ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠠᠮᠵᠢᠯᠲᠠᠲᠠᠢ ᠲᠡᠭᠦᠰᠪᠡ
ᠨᠡᠶᠢᠲᠡᠯᠡᠭᠰᠡᠨ ᠴᠠᠭ᠄
2021/3/12
 ᠳᠤᠮᠳᠠᠳᠤ  ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠷᠠᠯ ᠤᠨ ᠲᠠᠪᠤᠳᠤᠭᠠᠷ ᠬᠤᠷᠠᠯ ᠠᠴᠠ ᠡᠯ᠎ᠡ ᠲᠥᠷᠥᠯ ᠤᠨ  ᠵᠥᠪᠯᠡᠬᠦ ᠵᠦᠢᠯ ᠪᠠᠨ ᠤᠷᠤᠭᠰᠢᠲᠠᠢ ᠪᠡᠶᠡᠯᠡᠭᠦᠯᠵᠦ᠂3 ᠰᠠᠷ᠎ᠠ ᠶᠢᠨ11᠎ ᠤ ᠡᠳᠦᠷ ᠤᠨ ᠦᠳᠡ ᠶᠢᠨ ᠡᠮᠦᠨ᠎ᠡ ᠠᠮᠤᠭᠤᠯᠠᠩ ᠪᠠᠯᠭᠠᠰᠤᠨ ᠳᠤ ᠠᠮᠵᠢᠯᠲᠠᠲᠠᠢ ᠲᠡᠭᠦᠰᠪᠡ
ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠤᠯᠠᠭᠠᠨᠲᠤᠶᠠᠭ᠎ᠠ᠂ ᠳᠡᠳ᠋ ᠲᠡᠷᠢᠭᠦᠯᠡᠭᠴᠢ ᠪᠠᠢ ᠴᠦᠨ ᠬᠤᠸ᠋ᠨ᠂ ᠯᠢᠤ ᠱᠣᠣ ᠰᠧᠨ᠂ ᠣ· ᠪᠠᠭᠠᠲᠤᠷ᠂ ᠪᠠᠢ ᠱᠣᠸᠠᠩ ᠹᠦ᠋᠂ ᠨᠠᠷᠢᠨ ᠪᠢᠴᠢᠭᠡᠴᠢ ᠶᠢᠨ ᠳᠠᠷᠤᠭ᠎ᠠ ᠴᠠᠩ ᠴᠢᠤᠸᠠᠨ ᠪᠢᠨ ᠬᠤᠷᠠᠯ ᠳᠤ ᠣᠷᠣᠯᠴᠠᠵᠤ᠂ ᠲᠡᠷᠢᠭᠦᠯᠡᠭᠴᠢ ᠶᠢᠨ ᠲᠠᠶᠢᠰᠠᠨ᠎ᠠ ᠮᠣᠷᠢᠯᠠᠨ ᠰᠠᠭᠠᠲᠠᠪᠠ᠃ ᠤᠯᠠᠭᠠᠨᠲᠤᠶᠠᠭ᠎ᠠ ᠬᠤᠷᠠᠯ ᠢ ᠡᠷᠬᠢᠯᠡᠪᠡ᠃ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ ᠪᠦᠷᠢᠨᠪᠠᠶᠠᠷ᠂ ᠬᠠᠢ ᠴᠢᠩ᠂ ᠲᠡᠭᠰᠢᠪᠤᠶᠠᠨ᠂ ᠪᠠᠢ ᡁᠢ ᠵᠢᠶᠦ᠋ᠨ᠂ ᠡᠦ ᠰᠢᠤᠸᠠᠢ ᠶᠦᠩ᠂ ᠵᠣᠷᠢᠭᠲᠤ᠂ ᠪᠠᠢ ᠵᠧᠨ ᠰᠢᠶᠠᠨ᠂ ᠨᠢᠦ ᠰᠦᠩ ᠴᠢᠤᠸᠠᠨ᠂ ᠠᠮᠤᠷᠪᠠᠲᠦ᠂ ᠴᠠᠩ ᠯᠢ ᠮᠢᠩ᠂ ᠴᠣᠯᠮᠣᠨ᠂ ᠴᠢ ᠱᠤᠸᠠᠩ ᠪᠣᠣ ᠵᠡᠷᠭᠡ ᠤᠳᠤᠷᠢᠳᠤᠯᠭ᠎ᠠ ᠬᠤᠷᠠᠯ ᠳᠤ ᠬᠦᠷᠦᠯᠴᠡᠨ ᠢᠷᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ᠎ᠠ ᠮᠣᠷᠢᠯᠠᠨ ᠰᠠᠭᠠᠲᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ ᠤᠨ ᠲᠥᠯᠥᠭᠡᠯᠡᠭᠴᠢ᠂ ᠬᠤᠰᠢᠭᠤᠨ ᠤ ᠰᠢᠭᠦᠬᠦ ᠬᠤᠷᠢᠶ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ ᠤᠨ ᠤᠳᠤᠷᠢᠳᠤᠯᠭ᠎ᠠ ᠶᠢ ᠬᠤᠷᠠᠯ ᠳᠤ ᠤᠷᠢᠨ ᠣᠷᠣᠯᠴᠠᠭᠤᠯᠪᠠ᠃
ᠬᠤᠷᠠᠯ ᠳᠡᠭᠡᠷ᠎ᠡ᠂ ᠨᠠᠷᠠᠩᠭᠤᠸ᠎ᠠ᠂ ᠨᠠᠷᠠᠰᠤ᠂ ᠱᠢ ᠭᠦᠢ ᠯᠢᠨ ᠵᠡᠷᠭᠡ3 ᠵᠥᠪᠯᠡᠯ ᠤᠨ ᠭᠡᠰᠢᠭᠦᠨ᠂ ᠭᠡᠷ ᠪᠦᠯᠢ ᠶᠢᠨ ᠬᠥᠮᠥᠵᠢᠯ ᠤᠨ ᠵᠢᠯᠣᠭᠤᠳᠬᠤ ᠲᠥᠪ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠎ ᠶᠢ ᠪᠠᠲᠤᠳᠬᠠᠬᠤ  ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠤᠶᠠᠯᠳᠤᠭᠤᠯᠬᠤ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠶᠠᠷᠢᠶ᠎ᠠ ᠢᠯᠡᠳᠬᠡᠯ ᠬᠢᠪᠡ᠃
ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯ ᠤᠨ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠪᠠᠶᠢᠩᠭᠤ ᠶᠢᠨ ᠬᠤᠷᠠᠯ ᠤᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ᠪᠣᠯᠣᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ  ᠪᠠᠷᠭᠤ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠵᠥᠪᠰᠢᠶᠡᠷᠡᠪᠡ᠃ ᠤᠯᠠᠭᠠᠨᠲᠤᠶᠠᠭ᠎ᠠ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ᠂ ᠭᠡᠰᠢᠭᠦᠳ ᠤᠯᠤᠰ ᠤᠨ ᠲᠥᠯᠥᠭᠡ ᠲᠤᠰᠢᠶᠠᠯ ᠢᠶᠠᠨ ᠭᠦᠢᠴᠡᠳᠬᠡᠵᠦ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠢᠶᠠᠨ ᠡᠭᠦᠷᠭᠡᠯᠡᠵᠦ᠂ ᠭᠦᠨᠵᠡᠭᠡᠢ ᠵᠥᠪᠳᠡᠯᠴᠡᠨ ᠲᠥᠷᠥ ᠎ ᠶᠢᠨ ᠶᠠᠪᠤᠳᠠᠯ ᠢᠶᠠᠨ ᠵᠥᠪᠯᠡᠵᠦ᠂ ᠢᠳᠡᠪᠬᠢᠲᠡᠢ ᠰᠠᠨᠠᠯ ᠳᠤᠷᠠᠳᠤᠯᠭ᠎ᠠ ᠪᠠᠨ ᠳᠡᠪᠰᠢᠭᠦᠯᠵᠦ᠂ ᠥᠷᠭᠡᠨ ᠢᠶᠠᠷ ᠲᠥᠪᠯᠡᠷᠡᠵᠦ ᠲᠠᠨᠢᠯᠲᠠ ᠪᠠᠨ ᠨᠢᠭᠡᠳᠬᠡᠨ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠎ ᠤᠨ ᠡᠷᠬᠢᠮ ᠳᠡᠭᠡᠳᠦ ᠴᠤᠭ ᠵᠠᠯᠢ ᠶᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠬᠥᠭᠵᠢᠩᠭᠦᠢ ᠠᠮᠢᠵᠢᠷᠠᠯ ᠤᠨ ᠬᠦᠴᠦᠨ ᠢ ᠭᠦᠢᠴᠡᠳ  ᠪᠠᠳᠠᠷᠠᠭᠤᠯᠪᠠ᠃ ᠬᠤᠷᠠᠯ ᠢᠶᠠᠨ ᠦᠪᠡᠳᠡᠭᠰᠢ ᠶᠡᠭᠡ ᠪᠠᠷ ᠥᠷᠨᠢᠭᠦᠯᠵᠦ᠂ ᠪᠣᠳᠠᠲᠠᠢ ᠠᠴᠠ ᠡᠭᠦᠰᠦᠨ ᠥᠨᠳᠥᠷ ᠪᠦᠲᠦᠮᠵᠢᠲᠡᠢ᠂ ᠨᠢᠭᠡᠨ ᠤᠳᠠᠭᠠᠨ ᠤ ᠬᠦᠴᠦᠨ ᠴᠢᠳᠠᠯ ᠢᠶᠠᠨ ᠲᠥᠪᠯᠡᠷᠡᠭᠦᠯᠦᠨ᠂ ᠪᠦᠯᠬᠦᠮᠳᠡᠨ ᠵᠣᠷᠢᠭᠵᠢᠭᠤᠯᠤᠭᠰᠠᠨ ᠶᠡᠭᠡ ᠬᠤᠷᠠᠯ ᠪᠣᠯᠣᠨ᠎ᠠ᠂ ᠮᠥᠨ ᠴᠦ ᠦᠨᠡᠨ ᠠᠴᠠ ᠪᠣᠳᠠᠲᠠᠢ ᠎ ᠶᠢ ᠡᠷᠢᠵᠦ᠂ ᠴᠢᠨᠠᠷ ᠪᠦᠲᠦᠮᠵᠢ ᠶᠢ ᠳᠡᠭᠡᠭᠰᠢᠯᠡᠭᠦᠯᠦᠭᠰᠡᠨ ᠶᠡᠭᠡ ᠬᠤᠷᠠᠯ ᠪᠣᠯᠣᠨ᠎ᠠ᠃      ᠤᠯᠠᠭᠠᠨᠲᠤᠶᠠᠭ᠎ᠠ ᠴᠢᠬᠤᠯᠠᠴᠢᠯᠠᠭᠰᠠᠨ ᠨᠢ᠄2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ100 ᠵᠢᠯ ᠤᠨ ᠣᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ  ︾  ᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠪᠣᠯᠣᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠵᠠᠮ ᠤᠨ ᠡᠬᠢᠯᠡᠯᠲᠡ ᠶᠢᠨ ᠵᠢᠯ ᠪᠣᠯᠣᠨ᠎ᠠ᠃ ᠡᠨᠡ ᠵᠢᠯ ᠤᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠢ ᠰᠠᠶᠢᠲᠤᠷ ᠬᠢᠬᠦ  ᠎ ᠨᠢ ᠣᠨᠴᠠᠭᠠᠢ ᠠᠴᠢ ᠬᠤᠯᠪᠣᠭᠳᠠᠯ ᠲᠠᠢ᠂ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ᠃ ᠪᠢᠳᠠ ᠰᠢᠨ᠎ᠡ ᠱᠠᠲᠤ ᠶᠠᠪᠤᠴᠠ᠂ ᠰᠢᠨ᠎ᠡ ᠪᠠᠶᠢᠳᠠᠯ᠂ ᠢᠳᠡᠪᠬᠢᠲᠡᠢ ᠡᠨᠧᠷᠭᠢ ᠶᠢ ᠲᠥᠪᠯᠡᠷᠡᠭᠦᠯᠦᠨ᠂ ᠵᠣᠭᠰᠣᠯᠲᠠ ᠲᠣᠳᠣᠷᠬᠠᠢ ᠤᠯᠤᠰ ᠲᠥᠷᠥ ᠶᠢ ᠡᠷᠬᠢᠮᠯᠡᠬᠦ ᠪᠠᠷ ᠦᠨᠳᠦᠰᠦᠨ ᠱᠠᠭᠠᠷᠳᠠᠯᠭ᠎ᠠ ᠪᠣᠯᠵᠤ᠂ ᠤᠯᠤᠰ ᠲᠥᠷᠥ ᠶᠢᠨ ᠴᠢᠳᠠᠪᠬᠢ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠯᠲᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠨᠦᠭᠦᠳ ᠤᠨ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢᠶᠠᠨ ᠪᠠᠲᠤᠳᠬᠠᠵᠤ᠂ ᠲᠤᠰᠢᠶᠠᠯ ᠭᠦᠢᠴᠡᠳᠬᠡᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠳᠤ ᠦᠢᠯᠡᠴᠢᠯᠡᠵᠦ ᠰᠢᠨ᠎ᠡ ᠠᠶᠠᠨ ᠵᠠᠮ ᠨᠡᠭᠡᠭᠡᠬᠦ᠂ ᠰᠢᠨ᠎ᠡ ᠠᠮᠵᠢᠯᠲᠠ ᠶᠢ ᠣᠯᠬᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠪᠠᠨ ᠴᠢᠷᠮᠠᠶᠢᠨ ᠲᠤᠰᠢᠶᠠᠨ᠎ᠠ᠃      ᠤᠯᠠᠭᠠᠨᠲᠤᠶᠠᠭ᠎ᠠ ᠶᠠᠷᠢᠭᠰᠠᠨ ᠨᠢ᠄ ᠪᠢᠳᠠ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠ ᠪᠦᠯᠬᠦᠮᠳᠡᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠎ ᠤᠨ ᠠᠭᠤᠤ ᠶᠡᠭᠡ ᠦᠵᠡᠯ ᠰᠠᠨᠠᠭ᠎ᠠ ᠶᠢ ᠳᠡᠭᠡᠳᠦᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠯᠬᠦᠮᠳᠡᠨ ᠨᠢᠭᠲᠠᠷᠠᠵᠤ᠂ ᠡᠷᠡᠯᠬᠡᠭᠯᠡᠨ ᠤᠷᠤᠭᠰᠢᠯᠠᠵᠤ᠂ ᠦᠵᠡᠰᠬᠦᠯᠡᠩᠲᠦ ᠰᠠᠶᠢᠬᠠᠨ᠂ ᠥᠨᠢᠷ  ᠪᠠᠶᠠᠯᠢᠭ᠂ ᠡᠶ᠎ᠡ ᠵᠣᠬᠢᠴᠠᠩᠭᠤᠢ ᠰᠢᠨ᠎ᠡ ᠪᠠᠷᠭᠤ ᠵᠡᠭᠦᠨ ᠬᠤᠰᠢᠭᠤ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠠᠪᠤᠴᠠ ᠳᠤ ᠰᠢᠨ᠎ᠡ ᠦᠷ᠎ᠡ ᠪᠦᠲᠦᠮᠵᠢ ᠣᠯᠵᠤ᠂ ᠰᠢᠯᠢᠳᠡᠭ ᠲᠤᠰᠢᠶᠠᠯ ᠬᠠᠷᠢᠭᠤᠴᠠᠯᠭ᠎ᠠ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ100 ᠵᠢᠯ ᠤᠨ ᠣᠢ ᠶᠢ ᠪᠡᠯᠡᠭᠯᠡᠶ᠎ᠡ︕     ᠰᠢᠨ᠎ᠡ ᠪᠠᠷᠭᠤ ᠵᠡᠭᠦᠨ ᠬᠤᠰᠢᠭᠤᠨ ᠳᠤ ᠰᠠᠭᠤᠭ᠎ᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠤᠷᠢᠨ ᠬᠤᠷᠠᠯ ᠳᠤ ᠣᠷᠣᠯᠴᠠᠭᠤᠯᠪᠠ᠃     ᠶᠡᠭᠡ ᠬᠤᠷᠠᠯ ᠤᠨ ᠶᠣᠰᠣᠯᠠᠯ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠬᠥᠭ ᠠᠶᠠᠰ ᠤᠨ ᠳᠤᠮᠳᠠ ᠠᠮᠵᠢᠯᠲᠠᠲᠠᠢ ᠲᠡᠭᠦᠰᠪᠡ᠃
 
ᠢᠷᠡᠯᠲᠡ᠄ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号