| ᠵᠠᠰᠠᠭ ᠤᠨ ᠤᠷᠳᠤᠨ ᠤ ᠠᠵᠢᠯ ᠤᠨ ᠢᠯᠡᠳᠭᠡᠯ | | ——2021 ᠤᠨ ᠤ 3 ᠰᠠᠷ᠎ᠠ ᠶᠢᠨ10 ᠤ ᠡᠳᠤᠷ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | ᠲᠦᠯᠦᠭᠡᠯᠡᠭᠴᠢᠳ ᠡ᠄ | ᠤᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠠᠤ᠂ | ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃ | | ᠨᠢᠭᠡ᠂ 2020 ᠤᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠢᠯ ᠤᠨ ᠡᠷᠬᠢᠴᠡᠭᠦᠯᠦᠯ | ᠦᠩᠭᠡᠷᠡᠭᠰᠡᠨ ᠨᠢᠭᠡ ᠵᠢᠯ ᠳᠤ᠂ ᠪᠢᠳᠠ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ ᠪᠦᠬᠦᠳᠠ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠪᠤᠯᠤᠨ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ᠂ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠠᠵᠢᠯ ᠤᠨ | ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠲᠢᠳᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠬᠦ ᠪᠤᠯᠤᠨ | ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠤᠯᠳᠠᠢ ᠲᠦᠯᠦᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ | ᠪᠠᠳᠤᠳᠠᠢ ᠬᠢᠵᠦ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠪᠠᠨ ᠪᠦᠬᠦ ᠬᠦᠴᠦ ᠪᠠᠷ ᠨᠠᠶᠢᠳᠠᠪᠤᠷᠢᠵᠢᠭᠤᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ | ᠰᠢᠯᠢᠳᠡᠭᠵᠢᠭᠦᠯᠦᠨ᠂ ᠠᠮᠢ ᠠᠬᠤᠢ ᠪᠠᠶᠢᠭᠠᠯᠢ ᠤᠷᠴᠢᠨ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠪᠦᠬᠦ ᠲᠠᠯ᠎ᠠ ᠶᠢᠨ ᠡᠶ᠎ᠡ ᠵᠣᠬᠢᠴᠠᠩᠭᠤᠢ᠂ ᠥᠷᠨᠢᠭᠦᠨ | ᠲᠤᠭᠳᠠᠭᠤᠨ ᠪᠠᠶᠢᠳᠠᠯ ᠢ ᠪᠠᠲᠤᠯᠠᠪᠠ᠃ ᠪᠦᠬᠦ ᠵᠢᠯ ᠤᠨ ᠣᠷᠣᠨ ᠨᠤᠲᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ 25.01ᠳ᠋ᠦᠩᠰᠢᠭᠤᠷ ᠲᠦᠭᠦᠷᠢᠭ ᠲᠤ | ᠬᠦᠷᠴᠤ᠂ 0.3% ᠪᠠᠷ ᠨᠡᠮᠡᠭᠳᠡᠪᠠ︔ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ 0.75 ᠳ᠋ᠦᠩᠰᠢᠭᠤᠷ ᠲᠦᠭᠦᠷᠢᠭ ᠲᠤ ᠬᠦᠷᠴᠦ᠂ ᠵᠠᠷᠤᠯᠭ᠎ᠠ | 14.69 ᠳ᠋ᠦᠩᠰᠢᠭᠤᠷ ᠲᠦᠭᠦᠷᠢᠭ ᠲᠤ ᠬᠦᠷᠪᠡ︔ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠥᠷᠲᠡᠭ 6.17 | ᠳ᠋ᠦᠩᠰᠢᠭᠤᠷ ᠲᠥᠭᠦᠷᠢᠭ ᠲᠤ ᠬᠦᠷᠪᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 3.94 ᠳ᠋ᠦᠩᠰᠢᠭᠤᠷ ᠲᠦᠭᠦᠷᠢᠭ ᠲᠤ ᠬᠦᠷᠪᠡ︔ ᠬᠤᠳᠠ ᠬᠥᠳᠡᠭᠡ | ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠤᠷᠤᠯᠭ᠎ᠠ ᠲᠤᠰ ᠪᠦᠷᠢ 3% ᠪᠠ 7% ᠪᠠᠷ ᠨᠡᠮᠡᠭᠳᠡᠪᠡ᠃ ᠪᠤᠬᠢᠷᠳᠤᠯ ᠦᠭᠡᠢ ᠬᠦᠭᠵᠢᠯᠳᠠ ᠶᠢᠨ | ᠰᠢᠰᠲ᠋ᠧᠮ ᠤᠨ ᠭᠤᠤᠯ ᠬᠠᠷᠠᠯᠳᠠ ᠶᠢ ᠪᠦᠬᠦᠨ ᠢᠶᠠᠷ ᠨᠢ ᠪᠠᠶᠡᠯᠡᠭᠦᠯᠵᠠᠢ᠃ | ︵ᠨᠢᠭᠡ︶ ᠪᠤᠭᠤᠮᠳᠠ ᠰᠢᠪᠲᠤᠯᠬᠤ ᠡᠭᠦᠷᠭᠡ ᠬᠠᠷᠠᠯᠲᠠ ᠪᠠᠨ ᠠᠮᠵᠢᠯᠲᠠᠲᠠᠢ ᠪᠡᠶᠡᠯᠡᠭᠦᠯᠪᠠ᠃ ᠰᠢᠨ᠎ᠡ ᠲᠢᠳᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ | ᠬᠢᠵᠢᠭ ᠢ ᠪᠦᠲᠦᠮᠵᠢᠲᠡᠢ ᠰᠡᠷᠭᠡᠶᠢᠯᠡᠨ ᠡᠵᠡᠮᠳᠡᠪᠡ᠃ ᠪᠦᠬᠦ ᠬᠤᠰᠢᠭᠤ ᠪᠠᠷ ᠢᠶᠠᠨ ᠰᠡᠳᠭᠢᠯ ᠨᠢᠭᠡᠲᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠬᠠᠯᠳᠠᠪᠤᠷᠢᠯᠠᠬᠤ | ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠨ᠂ 3000 ᠭᠠᠷᠤᠢ ᠺᠠᠳ᠋ᠷ ᠠᠵᠢᠯᠲᠡᠨ ᠬᠢᠵᠢᠭ ᠢ ᠰᠡᠷᠭᠡᠶᠢᠯᠡᠬᠦ ᠡᠮᠦᠨ᠎ᠡ ᠹᠷᠥᠨᠲ ᠲᠤ ᠭᠠᠪᠰᠢᠭᠠᠶᠢᠯᠠᠨ ᠠᠵᠢᠯᠯᠠᠵᠤ᠂ ᠣᠯᠠᠨ | ᠲᠦᠮᠡᠨ ᠬᠠᠮᠲᠤᠪᠡᠷ ᠰᠡᠷᠭᠡᠶᠢᠯᠡᠬᠦ ᠨᠢᠭᠡᠴᠢᠯᠡᠭᠰᠡᠨ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠪᠠ︔ ︽1+8+N︾ ᠬᠡᠯᠪᠡᠷᠢ ᠶᠢᠨ ᠬᠢᠵᠢᠭ ᠢ ᠰᠡᠷᠭᠡᠶᠢᠯᠡᠬᠦ | ᠲᠣᠭᠲᠠᠴᠠ ᠶᠢ ᠪᠠᠶᠢᠭᠤᠯᠵᠤ᠂ 4612 ᠲᠦᠮᠡᠨ ᠲᠦᠭᠦᠷᠢᠭ ᠪᠡᠯᠡ ᠣᠷᠣᠭᠤᠯᠣᠨ᠂ ᠡᠮᠴᠢᠯᠡᠭᠡᠨ ᠤ ᠲᠣᠨᠤᠭ ᠳᠦᠭᠦᠭᠡᠷᠦᠮᠵᠢ ᠪᠤᠯᠤᠨ ᠬᠢᠵᠢᠭ ᠢ ᠰᠡᠷᠭᠡᠶᠢᠯᠡᠬᠦ ᠡᠳ᠋ | ᠪᠤᠳᠠᠰ ᠢ ᠢᠵᠢ ᠪᠦᠷᠢᠯᠳᠦᠭᠦᠯᠵᠦ᠂ ᠨᠡᠶᠢᠭᠡᠮ ᠲᠣᠭᠤᠷᠢᠭ ᠪᠣᠯᠣᠨ ᠠᠵᠢᠯ ᠲᠥᠷᠥᠯ ᠤᠨ ᠰᠠᠯᠠᠭ᠎ᠠ ᠮᠦᠴᠢᠷ ᠢᠶᠠᠷ ᠨᠢᠭᠡᠴᠢ ᠪᠤᠯᠭᠠᠵᠤ᠂ ᠭᠡᠨᠡᠳᠲᠡ ᠳᠡᠯᠭᠡᠷᠡᠬᠦ ᠬᠢᠵᠢᠭ | ᠤᠨ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠠᠴᠢᠮ ᠰᠣᠷᠢᠯᠲᠠ ᠶᠢ ᠣᠯᠠᠨ ᠤᠳᠠᠭ᠎ᠠ ᠶᠠᠪᠤᠭᠳᠠᠭᠤᠯᠤᠨ᠂ ᠭᠤᠣᠯᠳᠠᠯᠭ᠎ᠠ ᠲᠠᠢ ᠬᠥᠮᠥᠰ᠂ ᠪᠤᠳᠠᠰ᠂ ᠣᠷᠴᠢᠨ | ᠲᠣᠭᠤᠷᠢᠨ ᠳᠤ ᠣᠯᠠᠨ ᠲᠠᠯ᠎ᠠ ᠪᠠᠷ ᠤᠷᠢᠳᠴᠢᠯᠠᠨ ᠰᠡᠷᠡᠮᠵᠢᠯᠡᠬᠦ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ 2 ᠲᠦᠮᠡ ᠭᠠᠷᠤᠢ ᠤᠳᠠᠭ᠎ᠠ ᠬᠢᠵᠦ᠂ ᠬᠢᠵᠢᠭ ᠢ | ᠰᠡᠷᠭᠡᠶᠢᠯᠡᠬᠦ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠦᠷ᠎ᠡ ᠳ᠋ᠦᠩ ᠢ | ᠦᠷᠭᠦᠯᠵᠢᠯᠡᠨ ᠪᠠᠳᠤᠳᠬᠠᠪᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 4787 ᠲᠦᠮᠡᠨ | ᠲᠦᠭᠦᠷᠢᠭ ᠵᠠᠷᠤᠴᠠᠭᠤᠯᠤᠨ᠂ ᠶᠠᠳᠠᠭᠤ ᠠᠴᠠ ᠠᠩᠭᠢᠵᠢᠷᠠᠭᠤᠯᠬᠤ 18 ᠲᠥᠷᠤᠯ ᠵᠦᠢᠯ ᠢ ᠬᠡᠷᠡᠭᠵᠢᠭᠦᠯᠵᠦ᠂ ᠶᠠᠳᠠᠭᠤ ᠬᠦᠴᠢᠷᠳᠡᠯᠳᠠᠢ ᠤᠯᠠᠨ ᠲᠦᠮᠡᠨ ᠤ | ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠭᠦᠯᠪᠡ᠃ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠳᠡᠭᠡᠳᠤ ᠬᠡᠮᠵᠢᠶ᠎ᠡ ᠪᠠᠷ ᠠᠬᠢᠭᠤᠯᠪᠠ᠃ ᠰᠢᠨᠡᠪᠤᠯᠠᠭ ᠰᠤᠮᠤᠨ ᠤ | ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠨ ᠪᠠᠶᠢᠭᠤᠯᠵᠤ᠂ ᠪᠦᠬᠦ ᠬᠤᠰᠢᠭᠤᠨ ᠤ ᠮᠠᠯ ᠵᠢᠭᠦᠷᠲᠡᠨ ᠤ ᠢᠯᠭᠠᠳᠠᠰᠤ ᠶᠢ | ᠶᠡᠷᠦᠩᠬᠡᠶᠢᠯᠡᠨ ᠠᠰᠢᠭᠯᠠᠭᠰᠠᠨ ᠨᠤᠷᠮ᠎ᠠ 85% ᠳᠤ ᠬᠦᠷᠴᠤ᠂ ᠴᠡᠪᠡᠷ ᠰᠠᠶᠢᠨ ᠠᠭᠠᠷ ᠲᠠᠢ ᠡᠳᠤᠷ ᠤᠨ ᠬᠠᠷᠢᠴᠠᠯ 100% ᠳᠤ ᠬᠦᠷᠪᠠ᠃ ᠬᠦᠨᠳᠤ ᠶᠡᠭᠡ ᠠᠶᠤᠯ | ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠪᠠ᠃ ᠵᠠᠰᠠᠭ ᠤᠨ ᠤᠷᠳᠤᠨ ᠤ 1.53 ᠳ᠋ᠦᠩᠰᠢᠭᠤᠷ ᠲᠦᠭᠦᠷᠢᠭ ᠲᠠᠯᠳᠠ ᠦᠷᠢ ᠦᠭᠴᠡᠭᠡ ᠶᠢ ᠰᠢᠢᠳᠪᠦᠷᠢᠯᠡᠵᠦ᠂ ᠥᠷᠢ | ᠰᠢᠢᠳᠪᠦᠷᠢᠯᠡᠬᠦ ᠤᠨ ᠤ ᠡᠭᠦᠷᠭᠡ ᠪᠠᠨ 156% ᠪᠠᠷ ᠲᠠᠪᠠᠭᠤᠯᠤᠨ ᠪᠡᠶᠠᠯᠠᠭᠦᠯᠪᠡ︔ ᠠᠷᠠᠳ ᠡᠴᠠᠡᠵᠡᠩᠨᠡᠭᠰᠡᠨ ᠠᠵᠤ ᠠᠬᠤᠶᠢᠯᠠᠯ ᠪᠠ ᠲᠤᠮᠳᠠ ᠵᠢᠵᠢᠭ ᠠᠵᠤ | ᠠᠬᠤᠶᠢᠯᠠᠯ ᠳᠤ ᠦᠷᠢᠲᠦᠵᠦ ᠪᠠᠶᠢᠭᠰᠠᠨ 1.62 ᠳ᠋ᠦᠩᠰᠢᠭᠤᠷ ᠲᠦᠭᠦᠷᠢᠭ ᠤᠨ ᠮᠠᠷᠭᠤᠭᠠᠨ ᠦᠭᠡᠢ ᠥᠷᠢ ᠶᠢ ᠲᠦᠯᠦᠵᠤ᠂ ᠲᠥᠯᠥᠬᠦ ᠶᠣᠰᠤᠲᠠᠢ ᠥᠷᠢ ᠶᠢ | ᠲᠥᠯᠥᠵᠦ ᠳᠠᠭᠤᠰᠬᠠᠪᠠ᠃ | ︵ᠬᠤᠶᠠᠷ︶ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠪᠠ᠃ 3.33 ᠳ᠋ᠦᠩᠰᠢᠭᠤᠷ ᠲᠥᠭᠦᠷᠢᠭ ᠪᠡᠯᠡ | ᠣᠷᠣᠭᠤᠯᠤᠨ᠂ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠡᠭᠦᠷᠭᠡ ᠪᠠᠨ ᠪᠦᠬᠦ ᠲᠠᠯ᠎ᠠ ᠪᠠᠷ ᠪᠠᠶᠡᠯᠡᠭᠦᠯᠵᠤ᠂ ᠬᠦᠯᠦᠨ ᠨᠠᠭᠤᠷ ᠤᠨ ᠰᠠᠪᠠ ᠭᠠᠵᠠᠷ | ᠤᠨ ᠠᠮᠢ ᠠᠬᠤᠢ ᠶᠢᠨ ᠰᠢᠰᠲ᠋ᠧᠮ ᠤᠨ ᠲᠤᠭᠳᠠᠭᠤᠨ ᠢ ᠪᠠᠲᠤᠯᠠᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠤᠯᠪᠠ︔ ︽ᠲᠠᠯ᠎ᠠ ᠨᠤᠳᠤᠭ ᠤᠨ ᠬᠠᠮᠠᠭᠠᠯᠠᠯᠳᠠ | ᠬᠢᠭᠡᠳ ᠪᠦᠳᠦᠭᠡᠨ ᠪᠠᠶᠢᠭᠤᠯᠤᠯᠳᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠪᠠ︔ 868ᠲᠦᠮᠡᠨ ᠮᠤ᠋ ᠨᠤᠲᠤᠭ ᠤᠨ ᠮᠠᠯᠵᠢᠬᠤ ᠶᠢ ᠵᠤᠭᠰᠤᠭᠠᠵᠤ᠂ | 1352 ᠲᠦᠮᠡᠨ ᠮᠤ᠋ ᠨᠤᠲᠤᠭ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠵᠦ᠂ 35.8 ᠲᠦᠮᠡᠨ ᠮᠦ ᠨᠤᠲᠤᠭ ᠤᠨ ᠲᠠᠷᠢᠶᠠᠯᠠᠬᠤ ᠶᠢ ᠵᠣᠭᠰᠣᠭᠠᠨ᠂ ᠡᠪᠡᠰᠦ ᠮᠣᠳᠣ | ᠲᠠᠷᠢᠵᠤ ᠠᠮᠢ ᠠᠬᠤᠢ ᠶᠢ ᠰᠡᠷᠭᠦᠭᠡᠨ᠂ ᠲᠠᠯ᠎ᠠ ᠨᠤᠲᠤᠭ ᠤᠨ ᠶᠡᠷᠦᠩᠬᠡᠢ ᠤᠷᠭᠤᠮᠠᠯ ᠤᠨ ᠪᠦᠷᠬᠦᠴᠡ ᠶᠢ 69.4% ᠳᠤ ᠬᠦᠷᠭᠡᠪᠡ᠃ ᠨᠡᠭᠦᠷᠡᠰᠦᠨ ᠤ ᠡᠬᠢ ᠪᠠᠶᠠᠯᠢᠭ | ᠤᠨ ᠬᠦᠷᠢᠶᠡᠨ ᠳᠠᠬᠢ ᠬᠠᠤᠯᠢ ᠳᠦᠷᠢᠮ ᠠᠴᠠ ᠵᠦᠷᠢᠴᠡᠭᠰᠡᠨ ᠠᠰᠠᠭᠤᠳᠠᠯ ᠪᠤᠯᠤᠨ ᠠᠭᠤᠷᠬᠠᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠭᠤᠷᠪᠠᠨ ᠵᠦᠢᠯ ᠤᠨ | ᠲᠤᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠡᠭᠦᠷᠭᠡ ᠪᠠᠨ ᠪᠡᠶᠡᠯᠡᠭᠦᠯᠵᠤ᠂ ᠪᠤᠬᠢᠷᠳᠤᠯ ᠦᠭᠡᠢ ᠬᠠᠶᠢᠨ ᠰᠢᠨᠵᠢᠵᠦ ᠨᠡᠭᠡᠭᠡᠯᠲᠡ ᠬᠢᠬᠦ ᠪᠠ ᠠᠮᠢ | ᠠᠬᠤᠢ ᠶᠢ ᠰᠡᠷᠭᠦᠭᠡᠬᠦ ᠠᠵᠢᠯ ᠳᠦᠷᠢᠮᠵᠢᠨ ᠳᠡᠭᠡᠭᠰᠢᠯᠡᠪᠡ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠦᠢ ᠶᠢᠨ ᠪᠠᠶᠢᠴᠠᠭᠠᠯᠲᠠ ᠶᠢ ᠠᠮᠵᠢᠯᠲᠠᠲᠠᠢ | ᠪᠡᠶᠡᠯᠡᠭᠦᠯᠵᠦ᠂ ᠳᠦᠷᠢᠮ ᠠᠴᠠ ᠵᠦᠷᠢᠴᠡᠨ ᠵᠤᠰᠠᠭᠠᠯ ᠪᠠᠶᠢᠭᠤᠯᠤᠭᠰᠠᠨ ᠠᠰᠠᠭᠤᠳᠠᠯ ᠢ ᠰᠢᠢᠳᠪᠦᠷᠢᠯᠡᠬᠦ᠂ ᠲᠥᠪ ᠤᠨ ᠣᠷᠴᠢᠨ ᠲᠣᠭᠤᠷᠢᠨ ᠤ ᠬᠢᠨᠠᠨ | ᠪᠠᠶᠢᠴᠠᠭᠠᠯᠲᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ ᠵᠢᠭᠤᠯᠴᠢᠯᠡᠯ ᠤᠨ ᠴᠡᠭ ᠢ ᠴᠡᠭᠴᠡᠯᠡᠨ ᠵᠠᠰᠠᠬᠤ ᠵᠡᠷᠭᠡ ᠲᠤᠰᠬᠠᠢ ᠠᠵᠢᠯᠯᠠᠭᠠᠨ ᠢ ᠭᠦᠨᠵᠡᠭᠡᠢ | ᠦᠷᠨᠢᠭᠦᠯᠪᠠ᠃ | ︵ᠭᠤᠷᠪᠠ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠪᠠ᠃ ᠠᠮᠢ ᠠᠬᠤᠶᠢᠴᠢ ᠪᠤᠬᠢᠷᠳᠤᠯ ᠦᠭᠡᠢ | ᠤᠷᠭᠠᠨᠢᠭ ᠳᠠᠷᠢᠶᠠᠯᠠᠩ᠂ ᠮᠠᠯ᠂ ᠣᠢ ᠰᠢᠭᠤᠢ ᠶᠢᠨ ᠪᠦᠳᠦᠭᠡᠭᠳᠡᠭᠦᠨ ᠤ ᠬᠠᠩᠭᠠᠯᠭ᠎ᠠ ᠶᠢᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠮᠠᠯ ᠤᠨ ᠲᠤᠭ᠎ᠠ | ᠲᠣᠯᠣᠭᠠᠢ 118.56 ᠲᠦᠮᠡ ᠳᠤ ᠬᠦᠷᠴᠦ᠂ ᠮᠢᠬ᠎ᠠ ᠪᠤᠯᠤᠨ ᠰᠦ ᠶᠢᠨ ᠭᠠᠷᠤᠯᠲᠠ ᠲᠤᠰ ᠪᠦᠷᠢ 2 ᠲᠦᠮᠡᠨ ᠲᠤᠨ ᠪᠠ 5 ᠲᠦᠮᠡᠨ ᠲᠤᠨ ᠢ ᠳᠠᠪᠠᠵᠤ᠂ ᠪᠤᠭᠤᠳᠠᠢ | ᠂ ᠰᠢᠯᠢᠮᠳᠡᠭ ᠵᠡᠷᠭᠡ ᠳᠠᠷᠢᠶᠠᠯᠠᠩ ᠤᠨ ᠪᠦᠳᠦᠭᠡᠭᠳᠡᠭᠦᠨ ᠤ ᠭᠠᠷᠤᠯᠳᠠ 5.34 ᠲᠦᠮᠡᠨ ᠲᠤᠨ ᠳᠤ ᠬᠦᠷᠪᠡ︔ 9633 ᠮᠤ᠋ ᠴᠢᠴᠠᠷᠭᠠᠨ᠎ᠠ᠂ 4657 ᠮᠤ᠋ ᠬᠦᠭᠡ | ᠵᠢᠮᠢᠰᠭᠡᠨ᠎ᠡ ᠲᠠᠷᠢᠵᠤ᠂ ᠣᠶᠢᠲᠤ ᠭᠠᠵᠠᠷ ᠤᠨ ᠠᠵᠤ ᠦᠢᠯᠡᠰ ᠦᠨᠰᠠᠭᠤᠷᠢᠨ ᠭᠠᠵᠠᠷ ᠢ ᠠᠩᠬ᠎ᠠ ᠠᠯᠬᠤᠮ ᠪᠠᠶᠢᠭᠤᠯᠪᠠ᠃ ᠬᠥᠳᠡᠭᠡ ᠲᠣᠰᠬᠤᠨ ᠮᠠᠯᠵᠢᠬᠤ ᠤᠷᠤᠨ ᠤ | ᠤᠷᠤᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠢᠯᠡᠷᠬᠡᠢ ᠰᠠᠶᠢᠨ ᠪᠠᠶᠢᠵᠤ᠂ ᠪᠦᠬᠦ ᠤᠷᠤᠨ ᠤ ᠭᠤᠷᠪᠠᠳᠤᠭᠠᠷ | ᠲᠦᠷᠦᠯ ᠤᠨ ᠬᠤᠰᠢᠭᠤ ᠰᠢᠶᠠᠨ ᠤ ᠵᠢᠭᠰᠠᠭᠠᠯᠳᠠ ᠳᠤ ᠲᠤᠯᠤᠳᠤᠭᠠᠷ ᠲᠤ ᠤᠷᠤᠪᠠ᠃ ᠰᠦᠨ ᠤ ᠦᠢᠯᠡᠰ ᠤᠨ ᠬᠥᠭᠵᠢᠯᠲᠡ ᠶᠢ ᠬᠦᠴᠦᠳᠠᠢ ᠲᠦᠯᠬᠢᠨ ᠠᠬᠢᠭᠤᠯᠪᠠ᠃ | ︽ᠦᠨᠳᠦᠰᠦᠲᠡᠨ ᠤ ᠤᠯᠠᠮᠵᠢᠯᠠᠯᠲᠦ ᠴᠠᠭᠠᠨ ᠢᠳᠡᠭᠡᠨ ᠤ ᠦᠢᠯᠡᠰ ᠢ ᠬᠦᠭᠵᠢᠭᠦᠯᠬᠦ ᠭᠤᠷᠪᠠᠨ ᠵᠢᠯ ᠤᠨ ᠠᠵᠢᠯ ᠤᠨ ᠲᠦᠯᠦᠪᠯᠡᠯᠭᠡ︾ ᠶᠢ ᠲᠣᠭᠲᠠᠭᠠᠵᠤ᠂ ᠴᠠᠭᠠᠨ | ᠢᠳᠡᠭᠡᠨ ᠪᠣᠯᠪᠠᠰᠤᠷᠠᠭᠤᠯᠬᠤ 5 ᠠᠵᠤ ᠠᠬᠤᠶᠢᠯᠠᠯ ᠢ ᠥᠷᠭᠡᠳᠬᠡᠨ ᠰᠠᠶᠢᠵᠢᠷᠠᠭᠤᠯᠵᠤ᠂ ᠦᠨᠳᠤᠰᠦᠳᠠᠨ ᠤ ᠤᠯᠠᠮᠵᠢᠯᠠᠯᠳᠤ ᠴᠠᠭᠠᠨ ᠢᠳᠡᠭᠡᠨ ᠤ ᠦᠢᠯᠡᠰ ᠤᠨ | ᠪᠣᠷᠤᠯᠠᠭᠤᠯᠭ᠎ᠠ 850 ᠲᠦᠮᠡᠨ ᠲᠦᠭᠦᠷᠢᠭ ᠢ ᠳᠠᠪᠠᠪᠠ᠃ ᠬᠠᠨᠳᠠᠭᠠᠢ ᠰᠤᠮᠤᠨ ᠤ ᠬᠠᠨᠳᠠᠭᠠᠢ ᠭᠠᠴᠠᠭ᠎ᠠ ︽ᠤᠯᠣᠰ ᠤᠨ ᠳᠡᠰ ᠤᠨ ᠬᠥᠳᠡᠭᠡ ᠲᠤᠰᠬᠤᠨ ᠢ | ᠬᠥᠭᠵᠢᠭᠦᠯᠦᠨ ᠮᠠᠨᠳᠣᠭᠤᠯᠬᠤ ᠵᠢᠱᠢᠶ᠎ᠡ ᠦᠵᠡᠭᠦᠯᠬᠦ ᠲᠤᠰᠬᠤᠨ︾ ᠢᠶᠠᠷ ᠦᠨᠡᠯᠡᠭᠳᠡᠪᠡ᠃ | ︵ᠲᠦᠷᠪᠡ︶ ᠠᠵᠤ ᠠᠬᠤᠢ ᠶᠢᠨ ᠬᠦᠭᠵᠢᠯᠳᠠ ᠶᠢᠨ ᠰᠠᠭᠤᠷᠢ ᠶᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ᠴᠡᠪᠡᠷ ᠡᠨᠧᠷᠬᠢ ᠶᠢᠨ ᠭᠠᠷᠤᠯᠳᠠ ᠲᠣᠭᠲᠠᠭᠤᠨ | ᠢᠶᠠᠷ ᠨᠡᠮᠡᠭᠳᠡᠪᠡ᠃ ᠪᠦᠬᠦ ᠬᠤᠰᠢᠭᠤᠨ ᠤ ᠰᠠᠯᠬᠢᠨ ᠤ ᠬᠦᠴᠦ ᠪᠠ ᠨᠠᠷᠠᠨ ᠤ ᠬᠡᠷᠡᠯ ᠢᠶᠠᠷ ᠴᠠᠬᠢᠯᠭᠠᠨ ᠭᠠᠷᠭᠠᠬᠤ 4 ᠠᠵᠤ ᠠᠬᠤᠶᠢᠯᠠᠯ ᠤᠨ ᠮᠠᠰᠢᠨ | ᠴᠣᠭᠴᠠᠯᠠᠪᠤᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 2.55 ᠳ᠋ᠦᠩᠰᠢᠭᠤᠷ ᠺᠢᠯᠣᠸᠠᠲ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 2.4% ᠪᠠᠷ | ᠨᠡᠮᠡᠭᠳᠡᠨ᠂ ᠦᠢᠯᠡᠳᠪᠤᠷᠢᠯᠡᠯ ᠤᠨ ᠦᠷᠳᠡᠭ 1.42 ᠳ᠋ᠦᠩᠰᠢᠭᠤᠷ ᠲᠦᠭᠦᠷᠢᠭ ᠲᠤ ᠬᠦᠷᠪᠡ᠃ ᠭᠠᠳᠠᠭᠠᠳᠤ ᠨᠡᠭᠡᠭᠡᠯᠲᠡ ᠶᠢ ᠯᠠᠪᠳᠠᠭᠤᠨ ᠠᠬᠢᠭᠤᠯᠪᠠ᠃ ᠪᠦᠬᠦ ᠵᠢᠯ | ᠳᠤ 31.74 ᠲᠦᠮᠡᠨ ᠲᠤᠨ ᠡᠳ᠋ ᠪᠠᠷᠠᠭ᠎ᠠ ᠶᠢ ᠪᠤᠭᠤᠮᠳᠠ ᠪᠠᠷ ᠤᠷᠤᠭᠤᠯᠵᠤ ᠭᠠᠷᠭᠠᠵᠤ᠂ ᠭᠠᠳᠠᠭᠠᠳᠦ ᠠᠴᠠ ᠣᠷᠣᠭᠤᠯᠵᠤ ᠭᠠᠷᠭᠠᠭᠰᠠᠨ ᠪᠠᠷᠠᠭ᠎ᠠ ᠶᠢᠨ | ᠠᠷᠠᠯᠵᠢᠶᠠᠨ ᠤ ᠥᠷᠲᠡᠭ 6 ᠳ᠋ᠦᠩᠰᠢᠭᠤᠷ ᠲᠦᠭᠦᠷᠢᠭ ᠲᠤ ᠬᠦᠷᠪᠡ︔ ᠡᠪᠦᠳᠦᠭ ᠭᠠᠶᠢᠯᠢ ᠶᠢᠨ ᠪᠣᠭᠤᠮᠲᠠ ᠵᠢᠩᠭᠢᠨᠢ ᠪᠠᠷ ᠠᠰᠢᠭᠯᠠᠯᠲᠠ ᠳᠤ ᠤᠷᠤᠪᠠ᠃ ᠰᠤᠶᠤᠯ | ᠵᠢᠭᠤᠯᠴᠢᠯᠠᠯ ᠯᠠᠪᠳᠠᠭᠤᠨ ᠬᠦᠭᠵᠢᠪᠡ᠃ ︽ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ︵2020-2030︶︾ ᠶᠢ | ᠨᠠᠶᠢᠷᠠᠭᠤᠯᠤᠨ ᠳᠠᠭᠤᠰᠬᠠᠵᠤ᠂ ᠪᠦᠬᠦ ᠬᠤᠳᠠ ᠶᠢᠨ ᠭᠤᠷᠪᠠᠳᠤᠭᠠᠷ ᠬᠤᠭᠤᠴᠠᠭᠠᠨ ᠤ ᠮᠤᠩᠭᠤᠯ ᠪᠦᠭᠡ ᠶᠢᠨ ᠴᠣᠯᠠ ᠣᠯᠭᠤᠬᠤ ᠪᠠᠷᠢᠯᠳᠤᠭᠠᠨ ᠵᠡᠷᠭᠡ ᠲᠤᠮᠤ ᠬᠡᠯᠪᠡᠷᠢ | ᠶᠢᠨ ᠬᠦᠳᠡᠯᠭᠡᠭᠡᠨ ᠢ ᠠᠮᠵᠢᠯᠳᠠᠢ ᠡᠷᠬᠢᠯᠡᠵᠤ᠂ ᠵᠤᠭᠠᠴᠠᠭᠰᠠᠳ ᠤᠨ ᠲᠤᠭ᠎ᠠ᠂ ᠵᠢᠭᠤᠯᠴᠢᠯᠠᠯ ᠤᠨ ᠤᠷᠤᠯᠭ᠎ᠠ ᠢᠳᠡᠭ ᠢᠳᠡᠭ ᠢᠶᠠᠷ ᠰᠡᠷᠭᠦᠪᠡ᠃ ᠭᠤᠤᠯᠳᠠᠯᠭ᠎ᠠ ᠲᠠᠢ | ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠪᠠ᠃ 12 ᠭᠤᠤᠯᠳᠠᠯᠭ᠎ᠠ ᠲᠠᠢ ᠲᠥᠷᠥᠯ ᠵᠦᠢᠯ ᠢ ᠤᠷᠤᠭᠰᠢᠳᠠᠢ ᠡᠬᠢᠯᠡᠭᠦᠯᠦᠨ᠂ ᠭᠤᠸᠠᠩᠵᠧᠦ ᠮᠠᠰᠢᠨ ᠲᠡᠷᠭᠡᠨ ᠤ | ᠪᠦᠯᠦᠭᠯᠡᠯ ᠤᠨ ᠬᠦᠢᠲᠡᠨ ᠣᠷᠣᠨ ᠤ ᠮᠦᠰᠦ ᠴᠠᠰᠤᠨ ᠳᠤ ᠲᠤᠷᠰᠢᠨ ᠵᠢᠯᠤᠭᠤᠳᠬᠤ᠂ ᠠᠮᠤᠭᠤᠯᠠᠩ ᠪᠠᠯᠭᠠᠰᠤᠨ ᠤ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ | ᠮᠡᠷᠭᠡᠵᠢᠯ ᠢ ᠰᠠᠶᠢᠵᠢᠷᠠᠭᠤᠯᠬᠤ ᠲᠥᠷᠥᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠡᠢ᠃ ᠠᠵᠤ ᠦᠢᠯᠡᠰ ᠢ ᠬᠥᠭᠵᠢᠭᠦᠯᠬᠦ ᠳᠠᠪᠴᠠᠩ ᠢ ᠴᠣᠭᠴᠠᠯᠠᠨ ᠪᠠᠶᠢᠭᠤᠯᠪᠠ᠃ | ᠦᠨᠳᠤᠰᠦᠳᠠᠨ ᠤ ᠤᠨᠴᠠᠯᠢᠭᠳᠤ ᠠᠵᠤ ᠦᠢᠯᠡᠰ ᠤᠨ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠵᠦ᠂ ᠬᠦᠯᠦᠨ ᠪᠤᠶᠢᠷ ᠤᠨ ᠠᠵᠤ ᠠᠬᠤᠢ ᠶᠢᠨ ᠮᠡᠷᠭᠡᠵᠢᠯ ᠤᠨ | ᠨᠡᠭᠡᠭᠡᠯᠳᠠ ᠶᠢᠨ ᠤᠷᠤᠨ ᠲᠠᠢ ︽ᠰᠢᠭᠤᠳ ᠬᠤᠷᠰᠢᠯᠴᠠᠬᠤ︾ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠶᠢ ᠲᠤᠬᠢᠷᠠᠯᠴᠠᠪᠡ᠃ ᠠᠷᠠᠯᠵᠢᠶ᠎ᠠ ᠡᠷᠬᠢᠯᠡᠬᠦ ᠤᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ 163 ᠵᠦᠢᠯ ᠤᠨ ᠡᠷᠬᠡ ᠬᠠᠷᠢᠭᠤᠴᠠᠯᠭ᠎ᠠ ᠶᠢ ᠴᠣᠴᠠᠯᠠᠬᠤ ᠪᠤᠶᠤ ᠴᠢᠯᠦᠭᠡᠯᠡᠵᠦ᠂ ︽ᠳᠥᠷᠪᠡ ᠶᠢ ᠬᠦᠢᠴᠡᠳᠭᠡᠬᠦ︾ | 228 ᠵᠦᠢᠯ ᠢ ᠴᠡᠭᠴᠡᠯᠡᠨ ᠨᠡᠶᠢᠲᠡᠯᠡᠪᠡ᠃ ︽ᠲᠠᠲᠠᠪᠤᠷᠢ ᠬᠦᠩᠭᠡᠯᠡᠵᠤ ᠰᠦᠢᠳᠭᠡᠯ ᠪᠠᠭᠤᠷᠠᠭᠤᠯᠬᠤ︾ ᠲᠦᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠨᠠᠶᠢᠳᠠ 2111ᠲᠦᠮᠡᠨ ᠲᠦᠭᠦᠷᠢᠭ ᠤᠨ ᠲᠠᠲᠠᠪᠤᠷᠢ ᠶᠢ ᠬᠥᠩᠭᠡᠷᠡᠭᠦᠯᠵᠦ ᠰᠦᠢᠳᠭᠡᠯ ᠢ ᠪᠠᠭᠤᠷᠠᠭᠤᠯᠪᠠ᠃ | ︵ᠲᠠᠪᠤ︶ ᠨᠡᠶᠢᠭᠡᠮ ᠤᠨ ᠬᠦᠭᠵᠢᠯᠳᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠠᠷᠠᠳ ᠤᠨ ᠠᠮᠢᠵᠢᠷᠠᠭ᠎ᠠ ᠶᠢ ᠰᠠᠶᠢᠵᠢᠷᠠᠭᠤᠯᠬᠤ ᠪᠠᠷ | ᠠᠵᠢᠯ ᠤᠨ ᠵᠣᠷᠢᠯᠭ᠎ᠠ ᠪᠠ ᠬᠠᠷᠠᠯᠲᠠ ᠪᠠᠨ ᠪᠣᠯᠭᠠᠵᠤ᠂ ᠠᠷᠠᠳ ᠤᠨ ᠠᠮᠢᠵᠢᠷᠠᠭᠠᠨ ᠤ ᠵᠠᠷᠤᠯᠭ᠎ᠠ ᠡᠩ ᠤᠨ ᠤᠯᠠᠨ ᠨᠠᠶᠢᠳᠠ ᠶᠢᠨ ᠲᠥᠰᠦᠪ ᠤᠨ ᠵᠠᠷᠤᠯᠭ᠎ᠠ ᠶᠢᠨ 74. | 98% ᠶᠢ ᠡᠵᠡᠯᠡᠪᠡ᠃ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠳ 351 ᠬᠥᠮᠥᠨ᠂ ᠬᠤᠳᠠ ᠪᠠᠯᠭᠠᠰᠤᠨ ᠤ ᠠᠵᠢᠯ ᠠᠯᠳᠠᠯᠲᠠ ᠶᠢᠨ | ᠨᠤᠷᠮ᠎ᠠ 2.82% ᠪᠣᠯᠵᠤ᠂ 301 ᠲᠦᠮᠡᠨ ᠲᠥᠭᠦᠷᠢᠭ ᠤᠨ ᠦᠢᠯᠡᠰ ᠪᠤᠰᠬᠠᠬᠤ ᠵᠢᠭᠡᠯᠡᠯᠭᠡ ᠶᠢᠨ ᠮᠥᠩᠭᠦ ᠲᠠᠷᠬᠠᠭᠠᠵᠠᠢ᠃ ᠬᠤᠳᠠ ᠬᠥᠳᠡᠭᠡᠨ ᠤ ᠠᠮᠢᠳᠤᠷᠠᠯ ᠤᠨ | ᠳᠣᠣᠷ᠎ᠠ ᠪᠠᠳᠤᠯᠠᠭ᠎ᠠ ᠲᠤᠰ ᠪᠦᠷᠢ 7920 ᠲᠦᠭᠦᠷᠢᠭ ᠪᠠ 5200 ᠲᠦᠭᠦᠷᠢᠭ ᠪᠣᠯᠣᠨ ᠳᠡᠭᠡᠭᠰᠢᠯᠡᠵᠦ᠂1691.8 ᠲᠦᠮᠡᠨ ᠲᠦᠭᠦᠷᠢᠭ ᠬᠤᠳᠠ ᠬᠥᠳᠡᠭᠡ ᠶᠢᠨ | ᠠᠮᠢᠳᠤᠷᠠᠯ ᠤᠨ ᠳᠣᠣᠷ᠎ᠠ ᠪᠠᠲᠤᠯᠠᠭ᠎ᠠ ᠶᠢᠨ ᠮᠥᠩᠭᠦ ᠶᠢ ᠲᠠᠷᠬᠠᠭᠠᠪᠠ᠃ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠬᠡᠷᠡᠭᠯᠡᠬᠦ ᠶᠢ ᠲᠦᠯᠬᠢᠨ | ᠠᠬᠢᠭᠤᠯᠵᠤ᠂ ᠤᠯᠤᠰ ᠤᠨ ᠨᠠᠶᠢᠳᠠᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢ ᠴᠢᠩᠭᠠᠳᠬᠠᠪᠠ᠃ 2275 | ᠲᠦᠮᠡᠨ ᠲᠦᠭᠦᠷᠢᠭ ᠪᠡᠯᠡ ᠤᠷᠤᠭᠤᠯᠵᠤ᠂ ᠬᠤᠳᠠ ᠶᠢᠨ ᠵᠠᠮ ᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠪᠡ᠃ 11.5 ᠺᠢᠯᠤᠮᠧᠲᠷ ᠳᠤᠯᠠᠭᠠᠯᠠᠭ᠎ᠠ ᠶᠢᠨ | ᠬᠤᠭᠤᠯᠠᠢ ᠶᠢ ᠰᠢᠨ᠎ᠡ ᠪᠠᠷ ᠪᠠᠶᠢᠭᠤᠯᠵᠤ᠂ ᠲᠥᠪᠯᠡᠷᠡᠭᠦᠯᠦᠨ ᠳᠣᠯᠠᠭᠠᠯᠠᠬᠤ ᠴᠢᠳᠠᠪᠤᠷᠢ ᠶᠢ 80 ᠲᠦᠮᠡᠨ ᠳᠡᠭᠰᠢ ᠲᠦᠷᠪᠡᠯᠵᠢᠨ ᠮᠧᠲᠷ ᠠᠴᠠ ᠥᠷᠭᠡᠵᠢᠭᠦᠯᠦᠭᠡᠳ | 122 ᠲᠦᠮᠡᠨ ᠳᠡᠭᠰᠢ ᠲᠦᠷᠪᠡᠯᠵᠢᠨ ᠮᠧᠲᠷ ᠪᠣᠯᠭᠠᠪᠠ᠃ 3 ᠰᠠᠭᠤᠭᠠᠯᠢ ᠲᠤᠭᠤᠷᠢᠭ ᠤᠨ ᠭᠡᠷ ᠬᠦᠷᠦᠩᠭᠡ ᠶᠢᠨ ᠥᠮᠴᠢ ᠶᠢᠨ ᠲᠤᠬᠠᠢ ᠦᠯᠡᠳᠡᠭᠳᠡᠯ ᠠᠰᠠᠭᠤᠳᠠᠯ ᠢ | ᠪᠦᠳᠦᠮᠵᠢᠳᠠᠢ ᠰᠢᠢᠳᠪᠦᠷᠢᠯᠡᠪᠡ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠤᠷᠢᠯᠡᠬᠦ ᠤᠨ︾ ᠤ ᠲᠤᠰᠬᠠᠢ ᠠᠵᠢᠯᠯᠠᠭᠠᠨ ᠢ ᠭᠦᠨᠵᠡᠭᠡᠢ ᠦᠷᠨᠢᠭᠦᠯᠵᠤ᠂ | ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ︽ᠭᠤᠷᠪᠠ ᠪᠠᠶᠢᠬᠤ ᠦᠭᠡᠢ ᠬᠤᠰᠢᠭᠤ ᠰᠢᠶᠠᠨ︾ ᠤ ᠴᠤᠯᠠ ᠶᠢ ᠬᠦᠷᠲᠡᠪᠡ︔ ︽ᠬᠠᠷ᠎ᠠ ᠪᠦᠯᠦᠭᠲᠡᠨ | ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠳᠡᠭᠦᠰ ᠠᠮᠵᠢᠯᠲᠠᠲᠠᠢ ᠪᠡᠶᠡᠯᠡᠭᠦᠯᠵᠦ᠂ ᠨᠡᠶᠢᠭᠡᠮ ᠤᠨ ᠠᠮᠤᠷ ᠲᠦᠪᠰᠢᠨ ᠢ ᠪᠠᠲᠤᠯᠠᠬᠤ ᠠᠵᠢᠯ ᠢ ᠨᠡᠩ | ᠲᠡᠭᠦᠯᠳᠡᠷᠵᠢᠭᠦᠯᠪᠡ᠃ ᠪᠦᠬᠦ ᠵᠢᠯ ᠳᠤ ᠦᠢᠯᠡᠳᠪᠦᠷᠢᠯᠡᠯ ᠤᠨ ᠣᠰᠤᠯ ᠠᠳᠠᠯ ᠭᠠᠷᠤᠭᠰᠠᠨ ᠦᠭᠡᠢ᠃ ᠠᠵᠢᠯᠳᠠᠨ ᠴᠢᠳᠠᠪᠤᠷᠢᠳᠠᠨ᠂ ᠤᠯᠤᠰ ᠤᠨ ᠦᠮᠴᠢᠯᠡᠯᠲᠦ ᠡᠳ᠋ | ᠬᠥᠷᠦᠩᠭᠡ ᠶᠢᠨ ᠬᠢᠨᠠᠨ ᠬᠠᠮᠢᠶᠠᠷᠤᠯᠳᠠ᠂ ᠡᠮᠴᠢᠯᠡᠭᠡᠨ ᠤ ᠳᠠᠭᠠᠳᠬᠠᠯ᠂ ᠬᠢᠨᠠᠨ ᠪᠤᠳᠤᠯᠳᠠ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠳᠠ᠂ ᠠᠵᠢᠯᠴᠢᠨ ᠤ | ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠤᠯᠠᠭᠠᠨ ᠵᠠᠯᠠᠭᠠᠮᠠᠶᠢᠳᠠᠨ ᠤ ᠨᠡᠶᠢᠭᠡᠮᠯᠢᠭ᠂ ᠵᠡᠮᠳᠡᠭᠴᠦᠳ ᠤᠨ | ᠬᠤᠯᠪᠤᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠪᠠ᠂ ᠮᠤᠩᠭᠤᠯ ᠬᠡᠯᠡᠨ ᠤ ︽ᠰᠢᠨ᠎ᠡ ᠪᠠᠷᠭᠤ ᠵᠡᠭᠦᠨ ᠬᠤᠰᠢᠭᠤᠨ ᠤ | ᠣᠶᠢᠯᠠᠯᠭ᠎ᠠ ︵1996 — 2005︶︾ᠦᠪᠡᠷᠳᠡᠭᠡᠨ ᠵᠠᠰᠠᠬᠤ ᠤᠷᠤᠨ ᠤ ᠬᠢᠨᠠᠨ ᠰᠢᠯᠭᠠᠯᠲᠠ ᠶᠢ ᠥᠩᠭᠡᠷᠡᠭᠦᠯᠪᠡ᠃ | ᠦᠩᠭᠡᠷᠡᠭᠰᠡᠨ ᠨᠢᠭᠡ ᠵᠢᠯ ᠳᠤ᠂ ᠪᠢᠳᠠ ᠵᠠᠰᠠᠭ ᠤᠨ ᠤᠷᠳᠤᠨ ᠤ ᠲᠣᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠦᠨᠳᠤ ᠴᠢᠬᠤᠯᠠ ᠦᠭᠡᠷᠡᠴᠢᠯᠡᠯᠳᠠ ᠬᠦᠭᠵᠢᠯᠳᠠ ᠪᠤᠯᠤᠨ ᠪᠤᠭᠤᠮᠳᠠ ᠰᠢᠪᠳᠤᠯᠬᠤ ᠡᠭᠦᠷᠭᠡ ᠳᠤ ᠬᠠᠨᠳᠤᠭᠤᠯᠤᠨ᠂ ᠤᠯᠤᠰ ᠲᠦᠷᠦ ᠶᠢᠨ ᠵᠤᠭᠰᠤᠯᠳᠠ ᠪᠠᠨ | ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠦᠨ᠂ ᠪᠤᠳᠠᠳᠠᠢ ᠠᠴᠠ ᠡᠭᠦᠰᠴᠦ᠂ ᠠᠰᠠᠭᠤᠳᠠᠯ ᠠᠴᠠ ᠭᠠᠷᠳᠠᠨ᠂ ᠭᠤᠣᠯᠳᠠᠯᠭ᠎ᠠ ᠶᠢ ᠴᠢᠬᠤᠯᠠᠴᠢᠯᠠᠵᠤ ᠪᠦᠬᠦ ᠲᠠᠯ᠎ᠠ ᠶᠢᠨ ᠬᠦᠭᠵᠢᠯᠳᠠ ᠶᠢ ᠳᠠᠶᠢᠴᠢᠯᠡᠨ᠂ | ᠬᠠᠷᠠᠯᠳᠠ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠪᠠ᠃ ᠲᠦᠪ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠳᠠ ᠪᠤᠯᠤᠨ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠡᠭᠦᠷᠡᠰᠤᠨ ᠤ ᠡᠬᠢ ᠪᠠᠶᠠᠯᠢᠭ ᠤᠨ ᠬᠦᠷᠢᠶ᠎ᠡ᠂ ᠠᠷᠠᠯᠵᠢᠶ᠎ᠠ ᠡᠷᠬᠢᠯᠡᠬᠦ ᠤᠷᠴᠢᠨ ᠨᠥᠬᠦᠴᠡᠯ ᠢ | ᠰᠢᠯᠢᠳᠡᠭᠵᠢᠭᠦᠯᠬᠦ ᠲᠤᠰᠬᠠᠢ ᠲᠤᠭᠤᠷᠢᠨ ᠪᠠᠶᠢᠴᠠᠭᠠᠯᠳᠠ ᠵᠢᠴᠢ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ ᠵᠡᠷᠭᠡ ᠤᠯᠤᠰ ᠲᠦᠷᠦ ᠶᠢᠨ | ᠪᠠᠶᠢᠴᠠᠭᠠᠯᠳᠠ ᠳᠤ ᠬᠠᠨᠳᠣᠭᠤᠯᠤᠨ᠂ ᠪᠢᠳᠡ ᠵᠣᠭᠰᠤᠯᠲᠠ ᠪᠠᠨ ᠪᠠᠲᠤᠳᠬᠠᠨ᠂ ᠴᠠᠭ ᠲᠤᠬᠠᠢ ᠳᠤᠨᠢ ᠴᠡᠭᠴᠡᠯᠡᠨ ᠦᠬᠡᠷᠡᠴᠢᠯᠡᠵᠦ᠂ ᠡᠷᠡᠰ ᠰᠢᠭᠤᠷᠬᠠᠢ ᠤᠪᠤᠷ᠂ | ᠬᠦᠴᠦᠳᠠᠢ ᠠᠷᠭ᠎ᠠ ᠠᠪᠴᠠᠯ ᠢᠶᠠᠷ ᠳᠦᠷᠢᠮ ᠳᠤ ᠨᠡᠶᠢᠴᠡᠬᠦ ᠦᠭᠡᠢ ᠵᠦᠢᠯ ᠢ ᠴᠡᠭᠴᠡᠯᠡᠨ ᠵᠠᠰᠠᠭᠠᠳ᠂ ᠤᠯᠠᠨ ᠵᠢᠯ ᠰᠢᠢᠳᠪᠦᠷᠢᠯᠡᠭᠳᠡᠭᠡ ᠦᠭᠡᠢ ᠦᠯᠡᠳᠡᠭᠳᠡᠯ | ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠪᠡ᠃ ᠰᠢᠨ᠎ᠠ ᠴᠠᠭ ᠦᠶ᠎ᠡ ᠶᠢᠨ ᠵᠠᠰᠠᠭ ᠤᠨ ᠤᠷᠳᠤᠨ ᠤ ᠲᠣᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢᠨ ᠰᠢᠨ᠎ᠡ | ᠱᠠᠭᠠᠷᠳᠠᠯᠭ᠎ᠠ ᠳᠤ ᠬᠠᠨᠳᠤᠭᠤᠯᠤᠨ᠂ ᠪᠢᠳᠡ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠪᠤᠯᠤᠨ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠶᠢ ᠰᠠᠨᠠᠭᠠᠴᠢᠯᠭ᠎ᠠ ᠠᠴᠠ ᠪᠠᠨ ᠬᠦᠯᠢᠶᠠᠨ ᠠᠪᠴᠦ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ | ᠰᠣᠨᠤᠰᠤᠨ᠂ 142 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ᠂ 108ᠬᠤᠪᠢ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠲᠤᠷᠠᠳᠤᠯᠭ᠎ᠠ | ᠶᠢ ᠬᠦᠯᠢᠶᠡᠨ ᠠᠪᠴᠤ᠂ ᠭᠦᠢᠴᠡᠳᠬᠡᠭᠰᠡᠨ ᠨᠤᠷᠮ᠎ᠠ 100% ᠳᠤ ᠬᠦᠷᠴᠦ᠂ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ | ᠬᠡᠰᠢᠭᠦᠳ ᠤᠨ ᠰᠠᠨᠠᠯ ᠳᠤᠷᠠᠳᠤᠯᠭ᠎ᠠ ᠪᠦᠬᠦᠨ ᠢ ᠬᠦᠭᠵᠢᠯᠳᠠ ᠶᠢ ᠠᠬᠢᠭᠤᠯᠬᠤ ᠪᠤᠳᠠᠳᠠᠢ ᠠᠷᠭ᠎ᠠ ᠬᠡᠮᠵᠢᠶ᠎ᠡ ᠪᠣᠯᠭᠠᠬᠤ ᠪᠠᠷ ᠴᠢᠷᠮᠠᠶᠢᠪᠠ᠃ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠱᠠᠭᠠᠷᠲᠠᠯᠭ᠎ᠠ ᠳᠤ ᠬᠠᠨᠳᠤᠭᠤᠯᠤᠨ᠂ ᠪᠢᠳᠡ ᠰᠠᠬᠢᠯᠭ᠎ᠠ ᠪᠠᠲᠤ ᠶᠢ ᠰᠠᠬᠢᠵᠤ᠂ ᠶᠤᠰᠤ ᠲᠦᠷᠢᠮ ᠢ ᠡᠷᠬᠢᠮᠯᠡᠬᠦ ᠪᠠᠷ ᠵᠠᠰᠠᠭ ᠤᠨ ᠤᠷᠲᠤᠨ ᠤ ᠠᠵᠢᠯ | ᠤᠨ ᠠᠮᠢᠨ ᠰᠤᠳᠠᠰᠤ ᠪᠣᠯᠭᠠᠵᠤ᠂ ᠨᠠᠮ ᠤᠨ ᠰᠤᠷᠲᠠᠯ᠂ ᠴᠢᠬᠡᠴᠢ ᠵᠠᠰᠠᠭ ᠤᠨ ᠪᠦᠲᠦᠬᠡᠨ ᠪᠠᠶᠢᠭᠤᠯᠤᠯᠲᠠ ᠪᠣᠯᠣᠨ ᠦᠵᠡᠯ ᠰᠤᠷᠲᠠᠯ ᠤᠨ ︽ᠨᠢᠭᠡ ᠪᠠᠶᠢᠷᠢ ᠳᠠᠪᠬᠤᠷ | ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠦᠢᠴᠡᠤᠨᠬᠡᠵᠤ᠂ ︽ᠤᠭ ᠰᠠᠨᠠᠭ᠎ᠠ ᠪᠠᠨ ᠦᠯᠤ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ | ᠰᠡᠲᠤᠪᠲᠤ ᠬᠦᠮᠤᠵᠢᠯ ᠤᠨ ᠦᠷ᠎ᠠ ᠪᠦᠲᠦᠬᠡᠯ ᠢ ᠦᠷᠬᠦᠯᠵᠢᠯᠡᠨ ᠪᠠᠳᠤᠳᠬᠠᠨ ᠳᠡᠭᠡᠭᠰᠢᠯᠡᠭᠦᠯᠵᠦ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠤᠨ | ᠪᠤᠲᠤᠯᠢᠶᠠᠨᠲᠠᠢ ᠠᠬᠤᠢ ᠪᠠᠶᠢᠲᠠᠯ ᠢ ᠠᠷᠭᠠᠴᠠᠬᠤ᠂ ᠬᠦᠴᠢᠷ ᠠᠰᠠᠭᠤᠲᠠᠯ ᠢ ᠰᠢᠢᠳᠪᠦᠷᠢᠯᠡᠬᠦ᠂ ᠴᠢᠨᠠᠷᠯᠢᠭ ᠬᠦᠭᠵᠢᠯᠲᠠ ᠶᠢ ᠲᠦᠯᠬᠢᠨ ᠠᠬᠢᠭᠤᠯᠬᠤ ᠴᠢᠲᠠᠪᠤᠷᠢ ᠶᠢ | ᠲᠠᠰᠤᠷᠠᠯᠲᠠ ᠦᠬᠡᠢ ᠳᠡᠭᠡᠭᠰᠢᠯᠡᠭᠦᠯᠪᠡ᠃ | ᠲᠦᠯᠦᠬᠡᠯᠡᠭᠴᠢᠳ ᠡ᠂ 2020 ᠤᠨ ᠳᠤ ᠪᠢᠲᠠ ︽ᠠᠷᠪᠠᠨ ᠭᠤᠷᠪᠠᠲᠤᠭᠠᠷ ᠲᠠᠪᠤᠨ ᠵᠢᠯ︾ ᠤᠨ ᠠᠯᠲᠠᠨ ᠬᠠᠭᠤᠳᠠᠰᠤ ᠶᠢ ᠠᠮᠵᠢᠯᠳᠠᠲᠠᠢ ᠬᠠᠭᠠᠵᠠᠢ᠃ | ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠡᠯ᠎ᠠ ᠦᠨᠲᠤᠰᠤᠲᠠᠨ ᠤ ᠠᠷᠠᠤᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠦ᠂ ᠬᠠᠳᠠᠨ | ᠵᠣᠷᠢᠭ ᠢᠶᠠᠷ ᠡᠷᠡᠮᠡᠬᠡᠶᠢᠯᠡᠨ ᠲᠡᠮᠡᠴᠡᠭᠡᠳ᠂ ᠬᠦᠴᠢᠷ ᠪᠡᠷᠬᠡᠰᠢᠶᠡᠯ ᠢ ᠲᠤᠭᠤᠯᠤᠨ᠂ ᠭᠢᠯᠠᠯᠵᠠᠭᠰᠠᠨ ᠠᠮᠵᠢᠯᠲᠠ ᠶᠢ ᠪᠦᠲᠦᠭᠡᠵᠦ᠂ ︽ᠪᠦᠬᠦ ᠤᠯᠤᠰ ᠤᠨ ᠦᠨᠲᠤᠰᠤᠲᠠᠨ | ᠤ ᠪᠦᠯᠬᠦᠮᠲᠡᠯ ᠲᠠᠪᠰᠢᠯᠲᠠ ᠶᠢᠨ ᠵᠢᠱᠢᠶ᠎ᠠ ᠦᠵᠡᠬᠦᠯᠬᠦ ᠬᠤᠰᠢᠭᠤ︾᠂ ︽ᠦᠪᠡᠷᠲᠡᠬᠡᠨ ᠵᠠᠰᠠᠬᠤ ᠤᠷᠤᠨ ᠤ ᠠᠷᠢᠭᠤᠨ ᠴᠡᠪᠡᠷ ᠬᠤᠰᠢᠭᠤ︾ ᠶᠢᠨ ᠠᠯᠳᠠᠷ ᠢ ᠲᠡᠮᠡᠴᠡᠨ | ᠣᠯᠵᠣ᠂ ᠪᠦᠬᠦ ᠬᠤᠰᠢᠭᠤᠨ ᠤ ᠠᠵᠤ ᠠᠬᠤᠢ᠂ ᠤᠯᠤᠰ ᠲᠦᠷᠤ᠂ ᠰᠤᠶᠤᠯ᠂ ᠨᠡᠶᠢᠬᠡᠮ ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠥᠨᠳᠦᠷ | ᠳᠠᠪᠰᠢᠯᠲᠠ ᠳᠤ ᠬᠦᠷᠴᠠᠢ᠃ | ᠡᠨᠡ ᠲᠠᠪᠤᠨ ᠵᠢᠯ ᠳᠤ᠂ ᠪᠢᠲᠠ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠶᠢ ᠠᠳᠬᠤᠨ᠂ ᠲᠠᠯᠲᠠ ᠬᠦᠴᠦᠨ ᠢᠶᠠᠨ | ᠢᠯᠡᠷᠡᠭᠦᠯᠵᠦ᠂ ᠨᠡᠮᠡᠭᠳᠡᠯ ᠢ ᠲᠣᠭᠲᠠᠪᠦᠷᠢᠵᠢᠭᠤᠯᠤᠭᠠᠳ᠂ ᠶᠠᠷᠤᠩᠬᠡᠶᠢᠯᠡᠭᠰᠡᠨ ᠪᠤᠲᠠᠲᠤ ᠬᠦᠴᠦᠨ ᠢᠶᠠᠨ ᠶᠡᠬᠡᠪᠡᠷ ᠳᠡᠭᠡᠭᠰᠢᠯᠡᠭᠦᠯᠪᠡ᠃ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠳᠤᠮᠳᠠᠴᠢ ᠪᠠᠷ 0.54% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠦᠷᠦᠩᠬᠡ | ᠶᠢᠨ ᠪᠡᠯᠡ ᠤᠷᠤᠭᠤᠯᠤᠯᠲᠠ ᠨᠠᠶᠢᠲᠠ 64.2 ᠳ᠋ᠦᠩᠰᠢᠭᠤᠷ ᠲᠥᠭᠦᠷᠢᠭ ᠲᠤ ᠬᠦᠷᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠣᠷᠣᠯᠭ᠎ᠠ ᠵᠢᠯ ᠤᠨ 6.29% ᠪᠠ 8.57% ᠪᠠᠷ ᠨᠡᠮᠡᠭᠳᠡᠪᠡ︔ ᠪᠦᠬᠦ ᠨᠡᠶᠢᠬᠡᠮ ᠤᠨ ᠬᠡᠷᠡᠭᠯᠡᠬᠡᠨ ᠤ ᠵᠤᠶᠢᠯ ᠤᠨ ᠵᠢᠵᠢᠭᠯᠡᠨ ᠪᠣᠷᠣᠯᠠᠭᠤᠯᠤᠭᠰᠠᠨ ᠦᠷᠲᠡᠭ ᠵᠢᠯ | ᠳᠤᠮᠳᠠᠴᠢ ᠪᠠᠷ 3.4% ᠪᠠᠷ ᠨᠡᠮᠡᠭᠳᠡᠪᠡ︔ ᠡᠪᠦᠳᠦᠭ ᠪᠣᠭᠤᠮᠲᠠ ᠪᠠᠷ ᠣᠷᠤᠭᠤᠯᠵᠤ ᠭᠠᠷᠭᠠᠭᠰᠠᠨ ᠠᠷᠠᠯᠵᠢᠶᠠᠨ ᠤ ᠪᠦᠬᠦ ᠦᠷᠲᠡᠭ 59.96 ᠳ᠋ᠦᠩᠰᠢᠭᠤᠷ | ᠲᠥᠭᠦᠷᠢᠭ ᠲᠤ ᠬᠦᠷᠪᠡ᠃ | ᠡᠨᠡ ᠲᠠᠪᠤᠨ ᠵᠢᠯ ᠳᠤ᠂ ᠪᠢᠲᠠ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠪᠠᠷᠢᠮᠲᠠᠯᠠᠵᠤ᠂ ᠪᠦᠲᠦᠴᠡ ᠪᠠᠨ ᠲᠣᠬᠢᠷᠠᠭᠤᠯᠤᠨ᠂ | ᠬᠡᠪᠴᠢᠶᠠᠵᠢᠯ ᠢᠶᠠᠨ ᠥᠷᠭᠡᠳᠬᠡᠵᠦ᠂ ᠦᠷ᠎ᠠ ᠠᠰᠢᠭ ᠢᠶᠠᠨ ᠨᠡᠮᠡᠭᠳᠡᠭᠦᠯᠦᠭᠡᠳ᠂ ᠭᠤᠷᠪᠠᠨ ᠠᠵᠤ ᠦᠢᠯᠡᠰ ᠢ ᠬᠠᠮᠲᠤ ᠳᠤᠨᠢ ᠬᠥᠭᠵᠢᠭᠦᠯᠪᠡ᠃ ᠭᠤᠷᠪᠠᠨ ᠠᠵᠤ | ᠦᠢᠯᠡᠰ ᠤᠨ ᠪᠦᠲᠦᠴᠠ ᠶᠢ 18.9᠄ 50᠄ 31.1 ᠪᠠᠶᠢᠭᠰᠠᠨ ᠠᠴᠠ42.6᠄ 15.5᠄ 41.9 ᠪᠤᠯᠭᠠᠨ ᠲᠣᠬᠢᠷᠠᠭᠤᠯᠪᠠ᠃ ᠮᠠᠯ ᠤᠨ ᠲᠤᠭ᠎ᠠ ᠲᠣᠯᠣᠭᠠᠢ ᠶᠢ | ᠵᠢᠯ ᠳᠤ ᠪᠠᠷᠤᠭ 118ᠲᠥᠮᠡ ᠪᠠᠷ ᠪᠠᠲᠤᠯᠠᠪᠠ︔ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 2.23 | ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠡ ᠶᠢ ᠪᠠᠷᠤᠭ 1% ᠪᠠᠷ ᠪᠠᠲᠤᠯᠠᠪᠠ︔ ᠰᠣᠶᠤᠯ ᠵᠢᠭᠤᠯᠴᠢᠯᠠᠯ ᠤᠨ | ᠦᠢᠯᠡᠰ ᠲᠥᠷᠭᠡᠨ ᠬᠦᠭᠵᠢᠵᠦ᠂ ᠤᠯᠤᠰ ᠤᠨ ᠳᠣᠲᠤᠭᠠᠳᠦ ᠭᠠᠳᠠᠭᠠᠳᠦ ᠶᠢᠨ ᠵᠤᠭᠠᠴᠠᠭᠰᠠᠳ ᠢ ᠨᠡᠶᠢᠲᠡ 141 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ | ᠵᠢᠭᠤᠯᠴᠢᠯᠠᠯ ᠤᠨ ᠣᠷᠤᠯᠭ᠎ᠠ ᠶᠢ 12.08 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠡᠨᠡ ᠲᠠᠪᠤᠨ ᠵᠢᠯ ᠳᠤ᠂ ᠪᠢᠲᠠ ᠨᠢᠭᠡᠳᠦᠯᠲᠡᠢ ᠲᠥᠯᠥᠪᠯᠡᠨ ᠤᠷᠤᠭᠰᠢᠲᠠᠢ ᠠᠬᠢᠭᠤᠯᠬᠤ ᠶᠢ ᠪᠠᠷᠢᠮᠲᠠᠯᠠᠵᠤ᠂ ᠰᠠᠭᠤᠷᠢ ᠪᠠᠨ ᠪᠠᠲᠤᠳᠬᠠᠨ᠂ ᠲᠤᠲᠠᠭᠲᠠᠯ | ᠵᠶ᠋ᠠᠨᠨᠥ᠋ᠬᠦᠪᠦᠷᠢᠯᠡᠵᠦ᠂ ᠤᠷᠴᠢᠨ ᠢᠶᠠᠨ ᠰᠢᠯᠢᠳᠡᠭᠵᠢᠭᠦᠯᠦᠭᠡᠳ᠂ ᠬᠤᠲᠠ ᠬᠦᠲᠡᠭᠡ ᠶᠢᠨ ᠲᠦᠷᠢ ᠲᠦᠷᠬᠦ ᠶᠢ ᠶᠡᠬᠡᠪᠡᠷ ᠬᠤᠪᠢᠷᠠᠭᠤᠯᠪᠠ᠃ ᠨᠠᠶᠢᠲᠠ 19.96 | ᠳ᠋ᠦᠩᠰᠢᠭᠤᠷ ᠲᠦᠬᠦᠷᠢᠭ ᠤᠨ ᠲᠥᠷᠥᠯ ᠵᠦᠢᠯ ᠤᠨ ᠪᠡᠯᠡ ᠮᠦᠩᠬᠦ ᠶᠢ ᠴᠢᠷᠮᠠᠶᠢᠨ ᠤᠯᠵᠤ᠂ ᠬᠤᠲᠠ ᠶᠢᠨ ᠳᠡᠰ ᠤᠨ 133 ᠭᠤᠣᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠪᠡ︔ 2123 ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ᠂ 2005 ᠡᠷᠦᠬᠡ ᠶᠢᠨ ᠳᠦᠭᠦᠮ ᠪᠠᠶᠢᠰᠢᠩ ᠢ ᠥᠭᠡᠷᠡᠴᠢᠯᠡᠨ ᠰᠢᠨᠡᠳᠬᠡᠵᠦ᠂ 913. | 5 ᠺᠢᠯᠤᠮᠧᠲᠷ ᠵᠠᠰᠠᠮᠠᠯ ᠵᠠᠮ᠂ 288 ᠦᠨᠳᠦᠰᠦᠨ ᠬᠤᠳᠳᠤᠭ᠂10 ᠪᠣᠬᠢᠷ ᠤᠰᠤ ᠪᠣᠯᠤᠨ ᠬᠤᠭ ᠨᠤᠪᠰᠢ ᠰᠢᠢᠳᠪᠦᠷᠢᠯᠡᠬᠦ ᠭᠠᠵᠠᠷ ᠢ ᠰᠢᠨ᠎ᠡ ᠪᠠᠷ ᠪᠠᠶᠢᠭᠤᠯᠵᠤ᠂ | ᠬᠤᠲᠠ ᠬᠥᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ︔ 71.96 ᠲᠦᠮᠡᠨ ᠮᠦ ᠡᠯᠡᠰᠦᠷᠬᠡᠭ ᠭᠠᠵᠠᠷ ᠢ | ᠤᠶᠢᠵᠢᠭᠤᠯᠤᠨ᠂ ᠣᠢ ᠰᠢᠭᠤᠢ ᠶᠢᠨ ᠪᠦᠷᠬᠦᠴᠡ 4.06% ᠳᠤ ᠬᠦᠷᠴᠦ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ | ᠡᠨᠡ ᠲᠠᠪᠤᠨ ᠵᠢᠯ ᠳᠤ᠂ ᠪᠢᠲᠠ ᠠᠷᠠᠤᠨ ᠤᠨ ᠠᠮᠢᠵᠢᠷᠠᠭ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠪᠤᠲᠠᠲᠠᠢ ᠠᠵᠢᠯ ᠬᠢᠵᠦ᠂ ᠵᠤᠯ ᠵᠢᠷᠭᠠᠯ ᠢ | ᠨᠡᠮᠡᠭᠳᠡᠭᠦᠯᠦᠨ᠂ ᠡᠶ᠎ᠡ ᠵᠤᠬᠢᠴᠠᠯ ᠢ ᠠᠬᠢᠭᠤᠯᠤᠭᠠᠳ᠂ ᠠᠷᠠᠤᠨ ᠲᠦᠮᠡᠨ ᠤ ᠠᠮᠢᠲᠤᠷᠠᠯ ᠢ ᠶᠡᠬᠡᠪᠡᠷ ᠰᠠᠶᠢᠵᠢᠷᠠᠭᠤᠯᠪᠠ᠃ ᠠᠷᠠᠤᠨ ᠣᠨᠠᠮᠢᠵᠢᠷᠠᠭᠠᠨ ᠳᠤ | ᠣᠷᠣᠭᠤᠯᠤᠭᠰᠠᠨ ᠪᠡᠯᠡ ᠮᠥᠩᠭᠦ ᠨᠡᠶᠢᠲᠡ 50.17 ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 74. | 98% ᠶᠢ ᠡᠵᠡᠯᠡᠪᠡ︔ 2.24 ᠳ᠋ᠦᠩᠰᠢᠭᠤᠷ ᠲᠥᠭᠦᠷᠢᠭ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠤᠨ᠂ ᠨᠡᠶᠢᠲᠡ 1562 ᠬᠥᠮᠦᠨ ᠢ ᠶᠠᠲᠠᠭᠤ ᠠᠴᠠ | ᠠᠩᠭᠢᠵᠢᠷᠠᠭᠤᠯᠵᠤ᠂ ᠶᠠᠳᠠᠭᠤᠷᠠᠯ ᠤᠨ ᠨᠤᠷᠮ᠎ᠠ 7% ᠪᠠᠶᠢᠭᠰᠠᠨ ᠠᠴᠠ ᠲᠡᠭ ᠪᠣᠯᠵᠤ᠂ ᠲᠣᠭᠲᠠᠭᠰᠠᠨ ᠬᠤᠭᠤᠴᠠᠭᠠᠨ ᠳᠤ ︽ᠶᠠᠳᠠᠭᠤ︾ ᠨᠡᠷ᠎ᠡ ᠪᠠᠨ ᠠᠪᠴᠤ | ᠬᠠᠶᠠᠪᠠ︔ 4.72 ᠲᠦᠮᠡᠨ ᠲᠥᠭᠦᠷᠢᠭ ᠰᠤᠷᠭᠠᠨ ᠬᠥᠮᠥᠵᠢᠯ ᠤᠨ ᠪᠡᠯᠡ ᠮᠥᠩᠭᠦ ᠣᠷᠣᠭᠤᠯᠣᠨ᠂ ᠰᠤᠷᠭᠠᠭᠤᠯᠢ ᠡᠷᠬᠢᠯᠡᠬᠦ ᠨᠥᠬᠦᠴᠡᠯ ᠢ ᠪᠦᠬᠦ ᠲᠠᠯ᠎ᠠ ᠪᠠᠷ | ᠰᠠᠶᠢᠵᠢᠷᠠᠭᠤᠯᠵᠤ᠂ ᠰᠤᠷᠭᠠᠨ ᠬᠥᠮᠥᠵᠢᠯ ᠤᠨ ᠵᠢᠭᠠᠨ ᠰᠤᠷᠭᠠᠯᠲᠠ ᠢᠯᠡᠳᠲᠡ ᠠᠮᠵᠢᠯᠲᠠ ᠣᠯᠪᠠ︔ ᠦᠨᠲᠤᠰᠤᠨ ᠱᠠᠲᠤᠨ ᠤ ᠡᠮ ᠡᠮᠨᠡᠯᠬᠡ ᠶᠢᠨ ᠦᠢᠯᠡᠴᠢᠯᠡᠬᠡᠨ ᠤ | ᠪᠠᠶᠢᠭᠤᠯᠤᠮᠵᠢ ᠪᠦᠬᠦᠨ ᠢᠶᠠᠷ ᠢᠶᠠᠨ ᠪᠠᠷᠢᠮᠵᠢᠶᠠᠵᠢᠪᠠ︔ ᠬᠤᠲᠠ ᠬᠥᠳᠡᠭᠡ ᠶᠢᠨ ᠠᠮᠢᠳᠤᠷᠠᠯ ᠤᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ 5 ᠤᠲᠠᠭ᠎ᠠ | ᠳᠡᠭᠡᠭᠰᠢᠯᠡᠭᠦᠯᠵᠦ᠂ ᠬᠥᠷᠲᠡᠬᠦ ᠶᠣᠰᠤᠲᠠᠢ ᠬᠥᠮᠥᠨ ᠪᠦᠬᠦᠨ ᠳᠤ ᠬᠦᠷᠲᠡᠭᠡᠪᠡ᠃ | ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠠᠷᠠᠤᠨ ᠲᠦᠮᠡᠨ ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠡᠶ᠎ᠡ ᠵᠣᠬᠢᠴᠠᠩᠭᠤᠢ ᠰᠢᠨ᠎ᠠ ᠪᠠᠷᠭᠤ ᠵᠡᠬᠦᠨ | ᠬᠤᠰᠢᠭᠤ ᠶᠢ ᠪᠦᠲᠦᠬᠡᠨ ᠪᠠᠶᠢᠭᠤᠯᠬᠤ ᠳᠤ ᠣᠶᠣᠨ ᠤᠬᠠᠭᠠᠨ ᠢᠶᠠᠨ ᠵᠣᠷᠢᠭᠤᠯᠤᠨ᠂ ᠬᠦᠴᠦ ᠬᠥᠳᠡᠯᠮᠦᠷᠢ ᠪᠠᠨ ᠰᠢᠪᠬᠠᠵᠤ᠂ ᠡᠯ᠎ᠠ ᠲᠦᠷᠦᠯ ᠤᠨ ᠠᠵᠢᠯ ᠦᠢᠯᠡᠰ᠂ | ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠤᠬᠡᠨ ᠪᠠᠶᠢᠭᠤᠯᠬᠤ ᠠᠶᠠᠨ ᠵᠠᠮ ᠢᠶᠠᠷ ᠰᠢᠭᠤᠷᠬᠠᠢ ᠤᠷᠤᠭᠰᠢᠯᠠᠵᠤ ᠪᠠᠶᠢᠨ᠎ᠠ︕ ᠡᠨᠡ ᠪᠤᠯ ᠬᠤᠲᠠ ᠶᠢᠨ ᠨᠠᠮ ᠤᠨ | ᠬᠤᠷᠢᠶ᠎ᠡ᠂ ᠵᠠᠰᠠᠭ ᠤᠨ ᠤᠷᠲᠤᠨ ᠤ ᠵᠦᠪ ᠤᠨᠤᠪᠴᠢᠲᠠᠢ ᠤᠲᠤᠷᠢᠲᠤᠯᠭ᠎ᠠ ᠶᠢᠨ ᠦᠷ᠎ᠠ ᠳ᠋ᠦᠩ ᠪᠤᠯᠤᠨ᠎ᠠ᠂ ᠬᠤᠰᠢᠭᠤᠨ ᠤ ᠨᠠᠮ ᠤᠨ ᠬᠤᠷᠢᠶ᠎ᠠ ᠪᠦᠬᠦ ᠲᠠᠯ᠎ᠠ ᠶᠢ | ᠠᠤᠬᠠᠤᠵᠤ᠂ ᠰᠢᠨᠵᠢᠯᠡᠬᠦ ᠤᠬᠠᠭᠠᠨᠴᠢ ᠰᠦᠪᠡᠭᠴᠢᠯᠠᠯᠲᠠ ᠬᠢᠭᠰᠡᠨ ᠤ ᠦᠷ᠎ᠠ ᠳ᠋ᠦᠩ ᠪᠣᠯᠣᠨ᠎ᠠ᠂ ᠬᠤᠰᠢᠭᠤᠨ ᠤ ᠠᠷᠠᠤᠨ ᠤᠨ ᠲᠦᠯᠦᠬᠡᠯᠡᠭᠴᠢᠳ ᠤᠨ ᠶᠡᠭᠡ ᠬᠤᠷᠠᠯ | ᠪᠣᠯᠣᠨᠤᠯᠤᠰ ᠲᠦᠷᠦ ᠶᠢᠨ ᠵᠦᠪᠯᠡᠯᠬᠡᠨ ᠬᠢᠨᠠᠯᠲᠠ ᠲᠠᠯᠪᠢᠵᠤ ᠬᠦᠴᠦᠲᠠᠢ ᠳᠡᠮᠵᠢᠭᠰᠡᠨ ᠤ ᠦᠷ᠎ᠡ ᠳ᠋ᠦᠩ ᠪᠤᠯᠤᠨ᠎ᠠ᠂ ᠪᠦᠬᠦ ᠬᠤᠰᠢᠭᠤᠨ ᠤ ᠡᠯ᠎ᠠ ᠱᠠᠲᠤᠨ ᠤ ᠬᠢᠨ | ᠨᠢᠭᠳᠠᠷᠠᠨ ᠪᠦᠯᠬᠦᠮᠲᠠᠵᠤ᠂ ᠬᠦᠴᠦᠯᠡᠨ ᠲᠡᠮᠡᠴᠡᠭᠰᠡᠨ ᠤ ᠦᠷ᠎ᠠ ᠳ᠋ᠦᠩ ᠪᠤᠯᠤᠨ᠎ᠠ᠂ ᠮᠥᠨ ᠴᠦ ᠰᠢᠨᠳᠠᠷᠠᠰᠢ ᠦᠭᠡᠢ ᠴᠢᠷᠮᠠᠶᠢᠵᠦ᠂ ᠴᠥᠬᠦᠷᠡᠰᠢ ᠦᠭᠡᠢ ᠵᠢᠳᠭᠦᠭᠰᠡᠨ | ᠤ ᠦᠷ᠎ᠡ ᠳ᠋ᠦᠩ ᠪᠣᠯᠬᠤ ᠶᠤᠮ᠃ ᠠᠲᠡ ᠪᠢ ᠬᠤᠰᠢᠭᠤᠨ ᠤ ᠵᠠᠰᠠᠭ ᠤᠨ ᠤᠷᠲᠤᠨ ᠢ ᠲᠦᠯᠦᠬᠡᠯᠡᠨ᠂ ᠡᠯ᠎ᠠ ᠠᠵᠢᠯ ᠤᠨ ᠹᠷᠤᠨᠲ ᠲᠤ ᠲᠡᠮᠡᠴᠡᠵᠣ ᠪᠠᠶᠢᠭ᠎ᠠ ᠺᠠᠳ᠋ᠷ | ᠤᠯᠠᠨ ᠲᠦᠮᠡᠨ᠂ ᠠᠷᠠᠤᠨ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ᠂ ᠡᠯ᠎ᠡ ᠠᠷᠠᠤᠨᠴᠢᠯᠠᠭᠰᠠᠨ ᠨᠠᠮ ᠪᠦᠯᠦᠭ᠂ ᠦᠢᠯᠡᠤᠨᠪᠤᠷᠢ | ᠬᠤᠲᠠᠯᠲᠤᠭᠠᠨ ᠤ ᠬᠤᠯᠪᠤᠭ᠎ᠠ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠠ ᠨᠡᠶᠢᠬᠡᠮ ᠤᠨ ᠡᠯ᠎ᠠ ᠡᠲᠡᠬᠡᠤᠨ ᠤᠨ ᠬᠦᠮᠤᠰ᠂ ᠬᠤᠰᠢᠭᠤᠨ ᠳᠤ ᠰᠠᠭᠤᠭ᠎ᠠ | ᠪᠠᠶᠢᠭᠤᠯᠭ᠎ᠠ ᠨᠢᠭᠡᠴᠡ᠂ ᠴᠡᠷᠢᠭ ᠠᠩᠬᠢ ᠪᠠ ᠵᠡᠪᠰᠡᠭᠲᠤ ᠴᠠᠭᠲᠠᠭᠠᠨ ᠤ ᠲᠠᠷᠤᠭ᠎ᠠ ᠪᠠᠶᠢᠯᠳᠤᠭᠴᠢᠳ ᠲᠤ ᠡᠷᠬᠢᠮ ᠲᠡᠬᠡᠲᠤ ᠬᠦᠨᠲᠤᠤᠨᠬᠡᠯ ᠪᠠ ᠴᠢᠩ ᠰᠡᠳᠬᠢᠯ ᠤᠨ | ᠲᠠᠯᠠᠷᠬᠠᠯ ᠢᠶᠠᠨ ᠲᠠᠪᠰᠢᠬᠦᠯᠤᠶᠠ︕ | ᠪᠢᠳᠡ ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠳᠠᠭᠠᠤ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠠ ᠳᠤ ᠣᠷᠣᠰᠢᠵᠤ ᠪᠠᠶᠢᠭ᠎ᠠ | ᠬᠦᠴᠢᠷᠲᠠᠯ ᠪᠤᠯᠤᠨ ᠠᠰᠠᠭᠤᠲᠠᠯ ᠢᠶᠠᠨ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠄ ᠠᠵᠤ ᠠᠬᠤᠢ ᠶᠢᠨ ᠶᠠᠷᠤᠩᠬᠡᠢ ᠲᠥᠪᠰᠢᠨ ᠨᠡᠯᠢᠶᠠᠤᠨ ᠳᠣᠣᠷ᠎ᠠ᠂ ᠠᠵᠤ ᠦᠢᠯᠡᠰ | ᠤᠨ ᠰᠢᠯᠵᠢᠯᠲᠡ ᠳᠠᠪᠰᠢᠯᠲᠠ ᠶᠢᠨ ᠠᠯᠬᠤᠴᠠ ᠴᠢᠨᠠᠷ ᠰᠠᠶᠢᠲᠠᠢ ᠬᠦᠭᠵᠢᠯᠲᠠ ᠶᠢᠨ ᠱᠠᠭᠠᠷᠲᠠᠯᠭ᠎ᠠ ᠳᠤ ᠬᠦᠷᠬᠦ ᠦᠭᠡᠢ︔ ᠡᠳ᠋ ᠤᠨ ᠵᠠᠰᠠᠭ ᠤᠨ ᠤᠷᠤᠯᠭ᠎ᠠ ᠶᠢᠨ | ᠶᠡᠷᠤᠩᠬᠡᠢ ᠬᠡᠮᠵᠢᠶ᠎ᠡ ᠪᠠᠭ᠎ᠠ᠂ ᠡᠳ᠋ ᠤᠨ ᠵᠠᠰᠠᠭ ᠤᠨ ᠤᠷᠤᠯᠭ᠎ᠠ ᠠᠷᠠᠤᠨ ᠤᠨ ᠠᠮᠢᠲᠤᠷᠠᠯ ᠤᠨ ᠦᠨᠳᠦᠰᠦᠨ ᠱᠠᠭᠠᠷᠲᠠᠯᠭ᠎ᠠ ᠶᠢ ᠬᠠᠩᠭᠠᠵᠤ ᠴᠢᠳᠠᠬᠤ ᠦᠭᠡᠢ︔ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠡᠬᠦᠷᠬᠡ ᠬᠦᠨᠳᠦ᠂ ᠲᠦᠷᠢᠮᠵᠢᠭᠰᠡᠨ ᠬᠡᠮᠵᠢᠶ᠎ᠠ ᠠᠮᠢ ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠬᠦ ᠦᠭᠡᠢ︔ ᠺᠠᠳ᠋ᠷ ᠠᠵᠢᠯᠲᠠᠳ ᠤᠨ ᠠᠵᠢᠯ ᠤᠨ ᠴᠢᠲᠠᠪᠤᠷᠢ ᠬᠡᠪ ᠴᠢᠨᠠᠷ ᠢ ᠤᠯᠠᠮ ᠨᠢᠬᠡ ᠠᠯᠬᠤᠮ ᠲᠡᠬᠡᠭᠰᠢᠯᠡᠬᠦᠯᠬᠦ ᠴᠢᠬᠤᠯᠠᠲᠠᠢ᠃ ᠡᠳᠡᠭᠡᠷ | ᠠᠰᠠᠭᠤᠳᠠᠯ ᠢ ᠵᠠᠪᠠᠯ ᠲᠡᠬᠡᠲᠤ ᠬᠡᠮᠵᠢᠶ᠎ᠠ ᠪᠠᠷ ᠴᠢᠬᠤᠯᠠᠴᠢᠯᠠᠨ ᠦᠵᠡᠵᠤ᠂ ᠪᠦᠲᠦᠮᠵᠢᠲᠠᠢ ᠠᠷᠭ᠎ᠠ ᠬᠡᠮᠵᠢᠶ᠎ᠡ ᠠᠪᠴᠤ ᠢᠯᠭᠤᠮ ᠰᠢᠢᠤᠨᠪᠤᠷᠢᠯᠡᠬᠦ ᠬᠡᠷᠡᠭᠲᠡᠢ᠃ | ᠬᠤᠶᠠᠷ᠂ ︽ᠠᠷᠪᠠᠨ ᠲᠦᠷᠪᠡᠲᠤᠬᠡᠷ ᠲᠠᠪᠤᠨ ᠵᠢᠯ︾ ᠤᠨ ᠬᠤᠭᠤᠴᠠᠭᠠᠨ ᠤ ᠭᠤᠤᠯ ᠬᠠᠷᠠᠯᠲᠠ ᠡᠬᠦᠷᠬᠡ | ᠬᠤᠰᠢᠭᠤᠨ ᠤ ᠨᠠᠮ ᠤᠨ ᠬᠤᠷᠢᠶ᠎ᠠ ᠶᠢᠨ ︽ᠤᠯᠤᠰ ᠠᠷᠠᠤᠨ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠲᠠ ᠶᠢᠨ ᠠᠷᠪᠠᠨ ᠲᠦᠷᠪᠡᠲᠤᠬᠡᠷ ᠲᠠᠪᠤᠨ | ᠵᠢᠯ ᠤᠨ ᠲᠦᠯᠦᠪᠵᠢᠬᠦᠯᠬᠡ ᠪᠠ 2035 ᠤᠨ ᠤ ᠠᠯᠤᠰ ᠬᠠᠷᠠᠯᠲᠠ ᠶᠢ ᠲᠤᠭᠲᠠᠭᠠᠬᠤ ᠲᠤᠬᠠᠢ ᠰᠠᠨᠠᠭᠤᠯᠭ᠎ᠠ︾ ᠶᠢ ᠦᠨᠲᠤᠰᠤᠯᠠᠨ᠂ ᠪᠢᠲᠠ ︽ᠰᠢᠨ᠎ᠠ ᠪᠠᠷᠭᠤ | ᠵᠡᠬᠦᠨ ᠬᠤᠰᠢᠭᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠲᠠ ᠶᠢᠨ ᠠᠷᠪᠠᠨ ᠲᠦᠷᠪᠡᠲᠤᠬᠡᠷ ᠲᠠᠪᠤᠨ ᠵᠢᠯ ᠤᠨ ᠲᠦᠯᠦᠪᠵᠢᠬᠦᠯᠬᠡ ᠪᠠ | 2035 ᠤᠨ ᠤ ᠠᠯᠤᠰ ᠬᠠᠷᠠᠯᠲᠠ ᠶᠢᠨ ᠬᠦᠲᠤᠯᠪᠤᠷᠢ ︵ᠲᠦᠰᠦᠯ︶︾ ᠢ ᠨᠠᠶᠢᠷᠠᠭᠤᠯᠤᠨ ᠵᠣᠬᠢᠶᠠᠪᠠ᠃ ᠶᠡᠷᠦᠩᠬᠡᠢ ᠬᠠᠷᠠᠯᠲᠠ ᠪᠣᠯ᠄ 2035 ᠣᠨ ᠬᠦᠷᠲᠡᠯ᠎ᠡ | ᠤᠯᠤᠰ᠂ ᠣᠷᠣᠨ᠂ ᠬᠤᠲᠠ ᠲᠠᠢ ᠬᠠᠮᠲᠤᠪᠡᠷ ᠨᠡᠶᠢᠭᠡᠮ ᠵᠢᠷᠦᠮᠲᠦ ᠣᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ︽ᠠᠷᠪᠠᠨ ᠲᠦᠷᠪᠡᠲᠤᠬᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠤᠯ ᠨᠡᠶᠢᠬᠡᠮ ᠵᠢᠷᠤᠮᠲᠤ ᠤᠲᠤᠬᠢᠴᠢᠯᠠᠭᠰᠠᠨ ᠤᠯᠤᠰ ᠢ ᠪᠦᠬᠦ ᠲᠠᠯ᠎ᠠ | ᠪᠠᠷ ᠪᠦᠲᠦᠭᠡᠨ ᠪᠠᠶᠢᠭᠤᠯᠬᠤ ᠰᠢᠨ᠎ᠠ ᠠᠶᠠᠨ ᠤ ᠨᠢᠭᠡᠳᠦᠭᠡᠷ ᠲᠠᠪᠤᠨ ᠵᠢᠯ ᠪᠣᠯᠤᠨ᠎ᠠ᠂ ᠪᠢᠲᠠ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ | ᠬᠥᠭᠵᠢᠯᠲᠡ ᠶᠢ ᠳᠡᠭᠡᠳᠦᠯᠡᠭᠰᠡᠨ᠂ ᠦᠨᠲᠤᠰᠤᠲᠠᠨ ᠪᠥᠯᠬᠦᠮᠳᠡᠯ ᠲᠠᠢ᠂ ᠬᠢᠯᠢ ᠬᠢᠵᠠᠭᠠᠷ ᠠᠮᠤᠷ ᠲᠣᠭᠲᠠᠭᠤᠨ᠂ ᠦᠵᠡᠰᠬᠦᠯᠡᠩᠲᠦ ᠰᠠᠶᠢᠬᠠᠨ ᠵᠤᠯ ᠵᠢᠷᠭᠠᠯᠲᠤ ᠬᠡᠷ | ᠤᠷᠤᠨ︾ ᠢ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠢ ᠠᠩᠬ᠎ᠠ ᠠᠯᠬᠤᠮ ᠲᠤᠷᠠᠤᠨᠴᠤ᠂ 500 ᠲᠦᠮᠡᠨ ᠲᠦᠬᠦᠷᠢᠭ ᠠᠴᠠ ᠲᠡᠬᠡᠭᠰᠢᠬᠢ 49 ᠲᠥᠷᠥᠯ ᠵᠦᠢᠯ ᠢ | ᠰᠠᠨᠠᠭᠠᠴᠢᠯᠠᠵᠤ᠂ ᠶᠠᠷᠤᠩᠬᠡᠢ ᠪᠡᠯᠡ ᠤᠷᠤᠭᠤᠯᠤᠯᠲᠠ ᠶᠢ 263.4 ᠳ᠋ᠦᠩᠰᠢᠭᠤᠷ ᠲᠦᠬᠦᠷᠢᠭ ᠲᠤ ᠬᠦᠷᠭᠡᠨ᠎ᠡ᠃ | —— ᠠᠮᠢ ᠠᠬᠤᠢ ᠶᠢᠨ ᠡᠷᠭᠢᠯᠲᠡᠳᠦ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠲᠣᠭᠤᠷᠢᠭ ᠢ ᠪᠠᠶᠢᠭᠤᠯᠤᠨ᠎ᠠ᠃ ︽ᠪᠣᠬᠢᠷᠲᠤᠯ ᠦᠭᠡᠢ᠂ ᠮᠠᠯᠵᠢᠬᠤ | ᠤᠷᠤᠨ︾ ᠤ ᠬᠤᠶᠠᠷ ᠲᠤᠮᠤ ᠤᠨᠴᠠᠯᠢᠭ ᠢ ᠲᠤᠪᠤᠶᠢᠯᠭᠠᠵᠤ᠂ ᠪᠡᠯᠡ ᠮᠦᠩᠬᠦ᠂ ᠮᠡᠷᠬᠡᠵᠢᠯ᠂ ᠴᠢᠲᠠᠪᠤᠷᠢᠲᠠᠨ ᠵᠡᠷᠬᠡ ᠡᠯᠧᠮᠧᠨ᠋ᠲ ᠶᠢ ᠲᠦᠯᠬᠢᠨ ᠠᠬᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯ ᠤᠨ ᠬᠤᠯᠪᠤᠭᠠᠲᠦ ᠴᠣᠭᠴᠠ ᠶᠢ ᠪᠠᠶᠢᠭᠤᠯᠵᠤ᠂ ︽ᠭᠤᠷᠪᠠᠨ ᠠᠵᠤ ᠦᠢᠯᠡᠰ ᠢ ᠤᠶᠠᠯᠳᠣᠭᠤᠯᠤᠭᠰᠠᠨ᠂ | ᠬᠤᠲᠠ ᠬᠦᠲᠡᠭᠡ ᠬᠠᠷᠢᠯᠴᠠᠨ ᠨᠥᠬᠦᠪᠦᠷᠢᠯᠡᠭᠰᠡᠨ᠂ ᠰᠤᠶᠤᠯ ᠴᠡᠴᠡᠭᠯᠡᠨ ᠬᠥᠭᠵᠢᠭᠰᠡᠨ᠂ ᠴᠢᠲᠠᠪᠤᠷᠢᠲᠠᠨ ᠰᠢᠨ᠎ᠠ ᠶᠢ ᠡᠭᠦᠳᠦᠭᠰᠡᠨ᠂ ᠵᠤᠬᠢᠶᠠᠨ ᠪᠠᠶᠢᠭᠤᠯᠤᠯᠲᠠ ᠪᠦᠷᠢᠨ | ᠲᠡᠭᠦᠯᠳᠡᠷᠵᠢᠭᠦᠯᠦᠭᠰᠡᠨ︾ ᠬᠦᠲᠡᠭᠡ ᠲᠤᠰᠬᠤᠨ ᠤ ᠬᠥᠭᠵᠢᠯ ᠮᠠᠨᠳᠤᠯ ᠤᠨ ᠵᠢᠱᠢᠶ᠎ᠠ ᠦᠵᠡᠬᠦᠯᠬᠦ ᠤᠷᠤᠨ ᠢ ᠴᠢᠷᠮᠠᠶᠢᠨ ᠪᠠᠶᠢᠭᠤᠯᠤᠨ᠎ᠠ᠃ | —— ᠪᠤᠬᠢᠷᠲᠤᠯ ᠦᠬᠡᠢ ᠤᠷᠭᠠᠨᠢᠭ ᠮᠠᠯ ᠤᠨ ᠠᠰᠢᠭ ᠰᠢᠮ᠎ᠠ ᠶᠢ ᠦᠢᠯᠡᠳᠪᠦᠷᠢᠯᠡᠵᠦ ᠪᠣᠷᠣᠯᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠪᠠᠶᠢᠭᠠᠯᠢᠯᠢᠭ | ᠪᠡᠯᠴᠢᠬᠡᠷ ᠤᠨ ᠡᠬᠢ ᠪᠠᠶᠠᠯᠢᠭ ᠪᠠ ᠤᠲᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠠ ᠶᠢᠨ ᠰᠠᠭᠤᠷᠢ ᠳᠤ ᠲᠦᠰᠢᠭᠯᠡᠨ᠂ ᠮᠢᠬ᠎ᠠ ᠰᠠᠭᠠᠯᠢ ᠶᠢ | ᠬᠤᠤᠰᠯᠠᠭᠤᠯᠤᠭᠰᠠᠨ ᠦᠬᠡᠷ ᠪᠠ ᠬᠦᠯᠤᠨ ᠪᠤᠶᠢᠷ ᠤᠨ ᠬᠤᠨᠢ᠂ ᠪᠠᠷᠭᠤ ᠠᠳᠤᠭᠤᠨ ᠤ ᠦᠢᠯᠡᠰ ᠢ ᠬᠦᠴᠦᠯᠡᠨ ᠬᠦᠭᠵᠢᠬᠦᠯᠵᠤ᠂ ᠴᠠᠭᠠᠨ ᠢᠳᠡᠭᠡ ᠪᠤᠯᠪᠠᠰᠤᠷᠠᠭᠤᠯᠬᠤ | ᠦᠢᠯᠡᠤᠨᠪᠤᠷᠢ᠂ ᠬᠢᠲᠡᠤᠨ ᠮᠤᠩᠭᠤᠯ ᠡᠮ ᠨᠠᠶᠢᠷᠠᠬᠤ ᠠᠵᠤ ᠦᠢᠯᠡᠰ ᠢ ᠢᠲᠡᠪᠬᠢᠲᠠᠢ ᠲᠡᠳᠬᠦᠨ ᠬᠦᠭᠵᠢᠬᠦᠯᠵᠤ᠂ ᠤᠷᠭᠠᠨᠢᠭ ᠠᠮᠢ ᠠᠬᠤᠶᠢᠴᠢ ᠪᠤᠬᠢᠷᠲᠤᠯ ᠦᠬᠡᠢ ᠮᠠᠯ | ᠤᠨ ᠪᠦᠲᠦᠬᠡᠭᠲᠡᠬᠦᠨ ᠤ ᠨᠠᠷᠠᠲᠤ ᠲᠡᠮᠲᠡᠭ ᠢ ᠡᠬᠦᠲᠤᠨ᠎ᠠ᠃ | —— ︽ᠨᠢᠬᠡ ᠪᠦᠰᠡ ᠨᠢᠬᠡ ᠵᠠᠮ︾ ᠳᠠᠬᠢ ᠴᠢᠬᠤᠯᠠ ᠲᠤᠯᠬᠤ ᠴᠡᠭ ᠢ ᠪᠠᠶᠢᠭᠤᠯᠤᠨ᠎ᠠ᠃ ᠡᠪᠡᠰᠦ ᠪᠣᠷᠳᠤᠭᠠᠨ ᠤ ᠦᠢᠯᠡᠰ᠂ ᠲᠠᠷᠢᠮᠡᠯ ᠤᠨ ᠦᠢᠯᠡᠰ ᠵᠡᠷᠭᠡ | ᠬᠦᠷᠢᠶᠡᠨ ᠳᠤ ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠣᠩᠭᠤᠯ ᠤᠯᠤᠰ ᠲᠤ ᠨᠡᠩ ᠥᠷᠭᠡᠨ ᠬᠡᠪᠴᠢᠶᠡᠨ ᠤ ᠮᠠᠯ ᠠᠵᠤ ᠠᠬᠤᠢ ᠶᠢᠨ | ᠮᠡᠷᠬᠡᠵᠢᠯ ᠬᠠᠩᠭᠠᠵᠤ᠂ ᠳᠡᠯᠡᠬᠡᠶᠢᠴᠢᠯᠡᠭᠰᠡᠨ ᠣᠳᠣ ᠦᠶ᠎ᠡ ᠶᠢᠨ ᠲᠣᠮᠣ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠤᠭᠯᠠᠷᠠᠯ ᠢ | ᠪᠠᠶᠢᠭᠤᠯᠤᠨ᠎ᠠ︔ ᠨᠡᠬᠦᠷᠡᠰᠤ᠂ ᠴᠠᠬᠢᠯᠭᠠᠨ᠂ ᠬᠢᠮᠢ ᠶᠢᠨ ᠠᠵᠤ ᠦᠢᠯᠡᠤᠨᠪᠤᠷᠢ᠂ ᠴᠢᠯᠠᠭᠤᠨ ᠲᠤᠰᠤ᠂ ᠦᠩᠬᠡᠲᠤ ᠲᠡᠮᠦᠷᠯᠢᠭ ᠵᠡᠷᠬᠡ ᠡᠬᠢ ᠪᠠᠶᠠᠯᠢᠭ ᠢ ᠣᠷᠣᠭᠤᠯᠬᠤ ᠪᠠ | ᠨᠥᠭᠡᠴᠡᠯᠡᠬᠦ ᠶᠢ ᠠᠬᠢᠭᠤᠯᠵᠤ᠂ ᠡᠪᠤᠲᠦᠭ ᠪᠤᠭᠤᠮᠲᠠ ᠶᠢ ᠭᠠᠵᠠᠷ ᠣᠷᠣᠨᠴᠢ ᠴᠢᠨᠠᠷᠲᠠᠢ ᠭᠠᠳᠠᠭᠠᠳᠦ ᠠᠴᠠ ᠡᠨᠧᠷᠭᠢ ᠣᠷᠣᠭᠤᠯᠬᠤ ᠰᠠᠭᠤᠷᠢᠨ ᠭᠠᠵᠠᠷ ᠪᠤᠯᠭᠠᠨ | ᠪᠦᠲᠦᠬᠡᠨ ᠪᠠᠶᠢᠭᠤᠯᠤᠨ᠎ᠠ᠃ | —— ᠪᠦᠬᠦ ᠤᠯᠤᠰ ᠲᠤ ᠠᠯᠳᠠᠷᠰᠢᠭᠰᠠᠨ ᠠᠮᠢ ᠠᠬᠤᠢ ᠶᠢᠨ ᠵᠢᠭᠤᠯᠴᠢᠯᠠᠯ ᠰᠤᠪᠢᠯᠠᠯᠲᠠ ᠶᠢᠨ ᠭᠠᠵᠠᠷ ᠢ ᠪᠠᠶᠢᠭᠤᠯᠤᠨ᠎ᠠ᠃ ᠲᠠᠯ᠎ᠠ ᠨᠤᠲᠤᠭ ᠤᠨ ᠥᠩᠭᠡ | ᠦᠵᠡᠮᠵᠢ᠂ ᠵᠠᠩ ᠦᠢᠯᠡ᠂ ᠲᠡᠤᠬᠡ ᠰᠤᠶᠤᠯ᠂ ᠠᠮᠲᠠᠲᠤ ᠢᠲᠡᠬᠡᠨ᠂ ᠣᠨᠴᠠ ᠭᠠᠷᠤᠯᠲᠠ᠂ ᠮᠤᠩᠭᠤᠯ ᠡᠮ ᠡᠮᠨᠡᠯᠬᠡ ᠵᠡᠷᠬᠡ ᠤᠨᠴᠠᠯᠢᠭᠲᠤ ᠡᠬᠢ ᠪᠠᠶᠠᠯᠢᠭ ᠢ | ᠬᠦᠢᠴᠡᠳ ᠠᠰᠢᠭᠯᠠᠵᠤ᠂ ᠦᠨᠲᠤᠰᠤᠲᠠᠨ ᠤ ᠥᠪᠡᠷᠮᠢᠴᠡ ᠣᠨᠴᠠᠯᠢᠭ ᠲᠠᠢ ᠶᠠᠷᠤᠩᠬᠡᠶᠢᠯᠡᠭᠰᠡᠨ ᠦᠢᠯᠡᠴᠢᠯᠡᠬᠡᠨ ᠤ ᠣᠷᠣᠨ ᠢ ᠪᠦᠲᠦᠭᠡᠨ ᠪᠠᠶᠢᠭᠤᠯᠵᠤ᠂ ᠬᠤᠰᠢᠭᠤ | ᠨᠤᠲᠤᠭ ᠢᠶᠠᠨ ᠪᠦᠬᠦ ᠤᠯᠤᠰ ᠤᠨ ᠰᠣᠳᠣᠨ ᠵᠢᠭᠤᠯᠴᠢᠯᠠᠯ ᠤᠨ ᠱᠤᠭᠤᠮ ᠳᠠᠬᠢ ᠵᠤᠭᠠᠴᠠᠭᠰᠠᠳ ᠤᠨ ᠰᠣᠨᠢᠷᠬᠠᠯ ᠢ ᠲᠠᠲᠠᠭᠰᠠᠨ ᠴᠢᠬᠤᠯᠠ ᠣᠷᠣᠨ ᠪᠤᠯᠭᠠᠨ᠎ᠠ᠃ | —— ᠡᠬᠡ ᠤᠯᠣᠰ ᠤᠨ ᠤᠮᠠᠷᠠᠲᠤ ᠬᠢᠯᠢ ᠬᠢᠵᠠᠭᠠᠷ ᠤᠨ ᠠᠮᠤᠷ ᠲᠤᠭᠲᠠᠭᠤᠨ ᠪᠠ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢ ᠪᠠᠬᠢᠵᠢᠬᠦᠯᠤᠨ᠎ᠠ | ᠃ ︽ᠲᠤᠮᠲᠠᠲᠤ ᠶᠢᠨ ᠦᠨᠲᠤᠰᠤᠲᠠᠨ ᠤ ᠬᠠᠮᠲᠤ ᠶᠢᠨ ᠴᠤᠭᠴᠠ ᠶᠢᠨ ᠦᠵᠡᠯ ᠤᠬᠠᠮᠰᠡᠷ ᠢ ᠪᠠᠲᠤ ᠴᠤᠭᠴᠠᠯᠠᠬᠤ︾ ᠶᠢ ᠦᠨᠲᠤᠰᠤᠲᠠᠨ ᠤ ᠪᠦᠯᠬᠦᠮᠲᠠᠯ ᠲᠠᠪᠰᠢᠯᠲᠠ | ᠶᠢᠨ ᠬᠦᠮᠤᠵᠢᠯ ᠤᠨ ᠭᠤᠤᠯ ᠰᠡᠲᠤᠪ ᠪᠤᠯᠭᠠᠵᠤ᠂ ᠠᠷᠠᠤᠨ ᠤᠨ ᠠᠮᠢᠵᠢᠷᠠᠭ᠎ᠠ ᠶᠢ ᠪᠠᠲᠤᠯᠠᠨ ᠰᠠᠶᠢᠵᠢᠷᠠᠭᠤᠯᠵᠤ᠂ ᠬᠤᠰᠢᠭᠤ ᠨᠤᠲᠤᠭ ᠤᠨ ᠠᠵᠤ ᠠᠬᠤᠢ ᠶᠢ ᠲᠦᠷᠭᠡᠨ | ᠬᠥᠭᠵᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ ᠦᠵᠡᠯᠲᠡ ᠪᠣᠯᠣᠨ︽ᠭᠤᠷᠪᠠᠨ ᠰᠠᠯᠵᠤ ᠴᠢᠳᠠᠬᠤ ᠦᠭᠡᠢ︾ ︽ᠲᠠᠪᠤ ᠶᠢ ᠵᠥᠪᠰᠢᠶᠡᠷᠡᠬᠦ︾ ᠦᠵᠡᠯ | ᠰᠠᠨᠠᠭ᠎ᠠ ᠶᠢ ᠡᠯ᠎ᠠ ᠦᠨᠲᠤᠰᠤᠲᠠᠨ ᠤ ᠠᠷᠠᠤᠨ ᠲᠦᠮᠡᠨ ᠤ ᠰᠡᠤᠨᠬᠢᠯ ᠵᠢᠷᠦᠬᠡᠨ ᠳᠤ ᠬᠦᠨ ᠬᠠᠳᠠᠩᠰᠢᠭᠤᠯᠤᠨ᠎ᠠ᠃ ᠠᠭᠤᠯᠠ᠂ ᠤᠰᠤ᠂ ᠤᠢ᠂ ᠲᠠᠷᠢᠶ᠎ᠠ᠂ ᠨᠠᠭᠤᠷ᠂ | ᠪᠡᠯᠴᠢᠭᠡᠷ᠂ ᠡᠯᠡᠰᠤ ᠶᠢ ᠰᠢᠰᠲ᠋ᠧᠮ ᠲᠠᠢ ᠴᠡᠭᠴᠡᠯᠡᠨ ᠵᠠᠰᠠᠬᠤ ᠶᠢ ᠨᠢᠬᠡᠲᠤᠯᠲᠠᠢ ᠲᠦᠯᠦᠪᠯᠡᠵᠤ᠂ ᠪᠠᠶᠢᠭᠠᠯᠢᠯᠢᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠨ᠂ | ᠳᠠᠷᠢᠮᠠᠯ ᠪᠡᠯᠴᠢᠭᠡᠷ ᠤᠨ ᠪᠠᠶᠢᠭᠤᠯᠤᠯᠲᠠ ᠶᠢ ᠠᠬᠢᠭᠤᠯᠵᠤ᠂ ᠲᠠᠯ᠎ᠠ ᠨᠤᠲᠤᠭ ᠢ ᠦᠨᠡᠨᠬᠦ ᠰᠠᠶᠢᠲᠤᠷ ᠬᠠᠮᠠᠭᠠᠯᠠᠨ᠎ᠠ᠃ | ᠭᠤᠷᠪᠠ᠂ 2021 ᠤᠨ ᠤ ᠠᠵᠢᠯ ᠤᠨ ᠲᠤᠬᠢᠷᠠᠭᠤᠯᠤᠯᠲᠠ | ᠡᠨᠡ ᠵᠢᠯ ᠤᠨ ᠵᠠᠰᠠᠭ ᠤᠨ ᠤᠷᠲᠤᠨ ᠤ ᠠᠵᠢᠯ ᠤᠨ ᠶᠡᠷᠤᠩᠬᠡᠢ ᠱᠠᠭᠠᠷᠲᠠᠯᠭ᠎ᠠ ᠪᠤᠯ᠄ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ | ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠨᠠᠮ ᠤᠨ ᠠᠷᠪᠠ ᠶᠢᠰᠤᠲᠤᠬᠡᠷ ᠶᠡᠭᠡ ᠬᠤᠷᠠᠯ ᠪᠤᠯᠤᠨ ᠠᠷᠪᠠ ᠶᠢᠰᠤᠲᠤᠬᠡᠷ ᠬᠤᠭᠤᠴᠠᠭᠠᠨ ᠤ ᠬᠤᠶᠠᠲᠤᠭᠠᠷ᠂ | ᠭᠤᠷᠪᠠᠲᠤᠭᠠᠷ᠂ ᠲᠦᠷᠪᠡᠲᠤᠬᠡᠷ᠂ ᠲᠠᠪᠤᠲᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠪᠦᠷ ᠮᠤᠩᠭᠤᠯ ᠤᠨ ᠠᠵᠢᠯ ᠤᠨ | ᠲᠤᠬᠠᠢ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠤᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠠᠷᠤᠩᠬᠡᠢ ᠰᠠᠨᠠᠭ᠎ᠠ ᠶᠢ ᠪᠠᠷᠢᠮᠲᠠᠯᠠᠵᠤ᠂ ᠰᠢᠨ᠎ᠠ ᠬᠦᠭᠵᠢᠯᠲᠠ ᠶᠢᠨ ᠱᠠᠲᠤᠨ ᠳᠠᠭᠠᠨ ᠰᠠᠭᠤᠷᠢᠯᠠᠨ᠂ ᠰᠢᠨ᠎ᠠ | ᠬᠦᠭᠵᠢᠯᠲᠠ ᠶᠢᠨ ᠦᠵᠡᠯᠲᠡ ᠶᠢ ᠲᠤᠤᠱᠯᠠᠭᠤᠯᠵᠤ᠂ ᠰᠢᠨ᠎ᠠ ᠬᠦᠭᠵᠢᠯᠲᠠ ᠶᠢᠨ ᠪᠦᠲᠦᠴᠡ ᠳᠤ ᠠᠭᠤᠰᠤᠯᠴᠠᠨ᠂ ᠴᠢᠨᠠᠷᠯᠢᠭ ᠬᠦᠭᠵᠢᠯᠲᠠ ᠶᠢ ᠲᠦᠯᠬᠢᠨ ᠠᠬᠢᠭᠤᠯᠬᠤ | ᠪᠠᠷ ᠭᠤᠤᠯ ᠰᠡᠲᠤᠪ ᠪᠣᠯᠭᠠᠵᠤ᠂ ᠬᠠᠩᠭᠠᠯᠠᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠱᠤᠭᠤᠮ ᠪᠣᠯᠭᠠᠵᠤ | ᠂ ᠥᠭᠡᠷᠡᠴᠢᠯᠡᠯᠲᠡ ᠬᠢᠵᠤ ᠰᠢᠨ᠎ᠠ ᠶᠢ ᠡᠬᠦᠤᠨᠬᠦ ᠪᠠᠷ ᠦᠨᠲᠤᠰᠤᠨ ᠬᠦᠲᠡᠯᠬᠡᠬᠦ ᠬᠦᠴᠦᠨ ᠪᠤᠯᠭᠠᠵᠤ᠂ ᠠᠷᠠᠳ ᠲᠦᠮᠡᠨ ᠤ ᠡᠲᠤᠷ ᠢᠷᠡᠬᠦᠶ᠎ᠡ ᠨᠡᠮᠡᠭᠲᠡᠵᠤ ᠪᠠᠶᠢᠭ᠎ᠠ | ᠰᠠᠶᠢᠨ ᠰᠠᠶᠢᠬᠠᠨ ᠠᠮᠢᠲᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠲᠤᠰᠤᠨ ᠬᠠᠷᠠᠯᠲᠠ ᠪᠠᠨ ᠪᠤᠯᠭᠠᠵᠤ᠂ ᠰᠢᠰᠲ᠋ᠧᠮᠲᠤ ᠦᠵᠡᠯᠲᠡ ᠶᠢ ᠪᠠᠷᠢᠮᠲᠠᠯᠠᠵᠤ᠂ ᠬᠢᠵᠢᠭ ᠢ | ᠰᠡᠷᠭᠡᠶᠢᠯᠡᠬᠦ ᠪᠠ ᠠᠵᠤ ᠠᠬᠤᠢ ᠨᠡᠶᠢᠬᠡᠮ ᠤᠨ ᠬᠦᠭᠵᠢᠯᠲᠠ ᠶᠢᠨ ᠦᠷ᠎ᠠ ᠪᠦᠲᠦᠬᠡᠯ ᠢ ᠪᠠᠬᠢᠵᠢᠭᠦᠯᠦᠨ ᠦᠷᠬᠡᠤᠨᠬᠡᠵᠤ᠂ ︽ᠵᠢᠷᠭᠤᠭ᠎ᠠ ᠶᠢ ᠲᠤᠭᠲᠠᠪᠦᠷᠢᠵᠢᠭᠤᠯᠬᠤ︾ | ᠠᠵᠢᠯ ᠢ ᠰᠠᠶᠢᠲᠤᠷ ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠪᠠᠨ ᠪᠦᠬᠦ ᠲᠠᠯ᠎ᠠ ᠪᠠᠷ ᠨᠡᠶᠢᠲᠡᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠤᠷᠤᠭᠰᠢᠯᠠᠵᠤ᠂ | ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠡᠶ᠎ᠡ ᠵᠤᠬᠢᠴᠠᠩᠭᠤᠢ ᠵᠣᠯ ᠵᠢᠷᠭᠠᠯᠲᠤ ᠰᠢᠨ᠎ᠡ ᠪᠠᠷᠭᠤ ᠵᠡᠭᠦᠨ ᠬᠤᠰᠢᠭᠤ ᠶᠢ ᠪᠥᠬᠦ ᠬᠦᠴᠦᠨ ᠢᠶᠠᠷ ᠪᠦᠲᠦᠭᠡᠨ ᠪᠠᠶᠢᠭᠤᠯᠵᠤ | ᠂ ᠰᠢᠯᠢᠲᠡᠭ ᠪᠦᠲᠦᠮᠵᠢ ᠪᠠᠷ ᠨᠠᠮ ᠪᠠᠶᠢᠭᠤᠯᠤᠭᠲᠠᠭᠰᠠᠨ 100 ᠵᠢᠯ ᠤᠨ ᠤᠢ ᠶᠢ ᠪᠡᠶᠡᠷᠯᠡᠨ ᠪᠡᠯᠭᠡᠯᠡᠨ᠎ᠡ᠃ | ᠡᠨᠡ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠲᠠ ᠶᠢᠨ ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠤᠨᠪᠤᠷᠢᠯᠡᠯ ᠤᠨ ᠶᠡᠷᠤᠩᠬᠡᠢ | ᠦᠷᠲᠡᠭ ᠢ ᠪᠠᠷᠤᠭ 1.5% ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠤᠷ᠎ᠠ ᠬᠢᠵᠠᠭᠠᠷᠯᠠᠨ᠎ᠠ︔ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠦᠰᠦᠯᠲᠡ ᠶᠢ ᠪᠠᠷᠤᠭ3% ᠪᠠᠷ ᠬᠢᠵᠠᠭᠠᠷᠯᠠᠨ᠎ᠠ︔ ᠡᠨᠧᠷᠭᠢ ᠶᠢᠨ ᠬᠤᠷᠣᠭᠳᠠᠯ ᠢ 1% ᠪᠠᠷ ᠪᠠᠭᠠᠰᠬᠠᠨ᠎ᠠ︔ | ᠬᠤᠲᠠ ᠬᠦᠲᠡᠭᠡ ᠶᠢᠨ ᠰᠠᠭᠤᠭᠠᠯᠢ ᠠᠷᠠᠤᠨ ᠤᠨ ᠤᠷᠤᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠪᠠᠲᠤᠯᠠᠨ᠎ᠠ︔ ᠪᠠᠲᠤᠯᠠᠭ᠎ᠠ ᠶᠢᠨ ᠴᠢᠨᠠᠷᠲᠠᠢ ᠠᠷᠠᠤᠨ ᠤᠨ ᠠᠮᠢᠲᠤᠷᠠᠯ ᠤᠨ ᠵᠠᠷᠤᠯᠭ᠎ᠠ ᠶᠢ ᠲᠣᠭᠲᠠᠭᠤᠨ ᠢᠶᠠᠷ | ᠨᠡᠮᠡᠭᠲᠡᠬᠦᠯᠤᠨ᠎ᠠ︔ ᠬᠢᠵᠠᠭᠠᠷᠲᠤ ᠴᠢᠨᠠᠷᠲᠠᠢ ᠭᠦᠢᠴᠡᠳᠬᠡᠯ ᠲᠤᠭ᠎ᠠ ᠶᠢ ᠦᠪᠡᠷᠲᠡᠬᠡᠨ ᠵᠠᠰᠠᠬᠤ ᠤᠷᠤᠨ ᠪᠤᠯᠤᠨ ᠬᠦᠯᠤᠨ ᠪᠤᠶᠢᠷ ᠬᠤᠲᠠ ᠶᠢᠨ ᠱᠠᠭᠠᠷᠲᠠᠯᠭ᠎ᠠ ᠳᠤ | ᠬᠦᠷᠭᠡᠵᠦ᠂ ᠪᠣᠬᠢᠷᠲᠤᠯ ᠦᠭᠡᠢ ᠬᠥᠭᠵᠢᠯᠲᠡ ᠶᠢᠨ ᠭᠦᠢᠴᠠᠳᠬᠡᠯ ᠲᠤᠭ᠎ᠠ ᠶᠢᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠡᠨᠡ ᠵᠢᠯ᠂ ᠲᠤᠤᠷᠡᠬᠢ 8 ᠲᠠᠯ᠎ᠠ ᠪᠠᠷ ᠰᠢᠨ᠎ᠠ ᠰᠢᠪᠲᠤᠯᠤᠯᠲᠠ ᠶᠢ ᠰᠦᠪᠡᠭᠴᠢᠯᠡᠵᠦ᠂ ᠰᠢᠨ᠎ᠠ ᠠᠬᠢᠴᠠ ᠳᠤ ᠬᠦᠷᠤᠨ᠎ᠡ᠄ | ︵ᠨᠢᠭᠡ︶ ᠤᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠦ᠂ ᠪᠤᠬᠢᠷᠳᠤᠯ ᠦᠭᠡᠢ ᠠᠮᠢ ᠠᠬᠤᠢ ᠶᠢᠨ ᠳᠠᠪᠠᠭᠤᠯᠢᠭ ᠢ ᠪᠠᠳᠠᠷᠠᠭᠤᠯᠤᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠰᠠᠶᠢᠳᠤᠷ ᠪᠡᠶᠡᠯᠡᠭᠦᠯᠦᠨ᠎ᠠ᠃ ᠠᠭᠠᠷ᠂ ᠤᠰᠤ᠂ ᠬᠦᠷᠦᠰᠦᠨ ᠤ ᠪᠤᠬᠢᠷᠳᠤᠯ ᠢ ᠰᠡᠷᠭᠡᠶᠢᠯᠡᠨ | ᠵᠠᠰᠠᠬᠤ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠳᠡᠭᠳᠡᠮᠡᠬᠡᠢ ᠴᠢᠨᠠᠷᠲᠠᠢ ᠤᠷᠭᠠᠨᠢᠭ ᠪᠤᠳᠠᠰ᠂ ᠬᠤᠲᠠ ᠪᠠᠯᠭᠠᠰᠤ ᠪᠠ ᠬᠦᠳᠡᠭᠡ ᠲᠤᠰᠬᠤᠨ ᠤ | ᠠᠮᠢᠳᠤᠷᠠᠯ ᠤᠨ ᠪᠤᠬᠢᠷ ᠤᠰᠤ᠂ ᠰᠦᠯᠢᠶᠤᠤ ᠶᠢᠨ ᠪᠤᠬᠢᠷᠳᠤᠯ ᠪᠠ ᠬᠦᠷᠦᠰᠦ ᠰᠢᠷᠤᠢ ᠶᠢᠨ ᠪᠤᠬᠢᠷᠳᠦᠯ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠳᠤᠷ᠎ᠠ ᠪᠠᠷ ᠢᠶᠠᠨ | ᠡᠵᠡᠯᠡᠵᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ︽ᠳᠦᠷᠪᠡᠨ ᠵᠠᠮᠪᠠᠷᠠᠭ᠎ᠠ ᠦᠭᠡᠢ︾ ᠠᠵᠢᠯᠯᠠᠭ᠎ᠠ ᠪᠠ | ᠭᠤᠤᠯ ᠤᠨ ᠬᠡᠪᠡᠯᠢ ᠠᠴᠠ ᠬᠠᠤᠯᠢ ᠪᠤᠰᠤ ᠪᠠᠷ ᠡᠯᠡᠰᠦ ᠮᠠᠯᠲᠠᠬᠤ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭᠠᠨ ᠢᠶᠡᠬᠡᠪᠡᠷ ᠦᠷᠨᠢᠭᠦᠯᠵᠦ᠂ | ᠪᠤᠬᠢᠷᠳᠤᠯ ᠤᠨ ᠢᠷᠡᠯᠲᠡ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ | ᠴᠡᠭᠴᠡᠯᠠᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠳᠠᠷᠠᠭ᠎ᠠ ᠡᠭᠡᠯᠵᠢ ᠶᠢᠨ ᠲᠦᠪ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ | ᠶᠢ ᠬᠦᠯᠢᠶᠡᠨ ᠠᠪᠬᠤ ᠪᠡᠯᠡᠳᠬᠡᠯ ᠠᠵᠢᠯ ᠢ ᠦᠷᠭᠦᠯᠵᠢᠯᠡᠨ ᠰᠠᠶᠢᠳᠤᠷ ᠬᠢᠨ᠎ᠡ᠃ | ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠦᠨᠳᠦᠰᠦᠨ ᠤᠷᠢᠳᠠᠯ | ᠪᠤᠯᠭᠠᠨ ᠴᠢᠩᠭ᠎ᠠ ᠠᠳᠬᠤᠵᠦ᠂ ᠲᠠᠯ᠎ᠠ ᠨᠤᠲᠤᠭ᠂ ᠤᠢ ᠰᠢᠭᠤᠢ᠂ ᠭᠤᠤᠯ ᠮᠦᠷᠡᠨ᠂ ᠨᠠᠭᠤᠷ ᠴᠦᠬᠦᠷᠦᠮ᠂ ᠨᠤᠭᠤ ᠭᠠᠵᠠᠷ᠂ ᠡᠯᠡᠰᠦᠷᠭᠡᠭ ᠭᠠᠵᠠᠷ ᠢ ᠨᠢᠭᠡ | ᠴᠤᠭᠴᠠᠵᠢᠭᠤᠯᠤᠭᠰᠠᠨ ᠠᠮᠢ ᠠᠬᠤᠢ ᠶᠢᠨ ᠠᠮᠦᠷ ᠲᠦᠪᠰᠢᠨ ᠤ ᠪᠠᠶᠢᠷᠢᠰᠢᠭᠤᠯᠤᠯᠲᠠ ᠶᠢ ᠬᠦᠴᠦᠯᠡᠨ ᠪᠠᠶᠢᠭᠤᠯᠤᠨ᠎ᠠ᠃ ᠣᠶᠢᠵᠢᠭᠤᠯᠤᠯᠲᠠ ᠨᠣᠭᠤᠭᠠᠷᠠᠭᠤᠯᠤᠯᠲᠠ ᠶᠢᠨ | ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠦᠮᠡᠨ ᠮᠤ᠋ ᠭᠠᠵᠠᠷ ᠢ ᠤᠶᠢᠵᠢᠭᠤᠯᠵᠦ᠂ ᠲᠦᠪ ᠤᠨ ᠡᠳ᠋ ᠤᠨ ᠵᠠᠰᠠᠭ ᠤᠨ ᠬᠤᠶᠠᠳᠤᠭᠠᠷ ᠪᠦᠯᠦᠭ ᠤᠨ | ᠨᠥᠬᠦᠪᠦᠷᠢ ᠪᠠᠷ ᠤᠢ ᠰᠢᠭᠤᠢ ᠶᠢ ᠠᠷᠠᠴᠢᠯᠠᠨ ᠪᠤᠶᠢᠵᠢᠭᠤᠯᠬᠤ ᠡᠭᠦᠷᠭᠡ ᠶᠢ ᠪᠡᠶᠡᠯᠡᠭᠦᠯᠵᠦ᠂ ᠪᠠᠷᠤᠭ 200 ᠲᠦᠮᠡᠨ ᠮᠤ᠋ ᠨᠤᠲᠤᠭ ᠪᠡᠯᠴᠢᠭᠡᠷ ᠤᠨ ᠬᠤᠯᠤᠭᠠᠨ᠎ᠠ ᠶᠢᠨ | ᠭᠠᠮᠰᠢᠭ ᠢ ᠰᠡᠷᠭᠡᠶᠢᠯᠡᠨ ᠵᠠᠰᠠᠬᠤ ᠡᠭᠦᠷᠭᠡ ᠪᠠᠨ ᠪᠡᠶᠡᠯᠡᠭᠦᠯᠵᠦ᠂ 10 ᠲᠦᠮᠡᠨ ᠮᠤ᠋ ᠲᠠᠯ᠎ᠠ ᠨᠤᠲᠤᠭ ᠤᠨ ᠴᠠᠷᠴᠠᠬᠠᠢ ᠶᠢ ᠤᠰᠠᠳᠬᠠᠨ᠎ᠠ᠃ ᠪᠡᠯᠴᠢᠭᠡᠷᠯᠡᠬᠦ ᠶᠢ | ᠵᠣᠭᠰᠣᠭᠠᠵᠤ ᠰᠡᠯᠭᠦᠨ ᠮᠠᠯᠵᠢᠭᠤᠯᠬᠤ᠂ ᠪᠡᠯᠴᠢᠭᠡᠷ ᠮᠠᠯ ᠬᠤᠶᠡᠷ ᠢ ᠲᠡᠩᠴᠡᠭᠦᠷᠢᠰᠢᠭᠦᠯᠬᠦ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ | ᠱᠠᠩᠨᠠᠯ ᠵᠡᠷᠭᠡ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ | ᠴᠢᠩᠭᠠᠳᠬᠠᠨ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃ ᠭᠤᠤᠯ ᠮᠦᠷᠡᠨ᠂ | ᠨᠠᠭᠤᠷ ᠴᠥᠬᠦᠷᠦᠮ ᠤᠨ ᠬᠠᠮᠢᠶᠠᠷᠤᠯᠲᠠ ᠶᠢ ᠳᠦᠷᠢᠮᠵᠢᠭᠦᠯᠦᠨ ᠴᠢᠩᠭᠠᠳᠬᠠᠵᠤ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠬᠦᠯᠦᠨ | ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠬᠥᠮᠥᠨ ᠤ ᠦᠢᠯᠡ ᠠᠵᠢᠯᠯᠠᠭ᠎ᠠ ᠠᠴᠠ | ᠪᠤᠯᠤᠭᠰᠠᠨ ᠡᠪᠳᠡᠯᠭᠡ ᠶᠢ ᠦᠨᠳᠦᠰᠦᠨ ᠠᠴᠠ ᠨᠢ ᠪᠠᠭᠠᠰᠬᠠᠨ᠎ᠠ᠃ | ᠠᠮᠢ ᠠᠬᠤᠢ ᠶᠢᠨ ᠰᠢᠰᠲ᠋ᠧᠮ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠤᠷᠤᠨ ᠵᠠᠢ ᠶᠢᠨ ᠬᠠᠮᠢᠶᠠᠷᠤᠯᠲᠠ ᠪᠠ | ᠪᠠᠶᠢᠷᠢᠯᠠᠭᠤᠯᠤᠯᠲᠠ ᠶᠢ ᠴᠢᠩᠭᠠᠳᠬᠠᠨ᠂ ᠠᠮᠢ ᠠᠬᠤᠢ ᠶᠢᠨ ᠤᠷᠤᠨ ᠵᠠᠢ ᠶᠢᠨ ᠠᠰᠢᠭᠯᠠᠯᠲᠠ ᠶᠢ ᠳᠦᠷᠢᠮᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ | ᠱᠤᠭᠤᠮ᠂ ᠤᠷᠴᠢᠨ ᠲᠤᠭᠤᠷᠢᠨ ᠤ ᠶᠠᠰᠤ ᠴᠢᠨᠠᠷ ᠤᠨ ᠳᠣᠣᠷ᠎ᠠ ᠬᠢᠵᠠᠭᠠᠷ ᠪᠠ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠪᠠᠷᠢᠮᠵᠢᠶ᠎ᠠ ᠶᠢ ᠴᠢᠩᠭ᠎ᠠ ᠰᠠᠬᠢᠨ᠎ᠠ᠃ | ᠭᠠᠵᠠᠷ ᠰᠢᠷᠤᠢ ᠶᠢ ᠭᠠᠮᠨᠠᠨ ᠠᠰᠢᠭᠯᠠᠵᠤ᠂ ᠰᠢᠨ᠎ᠡ ᠪᠠᠷ ᠨᠡᠮᠡᠭᠳᠡᠬᠦ ᠪᠦᠲᠦᠭᠡᠨ ᠪᠠᠶᠢᠭᠤᠯᠤᠯᠲᠠ ᠶᠢᠨ ᠭᠠᠵᠠᠷ ᠢ ᠴᠢᠩᠭ᠎ᠠ ᠬᠢᠵᠠᠭᠠᠷᠯᠠᠨ᠎ᠠ᠃ ᠤᠰᠤ ᠭᠠᠮᠨᠠᠬᠤ | ᠠᠵᠢᠯᠯᠠᠭ᠎ᠠ ᠶᠢ ᠨᠠᠶᠢᠳᠠᠪᠤᠷᠢᠵᠢᠭᠤᠯᠵᠦ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠪᠠ ᠠᠶᠤᠯᠭᠦᠢ ᠰᠢᠢᠳᠪᠦᠷᠢᠯᠡᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠎ᠡ᠃ ᠬᠤᠶᠢᠰᠢᠳᠠ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠠᠴᠠ ᠭᠠᠳᠠᠨ᠎ᠠ᠂ ᠨᠡᠭᠦᠷᠡᠰᠦᠨ ᠠᠭᠤᠷᠬᠠᠢ ᠨᠡᠭᠡᠭᠡᠬᠦ ᠦᠭᠡᠢ᠂ ᠨᠡᠭᠦᠷᠡᠰᠦ | ᠬᠢᠮᠢ ᠶᠢᠨ ᠠᠵᠦ ᠦᠢᠯᠡᠳᠪᠤᠷᠢ ᠶᠢᠨ ᠲᠥᠷᠥᠯ ᠵᠦᠢᠯ ᠣᠷᠣᠭᠤᠯᠬᠤ ᠦᠭᠡᠢ᠂ ᠲᠥᠪᠯᠡᠷᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠪᠠ ᠭᠡᠷᠡᠯ ᠴᠠᠬᠢᠯᠭᠠᠨ ᠤ | ᠲᠥᠷᠥᠯ ᠵᠦᠢᠯ ᠢ ᠪᠠᠶᠢᠷᠢᠯᠠᠭᠤᠯᠬᠤ ᠦᠭᠡᠢ᠃ | ︵ᠬᠤᠶᠠᠷ︶ ᠠᠵᠦ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠵᠦ ᠠᠬᠤᠢ ᠶᠢᠨ ᠴᠢᠨᠠᠷᠯᠢᠭ ᠬᠦᠭᠵᠢᠯᠲᠡ ᠶᠢ ᠠᠬᠢᠭᠤᠯᠤᠨ᠎ᠠ᠃ | ᠣᠳᠣᠬᠢᠴᠢᠯᠠᠭᠰᠠᠨ ᠮᠠᠯ ᠠᠵᠦ ᠠᠬᠤᠢ ᠶᠢ ᠶᠡᠬᠡᠪᠡᠷ ᠬᠦᠭᠵᠢᠬᠦᠯᠦᠨ᠎ᠡ᠃ ︽ᠬᠤᠨᠢ ᠶᠢ ᠲᠣᠭᠲᠠᠪᠤᠷᠢᠵᠢᠭᠤᠯᠵᠤ ᠦᠬᠡᠷ ᠢ ᠨᠡᠮᠡᠭᠳᠡᠭᠦᠯᠬᠦ︾ ᠪᠠᠶᠢᠯᠳᠤᠬᠤ | ᠪᠣᠳᠤᠯᠭ᠎ᠠ ᠶᠢ ᠲᠦᠯᠬᠢᠨ ᠠᠬᠢᠭᠤᠯᠵᠤ᠂ ᠮᠠᠯ ᠤᠨ ᠪᠣᠷᠣᠯᠠᠭᠤᠯᠭ᠎ᠠ ᠶᠢᠨ ᠲᠤᠭ᠎ᠠ ᠲᠣᠯᠣᠭᠠᠢ ᠶᠢ ᠵᠢᠯ ᠳᠤ ᠪᠠᠷᠤᠭ 35 ᠲᠦᠮᠡ ᠪᠠᠷ ᠪᠠᠲᠤᠯᠠᠨ ᠲᠣᠭᠲᠠᠪᠤᠷᠢᠵᠢᠭᠤᠯᠤᠨ᠎ᠠ | ᠃ 3616ᠲᠦᠮᠡᠨ ᠲᠦᠬᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠲᠠᠯ᠎ᠠ ᠨᠤᠲᠤᠭ ᠤᠨ ᠢᠳᠡᠰᠢᠨ ᠬᠤᠨᠢᠨ ᠤ ᠠᠵᠦ ᠦᠢᠯᠡᠰ ᠤᠨ ᠴᠤᠭᠯᠠᠷᠠᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠷᠭᠤ ᠬᠤᠨᠢᠨ ᠤ ᠪᠠᠷᠢᠮᠵᠢᠶᠠᠵᠢᠯ᠂ ᠬᠡᠪᠴᠢᠶᠡᠵᠢᠯ᠂ ᠦᠢᠯᠡᠰᠵᠢᠯ ᠪᠠ ᠳᠦᠷᠢᠮᠵᠢᠯ ᠤᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠦᠴᠦ ᠪᠠᠨ ᠲᠦᠪᠯᠡᠷᠡᠭᠦᠯᠦᠨ ᠰᠠᠶᠢᠨ ᠡᠭᠦᠯᠳᠡᠷ ᠤᠨ ᠢᠳᠡᠰᠢᠨ ᠦᠬᠡᠷ ᠤᠨ ᠠᠵᠦ ᠦᠢᠯᠡᠰ ᠢ ᠰᠢᠯᠢᠳᠡᠭᠵᠢᠭᠦᠯᠦᠨ ᠬᠦᠴᠦᠷᠭᠡᠭᠵᠢᠭᠦᠯᠵᠦ᠂ | ᠰᠢᠮᠧᠨ᠋ᠲ᠋ᠡᠷ ᠵᠡᠷᠭᠡ ᠮᠢᠬ᠎ᠠ ᠰᠠᠭᠠᠯᠢ ᠶᠢ ᠬᠤᠣᠰᠯᠠᠭᠤᠯᠤᠭᠰᠠᠨ ᠡᠭᠦᠯᠳᠡᠷ ᠤᠷᠤᠭᠤᠯᠬᠤ ᠶᠢ ᠵᠤᠷᠢᠭᠵᠢᠭᠤᠯᠤᠨ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ | ᠰᠢᠨᠵᠢᠯᠡᠬᠦ ᠤᠬᠠᠭᠠᠨᠴᠢ ᠪᠠᠷ ᠠᠷᠠᠴᠢᠯᠠᠬᠤ ᠶᠢ ᠳᠣᠪᠣᠶᠢᠯᠭᠠᠨ ᠠᠳᠬᠤᠵᠦ᠂ ᠢᠳᠡᠰᠢᠨ ᠦᠬᠡᠷ ᠤᠨ ᠠᠵᠦ ᠦᠢᠯᠡᠰ ᠤᠨ ᠪᠦᠬᠦᠯᠢ ᠴᠤᠭᠴᠠ ᠶᠢᠨ ᠶᠠᠰᠤ ᠴᠢᠨᠠᠷ ᠪᠠ | ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠷᠭᠤ ᠠᠳᠤᠭᠤ ᠶᠢᠨ ᠡᠭᠦᠯᠳᠡᠷ ᠢ ᠬᠠᠮᠠᠭᠠᠯᠠᠬᠤ ᠲᠥᠷᠥᠯ ᠵᠦᠢᠯ ᠢ ᠲᠣᠭᠲᠠᠭᠤᠨ ᠠᠬᠢᠭᠤᠯᠵᠤ᠂ | ᠠᠳᠤᠭᠤᠨ ᠤ ᠦᠢᠯᠡᠰ ᠤᠨ ᠬᠡᠯᠬᠢᠶᠡᠵᠢᠯ ᠢ ᠢᠳᠡᠪᠬᠢᠲᠡᠢ ᠪᠣᠶᠢᠵᠢᠭᠤᠯᠵᠤ᠂ ᠠᠵᠤ ᠦᠢᠯᠡᠰ ᠤᠨ ᠨᠡᠮᠡᠭᠳᠡᠯ ᠥᠷᠲᠡᠭ ᠢ ᠳᠡᠭᠡᠭᠰᠢᠯᠡᠭᠦᠯᠦᠨ᠎ᠡ᠃ ᠪᠡᠯᠴᠢᠭᠡᠷ ᠡᠪᠡᠰᠦᠨ ᠤ | ᠠᠵᠦ ᠦᠢᠯᠡᠰ ᠤᠨ ᠬᠦᠭᠵᠢᠯᠲᠡ ᠶᠢ ᠲᠦᠷᠭᠡᠳᠬᠡᠵᠦ᠂ ᠲᠡᠵᠢᠭᠡᠯ ᠡᠪᠡᠰᠦᠨ ᠤ ᠪᠠᠲᠤᠯᠠᠭ᠎ᠠ ᠪᠠᠨ ᠳᠡᠭᠡᠭᠰᠢᠯᠡᠭᠦᠯᠦᠨ᠎ᠡ᠃ | ᠦᠨᠳᠦᠰᠦᠲᠡᠨ ᠤ ᠤᠨᠴᠠᠯᠢᠭ ᠪᠦᠬᠦᠢ ᠤᠯᠠᠮᠵᠢᠯᠠᠯᠲᠦ ᠠᠵᠦ ᠦᠢᠯᠡᠰ ᠢ ᠰᠦᠪᠡᠭᠴᠢᠯᠡᠨ ᠬᠥᠭᠵᠢᠭᠦᠯᠦᠨ᠎ᠡ᠃ ᠦᠨᠳᠦᠰᠦᠲᠡᠨ ᠤ ᠤᠯᠠᠮᠵᠢᠯᠠᠯᠲᠤᠴᠠᠭᠠᠨ | ᠢᠳᠡᠭᠡᠨ᠂ ᠤᠯᠠᠭᠠᠨ ᠢᠳᠡᠭᠡᠨ ᠡᠳ᠋ᠰᠢᠭᠦᠯᠬᠦ ᠶᠢ ᠪᠠᠷᠢᠮᠵᠢᠶᠠᠵᠢᠭᠤᠯᠤᠨ᠂ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠦ᠂ ᠬᠦᠯᠦᠨ ᠪᠤᠶᠢᠷ ᠬᠤᠲᠠ ᠶᠢᠨ | ᠦᠨᠳᠦᠰᠦᠲᠡᠨ ᠤ ᠤᠨᠴᠠᠯᠢᠭ ᠪᠦᠬᠦᠢ ᠤᠯᠠᠮᠵᠢᠯᠠᠯᠲᠤ ᠪᠦᠲᠦᠭᠡᠭᠲᠡᠬᠦᠨ ᠤ ᠳᠠᠪᠠᠭᠤᠯᠢᠭ ᠤᠷᠤᠨ ᠢ ᠡᠭᠦᠳᠦᠨ ᠪᠠᠶᠢᠭᠤᠯᠤᠨ᠎ᠠ᠃ ᠰᠦ ᠶᠢᠨ ᠪᠦᠲᠦᠭᠡᠭᠳᠡᠬᠦᠨ ᠢ | ᠪᠠᠷᠢᠮᠵᠢᠶᠠᠵᠢᠭᠤᠯᠤᠨ ᠦᠢᠯᠡᠳᠪᠦᠷᠢᠯᠡᠬᠦ ᠮᠠᠷᠭᠡᠵᠢᠯ ᠤᠨ ᠰᠢᠰᠲ᠋ᠧᠮ ᠪᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠠᠩᠬᠢᠯᠤᠮ᠎ᠠ︾ ᠵᠡᠷᠭᠡ ᠨᠢᠭᠡ | ᠪᠦᠯᠦᠭ ᠣᠷᠣᠨ ᠨᠤᠲᠤᠭ ᠤᠨ ᠴᠠᠭᠠᠨ ᠢᠳᠡᠭᠡᠨ ᠤ ᠠᠵᠦ ᠠᠬᠤᠶᠢᠯᠠᠯ ᠤᠨ ᠪᠤᠬᠢᠷᠳᠤᠯ ᠦᠭᠡᠢ ᠢᠳᠠᠭᠡᠨ᠂ ᠤᠷᠭᠠᠨᠢᠭ ᠦᠢᠯᠡᠳᠬᠦᠨ ᠤ ᠭᠡᠷᠡᠴᠢᠯᠡᠯ ᠬᠢᠬᠦ ᠶᠢ ᠳᠡᠮᠵᠢᠵᠦ | ᠂ ᠠᠮᠦᠷ ᠲᠦᠪᠰᠢᠨ ᠤ ᠮᠦᠷᠳᠡᠯ ᠤᠨ ᠰᠢᠰᠲ᠋ᠧᠮ ᠢ ᠪᠠᠶᠢᠭᠤᠯᠤᠨ᠎ᠠ᠃ ᠴᠠᠭᠠᠨ ᠢᠳᠡᠭᠡᠨ᠂ ᠭᠠᠷ ᠤᠷᠠᠯᠠᠯ ᠤᠨ ᠠᠵᠦ ᠠᠬᠤᠶᠢᠯᠠᠯ ᠢ ᠵᠢᠯᠣᠭᠤᠳᠤᠨ᠂ | ᠨᠠᠷᠢᠯᠢᠭᠵᠢᠭᠤᠯᠤᠨ ᠪᠤᠯᠪᠠᠰᠤᠷᠠᠭᠤᠯᠬᠤ ᠲᠡᠰᠢ ᠬᠦᠭᠵᠢᠭᠦᠯᠵᠦ᠂ ᠦᠨᠳᠦᠰᠦᠲᠡᠨ ᠤ ᠤᠨᠴᠠᠯᠢᠭᠲᠤ ᠠᠵᠦ ᠦᠢᠯᠡᠰ ᠤᠨ ᠰᠠᠭᠤᠷᠢᠨ ᠭᠠᠵᠠᠷ ᠲᠤ ᠣᠷᠣᠬᠤ ᠶᠢ | ᠵᠤᠷᠢᠭᠵᠢᠭᠤᠯᠤᠨ᠂ ᠠᠵᠦ ᠦᠢᠯᠡᠰ ᠤᠨ ᠲᠦᠪᠯᠡᠷᠡᠯ ᠤᠨ ᠦᠢᠯᠡᠳᠦᠯ ᠢ ᠦᠨᠡᠨᠬᠦ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠦᠷᠢᠰᠦᠯᠳᠤᠬᠦ ᠬᠦᠴᠦᠨ ᠪᠤᠯᠤᠨ ᠨᠡᠷᠡᠲᠦ | ᠲᠡᠮᠳᠡᠭ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠤᠯᠠᠮᠵᠢᠯᠠᠯᠲᠤ ᠠᠵᠦ ᠦᠢᠯᠡᠰ ᠤᠨ ᠳᠡᠰ ᠢ ᠳᠡᠪᠰᠢᠭᠦᠯᠦᠨ᠎ᠡ᠃ ᠦᠨᠳᠦᠰᠦᠲᠡᠨ ᠤ ᠤᠨᠴᠠᠯᠢᠭᠲᠦ ᠠᠵᠦ | ᠦᠢᠯᠡᠰ ᠤᠨ ᠰᠠᠭᠤᠷᠢᠨ ᠭᠠᠵᠠᠷ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠦᠨᠳᠦᠰᠦᠲᠡᠨ ᠤ ᠤᠯᠠᠮᠵᠢᠯᠠᠯᠲᠤ ᠠᠵᠦ ᠦᠢᠯᠡᠰ + | ᠢᠨᠲ᠋ᠧᠷᠨᠧᠲ ᠰᠦᠯᠵᠢᠶ᠎ᠡ︾ ᠶᠢᠨ ᠬᠦᠭᠵᠢᠯᠲᠡ ᠶᠢᠨ ᠵᠠᠭᠪᠤᠷ ᠢ ᠶᠠᠬᠡᠪᠡᠷ ᠲᠦᠯᠬᠢᠨ ᠠᠬᠢᠭᠤᠯᠵᠦ᠂ 10 ᠡᠯᠧᠺᠲᠷᠣᠨ ᠬᠤᠳᠠᠯᠳᠤᠭᠠᠨ ᠤ ᠠᠵᠦ ᠠᠬᠤᠶᠢᠯᠠᠯ ᠢ ᠰᠢᠨ᠎ᠡ | ᠪᠠᠷ ᠨᠡᠮᠡᠭᠳᠡᠭᠦᠯᠬᠦ ᠪᠠᠷ ᠲᠦᠯᠦᠪᠯᠡᠵᠦ᠂ ᠡᠨᠡ ᠵᠢᠯ 500 ᠲᠦᠮᠡᠨ ᠲᠦᠬᠦᠷᠢᠭ ᠠᠴᠠ ᠳᠡᠭᠡᠭᠰᠢ ᠪᠠᠷᠠᠭ᠎ᠠ ᠶᠢ ᠰᠦᠯᠵᠢᠶ᠎ᠡ ᠪᠠᠷ ᠪᠣᠷᠣᠯᠠᠭᠤᠯᠤᠨ᠎ᠠ᠃ | ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠦᠨ᠎ᠡ᠃ ᠭᠠᠨᠵᠤᠤᠷ ᠭᠠᠴᠠᠭᠠᠨ ᠤ ᠰᠤᠶᠤᠯ ᠵᠢᠭᠤᠯᠴᠢᠯᠠᠯ ᠤᠨ ᠤᠨᠴᠠᠯᠢᠭᠲᠦ ᠵᠢᠵᠢᠭ ᠪᠠᠯᠭᠠᠰᠤ | ᠶᠢᠨ ᠲᠥᠷᠥᠯ ᠵᠦᠢᠯ ᠢ ᠲᠦᠷᠭᠡᠨ ᠪᠠᠶᠢᠭᠤᠯᠵᠤ᠂ ︽ᠬᠥᠯᠦᠨ ᠪᠣᠶᠢᠷ ᠨᠡᠷᠡᠮᠵᠢᠲᠦ︾ ᠲᠠᠯ᠎ᠠ ᠨᠤᠲᠤᠭ ᠤᠨ ᠠᠶᠠᠯᠠᠯ ᠵᠢᠭᠤᠯᠴᠢᠯᠠᠯ ᠤᠨ ᠭᠠᠯᠲᠦ ᠲᠡᠷᠭᠡᠨ ᠤ ᠪᠠᠷᠰᠲᠦ | ᠥᠷᠲᠡᠭᠡ ᠶᠢᠨ ᠡᠵᠡᠩᠨᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠶᠤᠯ ᠵᠢᠭᠤᠯᠴᠢᠯᠠᠯ ᠢ ᠤᠶᠠᠯᠳᠤᠭᠤᠯᠤᠨ ᠬᠥᠭᠵᠢᠭᠦᠯᠦᠨ᠎ᠡ᠃ ᠵᠢᠭᠤᠯᠴᠢᠯᠡᠯ ᠤᠨ ᠰᠠᠭᠤᠷᠢ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠵᠤ᠂ ᠨᠣᠭᠤᠭᠠᠨᠨᠠᠭᠤᠷ ᠤᠨ ᠵᠢᠭᠤᠯᠴᠢᠯᠠᠯ ᠤᠨ ᠤᠷᠤᠨ᠂ ᠨᠤᠮᠤᠨ ᠬᠠᠨ ᠤ ᠳᠠᠶᠢᠨ ᠤ ᠪᠠᠭᠤᠷᠢ᠂ | ᠬᠢᠯᠢ ᠶᠢᠨ ᠭᠤᠣᠯ ᠤᠨ ᠵᠢᠭᠤᠯᠴᠢᠯᠡᠯ ᠤᠨ ᠥᠷᠲᠡᠭᠡ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠡᠨᠡ ᠵᠢᠯ ᠪᠦᠬᠦᠨ ᠢ ᠠᠰᠢᠭᠯᠠᠯᠲᠠ ᠳᠤ ᠤᠷᠤᠭᠤᠯᠬᠤ ᠪᠠᠷ | ᠴᠢᠷᠮᠠᠶᠢᠨ᠎ᠠ᠃ ︽ᠵᠢᠭᠤᠯᠴᠢᠯᠡᠯ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ︾ ᠶᠢ ᠨᠠᠶᠢᠷᠠᠭᠤᠯᠵᠤ᠂ ᠮᠦᠰᠦ ᠴᠠᠰᠤᠨ ᠤ ᠵᠢᠭᠤᠯᠴᠢᠯᠠᠯ ᠵᠡᠷᠭᠡ ᠤᠳᠤ ᠦᠶ᠎ᠡ | ᠶᠢᠨ ᠤᠨᠴᠠᠯᠢᠭᠲᠦ ᠵᠢᠭᠤᠯᠴᠢᠯᠠᠯ ᠤᠨ ᠠᠵᠦ ᠦᠢᠯᠡᠰ ᠢ ᠬᠦᠴᠦᠷᠬᠡᠭᠵᠢᠭᠦᠯᠵᠦ᠂ ᠭᠤᠸᠠᠩᠵᠸᠦ ᠮᠠᠰᠢᠨ ᠲᠡᠷᠭᠡᠨ ᠤ ᠪᠦᠯᠦᠭᠯᠡᠯ ᠤᠨ ᠬᠦᠢᠲᠡᠨ ᠣᠷᠣᠨ ᠤ ᠮᠦᠰᠦ | ᠴᠠᠰᠤᠨ ᠳᠤ ᠲᠤᠷᠰᠢᠨ ᠵᠢᠯᠤᠭᠤᠳᠬᠤ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠦ᠂ ︽ᠬᠦᠢᠲᠡᠨ ᠡᠬᠢ ᠪᠠᠶᠠᠯᠢᠭ︾ ᠤᠨ ︽ᠬᠠᠯᠠᠭᠤᠨ | ᠦᠢᠯᠡᠴᠢᠯᠡᠭᠡ︾ ᠶᠢ ᠪᠠᠳᠠᠷᠠᠭᠤᠯᠤᠨ᠎ᠠ᠃ ᠬᠦᠬᠡ ᠵᠢᠮᠢᠰᠭᠡᠨ᠎ᠡ ᠶᠢ ᠠᠰᠢᠭᠯᠠᠨ ᠬᠦᠭᠵᠢᠭᠦᠯᠬᠦ ᠲᠦᠷᠦᠯ ᠵᠦᠢᠯ ᠢ ᠰᠢᠨ᠎ᠡ ᠪᠠᠷ ᠪᠠᠶᠢᠭᠤᠯᠵᠦ᠂ ᠴᠠᠴᠠᠷᠭᠠᠨ᠎ᠠ ᠪᠠ ᠡᠪᠡᠰᠦᠨ | ᠡᠮ ᠲᠠᠷᠢᠬᠤ ᠠᠵᠦ ᠦᠢᠯᠡᠰ ᠢ ᠰᠣᠳᠣᠯᠤᠨ ᠦᠢᠯᠡᠳᠪᠦᠷᠢᠯᠡᠬᠦ᠂ ᠦᠢᠯᠡᠳᠬᠦᠨ ᠢ ᠪᠣᠷᠣᠯᠠᠭᠤᠯᠬᠤ ᠪᠠ ᠵᠤᠭᠠᠴᠠᠭᠤᠯᠤᠨ ᠰᠣᠨᠢᠷᠬᠠᠭᠤᠯᠬᠤ ᠠᠵᠤ ᠦᠢᠯᠡᠰ ᠤᠨ ᠪᠦᠲᠦᠨ | ᠬᠡᠯᠬᠢᠶᠡᠵᠢᠯ ᠪᠣᠯᠭᠠᠨ ᠬᠦᠭᠵᠢᠭᠦᠯᠵᠦ᠂ ᠬᠡᠯᠪᠡᠷᠢ ᠶᠢᠨ ᠰᠢᠯᠵᠢᠯᠲᠡ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃ ᠤᠢ ᠰᠢᠭᠤᠢ ᠶᠢᠨ ᠡᠷᠡᠭᠦᠯᠵᠢᠯ | ᠰᠤᠪᠢᠯᠠᠯᠲᠠ ᠶᠢᠨ ᠠᠵᠦ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠦ᠂ ᠰᠣᠶᠤᠯ ᠵᠢᠭᠤᠯᠴᠢᠯᠠᠯ ᠤᠨ ᠠᠵᠦ | ᠦᠢᠯᠡᠰ ᠢ ᠰᠢᠯᠢᠳᠡᠭᠵᠢᠭᠦᠯᠦᠨ ᠰᠠᠶᠢᠵᠢᠷᠠᠭᠤᠯᠤᠨ᠎ᠠ᠃ | ︵ᠭᠤᠷᠪᠡ︶ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠮᠠᠯᠵᠢᠬᠤ ᠤᠷᠤᠨ ᠤ ᠬᠦᠭᠵᠢᠯᠲᠡ ᠶᠢᠨ | ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ | ᠠᠪᠴᠠᠯᠳᠤᠭᠤᠯᠤᠨ᠎ᠠ᠃ ︽ᠳᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠶᠠᠳᠠᠭᠤᠷᠠᠯ ᠠᠴᠠ ᠰᠡᠷᠭᠡᠶᠢᠯᠡᠬᠦ ᠶᠢ ᠬᠢᠨᠠᠨ | ᠬᠡᠮᠵᠢᠬᠦ ᠪᠠ ᠳᠣᠣᠷ᠎ᠠ ᠣᠷᠣᠯᠭ᠎ᠠ ᠲᠠᠢ ᠬᠦᠮᠦᠨ ᠠᠮᠠ ᠶᠢ ᠬᠠᠪᠰᠤᠷᠤᠨ ᠲᠡᠳᠬᠦᠬᠦ ᠲᠤᠭᠲᠠᠴᠠ ᠶᠢ ᠲᠡᠭᠦᠯᠳᠡᠷᠵᠢᠭᠦᠯᠵᠦ᠂ ᠣᠳᠣ ᠬᠡᠷᠡᠭᠵᠢᠭᠦᠯᠵᠦ ᠪᠠᠶᠢᠭ᠎ᠠ | ᠶᠠᠳᠠᠭᠤ ᠠᠴᠠ ᠠᠩᠭᠢᠵᠢᠷᠠᠭᠤᠯᠬᠤ ᠲᠦᠷᠦ ᠶᠢᠨ ᠪᠤᠳᠤᠯᠭ᠎ᠠ᠂ ᠪᠡᠯᠡ ᠮᠥᠩᠭᠦ᠂ ᠬᠠᠪᠰᠤᠷᠤᠯᠭ᠎ᠠ ᠳᠡᠮᠵᠢᠯᠭᠡ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠪᠠᠷᠠᠭᠤᠨ | ᠤᠷᠤᠨ ᠤ ᠶᠠᠳᠠᠭᠤ ᠠᠴᠠ ᠠᠩᠭᠢᠵᠢᠷᠠᠭᠰᠠᠨ ᠰᠢᠶᠠᠨ ᠤ ᠳᠤᠮᠳᠠ ᠠᠴᠠ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠷ ᠨᠢᠭᠡ ᠪᠦᠯᠦᠭ ᠬᠤᠰᠢᠭᠤ ᠰᠢᠶᠠᠨ ᠢ | ᠭᠤᠤᠯᠳᠠᠯᠭ᠎ᠠ ᠲᠠᠢ ᠳᠡᠮᠵᠢᠬᠦ ᠤᠯᠤᠰ ᠤᠨ ᠲᠥᠷᠦ ᠶᠢᠨ ᠪᠣᠳᠤᠯᠭ᠎ᠠ ᠶᠢ ᠴᠢᠷᠮᠠᠶᠢᠨ ᠣᠯᠵᠤ᠂ 3546 ᠲᠦᠮᠡᠨ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠦ᠂ | ᠶᠠᠳᠠᠭᠤ ᠠᠴᠠ ᠠᠩᠭᠢᠵᠢᠷᠠᠭᠤᠯᠬᠤᠠᠵᠦ ᠦᠢᠯᠡᠰ ᠤᠨ ᠰᠠᠭᠤᠷᠢ ᠲᠦᠬᠦᠭᠡᠷᠦᠮᠵᠢ᠂ ᠴᠢᠳᠠᠪᠤᠷᠢᠲᠠᠨ ᠮᠡᠷᠭᠡᠵᠢᠯᠲᠡᠨ᠂ ᠡᠵᠡᠩᠨᠡᠯᠲᠡ ᠪᠤᠷᠤᠯᠠᠭᠤᠯᠭ᠎ᠠ ᠵᠡᠷᠭᠡ ᠶᠢᠨ | ᠳᠤᠲᠠᠭᠳᠠᠯ ᠢᠶᠠᠨ ᠲᠦᠷᠭᠡᠨ ᠨᠦᠬᠦᠪᠦᠷᠢᠯᠡᠵᠦ᠂ ᠳᠣᠣᠷ᠎ᠠ ᠣᠷᠣᠯᠭ᠎ᠠ ᠲᠠᠢ ᠬᠦᠮᠦᠰ ᠤᠨ ᠳᠤᠲᠤᠭᠠᠳᠤ ᠬᠦᠴᠦᠨ ᠢ ᠳᠠᠶᠢᠴᠢᠯᠡᠨ᠂ ᠶᠠᠳᠠᠭᠤ ᠠᠴᠠ ᠠᠩᠭᠢᠵᠢᠷᠠᠭᠤᠯᠬᠤ | ᠠᠵᠦ ᠦᠢᠯᠡᠰ ᠤᠨ ᠳᠡᠰ ᠳᠠᠪᠰᠢᠬᠦ ᠶᠢ ᠠᠬᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠢᠳᠡᠭ ᠢᠳᠡᠭ ᠢᠶᠠᠷ ᠬᠥᠳᠡᠭᠡ | ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠡᠰᠢ ᠲᠣᠭᠲᠠᠭᠤᠨ ᠢᠶᠠᠷ ᠰᠢᠯᠵᠢᠭᠦᠯᠦᠨ᠎ᠡ᠃ | ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠦᠴᠦᠲᠠᠢ ᠠᠬᠢᠭᠤᠯᠤᠨ᠎ᠠ᠃ ︽ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠲᠦᠯᠦᠪᠵᠢᠭᠦᠯᠭᠡ︾ ᠪᠠᠷ ᠬᠥᠲᠥᠴᠢ ᠪᠤᠯᠭᠠᠬᠤ ᠶᠢ ᠪᠠᠷᠢᠮᠲᠠᠯᠠᠨ᠂ ᠪᠦᠬᠦ ᠤᠯᠤᠰ ᠤᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠴᠡᠭ ᠪᠠᠶᠢᠭᠤᠯᠬᠤ ᠪᠠᠷ ᠳᠠᠶᠢᠴᠢᠯᠠᠯᠲᠠ ᠪᠣᠯᠭᠠᠵᠤ᠂ ︽ᠨᠢᠭᠡ ᠲᠤᠰᠬᠤᠨ ᠨᠢᠭᠡ ᠦᠢᠯᠡᠳᠬᠦᠨ︾ ᠤ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠦᠨ᠎ᠡ᠃ ᠮᠠᠯᠵᠢᠬᠤ | ᠤᠷᠤᠨ ᠤ ᠰᠠᠭᠤᠷᠢ ᠲᠦᠬᠦᠭᠡᠷᠦᠮᠵᠢ ᠳᠠᠬᠢ ᠪᠡᠯᠡ ᠤᠷᠤᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠤᠰᠣ᠂ ᠴᠠᠬᠢᠯᠭᠠᠨ᠂ ᠵᠠᠮ ᠬᠠᠷᠢᠯᠴᠠᠭ᠎ᠠ ᠬᠢᠭᠡᠳ ᠴᠢᠮᠡᠭᠡ | ᠨᠡᠪᠲᠡᠷᠡᠯᠭᠡ ᠵᠡᠷᠭᠡ ᠰᠠᠭᠤᠷᠢ ᠲᠦᠬᠦᠭᠡᠷᠦᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠠᠯᠵᠢᠬᠤ ᠤᠷᠤᠨ ᠤ ᠵᠣᠷᠯᠣᠩ ᠢ | ᠥᠭᠡᠷᠡᠴᠢᠯᠡᠨ ᠰᠠᠶᠢᠵᠢᠷᠠᠭᠤᠯᠬᠤ ᠪᠠ ᠠᠶᠢᠯ ᠲᠤᠰᠬᠤᠨ ᠤ ᠤᠷᠴᠢᠨ ᠲᠤᠭᠤᠷᠢᠨ ᠢ ᠴᠡᠪᠡᠷᠯᠡᠨ ᠴᠡᠭᠴᠡᠯᠡᠬᠦ ᠶᠢ ᠢᠳᠡᠪᠬᠢᠲᠡᠢ ᠠᠬᠢᠭᠤᠯᠵᠤ᠂ ᠮᠠᠯᠵᠢᠬᠤ ᠤᠷᠤᠨ ᠤ | ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠬᠦᠴᠦᠯᠡᠨ ᠰᠠᠶᠢᠵᠢᠷᠠᠭᠤᠯᠤᠨ᠎ᠠ᠃ ᠮᠠᠯ ᠵᠢᠭᠦᠷᠲᠡᠨ ᠤ ᠢᠯᠭᠠᠳᠠᠰᠤ ᠶᠢᠨ ᠪᠤᠬᠢᠷᠳᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠲᠥᠷᠦᠯ ᠵᠦᠢᠯ ᠢ ᠬᠡᠷᠡᠭᠵᠢᠭᠦᠯᠵᠦ᠂ ᠲᠠᠷᠢᠵᠦ ᠲᠡᠵᠢᠭᠡᠬᠦ ᠶᠢ ᠤᠶᠠᠯᠳᠤᠭᠤᠯᠤᠭᠰᠠᠨ ᠲᠠᠷᠢᠶᠠᠯᠠᠩ ᠮᠠᠯ ᠠᠵᠦ ᠠᠬᠤᠢ ᠶᠢᠨ | ᠲᠣᠭᠲᠠᠪᠤᠷᠢᠲᠠᠢ ᠬᠦᠭᠵᠢᠯᠲᠡ ᠶᠢᠨ ᠬᠡᠯᠪᠡᠷᠢ ᠶᠢ ᠪᠤᠢ ᠪᠤᠯᠭᠠᠨ᠎ᠠ᠃ ᠠᠵᠦ ᠦᠢᠯᠡᠰ ᠤᠨ ᠴᠤᠭᠯᠠᠷᠠᠯ ᠢ ᠲᠠᠰᠤᠷᠠᠯᠲᠠ ᠦᠭᠡᠢ ᠪᠤᠵᠠᠭᠠᠶᠢᠷᠠᠭᠤᠯᠵᠦ᠂ ᠭᠠᠴᠠᠭ᠎ᠠ ᠨᠢᠭᠡᠪᠦᠷᠢ | ᠳᠤ ᠲᠤᠬᠠᠢ ᠶᠢᠨ ᠭᠠᠵᠠᠷ ᠣᠷᠣᠨ ᠳᠤᠨᠢ ᠲᠣᠬᠢᠷᠠᠭᠰᠠᠨ 1 ᠠᠴᠠ 2 ᠭᠤᠣᠯᠯᠠᠬᠤ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠵᠦ᠂ ᠭᠠᠴᠠᠭᠠᠨ ᠤ ᠬᠠᠮᠲᠦ ᠶᠢᠨ | ᠠᠵᠦ ᠠᠬᠤᠢ ᠶᠢᠨ ᠤᠷᠤᠯᠭ᠎ᠠ ᠶᠢ ᠲᠤᠭᠲᠠᠭᠤᠨ ᠢᠶᠠᠷ ᠨᠡᠮᠡᠭᠳᠡᠭᠦᠯᠦᠨ᠎ᠡ᠃ ᠮᠠᠯᠵᠢᠬᠤ ᠤᠷᠤᠨ ᠤ ᠬᠠᠮᠲᠦ ᠶᠢᠨ ᠥᠮᠴᠢᠯᠡᠯ ᠤᠨ ᠳᠦᠷᠢᠮ ᠤᠨ ᠦᠭᠡᠷᠡᠴᠢᠯᠡᠯᠲᠡ ᠶᠢ | ᠡᠮᠬᠢ ᠵᠢᠷᠤᠮ ᠲᠠᠢ ᠲᠦᠯᠬᠢᠨ ᠠᠬᠢᠭᠤᠯᠵᠤ᠂ ᠰᠢᠨ᠎ᠡ ᠮᠠᠶ᠋ᠢᠭ ᠤᠨ ᠮᠠᠯ ᠠᠵᠦ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢ ᠢᠳᠡᠪᠬᠢᠲᠡᠢ ᠪᠣᠶᠢᠵᠢᠭᠤᠯᠤᠨ᠎ᠠ᠃ | ᠮᠠᠯᠴᠢᠳ ᠤᠨ ᠲᠤᠰᠬᠠᠢ ᠬᠤᠷᠰᠢᠶᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠱᠢᠶ᠎ᠡ ᠦᠵᠡᠭᠦᠯᠬᠦ ᠬᠤᠷᠰᠢᠶᠠᠵᠢᠯ ᠢ ᠪᠠᠷᠢᠮᠵᠢᠶᠠᠨ ᠳᠤ | ᠬᠦᠷᠭᠡᠵᠦ ᠳᠡᠰ ᠳᠡᠪᠰᠢᠭᠦᠯᠬᠦ ᠪᠠ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠦᠨ᠎ᠡ᠃ | ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ᠦᠪᠡᠷᠲᠡᠭᠡᠨ ᠵᠠᠰᠠᠬᠤ ᠤᠷᠤᠨ ᠪᠤᠯᠤᠨ ᠬᠦᠯᠦᠨ ᠪᠤᠶᠢᠷ | ᠬᠤᠲᠠ ᠶᠢᠨ ︽ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠪ︾ ᠢ ᠴᠢᠩᠭ᠎ᠠ ᠨᠠᠶᠢᠳᠠᠪᠤᠷᠢᠵᠢᠭᠤᠯᠵᠦ᠂ ︽ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠪᠤᠶᠤ ᠭᠡᠷ ᠪᠦᠯᠢ ᠶᠢᠨ ᠮᠠᠯᠵᠢᠯ ᠤᠨ ᠲᠠᠯᠠᠪᠠᠢ + ᠬᠤᠷᠰᠢᠶᠠᠵᠢᠯ + ᠡᠳ᠋ᠰᠢᠭᠦᠯᠬᠦ ᠦᠢᠯᠡᠳᠪᠦᠷᠢ︾ ᠶᠢ ᠨᠢᠭᠡ | ᠴᠤᠭᠴᠠᠵᠢᠭᠤᠯᠤᠭᠰᠠᠨ ᠡᠵᠡᠩᠨᠡᠯᠲᠡ ᠶᠢᠨ ᠬᠡᠯᠪᠡᠷᠢ ᠶᠢ ᠶᠡᠬᠡᠪᠡᠷ ᠬᠥᠭᠵᠢᠭᠦᠯᠦᠨ᠎ᠡ᠃ ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠵᠦ᠂ ᠨᠡᠶᠢᠭᠡᠮ ᠤᠨ ᠬᠦᠷᠦᠩᠭᠡ ᠪᠤᠯᠤᠨ ᠲᠣᠯᠤᠭᠠᠶᠢᠯᠠᠭᠴᠢ ᠠᠵᠦ ᠠᠬᠤᠶᠢᠯᠠᠯ ᠠᠴᠠ ᠪᠡᠯᠡ ᠣᠷᠣᠭᠤᠯᠤᠨ᠂ ᠰᠦ ᠰᠠᠭᠠᠯᠢ ᠶᠢᠨ ᠰᠠᠭᠤᠷᠢᠨ ᠭᠠᠵᠠᠷ ᠢ | ᠪᠠᠶᠢᠭᠤᠯᠬᠤ ᠶᠢ ᠵᠣᠷᠢᠭᠵᠢᠭᠤᠯᠵᠤ᠂ ᠰᠠᠭᠠᠯᠢ ᠶᠢᠨ ᠦᠨᠢᠶᠡᠨ ᠤ ᠮᠠᠯᠵᠢᠯ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠬᠢᠷᠢ ᠲᠦᠪᠰᠢᠨ | ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠰᠦ ᠶᠢᠨ ᠪᠦᠲᠦᠭᠡᠭᠳᠡᠬᠦᠨ ᠢ ᠵᠢᠷᠤᠮᠵᠢᠭᠤᠯᠤᠨ ᠦᠢᠯᠡᠳᠪᠦᠷᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ | ᠴᠠᠭᠠᠨ ᠢᠳᠡᠭᠡᠨ ᠤ ᠠᠵᠦ ᠠᠬᠤᠶᠢᠯᠠᠯ᠂ ᠰᠦ ᠶᠢᠨ ᠦᠢᠯᠡᠰ ᠤᠨ ᠬᠤᠷᠰᠢᠶᠠᠵᠢᠯ ᠪᠤᠯᠤᠨ12 ᠴᠠᠭᠠᠨ ᠢᠳᠡᠭᠡᠨ ᠤ ᠦᠢᠯᠡᠳᠬᠡᠯ ᠤᠨ ᠭᠠᠵᠠᠷ ᠤᠨ ᠬᠦᠴᠦᠷᠬᠡᠭᠵᠢᠨ | ᠪᠤᠵᠠᠭᠠᠶᠢᠷᠠᠬᠤ ᠶᠢ ᠳᠡᠮᠵᠢᠵᠦ᠂ ᠪᠠᠷᠭᠤ ᠴᠠᠭᠠᠨ ᠢᠳᠠᠭᠡᠨ ᠤ ᠭᠠᠷᠤᠯᠲᠠ ᠶᠢᠨ ᠣᠷᠣᠨ ᠤ ᠭᠠᠵᠠᠷ ᠵᠦᠢ ᠶᠢᠨ ᠰᠢᠨᠵᠢ ᠳᠡᠮᠳᠡᠭ ᠢ ᠨᠣᠲᠠᠯᠠᠨ ᠲᠣᠭᠲᠠᠭᠠᠬᠤ ᠠᠵᠢᠯ ᠢ | ᠠᠬᠢᠭᠤᠯᠤᠨ᠎ᠠ᠃ | ︵ᠳᠦᠷᠪᠡ︶ ᠲᠤᠲᠤᠭᠠᠳᠤ ᠬᠡᠷᠡᠭᠴᠡᠭᠡ ᠶᠢ ᠦᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ | ᠪᠡᠯᠡ ᠤᠷᠤᠭᠤᠯᠤᠯᠲᠠ ᠶᠢᠨ ᠬᠡᠷᠡᠭᠯᠡᠭᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠦ᠂ | ᠪᠦᠲᠦᠮᠵᠢᠲᠡᠢ ᠪᠡᠯᠡ ᠤᠷᠤᠭᠤᠯᠤᠯᠲᠠ ᠶᠢ ᠦᠷᠭᠦᠯᠵᠢᠯᠡᠨ ᠦᠷᠭᠡᠳᠬᠡᠨ᠎ᠡ᠃ 4 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠦ᠂ ᠵᠠᠰᠠᠭ ᠤᠨ | ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ ᠵᠡᠷᠭᠡ 6 ᠵᠦᠢᠯ ᠤᠨ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠦᠷᠦᠯ ᠵᠦᠢᠯ᠂ ᠠᠮᠤᠭᠤᠯᠠᠩ | ᠪᠠᠯᠭᠠᠰᠤᠨ ᠤ ᠢᠳᠡᠰᠢᠨ ᠦᠬᠡᠷ ᠦᠷᠡᠵᠢᠭᠦᠯᠦᠨ ᠲᠡᠵᠢᠭᠡᠬᠦ ᠵᠡᠷᠭᠡ 14 ᠵᠦᠢᠯ ᠤᠨ ᠬᠤᠰᠢᠭᠤᠨ ᠤ ᠳᠡᠰ ᠤᠨ ᠭᠤᠤᠯᠳᠠᠯᠭ᠎ᠠ ᠲᠠᠢ ᠲᠥᠷᠥᠯ ᠵᠦᠢᠯ ᠢ ᠪᠦᠬᠦ ᠬᠦᠴᠦᠨ | ᠢᠶᠠᠷ ᠬᠡᠷᠡᠭᠵᠢᠭᠦᠯᠵᠦ᠂ ᠲᠥᠷᠥᠯ ᠵᠦᠢᠯ ᠤᠨ ᠳᠠᠭᠠᠭᠤᠯᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠦᠷᠦ ᠶᠢᠨ ᠪᠤᠳᠤᠯᠭ᠎ᠠ ᠶᠢᠨ ᠴᠢᠭ | ᠬᠠᠨᠳᠤᠯᠭ᠎ᠠ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠶᠢ ᠴᠢᠩᠭ᠎ᠠ ᠠᠩᠬᠠᠷᠴᠦ᠂ ᠨᠡᠶᠢᠭᠡᠮ ᠤᠨ ᠬᠦᠷᠦᠩᠭᠡ ᠶᠢ ᠢᠳᠡᠪᠬᠢᠲᠡᠢ ᠬᠦᠲᠦᠯᠦᠨ ᠵᠢᠯᠤᠭᠤᠳᠴᠦ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠭᠤᠯᠤᠨ᠂ ᠲᠠᠲᠠᠪᠤᠷᠢ ᠬᠦᠩᠭᠡᠯᠡᠵᠦ ᠰᠦᠢᠳᠬᠡᠯ ᠪᠠᠭᠤᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠠᠵᠦ ᠠᠬᠤᠶᠢᠯᠠᠯ ᠪᠣᠯᠤᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠰᠢᠢᠳᠪᠦᠷᠢᠯᠡᠵᠦ ᠦᠭᠭᠦᠨ᠂ ᠠᠵᠦ ᠠᠬᠤᠢ ᠶᠢᠨ | ᠭᠤᠣᠯ ᠴᠤᠭᠴᠠ ᠶᠢ ᠬᠦᠭᠵᠢᠭᠡᠨ᠎ᠡ᠃ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠪᠠ ᠨᠡᠷ᠎ᠡ ᠠᠯᠳᠠᠷ ᠢ ᠳᠡᠭᠡᠭᠰᠢᠯᠡᠭᠦᠯᠵᠦ᠂ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠬᠦᠯᠳᠡᠭᠦᠦ ᠪᠠᠷᠠᠭᠠᠨ ᠤ ᠭᠦᠢᠯᠭᠡᠭᠡ ᠪᠠ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠳᠠᠯᠳᠤᠨ ᠠᠪᠬᠤ ᠴᠢᠳᠠᠪᠤᠷᠢ ᠶᠢ ᠨᠡᠮᠡᠭᠳᠡᠭᠦᠯᠦᠨ᠂ ᠬᠡᠷᠡᠭᠯᠡᠭᠡ ᠶᠢᠨ ᠨᠡᠮᠡᠭᠳᠡᠯ ᠢ ᠠᠬᠢᠭᠤᠯᠤᠨ᠎ᠠ᠃ | ᠠᠷᠠᠯᠵᠢᠶ᠎ᠠ ᠡᠷᠬᠢᠯᠡᠬᠦ ᠤᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠪᠠᠷᠢᠮᠵᠢᠶᠠᠵᠢᠭᠤᠯᠤᠭᠠ | ᠶᠢ ᠲᠦᠷᠭᠡᠳᠬᠡᠵᠦ᠂ ︽ᠨᠢᠭᠡ ᠯᠠ ᠤᠳᠠᠭ᠎ᠠ ᠳᠤ ᠭᠦᠢᠴᠡᠳᠬᠡᠬᠦ︾ ᠵᠦᠢᠯᠡᠰ ᠤᠨ ᠨᠠᠷᠢᠨ ᠵᠢᠭᠰᠠᠭᠠᠯᠲᠠ ᠶᠢ ᠴᠡᠭᠴᠡᠯᠡᠨ ᠨᠡᠶᠢᠲᠡᠯᠡᠵᠦ᠂ ︽ᠨᠢᠭᠡ ᠴᠣᠩᠬᠤᠨ ᠳᠤ | ᠬᠦᠯᠢᠶᠡᠨ ᠠᠪᠴᠦ᠂ ᠲᠦᠪᠯᠡᠷᠡᠭᠦᠯᠦᠨ ᠦᠢᠯᠡᠴᠢᠯᠡᠬᠦ︾ ᠦᠭᠡᠷᠡᠴᠢᠯᠡᠯᠲᠡ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠪᠦᠬᠦ ᠲᠠᠯ᠎ᠠ | ᠪᠠᠷ ᠰᠢᠯᠢᠳᠡᠭᠵᠢᠭᠦᠯᠦᠨ᠂ ᠦᠢᠯᠡᠴᠢᠯᠡᠭᠡᠨ ᠤ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠭᠡᠯ ᠢ ᠢᠯᠡᠳᠲᠡ ᠨᠡᠮᠡᠭᠳᠡᠭᠦᠯᠦᠨ᠎ᠡ᠃ ᠠᠵᠦ | ᠠᠬᠤᠶᠢᠯᠠᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠢᠨᠲ᠋ᠧᠷᠨᠧᠲ ᠰᠦᠯᠵᠢᠶ᠎ᠡ + ᠮᠡᠳᠡᠭᠡ ᠵᠠᠩᠭᠢ ᠶᠢ ᠢᠯᠡ | ᠪᠤᠯᠭᠠᠬᠤ︾ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠢᠨᠲ᠋ᠥ᠋ᠷᠥᠯ ᠵᠦᠢᠯ ᠤᠨ ᠬᠢᠨᠠᠨ ᠵᠦᠪᠰᠢᠶᠡᠷᠡᠬᠦ ᠳᠦᠷᠢᠮ ᠤᠨ | ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠦ᠂ ᠬᠢᠨᠠᠨ ᠵᠦᠪᠰᠢᠶᠡᠷᠡᠬᠦ ᠬᠤᠭᠤᠴᠠᠭ᠎ᠠ ᠶᠢ ᠪᠠᠭᠠᠰᠬᠠᠵᠤ᠂ 90 ᠠᠵᠢᠯᠯᠠᠬᠤ ᠡᠳᠦᠷ ᠢᠶᠠᠷ ᠬᠢᠵᠠᠭᠠᠷᠯᠠᠨ᠎ᠠ᠃ | ︵ᠲᠠᠪᠤ︶ ᠲᠤᠳᠤᠭᠠᠳᠣ ᠭᠠᠳᠠᠭᠠᠳᠣ ᠡᠷᠬᠢᠯᠳᠡ ᠶᠢ ᠪᠠᠷᠢᠮᠳᠠᠯᠠᠵᠤ᠂ ᠤᠮᠠᠷᠠᠰᠢ ᠨᠡᠭᠡᠭᠡᠯᠳᠡ ᠬᠢᠬᠦ ᠠᠯᠬᠤᠮ ᠢᠶᠠᠨ ᠲᠦᠷᠭᠡᠳᠭᠡᠨ᠎ᠡ᠃ | ᠪᠤᠭᠤᠮᠳᠠ ᠶᠢᠨ ᠪᠠᠳᠣᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠡᠪᠤᠳᠦᠭ ᠪᠤᠭᠤᠮᠳᠠ ᠶᠢᠨ ᠤᠷᠤᠨ ᠪᠠᠶᠢᠷᠢᠰᠢᠯᠠᠯ᠂ ᠡᠬᠢ ᠪᠠᠶᠠᠯᠢᠭ | ᠪᠤᠯᠤᠨ ᠥᠪᠡᠷᠮᠢᠴᠡ ᠤᠨᠴᠠᠯᠢᠭ ᠤᠨ ᠲᠠᠪᠠᠭᠤᠯᠢᠭ ᠢ ᠦᠨᠡᠨᠬᠦ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠤᠨ ᠪᠠᠶᠢᠯᠳᠣᠬᠤ ᠪᠣᠳᠣᠯᠭ᠎ᠠ ᠲᠠᠢ ᠤᠶᠠᠯᠳᠤᠭᠤᠯᠬᠤ | ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠠᠰᠠᠷ᠂ ᠬᠢᠨᠠᠨ ᠬᠠᠮᠢᠶᠠᠷᠬᠤ ᠲᠤᠭᠤᠷᠢᠭ ᠢ ᠢᠳᠡᠪᠬᠢᠲᠡᠢ ᠪᠠᠶᠢᠭᠤᠯᠵᠤ᠂ | ᠬᠢᠯᠢ ᠶᠢᠨ ᠭᠤᠣᠯ ᠤᠨ ᠬᠤᠶᠠᠳᠤᠭᠠᠷ ᠬᠦᠬᠦᠷᠭᠡ ᠶᠢ ᠪᠠᠶᠢᠭᠤᠯᠬᠤ ᠣᠯᠣᠰ ᠤᠨ ᠵᠦᠪᠰᠢᠶᠡᠷᠡᠯ ᠢ ᠴᠢᠷᠮᠠᠶᠢᠨ ᠣᠯᠵᠤ᠂ ᠪᠤᠭᠤᠮᠳᠠ ᠶᠢᠨ ᠰᠠᠭᠤᠷᠢ ᠲᠦᠬᠦᠭᠡᠷᠤᠮᠵᠢ᠂ | ᠰᠤᠷᠠᠭ ᠵᠠᠩᠭᠢᠵᠢᠯᠲᠠ ᠪᠠ ᠨᠡᠪᠲᠡᠷᠡᠬᠦ ᠴᠢᠳᠠᠪᠬᠢ ᠶᠢ ᠰᠠᠶᠢᠵᠢᠷᠠᠭᠤᠯᠵᠤ᠂ ᠪᠣᠭᠤᠮᠲᠠ ᠶᠢᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠳ᠋ᠠᠴᠢᠩ | ᠺᠣᠮᠫᠠᠨᠢ ᠶᠢᠨ ᠮᠤᠩᠭᠤᠯ ᠤᠯᠤᠰ ᠤᠨ ︽ᠲᠠᠮᠴᠠᠭ︾ ᠳᠠᠬᠢ ᠬᠢᠯᠢ ᠶᠢᠨ ᠭᠠᠳᠠᠭᠠᠳᠦ ᠠᠴᠠ ᠴᠢᠯᠠᠭᠤᠨ ᠲᠤᠰᠤ ᠤᠯᠪᠤᠷᠢᠯᠠᠬᠤ ᠲᠦᠷᠦᠯ ᠵᠦᠢᠯ ᠢ ᠪᠦᠬᠦ ᠲᠠᠯ᠎ᠠ ᠪᠠᠷ | ᠲᠠᠮᠵᠢᠵᠤ᠂ ᠪᠣᠭᠤᠮᠲᠠ ᠪᠠᠷ ᠲᠥᠭᠦᠬᠡᠢ ᠴᠢᠯᠠᠭᠤᠨ ᠲᠤᠰᠤ ᠣᠷᠣᠭᠤᠯᠬᠤ ᠬᠡᠮᠵᠢᠶ᠎ᠡ ᠶᠢ ᠨᠡᠮᠡᠭᠳᠡᠭᠦᠯᠵᠦ᠂ ᠮᠤᠩᠭᠤᠯ ᠤᠯᠤᠰ ᠤᠨ ᠵᠡᠬᠦᠨ ᠬᠡᠰᠡᠭ ᠤᠨ ᠴᠢᠯᠠᠭᠤᠨ | ᠲᠤᠰᠤ ᠶᠢ ᠣᠷᠣᠭᠤᠯᠬᠤ ᠪᠠᠶᠢᠯᠳᠣᠬᠤ ᠪᠤᠳᠣᠯᠭ᠎ᠠ ᠶᠢᠨ ᠡᠳ᠋ ᠪᠠᠷᠠᠭᠠᠨᠨ ᠤ ᠵᠠᠮ ᠱᠤᠭᠤᠮ ᠤᠨ ᠴᠢᠬᠤᠯᠠ ᠪᠠᠶᠢᠷᠢ ᠰᠠᠭᠤᠷᠢ ᠶᠢ ᠪᠠᠬᠢᠵᠢᠬᠦᠯᠦᠨ᠎ᠡ᠃ ᠡᠪᠤᠳᠦᠭ | ᠭᠠᠶᠢᠯᠢ ᠶᠢᠨ ᠪᠤᠭᠤᠮᠳᠠ ᠶᠢᠨ ᠰᠢᠯᠭᠠᠨ ᠪᠠᠶᠢᠴᠠᠭᠠᠵᠤ ᠬᠢᠨᠠᠨ ᠬᠠᠮᠢᠶᠠᠷᠬᠤ ᠴᠢᠳᠠᠪᠤᠷᠢ ᠪᠤᠯᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃ | ᠪᠤᠭᠤᠮᠳᠠ ᠶᠢᠨ ᠠᠵᠤ ᠠᠬᠤᠢ ᠶᠢᠨ ᠬᠦᠭᠵᠢᠯᠳᠡ ᠶᠢ ᠶᠡᠭᠡᠪᠡᠷ ᠲᠦᠯᠬᠢᠨ ᠠᠬᠢᠭᠤᠯᠤᠨ᠎ᠠ᠃ ᠤᠮᠠᠷᠠᠰᠢ ᠨᠡᠭᠡᠭᠡᠯᠳᠡ ᠬᠢᠬᠦ ᠪᠠᠶᠢᠯᠳᠤᠬᠤ ᠪᠤᠳᠣᠯᠭ᠎ᠠ ᠶᠢᠨ | ᠪᠠᠶᠢᠷᠢᠯᠠᠭᠤᠯᠤᠯᠲᠠ ᠶᠢ ᠰᠠᠶᠢᠳᠣᠷ ᠠᠳᠬᠤᠵᠤ᠂ ᠮᠤᠩᠭᠤᠯ ᠤᠯᠤᠰ ᠨᠥᠬᠦᠷᠰᠡᠭ ᠤᠷᠤᠨ ᠯᠤᠭ᠎ᠠ ᠶᠢᠨ ᠵᠠᠰᠠᠭ ᠤᠨ ᠤᠷᠳᠣᠨ ᠤ ᠬᠠᠷᠢᠯᠴᠠᠭ᠎ᠠ ᠬᠠᠮᠳᠤᠷᠠᠯᠴᠠᠭ᠎ᠠ ᠪᠠᠨ | ᠴᠢᠩᠭᠠᠳᠬᠠᠨ᠎ᠠ᠃ ᠡᠪᠤᠳᠦᠭ ᠪᠤᠭᠤᠮᠳᠠ ᠶᠢ ᠮᠤᠩᠭᠤᠯ ᠤᠯᠤᠰ ᠠᠴᠠ ᠠᠮᠤ ᠪᠤᠳᠠᠭ᠎ᠠ ᠣᠷᠣᠭᠤᠯᠬᠤ ᠪᠤᠭᠤᠮᠳᠠ ᠪᠤᠯᠭᠠᠬᠤ ᠠᠵᠢᠯ ᠢ ᠲᠦᠷᠭᠡᠳᠭᠡᠵᠦ᠂ ᠪᠣᠬᠢᠷᠲᠤᠯ | ᠦᠭᠡᠢ ᠲᠠᠷᠢᠶᠠᠯᠠᠩ ᠪᠠ ᠮᠠᠯ ᠤᠨ ᠠᠰᠢᠭ ᠰᠢᠮ᠎ᠡ ᠶᠢ ᠣᠷᠣᠨ ᠨᠤᠲᠤᠭ ᠲᠠᠭᠠᠨ ᠡᠳ᠋ᠰᠢᠯᠡᠬᠦᠯᠬᠦ ᠶᠢ ᠲᠦᠯᠬᠢᠨ ᠠᠬᠢᠭᠤᠯᠤᠨ᠎ᠠ︔ ᠨᠠᠬᠦᠷᠡᠰᠦ᠂ ᠲᠡᠮᠦᠷᠯᠢᠭ ᠤᠨ | ᠠᠭᠤᠷᠬᠠᠢ᠂ ᠡᠪᠡᠰᠦ ᠪᠣᠷᠳᠤᠭ᠎ᠠ ᠵᠡᠷᠭᠡ ᠬᠢᠯᠢ ᠪᠠᠷ ᠣᠷᠣᠭᠤᠯᠤᠭᠰᠠᠨ ᠡᠬᠢ ᠪᠠᠶᠠᠯᠢᠭ ᠢ ᠲᠤᠬᠠᠢ ᠶᠢᠨ ᠭᠠᠵᠠᠷ ᠲᠠᠭᠠᠨ ᠡᠳ᠋ᠰᠢᠯᠡᠬᠦᠯᠬᠦ ᠶᠢ ᠭᠤᠶᠤᠴᠢᠯᠠᠨ ᠮᠡᠳᠡᠭᠦᠯᠵᠦ᠂ | ᠡᠳ᠋ᠰᠢᠭᠦᠯᠬᠦ ᠠᠷᠠᠯᠵᠢᠶ᠎ᠠ᠂ ᠬᠤᠳᠠᠯᠳᠤᠭᠠᠨ ᠤ ᠦᠢᠯᠡᠴᠢᠯᠡᠭᠡ᠂ ᠪᠤᠳᠠᠰ ᠤᠨ ᠬᠦᠢᠯᠭᠡᠭᠡ ᠵᠡᠷᠭᠡ ᠶᠢ ᠨᠢᠭᠡᠳᠦᠬᠦᠯᠦᠭᠰᠡᠨ ᠥᠪᠡᠷᠮᠢᠴᠡ ᠪᠤᠭᠤᠮᠳᠠ ᠶᠢᠨ ᠪᠠᠯᠭᠠᠰᠤ ᠶᠢ | ᠪᠦᠳᠦᠭᠡᠨ ᠪᠠᠶᠢᠭᠤᠯᠬᠤ ᠰᠠᠭᠤᠷᠢ ᠶᠢ ᠲᠠᠯᠪᠢᠨ᠎ᠠ᠃ ︽ᠬᠢᠯᠢ ᠶᠢᠨ ᠠᠷᠠᠳ ᠤᠨ ᠬᠤᠭᠤᠷᠣᠨᠳᠤᠬᠢ ᠠᠷᠠᠯᠵᠢᠶ᠎ᠠ + ᠲᠤᠬᠠᠢ ᠶᠢᠨ ᠭᠠᠵᠠᠷ ᠲᠤᠨᠢ ᠡᠳ᠋ᠰᠢᠯᠡᠬᠦᠯᠬᠦ︾ ᠠᠵᠤ | ᠦᠢᠯᠡᠰ ᠤᠨ ᠬᠡᠯᠪᠡᠷᠢ ᠶᠢ ᠡᠷᠢᠯᠬᠢᠯᠡᠵᠤ᠂ ᠬᠢᠯᠢ ᠶᠢᠨ ᠠᠷᠠᠯᠵᠢᠶᠠᠨ ᠤ ᠲᠣᠭᠤᠷᠢᠭ ᠤᠨ ᠲᠠᠸᠠᠷ ᠤᠨ ᠲᠦᠷᠦᠯ ᠵᠦᠢᠯ ᠢ ᠥᠷᠭᠡᠳᠬᠡᠵᠦ᠂ ᠬᠢᠯᠢ ᠶᠢᠨ ᠠᠷᠠᠳ ᠢ | ᠵᠢᠯᠤᠭᠤᠳᠤᠨ ᠠᠷᠠᠯᠵᠢᠶᠠᠨ ᠤ ᠲᠣᠭᠤᠷᠢᠭ ᠤᠨ ᠠᠵᠤ ᠠᠬᠤᠢ ᠶᠢᠨ ᠬᠠᠮᠳᠣᠷᠠᠯᠴᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠠᠮᠲᠤᠪᠡᠷ ᠠᠰᠢᠭ ᠬᠦᠷᠲᠡᠬᠦ ᠶᠢ | ᠪᠡᠶᠡᠯᠡᠭᠦᠯᠦᠨ᠎ᠡ᠃ | ᠤᠷᠤᠨ ᠪᠦᠰᠡ ᠶᠢᠨ ᠰᠤᠯᠢᠯᠴᠠᠭ᠎ᠠ ᠬᠠᠮᠳᠣᠷᠠᠯᠴᠠᠭ᠎ᠠ ᠶᠢ ᠭᠦᠨᠵᠡᠭᠡᠢ ᠠᠬᠢᠭᠤᠯᠤᠨ᠎ᠠ᠃ ᠣᠷᠣᠨ ᠪᠠᠶᠢᠷᠢ ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠤᠯᠤᠰ ᠤᠨ ᠲᠤᠳᠤᠭᠠᠳᠣ ᠭᠠᠳᠠᠭᠠᠳᠣ ᠶᠢᠨ ᠤᠷᠤᠨ ᠪᠦᠰᠡ ᠶᠢᠨ ᠬᠠᠮᠳᠣᠷᠠᠯᠴᠠᠭ᠎ᠠ ᠪᠠᠨ ᠬᠦᠨᠵᠡᠭᠡᠶᠢᠷᠡᠬᠦᠯᠦᠨ᠎ᠡ᠃ ︽ᠲᠤᠮᠳᠠᠳᠣ ᠮᠤᠩᠭᠤᠯ ᠤᠯᠤᠰ ᠤᠨ | ᠪᠣᠭᠤᠮᠲᠠ ᠶᠢᠨ ᠠᠷᠠᠯᠵᠢᠶᠠᠨ ᠤ ᠴᠤᠭᠯᠠᠭᠠᠨ︾᠂ ᠶᠢᠰᠤᠳᠤᠭᠡᠷ ᠬᠤᠭᠤᠴᠠᠭᠠᠨ ᠤ ︽ᠪᠠᠽᠠᠷᠭᠠᠨᠳ᠋︾ ᠬᠤᠨᠳᠠᠭᠠᠳᠤ ᠲᠤᠮᠳᠠᠳᠣ ᠮᠤᠩᠭᠤᠯ ᠤᠷᠤᠰ ᠤᠨ ᠵᠠᠯᠠᠭᠤᠴᠤᠳ | ᠪᠠᠭᠠᠴᠤᠳ ᠤᠨ ᠴᠢᠯᠦᠭᠡᠳᠤ ᠪᠦᠭᠡ ᠶᠢᠨ ᠤᠷᠢᠯᠭ᠎ᠠ ᠶᠢᠨ ᠪᠠᠷᠢᠯᠳᠤᠭᠠᠨ ᠵᠡᠷᠭᠡ ᠬᠥᠳᠡᠯᠭᠡᠭᠡᠨ ᠢ ᠦᠷᠬᠦᠯᠵᠢᠯᠡᠨ ᠡᠷᠬᠢᠯᠡᠵᠦ᠂ ᠬᠥᠷᠰᠢ ᠵᠡᠷᠭᠡᠯᠡᠳᠡᠭᠡ ᠭᠠᠵᠠᠷ ᠤᠷᠤᠨ | ᠯᠤᠭ᠎ᠠ ᠶᠢᠨ ᠰᠠᠶᠢᠨ ᠰᠠᠶᠢᠬᠠᠨ ᠬᠠᠷᠢᠴᠠᠭ᠎ᠠ ᠶᠢ ᠴᠢᠩᠭᠠᠳᠬᠠᠨ᠎ᠠ᠃ ᠵᠡᠬᠦᠨ ᠬᠤᠶᠢᠳᠣ ᠣᠷᠣᠨ ᠢ ᠰᠡᠷᠭᠦᠭᠡᠨ ᠬᠦᠭᠵᠢᠬᠦᠯᠬᠦ ᠪᠠᠶᠢᠯᠳᠣᠬᠤ ᠪᠤᠳᠣᠯᠭ᠎ᠠ ᠶᠢ ᠢᠳᠡᠪᠬᠢᠳᠡᠢ | ᠠᠬᠢᠭᠤᠯᠵᠤ᠂ ︽ᠬᠦᠯᠦᠨ ᠪᠤᠶᠢᠷ — ᠬᠢᠩᠭᠠᠨ ᠠᠶᠢᠮᠠᠭ︾ ᠤᠷᠤᠨ ᠨᠤᠲᠤᠭ ᠰᠤᠨᠳᠣᠯᠠᠭᠰᠠᠨ ᠬᠦᠭᠵᠢᠯᠲᠡ ᠶᠢᠨ ᠠᠵᠠ ᠲᠤᠬᠢᠶᠠᠯ ᠢ ᠴᠢᠩᠭ᠎ᠠ ᠠᠰᠢᠭᠯᠠᠵᠤ᠂ | ᠠᠵᠤ ᠦᠢᠯᠡᠰ ᠤᠨ ᠬᠠᠷᠢᠯᠴᠠᠨ ᠨᠥᠬᠦᠪᠦᠷᠢᠯᠡᠯᠲᠡ᠂ ᠲᠦᠷᠦᠯ ᠵᠦᠢᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ ︽ᠰᠢᠭᠤᠳ | ᠬᠤᠷᠰᠢᠯᠴᠠᠭ᠎ᠠ︾ ᠶᠢ ᠲᠦᠷᠭᠡᠳᠭᠡᠨ ᠠᠬᠢᠭᠤᠯᠵᠤ᠂ ᠬᠦᠯᠦᠨ ᠪᠤᠶᠢᠷ ᠬᠤᠳᠠ ᠶᠢᠨ ᠬᠡᠪᠴᠢᠶᠠᠨ ᠳᠠᠬᠢ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠬᠢ | ᠪᠠᠶᠠᠯᠢᠭ ᠢᠶᠠᠨ ᠬᠠᠮᠲᠤ ᠠᠰᠢᠭᠯᠠᠵᠤ᠂ ᠬᠥᠭᠵᠢᠯᠲᠡ ᠶᠢᠨ ᠵᠠᠮ ᠢᠶᠠᠷ ᠬᠠᠮᠲᠦ ᠤᠷᠤᠭᠰᠢᠯᠠᠵᠤ᠂ ᠮᠠᠨ ᠤ ᠬᠤᠰᠢᠭᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ | ᠪᠤᠯᠤᠨ ᠲᠠᠯᠳᠠ ᠬᠦᠴᠦᠨ ᠢᠶᠠᠨ ᠭᠦᠢᠴᠡᠳ ᠪᠠᠳᠠᠷᠠᠭᠤᠯᠤᠨ᠎ᠠ᠃ | ︵ᠵᠢᠷᠭᠤᠭ᠎ᠠ︶ ᠬᠤᠳᠠ ᠪᠠᠯᠭᠠᠰᠣᠨ ᠤ ᠨᠢᠭᠡᠳᠦᠯ ᠢ ᠲᠦᠷᠭᠡᠳᠭᠡᠵᠦ᠂ ᠵᠤᠬᠢᠴᠠᠩᠭᠤᠢ ᠬᠦᠭᠵᠢᠯᠳᠡ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ | ᠬᠤᠳᠠ ᠪᠠᠯᠭᠠᠰᠣᠨ ᠤ ᠪᠠᠳᠣᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ 3687 ᠲᠦᠮᠡᠨ ᠲᠦᠬᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ | ᠪᠤᠬᠢᠷ ᠤᠰᠤᠨ ᠤ ᠬᠤᠭᠤᠯᠠᠢ᠂ ᠰᠢᠪᠡᠷ ᠪᠠᠯᠴᠢᠭ ᠢ ᠰᠢᠢᠳᠪᠦᠷᠢᠯᠡᠬᠦ ᠵᠡᠷᠭᠡ ᠢᠨᠵᠧᠨᠧᠷᠢᠩ ᠢ ᠬᠡᠷᠡᠭᠵᠢᠬᠦᠯᠵᠦ᠂ ᠨᠤᠭᠤ ᠭᠠᠵᠠᠷ ᠤᠨ ᠴᠡᠴᠡᠷᠯᠢᠭ ᠤᠨ ᠬᠤᠶᠠᠳᠤᠭᠠᠷ | ᠬᠤᠭᠤᠴᠠᠭᠠᠨ ᠤ ᠪᠡᠯᠡᠳᠬᠡᠯ ᠠᠵᠢᠯ ᠢ ᠲᠦᠷᠭᠡᠳᠬᠡᠨ ᠠᠬᠢᠭᠤᠯᠤᠨ᠎ᠠ᠃ 6975ᠲᠦᠮᠡᠨ ᠲᠦᠬᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 11.8 | ᠺᠢᠯᠤᠮᠧᠲᠷ ᠤᠰᠤ ᠪᠠ ᠲᠤᠯᠠᠭᠠᠯᠭ᠎ᠠ ᠶᠢᠨ ᠬᠤᠭᠤᠯᠠᠢ ᠶᠢ ᠥᠭᠡᠷᠡᠴᠢᠯᠡᠨ ᠰᠠᠶᠢᠵᠢᠷᠠᠭᠤᠯᠵᠦ᠂ ᠠᠮᠤᠭᠤᠯᠠᠩ ᠪᠠᠯᠭᠠᠰᠤᠨ ᠤ ᠬᠤᠲᠠ ᠵᠡᠭᠡᠯᠢ ᠶᠢᠨ 2.3 ᠺᠢᠯᠤᠮᠧᠲᠷ ᠵᠠᠮ | ᠢ ᠰᠡᠯᠪᠢᠨ ᠵᠠᠰᠠᠵᠤ᠂ 8000 ᠲᠡᠭᠰᠢ ᠳᠥᠷᠪᠡᠯᠵᠢᠨ ᠮᠧᠲᠷ ᠭᠠᠵᠠᠷ ᠢ ᠨᠤᠭᠤᠭᠠᠷᠠᠭᠤᠯᠵᠤ᠂ ᠬᠤᠳᠠ ᠶᠢᠨ ᠰᠠᠭᠤᠷᠢ ᠲᠦᠬᠦᠭᠡᠷᠤᠮᠵᠢ ᠶᠢᠨ ᠬᠢᠷᠢ ᠲᠦᠪᠰᠢᠨ ᠢ | ᠦᠨᠡᠨᠬᠦ ᠳᠡᠭᠡᠭᠰᠢᠯᠡᠭᠦᠯᠦᠨ᠎ᠡ᠃ 2800 ᠲᠦᠮᠡᠨ ᠲᠦᠬᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠬᠠᠭᠤᠴᠢᠨ ᠬᠤᠷᠣᠭᠠᠯᠠᠯ ᠤᠨ 15 ᠠᠰᠠᠷ 646 | ᠡᠷᠦᠭᠡ ᠶᠢᠨ ᠣᠷᠣᠨ ᠰᠠᠭᠤᠴᠠ ᠶᠢᠨ ᠵᠠᠰᠠᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠦᠬᠦᠴᠡᠯ ᠢ ᠦᠨᠡᠨᠬᠦ | ᠰᠠᠶᠢᠵᠢᠷᠠᠭᠤᠯᠤᠨ᠎ᠠ᠃ | ᠬᠤᠳᠠ ᠪᠠᠯᠭᠠᠰᠣᠨ ᠤ ᠡᠵᠡᠩᠨᠡᠯᠳᠡ ᠬᠠᠮᠢᠶᠠᠷᠤᠯᠳᠠ ᠶᠢ ᠴᠢᠩᠭᠠᠳᠬᠠᠨ᠎ᠠ᠃ ᠬᠤᠳᠠ ᠪᠠᠯᠭᠠᠰᠣ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ | ᠰᠠᠶᠢᠳᠣᠷ ᠬᠢᠵᠤ᠂ ᠭᠡᠷ ᠠᠬᠤᠢ ᠶᠢᠨ ᠬᠠᠮᠢᠶᠠᠷᠤᠯᠳᠠ ᠶᠢ ᠵᠠᠬ᠎ᠠ ᠳᠡᠯᠭᠡᠭᠦᠷᠴᠢᠯᠡᠨ ᠳᠦᠷᠢᠮᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠂ ᠪᠦᠬᠦ | ᠬᠤᠰᠢᠭᠤᠨ ᠤ ᠭᠡᠷ ᠠᠬᠤᠢ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠳᠥᠭᠦᠮ ᠪᠠᠶᠢᠰᠢᠩ ᠢ ᠨᠤᠷᠠᠭᠠᠵᠤ | ᠨᠡᠭᠦᠯᠭᠡᠭᠰᠡᠨ ᠬᠤᠭᠤᠰᠣᠨ ᠭᠠᠵᠠᠷ ᠤᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠂ ᠭᠠᠵᠠᠷ ᠰᠢᠷᠤᠢ ᠶᠢᠨ ᠡᠬᠢ ᠪᠠᠶᠠᠯᠢᠭ ᠤᠨ ᠰᠡᠷᠭᠦᠯᠲᠡ ᠪᠤᠯᠤᠨ ᠠᠰᠢᠭᠯᠠᠯᠲᠠ ᠶᠢ | ᠲᠦᠷᠭᠡᠳᠭᠡᠨ ᠠᠬᠢᠭᠤᠯᠵᠤ᠂ ᠬᠤᠳᠠ ᠪᠠᠯᠭᠠᠰᠤᠨ ᠤ ᠠᠮᠢᠵᠢᠷᠠᠯ ᠤᠨ ᠬᠦᠴᠦᠨ ᠢ ᠬᠥᠭᠵᠢᠶᠡᠨᠡ᠃ ᠬᠤᠳᠠ ᠪᠠᠯᠭᠠᠰᠤᠨ ᠤ ᠬᠠᠮᠢᠶᠠᠷᠤᠯᠲᠠ ᠶᠢ ᠤᠯᠠᠮ | ᠨᠠᠷᠢᠯᠢᠭᠵᠢᠭᠤᠯᠤᠨ᠂ ᠬᠤᠳᠠ ᠪᠠᠯᠭᠠᠰᠤᠨ ᠤ ᠬᠠᠮᠢᠶᠠᠷᠤᠯᠳᠠ ᠪᠤᠯᠤᠨ ᠶᠠᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠲᠡᠬᠦᠯᠳᠡᠷᠵᠢᠬᠦᠯᠵᠦ᠂ | ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃ | ᠬᠤᠳᠠ ᠬᠦᠳᠡᠭᠡ ᠶᠢᠨ ᠰᠠᠭᠤᠷᠢ ᠲᠦᠬᠦᠭᠡᠷᠤᠮᠵᠢ ᠶᠢ ᠪᠠᠳᠤᠵᠢᠭᠤᠯᠤᠨ᠎ᠠ᠃ ᠳᠤᠲᠠᠭᠳᠠᠯ ᠢᠶᠠᠨ ᠨᠥᠬᠦᠪᠦᠷᠢᠯᠡᠵᠦ᠂ ᠰᠠᠭᠤᠷᠢ ᠪᠠᠨ ᠪᠠᠬᠢᠵᠢᠭᠦᠯᠦᠨ᠂ ᠠᠯᠤᠰ ᠢ | ᠪᠣᠳᠣᠯᠬᠢᠯᠠᠵᠤ᠂ ︽ᠰᠦᠢ ᠹᠧᠨ ᠾᠧ-ᠮᠠᠨᠵᠤᠤᠷ ᠬᠦᠷᠬᠦ︾ ᠤᠯᠤᠰ ᠤᠨ ᠲᠦᠷᠭᠡᠨ ᠤ ᠵᠠᠮ ᠤᠨ ᠬᠠᠶᠢᠯᠠᠷ ᠠᠴᠠ ᠮᠠᠨᠵᠤᠤᠷ ᠬᠦᠷᠬᠦ ᠬᠡᠰᠡᠭ ᠤᠨ ᠢᠨᠵᠧᠨᠧᠷᠢᠩ ᠢ | ᠢᠳᠡᠪᠬᠢᠳᠡᠢ ᠬᠠᠮᠵᠢᠨ ᠠᠬᠢᠭᠤᠯᠵᠦ᠂ ᠠᠮᠤᠭᠤᠯᠠᠩ ᠪᠠᠯᠭᠠᠰᠣᠨ ᠤ 5G ᠰᠦᠯᠵᠢᠶᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠤ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠤᠷᠳᠣ ᠬᠤᠭᠤᠴᠠᠭᠠᠨ ᠤ ᠲᠣᠭᠲᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ︽ᠬᠥᠳᠡᠭᠡ ᠲᠤᠰᠬᠤᠨ ᠤ ᠳᠥᠷᠪᠡᠨ ᠰᠠᠶᠢᠨ | ᠵᠠᠮ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠ ᠬᠥᠳᠡᠭᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠬᠢᠭᠤᠯᠤᠨ᠎ᠠ᠃ | ︵ᠲᠤᠯᠤᠭ᠎ᠠ︶ ᠠᠷᠠᠳ ᠤᠨ ᠠᠮᠢᠵᠢᠷᠠᠭᠠᠨ ᠤ ᠪᠠᠳᠣᠯᠠᠭ᠎ᠠ ᠶᠢ ᠴᠢᠩᠭᠠᠳᠬᠠᠵᠤ᠂ ᠤᠯᠠᠨ ᠲᠦᠮᠡᠨ ᠤ ᠠᠮᠢᠳᠣᠷᠠᠯ ᠤᠨ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠠᠵᠢᠯ ᠣᠯᠭᠤᠯᠲᠠ ᠶᠢ ᠲᠡᠷᠢᠬᠦᠨ ᠳᠤ ᠲᠠᠯᠪᠢᠬᠤ ᠲᠦᠷᠦ ᠶᠢᠨ ᠪᠤᠳᠣᠯᠭ᠎ᠠ ᠶᠢ ᠬᠡᠷᠡᠭᠵᠢᠬᠦᠯᠦᠨ᠎ᠡ᠃ ᠠᠵᠢᠯ ᠣᠯᠬᠤ ᠳᠤ ᠬᠦᠴᠢᠷ ᠬᠥᠮᠥᠰ᠂ ᠬᠤᠳᠠ ᠳᠤ ᠨᠡᠭᠦᠯᠭᠡᠭᠰᠡᠨ | ᠮᠠᠯᠴᠢᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠶᠡᠭᠡ ᠲᠡᠭᠡᠳᠣ ᠰᠤᠷᠭᠠᠭᠤᠯᠢ ᠲᠡᠭᠦᠰᠦᠭᠰᠡᠳ ᠤᠨ ᠦᠢᠯᠡᠰ ᠪᠤᠰᠬᠠᠵᠤ ᠠᠵᠢᠯ ᠣᠯᠬᠤ ᠶᠢ ᠨᠢᠭᠡᠳᠦᠯᠳᠡᠢ | ᠲᠦᠯᠦᠪᠯᠡᠨ ᠰᠠᠶᠢᠳᠣᠷ ᠬᠢᠵᠤ᠂ ᠡᠨᠡ ᠵᠢᠯ 350 ᠬᠦᠮᠦᠨ ᠳᠤ ᠠᠵᠢᠯ ᠣᠯᠭᠤᠬᠤ ᠪᠠᠷ ᠲᠥᠯᠥᠪᠯᠡᠪᠡ᠃ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ | ᠰᠠᠭᠤᠷᠢᠨ ᠭᠠᠵᠠᠷ ᠪᠣᠯᠣᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠦᠢᠯᠡᠰ ᠪᠣᠰᠬᠠᠵᠤ ᠠᠵᠢᠯ ᠣᠯᠭᠤᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠨᠡ ᠵᠢᠯ | ᠤᠷ᠎ᠠ ᠴᠢᠳᠠᠪᠤᠷᠢ ᠶᠢᠨ ᠰᠤᠷᠭᠠᠯᠲᠠ ᠳᠤ 280 ᠬᠥᠮᠥᠨ ᠤᠳᠠᠭ᠎ᠠ ᠣᠷᠣᠯᠴᠠᠭᠤᠯᠤᠨ᠂ ᠦᠢᠯᠡᠰ ᠪᠣᠰᠬᠠᠬᠤ ᠪᠠ ᠠᠵᠢᠯ ᠣᠯᠭᠤᠬᠤ ᠳᠡᠮᠵᠢᠯᠭᠡ ᠶᠢ ᠴᠢᠩᠭᠠᠳᠬᠠᠨ᠎ᠠ᠃ | ᠦᠢᠯᠡᠰ ᠪᠤᠰᠬᠠᠵᠤ ᠠᠵᠢᠯ ᠤᠯᠭᠤᠬᠤ ᠬᠠᠷᠠᠭᠠᠯᠵᠠᠯ ᠤᠨ ᠲᠦᠷᠦ ᠶᠢᠨ ᠪᠤᠳᠣᠯᠭ᠎ᠠ ᠶᠢ ᠰᠠᠶᠢᠳᠣᠷ ᠨᠠᠶᠢᠳᠠᠪᠤᠷᠢᠵᠢᠭᠤᠯᠵᠤ᠂ 300 ᠲᠦᠮᠡᠨ ᠲᠦᠬᠦᠷᠢᠭ ᠦᠢᠯᠡᠰ | ᠪᠤᠰᠬᠠᠬᠤ ᠵᠢᠭᠡᠯᠡᠯᠭᠡ ᠶᠢᠨ ᠮᠥᠩᠭᠦ ᠲᠠᠷᠬᠠᠭᠠᠬᠤ ᠪᠠᠷ ᠴᠢᠷᠮᠠᠶᠢᠨ᠎ᠠ᠃ | ᠨᠡᠶᠢᠭᠡᠮ ᠤᠨ ᠪᠠᠳᠣᠯᠠᠭ᠎ᠠ ᠶᠢᠨ ᠰᠢᠰᠲ᠋ᠧᠮ ᠢ ᠴᠢᠩᠭᠠᠳᠬᠠᠨ᠎ᠠ᠃ ᠨᠠᠰᠣᠵᠢᠯ ᠤᠨ ᠲᠠᠭᠠᠳᠬᠠᠯ᠂ ᠡᠮ ᠡᠮᠴᠢᠯᠡᠭᠡᠨ ᠤ ᠲᠠᠭᠠᠳᠬᠠᠯ ᠳᠤ ᠪᠦᠬᠦ ᠠᠷᠠᠳ ᠢᠶᠠᠷ ᠢᠶᠠᠨ | ᠤᠷᠤᠯᠴᠠᠬᠤ ᠶᠢ ᠠᠬᠢᠭᠤᠯᠤᠨ᠎ᠠ᠃ ᠬᠦᠮᠦᠨ ᠤ ᠬᠦᠴᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ︽ᠶᠡᠷᠦᠩᠭᠡᠶᠢᠯᠡᠭᠰᠡᠨ ᠦᠢᠯᠡᠴᠢᠯᠡᠭᠴᠢ ᠶᠢᠨ ᠲᠦᠷᠢᠮ︾ ᠢ | ᠲᠦᠷᠭᠡᠳᠭᠡᠨ ᠠᠬᠢᠭᠤᠯᠵᠤ᠂ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ ᠶᠢ ᠦᠷᠬᠦᠯᠵᠢᠯᠡᠨ ᠰᠢᠯᠢᠳᠡᠭᠵᠢᠬᠦᠯᠦᠨ᠎ᠡ᠃ ᠬᠤᠳᠠ ᠬᠥᠳᠡᠭᠡ ᠶᠢᠨ ᠠᠮᠢᠳᠤᠷᠠᠯ ᠤᠨ | ᠪᠠᠲᠤᠯᠠᠭ᠎ᠠ᠂ ᠲᠦᠷ ᠴᠠᠭ ᠤᠨ ᠲᠣᠰᠠᠯᠠᠮᠵᠢ᠂ ᠠᠰᠠᠷᠠᠮᠵᠢ ᠬᠠᠷᠠᠭᠠᠯᠵᠠᠯ᠂ ᠨᠡᠶᠢᠭᠡᠮ ᠤᠨ ᠲᠤᠰᠠᠯᠠᠮᠵᠢ ᠵᠡᠷᠭᠡ ᠲᠦᠷᠢᠮ ᠲᠤᠭᠳᠠᠭᠠᠯ ᠢ ᠲᠡᠬᠦᠯᠳᠡᠷᠵᠢᠬᠦᠯᠵᠦ᠂ ᠬᠦᠴᠢᠷᠳᠡᠯ | ᠲᠠᠢ ᠤᠯᠠᠨ ᠲᠦᠮᠡᠨ ᠤ ᠦᠨᠳᠣᠰᠣᠨ ᠠᠮᠢᠳᠣᠷᠠᠯ ᠤᠨ ᠪᠠᠳᠣᠯᠠᠭ᠎ᠠ ᠶᠢ ᠪᠠᠲᠤᠯᠠᠨ᠎ᠠ᠃ ᠪᠤᠶᠠᠨ ᠤ ᠦᠢᠯᠡᠰ ᠤᠨ ᠬᠦᠭᠵᠢᠯᠳᠡ ᠶᠢ ᠲᠡᠮᠵᠢᠵᠤ᠂ ︽ᠲᠦᠭᠡᠮᠡᠯ ᠬᠠᠶᠢᠷᠠᠲᠤ | ᠭᠡᠷ ᠬᠦᠷᠢᠶᠡᠯᠡᠩ︾ ᠤᠨ ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠦᠨ᠎ᠡ᠃ ᠡᠮᠡᠭᠳᠡᠶᠢᠴᠤᠳ ᠪᠠ ᠬᠡᠤᠭᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠳᠣᠯᠠᠵᠤ | ᠂ ︽ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠳᠠ ᠶᠢᠨ ᠲᠦᠪ︾ ᠢ ᠲᠥᠯᠥᠪᠯᠡᠨ ᠪᠠᠶᠢᠭᠤᠯᠤᠨ᠎ᠠ᠃1000 ᠲᠦᠮᠡᠨᠲ᠋ᠦ᠋ᠬᠦᠷᠢᠭ ᠪᠡᠯᠡ | ᠣᠷᠣᠭᠤᠯᠬᠤ ᠪᠠᠷ ᠲᠥᠯᠥᠪᠯᠡᠵᠦ᠂ ᠤᠷᠤᠰᠢᠯᠠᠭᠤᠯᠭᠠ ᠶᠢᠨ ᠦᠢᠯᠡᠴᠢᠯᠡᠭᠡᠨ ᠤ ᠪᠠᠷᠢᠮᠵᠢᠶᠠᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠨᠡᠶᠢᠭᠡᠮ ᠤᠨ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ ᠤᠯᠠᠨ ᠨᠡᠶᠢᠳᠡ ᠶᠢᠨ ᠦᠢᠯᠡᠴᠢᠯᠡᠭᠡ ᠶᠢ ᠰᠢᠯᠢᠳᠡᠭᠵᠢᠬᠦᠯᠵᠦ᠂ ᠦᠢ ᠲᠦᠮᠡᠨ ᠤ ᠰᠡᠳᠬᠢᠯ ᠢ | ᠪᠠᠶᠠᠰᠬᠠᠨ᠎ᠠ᠃ ᠰᠤᠷᠭᠠᠭᠤᠯᠢ ᠡᠷᠬᠢᠯᠡᠬᠦ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠵᠤ᠂ ᠤᠯᠤᠰ ᠪᠤᠯᠤᠨ ᠤᠷᠤᠨ ᠤ ᠦᠨᠳᠣᠰᠣᠳᠠᠨ ᠤ ᠰᠤᠷᠭᠠᠨ ᠬᠥᠮᠥᠵᠢᠯ ᠢ | ᠬᠥᠭᠵᠢᠭᠦᠯᠬᠦ ᠲᠦᠷᠦᠯ ᠵᠦᠢᠯ ᠤᠨ ᠲᠦᠷᠦ ᠶᠢᠨ ᠪᠤᠳᠣᠯᠭ᠎ᠠ ᠶᠢᠨ ᠪᠡᠯᠡ ᠮᠦᠩᠭᠦ ᠶᠢ ᠵᠥᠪ ᠪᠥᠭᠡᠳ ᠭᠦᠢᠴᠡᠳ ᠬᠡᠷᠡᠭᠯᠡᠵᠦ᠂ ᠠᠮᠤᠭᠤᠯᠠᠩ ᠨᠢᠭᠡᠳᠦᠭᠡᠷ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠭᠡᠷ ᠪᠠᠷᠢᠯᠭ᠎ᠠ ᠶᠢᠨ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ | ᠴᠢᠨᠠᠷ ᠴᠢᠨᠰᠠᠭ᠎ᠠ ᠶᠢ ᠦᠷᠭᠦᠯᠵᠢᠯᠡᠨ ᠲᠡᠭᠡᠭᠰᠢᠯᠡᠬᠦᠯᠵᠦ᠂ ᠰᠤᠷᠬᠤ ᠨᠠᠰᠤᠨ ᠠᠴᠠ ᠡᠮᠦᠨᠡᠭᠢ ᠰᠤᠷᠭᠠᠨ ᠬᠦᠮᠦᠵᠢᠯ ᠪᠤᠯᠤᠨ ᠤᠨᠴᠠᠭᠠᠢ ᠰᠤᠷᠭᠠᠨ ᠬᠦᠮᠦᠵᠢᠯ ᠢ | ᠲᠡᠬᠦᠯᠳᠡᠷᠵᠢᠬᠦᠯᠵᠦ᠂ ᠠᠯᠪᠠᠨ ᠵᠢᠷᠤᠮ ᠤᠨ ᠰᠣᠷᠭᠠᠨ ᠬᠦᠮᠦᠵᠢᠯ ᠢ ᠴᠢᠨᠠᠷᠯᠢᠭ ᠪᠦᠭᠡᠳ ᠲᠡᠩᠴᠡᠭᠦᠷᠢᠲᠠᠢ ᠬᠥᠭᠵᠢᠭᠦᠯᠵᠦ᠂ ᠤᠯᠤᠰ ᠤᠨ ᠨᠢᠭᠡᠳᠦᠯᠳᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠡᠬᠦᠷᠭᠡ ᠶᠢ ᠡᠷᠡᠰ ᠬᠦᠢᠴᠡᠳᠭᠡᠨ᠎ᠡ᠃ ᠮᠠᠯᠴᠢᠨ ᠠᠶᠢᠯ ᠤᠨ ︽ᠡᠮ ᠤᠨ ᠬᠠᠶᠢᠷᠴᠠᠭ︾ ᠢ ᠰᠤᠷᠠᠭ | ᠵᠠᠩᠭᠢᠵᠢᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ᠴᠢᠮᠡᠭᠡ ᠵᠠᠩᠬᠢ ᠶᠢᠨ ᠮᠡᠷᠭᠡᠵᠢᠯ ᠢ ᠠᠰᠢᠭᠯᠠᠨ ᠦᠢᠯᠡᠴᠢᠯᠡᠭᠡᠨ ᠤ ᠦᠷ᠎ᠡ ᠠᠰᠢᠭ ᠢᠶᠠᠨ | ᠲᠡᠭᠡᠭᠰᠢᠯᠡᠬᠦᠯᠦᠨ᠎ᠡ᠃ ᠮᠤᠩᠭᠤᠯ ᠡᠮ ᠡᠮᠨᠡᠯᠭᠡ ᠶᠢᠨ ᠴᠢᠳᠠᠪᠤᠷᠢᠳᠠᠨ ᠢ ᠢᠳᠡᠪᠬᠢᠳᠡᠢ ᠤᠷᠢᠨ ᠡᠯᠰᠡᠵᠦ᠂ ᠮᠤᠩᠭᠤᠯ ᠡᠮ ᠡᠮᠨᠡᠯᠭᠡ ᠶᠢᠨ ᠠᠵᠢᠯ ᠦᠢᠯᠡᠰ ᠤᠨ | ᠬᠦᠭᠵᠢᠯᠳᠡ ᠶᠢ ᠲᠦᠯᠬᠢᠨ ᠠᠬᠢᠭᠤᠯᠤᠨ᠎ᠠ᠃ ᠬᠢᠵᠢᠭ ᠲᠠᠬᠤᠯ ᠢ ᠰᠡᠷᠭᠡᠶᠢᠯᠡᠬᠦ ᠬᠦᠴᠦᠯᠡᠴᠡ ᠪᠤᠯᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠵᠠᠷᠤᠴᠠᠭᠤᠯᠤᠭ᠎ᠠ ᠪᠠᠨ | ᠦᠷᠬᠦᠯᠵᠢᠯᠡᠨ ᠨᠡᠮᠡᠭᠳᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠲᠡᠭᠡᠭᠰᠢᠯᠡᠬᠦᠯᠵᠦ᠂ ᠬᠢᠵᠢᠭ ᠢ ᠰᠡᠷᠭᠡᠶᠢᠯᠡᠬᠦ ᠲᠠᠷᠢᠯᠭ᠎ᠠ ᠶᠢᠨ | ᠠᠵᠢᠯ ᠢ ᠠᠮᠤᠷ ᠲᠦᠪᠰᠢᠨ ᠯᠠᠪᠳᠠᠭᠤᠨ ᠳᠣᠬᠢᠲᠠᠢ ᠬᠢᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠮᠰᠢᠭ ᠢ | ᠰᠡᠷᠭᠡᠶᠢᠯᠡᠵᠦ᠂ ᠪᠠᠭᠠᠰᠬᠠᠬᠤ᠂ ᠡᠰᠡᠷᠭᠦᠴᠡᠬᠦ᠂ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠲᠤᠭᠳᠠᠭᠤᠨ ᠢ ᠪᠠᠳᠤᠯᠠᠬᠤ ᠠᠵᠢᠯ ᠢ | ᠰᠠᠶᠢᠳᠣᠷ ᠬᠢᠵᠤ᠂ ᠨᠡᠶᠢᠭᠡᠮ ᠤᠨ ᠵᠦᠷᠢᠴᠡᠯ ᠮᠥᠷᠭᠦᠯᠳᠦᠭᠡᠨ ᠢ ᠤᠯᠠᠨ ᠲᠠᠯ᠎ᠠ ᠪᠠᠷ ᠰᠡᠷᠭᠡᠶᠢᠯᠡᠨ ᠰᠢᠢᠳᠪᠦᠷᠢᠯᠡᠬᠦ ᠶᠡᠷᠦᠩᠭᠡᠶᠢᠯᠡᠭᠰᠡᠨ ᠲᠣᠭᠲᠠᠴᠠ ᠶᠢ | ᠲᠡᠬᠦᠯᠳᠡᠷᠵᠢᠬᠦᠯᠵᠦ᠂ ᠤᠯᠠᠨ ᠲᠦᠮᠡᠨ ᠤ ᠵᠦᠢ ᠶᠤᠰᠤᠨ ᠤ ᠭᠤᠮᠤᠳᠠᠯ ᠲᠣᠭᠠᠴᠢᠯ ᠢ ᠨᠠᠷᠢᠨ ᠬᠢᠨᠠᠮᠠᠭᠠᠢ ᠰᠢᠢᠳᠪᠦᠷᠢᠯᠡᠨ᠎ᠡ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠠᠤᠯᠢ ᠶᠤᠰᠤᠨ ᠤ ᠡᠷᠭᠡ ᠠᠰᠢᠭ ᠢ ᠪᠦᠬᠦ ᠬᠦᠴᠦᠨ ᠢᠶᠠᠷ ᠰᠠᠶᠢᠳᠦᠷ ᠬᠠᠮᠠᠭᠠᠯᠠᠵᠤ᠂ ᠰᠢᠨ᠎ᠡ ᠪᠠᠶᠢᠳᠠᠯ ᠳᠣᠣᠷᠠᠬᠢ ᠤᠯᠤᠰ ᠤᠨ ᠪᠠᠲᠤᠯᠠᠨ | ᠬᠠᠮᠠᠭᠠᠯᠠᠯᠳᠠ ᠶᠢᠨ ᠰᠤᠷᠭᠠᠨ ᠬᠦᠮᠦᠵᠢᠯ᠂ ᠴᠡᠷᠢᠭ ᠡᠯᠰᠡᠬᠦ᠂ ᠠᠷᠠᠳ ᠤᠨ ᠠᠭᠠᠷ ᠤᠨ ᠰᠡᠷᠭᠡᠶᠢᠯᠡᠯᠳᠡ ᠵᠡᠷᠭᠡ ᠠᠵᠢᠯ ᠢ ᠨᠢᠭᠡᠳᠦᠯᠳᠡᠢ ᠲᠥᠯᠥᠪᠯᠡᠨ ᠠᠬᠢᠭᠤᠯᠤᠨ᠎ᠠ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠴᠢᠳᠠᠪᠤᠷᠢ ᠪᠠᠨ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ᠂ ᠡᠮ | ᠲᠠᠩ ᠤᠨ ᠠᠮᠤᠷ ᠲᠦᠪᠰᠢᠨ ᠢ ᠪᠠᠲᠤᠯᠠᠨ᠎ᠠ᠃ ᠦᠨᠳᠤᠰᠤᠨ ᠱᠠᠳᠣᠨ ᠤ ᠪᠦᠷᠢᠳᠬᠡᠯ ᠤᠨ ᠰᠠᠭᠤᠷᠢ ᠶᠢ ᠪᠠᠲᠤᠵᠢᠭᠤᠯᠤᠨ᠂ ᠪᠦᠷᠢᠳᠭᠡᠯ ᠤᠨ ᠲᠤᠭ᠎ᠠ ᠪᠠᠷᠢᠮᠳᠠ ᠶᠢᠨ | ᠶᠠᠰᠤ ᠴᠢᠨᠠᠷ ᠢ ᠲᠡᠭᠡᠭᠰᠢᠯᠡᠬᠦᠯᠵᠦ᠂ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠪᠠᠶᠢᠴᠠᠭᠠᠯᠳᠠ ᠶᠢᠨ ᠠᠵᠢᠯ ᠢ ᠴᠢᠨᠠᠷ ᠰᠠᠶᠢᠲᠠᠢ | ᠭᠦᠢᠴᠡᠳᠭᠡᠨ᠎ᠡ᠃ ᠬᠠᠤᠯᠢ ᠲᠥᠭᠡᠮᠡᠯᠵᠢᠭᠦᠯᠬᠦ ︽ᠨᠠᠢᠮᠠᠳᠤᠭᠠᠷ ᠲᠠᠪᠤᠨ ᠵᠢᠯ︾ ᠤᠨ ᠠᠵᠢᠯ ᠢ ᠰᠠᠶᠢᠲᠤᠷ ᠥᠷᠨᠢᠭᠦᠯᠵᠦ᠂ ᠬᠠᠤᠯᠢ ᠪᠠᠷ ᠵᠠᠰᠠᠬᠤ ᠶᠢ ᠲᠦᠯᠬᠢᠨ | ᠠᠬᠢᠭᠤᠯᠤᠨ᠎ᠠ᠃ ᠨᠠᠮ ᠵᠠᠰᠠᠭ ᠴᠡᠷᠢᠭ ᠠᠷᠠᠳ ᠴᠠᠭᠳᠠᠭ᠎ᠠ ᠬᠠᠮᠳᠣᠪᠠᠷ ᠰᠠᠬᠢᠨ ᠬᠠᠮᠠᠭᠠᠯᠠᠵᠤ ᠪᠦᠲᠦᠭᠡᠨ ᠪᠠᠶᠢᠭᠤᠯᠬᠤ ᠶᠢ ᠠᠬᠢᠭᠤᠯᠤᠨ᠂ ᠤᠯᠤᠰ ᠲᠦᠷᠦ ᠶᠢᠨ ᠠᠮᠤᠷ | ᠲᠦᠪᠰᠢᠨ ᠢ ᠪᠠᠳᠣᠯᠠᠵᠤ᠂ ᠬᠥᠮᠥᠨ ᠵᠤᠨ ᠤ ᠠᠮᠤᠷ ᠠᠮᠤᠭᠤᠯᠠᠩ᠂ ᠨᠡᠶᠢᠭᠡᠮ ᠨᠡᠶᠢᠲᠡ ᠶᠢᠨ ᠡᠮᠬᠢ ᠵᠢᠷᠤᠮ᠂ ᠬᠢᠯᠢ ᠬᠢᠵᠠᠭᠠᠷ ᠤᠨ ᠠᠮᠤᠷ ᠲᠤᠭᠳᠠᠭᠤᠨ ᠢ ᠪᠠᠲᠤᠯᠠᠨ᠎ᠠ᠃ | | ᠦᠨᠳᠤᠰᠤᠳᠠᠨ ᠤ ᠠᠵᠢᠯ ᠢ ᠰᠠᠶᠢᠵᠢᠷᠠᠭᠤᠯᠤᠨ ᠴᠢᠩᠭᠠᠳᠬᠠᠨ᠎ᠠ᠃ ᠪᠡᠯᠡ ᠣᠷᠣᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠤᠯᠣᠰ ᠢᠶᠠᠨ | ᠬᠠᠶᠢᠷᠠᠯᠠᠬᠤ ᠦᠵᠡᠯ ᠤᠨ ᠬᠦᠮᠦᠵᠢᠯ ᠢ ᠶᠡᠬᠡᠪᠡᠷ ᠦᠷᠨᠢᠬᠦᠯᠵᠦ᠂ ︽ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠳᠦᠷᠢᠮ︾ ᠢ ᠤᠬᠠᠭᠤᠯᠤᠨ ᠰᠤᠷᠲᠠᠯᠴᠢᠯᠠᠵᠤ᠂ | ᠡᠯ᠎ᠡ ᠦᠨᠳᠣᠰᠣᠳᠠᠨ ᠤ ᠣᠯᠠᠨ ᠲᠦᠮᠡᠨ ᠢ ᠵᠢᠯᠣᠭᠤᠳᠤᠨ᠂ ᠦᠨᠳᠣᠰᠣᠳᠠᠨ ᠤ ᠪᠦᠯᠬᠦᠮᠳᠠᠯ ᠢ ᠨᠢᠳᠦᠨ ᠤ ᠪᠠᠨ ᠴᠡᠴᠡᠭᠡᠢ ᠰᠢᠭ ᠬᠠᠶᠢᠷᠠᠯᠠᠨ ᠨᠠᠨᠳᠢᠩᠨᠠᠵᠤ᠂ ︽ | ᠭᠤᠷᠪᠠᠨ ᠰᠠᠯᠵᠤ ᠪᠤᠯᠠᠬᠤ ᠦᠭᠡᠢ︾᠂ ︽ᠲᠠᠪᠤ ᠶᠢ ᠬᠦᠯᠢᠶᠠᠨ ᠵᠥᠪᠰᠢᠶᠡᠷᠡᠬᠦ︾ ᠬᠥᠮᠥᠵᠢᠯ ᠢ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠤ ᠰᠡᠳᠬᠢᠯ ᠵᠢᠷᠦᠬᠡᠨ | ᠳᠤ ᠭᠦᠨ ᠬᠠᠳᠠᠩᠰᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ ᠴᠣᠭᠴᠠ ᠶᠢᠨ ᠦᠵᠡᠯᠲᠡ ᠶᠢ ᠪᠠᠲᠤᠳᠬᠠᠨ᠎ᠠ᠃ ᠴᠦᠭᠡᠨ ᠲᠤᠭᠠᠳᠣ ᠦᠨᠳᠣᠰᠣᠳᠠᠨ ᠢ | ᠬᠥᠭᠵᠢᠭᠦᠯᠬᠦ ᠪᠡᠯᠡ ᠮᠦᠩᠭᠦ ᠶᠢ ᠭᠦᠢᠴᠡᠳ ᠤᠨᠤᠪᠴᠢᠳᠠᠢ ᠬᠡᠷᠡᠭᠯᠡᠨ᠂ ᠳᠠᠶᠢᠴᠢᠯᠠᠬᠤ ᠬᠦᠴᠦᠨ ᠴᠢᠩᠭ᠎ᠠ᠂ ᠭᠤᠤᠯᠳᠠᠯᠭ᠎ᠠ ᠲᠠᠢ ᠢᠨᠵᠧᠨᠧᠷᠢᠩ ᠢ ᠰᠦᠪᠡᠭᠴᠢᠯᠡᠨ | ᠬᠡᠷᠡᠭᠵᠢᠬᠦᠯᠵᠦ᠂ ᠡᠯ᠎ᠡ ᠦᠨᠳᠣᠰᠣᠳᠠᠨ ᠤ ᠣᠯᠠᠨ ᠲᠦᠮᠡᠨ ᠤ ᠬᠠᠮᠤᠭ ᠠᠴᠠ ᠠᠩᠬᠠᠷᠳᠠᠭ᠂ ᠬᠠᠮᠤᠭ ᠤᠨ ᠰᠢᠭᠤᠳ᠂ ᠬᠠᠮᠤᠭ ᠤᠨ ᠪᠤᠳᠠᠳᠠᠢ ᠠᠰᠢᠭ ᠲᠤᠰᠠ ᠶᠢᠨ | ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠵᠤ᠂ ᠬᠠᠮᠳᠤᠪᠠᠷ ᠪᠦᠯᠬᠦᠮᠳᠡᠨ ᠲᠡᠮᠡᠴᠡᠵᠦ ᠪᠠᠳᠠᠷᠠᠨ ᠬᠦᠭᠵᠢᠬᠦ ᠶᠢ ᠪᠡᠶᠡᠯᠡᠭᠦᠯᠵᠦ᠂ ︽ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠪᠠᠨ ᠪᠠᠲᠤᠳᠬᠠᠨ᠎ᠠ᠃ | ︵ᠨᠠᠢᠮᠠ︶ ᠵᠠᠰᠠᠭ ᠤᠨ ᠤᠷᠳᠣᠨ ᠤ ᠲᠣᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠪᠢᠳᠡ ᠨᠠᠮ ᠤᠨ ᠣᠳᠣᠷᠢᠳᠣᠯᠭ᠎ᠠ᠂ ᠠᠷᠠᠳ ᠲᠦᠮᠡᠨ | ᠢᠶᠠᠷ ᠭᠤᠣᠯ ᠪᠤᠯᠭᠠᠬᠤ᠂ ᠨᠠᠮ ᠢᠶᠠᠨ ᠴᠢᠩᠭ᠎ᠠ ᠵᠠᠰᠠᠬᠤ ᠶᠢ ᠬᠡᠵᠢᠶᠡᠳᠡ ᠪᠠᠷᠢᠮᠲᠠᠯᠠᠨ᠂ ᠡᠬᠦᠷᠭᠡ ᠬᠠᠷᠢᠭᠤᠴᠠᠯᠭ᠎ᠠ ᠪᠠᠨ ᠢᠳᠡᠪᠬᠢᠳᠠᠢ ᠪᠡᠶᠡᠯᠡᠬᠦᠯᠵᠦ᠂ ᠵᠠᠰᠠᠭ ᠤᠨ | ᠤᠷᠳᠣᠨ ᠤ ᠠᠵᠢᠯ ᠢ ᠰᠢᠨ᠎ᠡ ᠲᠠᠪᠴᠠᠩ ᠳᠤ ᠭᠠᠷᠭᠠᠨ᠎ᠠ᠃ ᠨᠠᠮ ᠤᠨ ᠬᠠᠮᠤᠭ ᠤᠨ ᠰᠢᠨ᠎ᠡ ᠤᠨᠤᠯ ᠢᠶᠠᠷ ᠣᠶᠣᠨ ᠤᠬᠠᠭᠠᠨ ᠢᠶᠠᠨ ᠵᠡᠪᠰᠡᠭᠯᠡᠨ᠂ ᠦᠢᠯᠡᠳᠦᠯᠭᠡ ᠶᠢ | ᠵᠢᠯᠤᠭᠤᠳᠴᠦ᠂ ᠨᠠᠮ ᠤᠨ ᠱᠤᠭᠤᠮ᠂ ᠴᠢᠭᠯᠡᠯᠳᠡ᠂ ᠲᠦᠷᠦ ᠶᠢᠨ ᠪᠤᠳᠣᠯᠭ᠎ᠠ ᠶᠢ ᠡᠷᠡᠰ ᠬᠡᠷᠡᠭᠵᠢᠭᠦᠯᠦᠭᠡᠳ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ | ᠲᠦᠷᠪᠡᠨ ᠢᠳᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠬᠠᠤᠯᠢ ᠪᠠᠷ | ᠵᠠᠰᠠᠬᠤ ᠵᠠᠰᠠᠭ ᠤᠨ ᠤᠷᠳᠣᠨ ᠢ ᠪᠦᠳᠦᠭᠡᠨ ᠪᠠᠶᠢᠭᠤᠯᠵᠤ᠂ ᠵᠠᠰᠠᠭ ᠤᠨ ᠤᠷᠳᠣᠨ ᠤ ᠠᠵᠢᠯᠳᠠᠳ ᠤᠨ ᠬᠠᠤᠯᠢ ᠶᠤᠰᠤᠭᠠᠷ ᠵᠠᠰᠠᠭ ᠪᠠᠷᠢᠬᠤ ᠴᠢᠳᠠᠪᠤᠷᠢ ᠶᠢ ᠪᠦᠬᠦ | ᠲᠠᠯ᠎ᠠ ᠪᠠᠷ ᠲᠡᠭᠡᠭᠰᠢᠯᠡᠬᠦᠯᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠳᠠ ᠲᠠᠯᠪᠢᠬᠤ ᠶᠢ ᠬᠠᠤᠯᠢ ᠶᠤᠰᠤᠭᠠᠷ | ᠬᠦᠯᠢᠶᠡᠨ ᠠᠪᠬᠤ ᠪᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠤ᠂ | ᠵᠠᠰᠠᠭ ᠵᠠᠬᠢᠷᠭᠠᠨ ᠪᠠ ᠬᠢᠨᠠᠨ ᠪᠣᠳᠤᠯᠲᠠ ᠶᠢᠨ ᠬᠢᠨᠠᠯᠳᠠ ᠲᠠᠯᠪᠢᠬᠤ ᠶᠢ ᠴᠢᠩᠭᠠᠳᠬᠠᠨ᠎ᠠ᠃ ︽ᠨᠡᠶᠢᠳᠡ ᠶᠢᠨ ᠲᠦᠯᠦᠭᠡ ᠨᠠᠮ ᠪᠠᠶᠢᠭᠤᠯᠵᠤ᠂ ᠠᠷᠠᠳ ᠤᠨ ᠲᠦᠯᠦᠭᠡ | ᠵᠠᠰᠠᠭ ᠪᠠᠷᠢᠬᠤ︾ ᠤᠨᠤᠯ ᠢ ᠪᠠᠲᠤᠳᠬᠠᠨ᠂ ᠠᠵᠢᠯ ᠤᠨ ᠰᠤᠷᠳᠠᠯ ᠢᠶᠠᠨ ᠦᠷᠬᠦᠯᠵᠢᠯᠡᠨ ᠬᠤᠪᠢᠷᠠᠭᠤᠯᠵᠤ᠂ ᠡᠮᠦᠨ᠎ᠡ ᠹᠠᠷᠤᠨᠲ ᠪᠠ ᠤᠯᠠᠨ ᠲᠦᠮᠡᠨ ᠤ ᠲᠤᠮᠳᠠ | ᠭᠦᠨᠵᠡᠭᠡᠶᠢᠷᠡᠬᠦ ᠶᠢ ᠪᠠᠷᠢᠮᠲᠠᠯᠠᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠬᠥᠮᠥᠨ ᠠᠷᠠᠳ ᠤᠨ ᠢᠶᠠᠨ ᠠᠮᠢᠳᠣᠷᠠᠯ ᠢ ᠰᠡᠳᠭᠢᠯ ᠳᠡᠭᠡᠨ | ᠠᠪᠴᠦ᠂ ᠬᠦᠴᠢᠷᠳᠡᠯ ᠪᠡᠷᠬᠡᠰᠢᠶᠡᠯ ᠢ ᠨᠢ ᠰᠢᠢᠳᠪᠦᠷᠢᠯᠡᠵᠦ ᠥᠭᠭᠦᠨ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠦᠢᠯᠡᠴᠢᠯᠡᠭᠡ ᠰᠠᠶᠢᠲᠠᠢ ᠵᠠᠰᠠᠭ ᠤᠨ ᠤᠷᠳᠣᠨ ᠢ | ᠴᠣᠭᠴᠠᠯᠠᠨ ᠪᠠᠶᠢᠭᠤᠯᠤᠨ᠎ᠠ᠃ | ᠲᠦᠯᠦᠭᠡᠯᠡᠭᠴᠢᠳ ᠡ᠂ ᠰᠢᠨ᠎ᠡ ᠠᠶᠠᠨ ᠳᠠᠭᠠᠨ ᠰᠢᠨ᠎ᠡ ᠠᠮᠵᠢᠯᠳᠠ ᠣᠯᠬᠤ ᠬᠡᠷᠡᠭᠲᠡᠢ︕ ᠪᠢᠳᠠ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠠᠬ᠎ᠠ | ᠲᠡᠬᠦᠦ ᠨᠠᠷ ᠢᠶᠠᠨ ᠪᠦᠯᠬᠦᠮᠳᠡᠭᠦᠯᠦᠨ ᠳᠠᠶᠢᠴᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠣᠯᠭ᠎ᠠ ᠲᠤᠤᠷ᠎ᠠ᠂ ︽ᠠᠷᠠᠳ ᠲᠦᠮᠡᠨ ᠳᠡᠭᠡᠨ | ᠦᠢᠯᠡᠴᠢᠯᠡᠳᠡᠭ ᠠᠮᠪᠠᠨ ᠱᠠᠷ᠂ ᠰᠢᠨ᠎ᠡ ᠶᠢ ᠡᠬᠦᠳᠦᠨ ᠬᠦᠭᠵᠢᠬᠦᠯᠬᠦ ᠠᠷᠠᠯ ᠤᠨ ᠱᠠᠷ᠂ ᠰᠢᠷᠭᠠᠭᠤ ᠲᠡᠮᠡᠴᠡᠬᠦ ᠨᠣᠮᠣᠬᠠᠨ ᠱᠠᠷ︾ ᠤᠨ ᠵᠤᠷᠢᠭ ᠰᠠᠨᠠᠭ᠎ᠠ ᠶᠢ | ᠪᠠᠳᠠᠷᠠᠭᠤᠯᠵᠤ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠤ᠂ ᠬᠠᠮᠤᠭ ᠬᠦᠴᠦ ᠬᠠᠯᠠᠭᠤᠨ ᠵᠣᠷᠢᠭ ᠢᠶᠠᠨ ᠳᠠᠶᠢᠴᠢᠯᠠᠨ᠂ ᠦᠵᠡᠰᠬᠦᠯᠡᠩᠲᠦ ᠰᠠᠶᠢᠬᠠᠨ ᠦᠨᠢᠷ | ᠪᠠᠶᠠᠯᠢᠭ ᠡᠶ᠎ᠡ ᠵᠤᠬᠢᠴᠠᠩᠭᠤᠢ ᠰᠢᠨ᠎ᠡ ᠪᠠᠷᠭᠤ ᠵᠡᠬᠦᠨ ᠬᠤᠰᠢᠭᠤ ᠪᠠᠨ ᠪᠦᠳᠦᠭᠡᠨ ᠪᠠᠶᠢᠭᠤᠯᠬᠤ ᠶᠢᠨ ᠲᠦᠯᠦᠭᠡ ᠴᠦᠬᠦᠷᠡᠰᠢ ᠦᠭᠡᠢ ᠲᠡᠮᠡᠴᠡᠵᠦ᠂ ᠭᠢᠯᠠᠯᠵᠠᠭᠰᠠᠨ ᠬᠢᠷᠢ | ᠪᠦᠳᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠨ ᠪᠡᠯᠭᠡᠯᠡᠶ᠎ᠡ︕ |