ ᠶᠢ ᠨᠠᠶᠢᠳᠠᠪᠤᠷᠢᠵᠢᠭᠤᠯᠵᠤ᠂ ︽ᠲᠠᠰᠤᠭ ᠳᠤᠭᠤᠶᠢᠯᠠᠩ︾ ᠬᠤᠯᠪᠣᠭᠠᠯᠠᠨ ᠬᠦᠳᠡᠯᠦᠯᠴᠡᠵᠦ ᠬᠢᠨᠠᠯᠲᠠ ᠲᠠᠯᠪᠢᠬᠤ᠂ ︽ᠲᠠᠰᠤᠭ ᠳᠤᠭᠤᠶᠢᠯᠠᠩ ᠭᠠᠵᠠᠷ︾ | ᠬᠤᠯᠪᠣᠭᠠᠯᠠᠨ ᠬᠡᠷᠡᠭ ᠰᠢᠢᠳᠪᠦᠷᠢᠯᠡᠬᠦ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠡᠳᠡᠭᠡ ᠵᠠᠩᠭᠢᠵᠢᠯᠲᠠ᠂ ᠲᠤᠮᠤ ᠳ᠋ᠠᠶᠢᠲ᠋ᠠ ᠶᠢᠨ ᠪᠠᠶᠢᠭᠤᠯᠤᠯᠲᠠ ᠶᠢ | ᠠᠬᠢᠭᠤᠯᠵᠤ᠂ ᠬᠢᠨᠠᠯᠳᠠ ᠲᠠᠯᠪᠢᠨ ᠪᠠᠶᠢᠴᠠᠭᠠᠬᠤ᠂ ᠬᠢᠨᠠᠨ ᠪᠠᠶᠢᠴᠠᠭᠠᠬᠤ ᠠᠵᠢᠯ ᠤᠨ ᠪᠠᠲᠤᠯᠠᠭᠠᠳᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠬᠦᠯᠦᠨ᠎ᠡ᠃ ᠲᠣᠮᠢᠯᠠᠨ | ᠰᠠᠭᠤᠯᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠲᠣᠮᠢᠯᠠᠨ ᠰᠠᠭᠤᠯᠭᠠᠬᠤ ᠪᠠᠷ ᠬᠢᠨᠠᠯᠲᠠ ᠲᠠᠯᠪᠢᠬᠤ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠦᠨ᠂ ᠲᠣᠮᠢᠯᠠᠨ ᠰᠠᠭᠤᠯᠭᠠᠬᠤ ᠪᠠᠷ ᠬᠢᠨᠠᠯᠲᠠ ᠲᠠᠯᠪᠢᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠵᠢᠭᠰᠠᠭᠠᠯ ᠤᠨ ᠨᠦᠯᠦᠬᠡᠯᠡᠯ ᠢ ᠪᠦᠷᠢᠯᠳᠦᠬᠦᠯᠦᠨ᠎ᠡ᠃ | | ︵ᠲᠤᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠦᠨᠡᠨᠴᠢ ᠰᠢᠳᠤᠷᠭᠤ | ᠠᠷᠢᠭᠤᠨ ᠴᠢᠬᠡᠴᠢ ᠡᠭᠦᠷᠭᠡᠯᠡᠯ ᠲᠠᠢ᠂ ᠲᠤᠰᠬᠠᠢ ᠮᠡᠷᠬᠡᠵᠢᠭᠰᠡᠨ ᠴᠢᠳᠠᠪᠤᠷᠢ ᠪᠠᠷ ᠴᠢᠩᠭ᠎ᠠ᠂ ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠯ ᠬᠢᠬᠦ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠤᠨ᠎ᠠ | ᠲᠡᠮᠦᠷ ᠳᠠᠪᠲᠠᠬᠤ ᠳᠤ ᠡᠷᠬᠡᠪᠰᠢ ᠥᠪᠡᠷ ᠢᠶᠠᠨ ᠬᠠᠲᠠᠭᠤᠵᠢᠬᠤ ᠬᠡᠷᠡᠭᠲᠡᠢ᠂ ᠪᠤᠰᠤᠳ ᠲᠤ ᠬᠢᠨᠠᠯᠲᠠ ᠲᠠᠯᠪᠢᠬᠤ ᠳᠤ ᠡᠷᠬᠡᠪᠰᠢ ᠡᠩ ᠲᠡᠷᠢᠭᠦᠨ ᠳᠤ ᠥᠪᠡᠷ ᠢ ᠪᠠᠨ | ᠰᠠᠶᠢᠲᠤᠷ ᠬᠠᠮᠢᠶᠠᠷᠤᠨ᠎ᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠲᠣᠰ ᠪᠡᠶ᠎ᠡ ᠶᠢᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠨ᠎ᠠ᠃ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠡᠶ᠎ᠡ ᠪᠠᠨ ᠴᠢᠩᠳᠠᠯᠠᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠲᠦᠷᠦᠭᠦᠯᠡᠨ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠂ ᠬᠠᠷᠢᠭᠤᠴᠠᠯᠭ᠎ᠠ ᠪᠠᠨ ᠰᠡᠳᠬᠢᠯ ᠳᠡᠭᠡᠨ ᠴᠡᠭᠡᠵᠢᠯᠡᠵᠦ᠂ ᠪᠡᠶ᠎ᠡ ᠳᠡᠭᠡᠨ | ᠡᠭᠦᠷᠭᠡᠯᠡᠨ᠂ ᠠᠵᠢᠯᠯᠠᠭ᠎ᠠ ᠳᠠᠭᠠᠨ ᠭᠦᠢᠴᠡᠳᠬᠡᠨ᠎ᠡ᠃ ᠦᠨᠡᠨ ᠠᠴᠠ ᠵᠥᠪ ᠢ ᠡᠷᠢᠬᠦ ᠰᠤᠷᠲᠠᠯ ᠢ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠬᠤᠯᠠᠴᠢᠯᠠᠨ᠂ | ᠪᠠᠶᠢᠯᠳᠤᠬᠤ ᠪᠤᠳᠤᠯᠭ᠎ᠠ ᠶᠢᠨ ᠰᠡᠳᠬᠢᠬᠦᠢ ᠶᠢ ᠪᠤᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠨᠡᠮᠡᠭᠳᠡᠭᠦᠯᠦᠨ᠎ᠡ᠃ ︽ᠬᠢᠨᠠᠨ | ᠪᠠᠶᠢᠴᠠᠭᠠᠭᠴᠢ ᠶᠢᠨ ᠬᠠᠤᠯᠢ︾᠂ ︽ᠬᠢᠨᠠᠨ ᠪᠠᠶᠢᠴᠠᠭᠠᠬᠤ ᠬᠠᠤᠯᠢ ᠶᠢ ᠬᠡᠷᠡᠭᠵᠢᠭᠦᠯᠬᠦ ᠳᠦᠷᠢᠮ︾ ᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠪᠠᠶᠢᠴᠠᠭᠠᠬᠤ | ᠠᠵᠢᠯ ᠤᠨ ᠵᠢᠷᠤᠮᠵᠢᠯᠲᠠ᠂ ᠬᠠᠤᠯᠢᠵᠢᠯᠲᠠ ᠶᠢ ᠠᠬᠢᠭᠤᠯᠵᠤ᠂ ᠡᠷᠬᠡ᠂ ᠬᠠᠷᠢᠭᠤᠴᠠᠯᠭ᠎ᠠ᠂ ᠠᠯᠪᠠ᠂ ᠡᠭᠦᠷᠭᠡᠯᠡᠯ ᠤᠨ ᠨᠢᠭᠡᠳᠦᠯ ᠢ ᠪᠡᠶᠡᠯᠡᠭᠦᠯᠦᠨ᠎ᠡ᠃ ᠺᠠᠳ᠋ᠷ ᠢ | ᠬᠦᠮᠦᠵᠢᠬᠦᠯᠦᠨ ᠰᠤᠩᠭᠤᠨ ᠳᠡᠪᠰᠢᠬᠦᠯᠬᠦ ᠰᠢᠯᠭᠠᠨ ᠦᠨᠡᠯᠡᠬᠦ ᠲᠤᠭᠲᠠᠯᠴᠠᠭ᠎ᠠ ᠶᠢ ᠪᠦᠷᠢᠨᠰᠬᠦᠯᠵᠦ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠠᠬᠢ ᠵᠢᠯᠤᠭᠤᠳᠤᠯᠭ᠎ᠠ ᠪᠠᠨ ᠴᠢᠩᠭᠠᠳᠬᠠᠨ᠎ᠠ᠃ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ ᠪᠥᠬᠦ | ᠠᠵᠢᠯᠲᠠᠨ ᠤ ᠪᠣᠯᠪᠠᠰᠤᠷᠠᠭᠤᠯᠤᠯ ᠢ ᠬᠦᠨᠵᠡᠬᠡᠶᠢᠷᠡᠬᠦᠯᠦᠨ᠎ᠡ᠃ ︽ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠠᠳᠬᠤᠵᠤ᠂ | ᠳᠦᠷᠢᠮ ᠰᠠᠬᠢᠯᠭ᠎ᠠ ᠬᠠᠤᠯᠢ ᠶᠢ ᠰᠤᠷᠤᠯᠴᠠᠬᠤ ᠪᠦᠬᠦᠨ ᠢ ᠬᠠᠮᠤᠷᠬᠤ ᠪᠣᠯᠪᠠᠰᠤᠷᠠᠭᠤᠯᠤᠯ ᠢ ᠳᠡᠰ ᠳᠠᠪᠬᠤᠷᠭ᠎ᠠ ᠲᠥᠷᠥᠯ ᠬᠤᠪᠢᠶᠠᠨ ᠥᠷᠨᠢᠭᠦᠯᠵᠦ᠂ ᠺᠠᠳ᠋ᠷ ᠤᠨ ᠲᠣᠮᠣ | ᠳ᠋ᠠᠶᠢᠲ᠋ᠠ ᠶᠢᠨ ᠰᠡᠳᠬᠢᠬᠦᠶ ᠶᠢᠨ ᠴᠢᠳᠠᠪᠤᠷᠢ ᠶᠢ ᠴᠢᠩᠭᠠᠷᠠᠭᠤᠯᠤᠨ᠂ ᠺᠠᠳ᠋ᠷ ᠤᠨ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠢ ᠲᠦᠷᠭᠡᠳᠬᠡᠨ ᠳᠡᠭᠡᠭᠰᠢᠯᠡᠭᠦᠯᠦᠨ᠎ᠡ᠃ | ᠬᠡᠷᠡᠭ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠪᠦᠬᠦ ᠲᠠᠯ᠎ᠠ ᠪᠠᠷ ᠰᠣᠩᠭᠤᠨ | ᠲᠣᠮᠢᠯᠠᠵᠤ ᠬᠢᠨᠠᠨ ᠪᠠᠶᠢᠴᠠᠭᠠᠬᠤ ᠠᠵᠢᠯ ᠳᠤ ᠣᠷᠣᠯᠴᠠᠭᠤᠯᠵᠤ᠂ ᠪᠣᠳᠠᠲᠠᠢ ᠪᠣᠯᠪᠠᠰᠤᠷᠠᠯ ᠪᠣᠳᠠᠲᠤ ᠪᠠᠶᠢᠯᠳᠤᠭᠠᠨ ᠤ ᠳᠤᠮᠳᠠ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | ᠪᠡᠶ᠎ᠡ ᠪᠠᠨ ᠴᠢᠩᠭ᠎ᠠ ᠱᠠᠭᠠᠷᠳᠠᠵᠤ᠂ ᠥᠪᠡᠷ ᠢ ᠪᠠᠨ ᠴᠡᠪᠡᠷᠰᠢᠬᠦᠯᠦᠨ᠎ᠡ᠃ ᠬᠠᠤᠯᠢ ᠳᠦᠷᠢᠮ ᠲᠣᠭᠲᠠᠭᠠᠯ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠤᠰᠬᠠᠢ ᠵᠦᠢᠯ ᠤᠨ ᠠᠵᠢᠯ ᠢᠶᠠᠨ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠮᠡᠳᠡᠭᠦᠯᠦᠨ᠎ᠡ᠃ ᠲᠤᠰ ᠪᠡᠶ᠎ᠡ ᠶᠢᠨ | ᠡᠷᠬᠡ ᠶᠢᠨ ᠶᠠᠪᠤᠭᠳᠠᠯ ᠤᠨ ᠲᠣᠭᠲᠠᠴᠠ ᠪᠠ ᠬᠠᠮᠢᠶᠠᠷᠤᠯᠲᠠ ᠬᠢᠨᠠᠯᠲᠠ ᠬᠢᠵᠠᠭᠠᠷᠯᠠᠯ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠥᠪᠡᠷ ᠢ ᠪᠠᠨ ᠬᠢᠵᠠᠭᠠᠷᠯᠠᠬᠤ ᠶᠢ | ᠴᠢᠩᠳᠠᠯᠠᠨ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠨ᠎ᠡ᠃ ᠳᠣᠲᠣᠭᠠᠳᠤ ᠶᠢᠨ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠰᠠᠬᠢᠯᠭ᠎ᠠ ᠪᠠᠲᠤ | ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠣᠯᠵᠤ ᠮᠡᠳᠡᠪᠡᠯ ᠶᠠᠭᠠᠬᠢᠭᠰᠠᠨ ᠴᠤ ᠢᠯᠳᠠᠷ ᠬᠠᠶᠠᠬᠤ ᠦᠭᠡᠢ᠂ ᠲᠤᠭᠤᠰᠢᠳᠠᠢ ᠪᠠᠶᠢᠴᠠᠭᠠᠵᠤ᠂ ︽ᠵᠤᠯᠠ ᠶᠢᠨ | ᠳᠤᠤᠷᠠᠬᠢ ᠬᠠᠷᠠᠩᠭᠤᠢ︾ ᠶᠢ ᠡᠷᠡᠰ ᠰᠡᠷᠭᠡᠶᠢᠯᠡᠨ ᠬᠤᠷᠢᠭᠯᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠪᠤᠯᠤᠳ ᠬᠡᠷᠡᠮ ᠲᠡᠮᠦᠷ ᠬᠠᠨ᠎ᠠ ᠶᠢ ᠪᠠᠲᠤ | ᠴᠤᠭᠴᠠᠯᠠᠨ᠎ᠠ᠃ | ︽ᠮᠢᠩᠭᠠᠨ ᠣᠩᠭᠤᠴᠠ ᠦᠷᠢᠰᠦᠯᠳᠦᠬᠦᠢ ᠳᠤᠷ ᠮᠢᠲᠠᠷᠠᠰᠢ ᠦᠭᠡᠢ ᠵᠣᠷᠢᠭᠲᠠᠨ ᠨᠢ ᠮᠠᠩᠯᠠᠢ ᠳᠤ ᠲᠣᠳᠤᠷᠠᠳᠠᠭ︾᠃ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠠᠤᠭ᠎ᠠ ᠲᠦᠰᠦᠪ ᠶᠠᠭ ᠰᠠᠶᠢᠬᠠᠨ ᠵᠢᠷᠤᠭᠯᠠᠳᠠᠵᠤ ᠪᠠᠶᠢᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠤᠷᠤᠭᠰᠢᠯᠠᠯᠲᠠ ᠶᠢᠨ ᠪᠦᠷᠢᠶ᠎ᠠ ᠨᠢᠭᠡᠨᠲᠡ ᠬᠠᠩᠭᠢᠨᠠᠵᠤ᠂ ᠮᠢᠩᠭᠠᠨ ᠣᠨ ᠤ ᠠᠤᠭ᠎ᠠ ᠦᠢᠯᠡᠰ ᠤᠨ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠭ᠎ᠠ | ᠳᠤᠮᠳᠠᠳᠤ ᠤᠯᠤᠰ ᠤᠨ ᠡᠪ ᠬᠠᠮᠲᠤ ᠨᠠᠮ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠰᠢᠨ᠎ᠡ ᠭᠠᠷᠤᠭ᠎ᠠ ᠠᠴᠠ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ | ᠨᠡᠭᠡᠭᠡᠵᠦ ᠠᠶᠠᠯᠠᠯ ᠢᠶᠠᠨ ᠲᠠᠬᠢᠨ ᠡᠬᠢᠯᠡᠬᠦᠯᠦᠭᠰᠡᠨ ᠪᠠᠶᠢᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ | ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠪᠠ | ᠬᠤᠲᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠬᠦᠴᠦ ᠪᠠᠨ ᠬᠠᠮᠲᠤᠳᠬᠠᠨ ᠰᠡᠳᠬᠢᠯ ᠨᠢᠭᠡᠳᠴᠦ᠂ ᠡᠷᠡᠮᠡᠭᠡᠶᠢᠯᠡᠨ | ᠤᠷᠤᠭᠰᠢᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠠᠩ ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠥᠯᠥᠨ ᠪᠦᠷ ᠢ | ᠪᠦᠲᠦᠭᠡᠨ ᠪᠠᠢᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | |