ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ | ᠲᠣᠭᠲᠠᠭᠠᠪᠠ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠥᠭᠡᠳ ᠬᠦᠴᠦᠲᠡᠶ ᠪᠠᠷ ᠰᠠᠶᠢᠲᠤᠷ ᠠᠳᠬᠤᠵᠤ᠂ ᠠᠵᠤ ᠠᠬᠤᠶ ᠶᠢ | ᠲᠣᠭᠲᠠᠭᠤᠨ ᠤ ᠳᠤᠮᠳᠠ ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ | ᠬᠡᠷᠡᠭᠲᠡᠶ ᠭᠡᠵᠦ ᠱᠠᠭᠠᠷᠳᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ | 15 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ | ᠲᠣᠭᠲᠠᠭᠠᠵᠤ᠂ ᠯᠠᠪᠳᠠᠭᠤᠨ ᠪᠥᠭᠡᠳ ᠬᠦᠴᠦᠲᠡᠶ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ | ᠠᠬᠤᠶ ᠶᠢ ᠲᠣᠭᠲᠠᠭᠤᠨ ᠤ ᠳᠤᠮᠳᠠ ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ | ᠵᠣᠷᠢᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠬᠢᠨᠠᠨ ᠵᠥᠪᠯᠡᠵᠦ | ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠡᠨᠡ ᠵᠢᠯ ᠤᠨ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ | ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠷᠢᠭᠤᠴᠠᠯᠭ᠎ᠠ ᠶᠢ ᠡᠭᠦᠷᠭᠡᠯᠡᠨ᠂ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠷᠠᠳ ᠲᠦᠮᠡᠨ ᠳᠤ ᠠᠮᠠᠯᠳᠠᠭᠰᠠᠨ | ᠠᠮᠠᠯᠠᠯᠲᠠ ᠶᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠢᠨ᠎ᠡ ᠦᠷ᠎ᠡ | ᠪᠦᠲᠦᠮᠵᠢ ᠪᠣᠯᠭᠠᠬᠤ ᠬᠡᠷᠡᠭᠲᠡᠢ ᠭᠡᠵᠡᠢ᠃ ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ | ᠳᠤᠷᠠᠳᠤᠭᠰᠠᠨ 38 ᠲᠠᠯ᠎ᠠ ᠶᠢᠨ 44 ᠭᠤᠣᠯᠳᠠᠯᠭ᠎ᠠ ᠲᠠᠢ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ | ᠮᠥᠴᠢᠷ ᠪᠣᠯᠤᠨ ᠬᠤᠯᠪᠣᠭᠳᠠᠯ ᠪᠦᠬᠦᠢ ᠣᠷᠣᠨ ᠨᠤᠲᠤᠭ ᠲᠤ ᠬᠤᠪᠢᠶᠠᠨ ᠥᠭᠴᠦ᠂ ᠬᠠᠷᠢᠭᠤᠴᠠᠯᠭ᠎ᠠ ᠪᠣᠯᠤᠨ | ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ | ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ ᠠᠵᠤ ᠠᠬᠤᠶ ᠶᠢᠨ | ᠠᠵᠢᠯᠯᠠᠭᠠᠨ ᠦᠷᠭᠦᠯᠵᠢᠯᠡᠨ ᠰᠡᠷᠭᠦᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠲᠠ ᠦᠭᠡᠶ ᠴᠢᠩᠭᠠᠷᠠᠭᠰᠠᠨ | ᠪᠣᠯᠪᠠᠴᠤ ᠰᠡᠷᠭᠦᠭᠡᠯᠲᠡ ᠶᠢᠨ ᠠᠬᠢᠴᠠ ᠮᠥᠨ ᠬᠦ ᠲᠡᠩᠴᠡᠭᠦᠷᠢ ᠦᠭᠡᠶ ᠪᠠᠶᠢᠵᠤ᠂ ᠦᠢᠯᠡᠴᠢᠯᠡᠭᠡᠨ ᠤ ᠦᠢᠯᠡᠰ᠂ ᠵᠢᠵᠢᠭ | ᠪᠢᠴᠢᠯ ᠠᠵᠤ ᠠᠬᠤᠶᠢᠯᠠᠯ ᠪᠣᠯᠤᠨ ᠵᠠᠷᠢᠮ ᠣᠷᠣᠨ ᠨᠤᠲᠤᠭ ᠤᠨ ᠠᠵᠤ ᠠᠬᠤᠶ ᠶᠢᠨ ᠰᠡᠷᠭᠦᠯᠲᠡ ᠳᠤ ᠪᠠᠰᠠ ᠴᠦ | ᠴᠥᠭᠡᠨ ᠪᠤᠰᠤ ᠬᠦᠴᠢᠷᠳᠡᠯ ᠲᠤᠯᠭᠠᠷᠠᠵᠤ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ | ᠲᠣᠭᠲᠠᠭᠠᠭᠰᠠᠨ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠠᠵᠤ | ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠪᠡ᠃ | ᠨᠢᠭᠡ ᠳᠤ᠂ ᠳᠡᠯᠡᠬᠡᠶ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠵᠢᠴᠢ ᠮᠠᠨ ᠤ ᠤᠯᠤᠰ ᠲᠤ | ᠦᠵᠡᠭᠦᠯᠬᠦ ᠨᠥᠯᠥᠭᠡ ᠶᠢ ᠨᠢᠭᠲᠠ ᠮᠦᠷᠳᠡᠨ ᠳᠠᠭᠠᠵᠤ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ | ᠠᠵᠢᠯᠯᠠᠭᠠᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠪᠠ ᠡᠷᠭᠢᠯᠲᠡ ᠶᠢᠨ ᠬᠤᠭᠤᠴᠠᠭᠠᠨ ᠤ ᠬᠢ ᠲᠠᠢ | ᠬᠠᠷᠢᠴᠠᠭᠤᠯᠤᠭᠰᠠᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ | ᠭᠦᠨᠵᠡᠭᠡᠶ ᠵᠠᠳᠠᠯᠵᠤ᠂ ᠲᠦᠷᠦ ᠶᠢᠨ ᠪᠤᠳᠤᠯᠭ᠎ᠠ ᠶᠢᠨ ᠤᠷᠢᠳᠴᠢᠯᠠᠭᠰᠠᠨ ᠲᠤᠬᠢᠷᠠᠭᠤᠯᠤᠯᠳᠠ ᠪᠢᠴᠢᠯ | ᠲᠤᠬᠢᠷᠠᠭᠤᠯᠤᠯᠳᠡ ᠶᠢ ᠴᠠᠭ ᠲᠤᠬᠠᠶ ᠳᠤ ᠨᠢ ᠬᠡᠷᠡᠭᠵᠢᠭᠦᠯᠵᠦ᠂ ᠢᠯᠠᠩᠭᠤᠶ᠎ᠠ ᠠᠵᠢᠯ ᠣᠯᠭᠤᠯᠲᠠ ᠶᠢ ᠠᠬᠢᠭᠤᠯᠬᠤ᠂ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ | ᠵᠢᠱᠢᠯᠲᠡ ᠶᠢ ᠲᠣᠭᠲᠠᠪᠤᠷᠢᠵᠢᠭᠤᠯᠤᠨ᠎ᠠ᠃ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠨᠠᠮᠳᠠᠭᠠᠵᠤ᠂ ᠠᠵᠤ | ᠠᠬᠤᠶ ᠶᠢᠨ ᠲᠣᠭᠲᠠᠭᠤᠨ ᠢᠶᠠᠷ ᠰᠡᠷᠭᠦᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠬᠤᠶᠠᠷ ᠲᠤ᠂ ᠨᠢᠭᠡᠨᠲᠡ ᠲᠣᠭᠲᠠᠭᠠᠭᠰᠠᠨ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ | ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠬᠡᠪᠴᠢᠶ᠎ᠡ ᠶᠢ | ᠥᠷᠭᠡᠳᠬᠡᠭᠰᠡᠨ ᠤ ᠳᠠᠷᠠᠭᠠᠬᠢ ᠡᠳ᠋ ᠤᠨ ᠵᠠᠰᠠᠭ ᠤᠨ ᠰᠢᠭᠤᠳ ᠬᠦᠷᠭᠡᠬᠦ ᠪᠡᠯᠡ ᠮᠥᠩᠭᠦ ᠶᠢᠨ ᠦᠨᠳᠦᠰᠦᠨ | ᠱᠠᠲᠤᠨ ᠳᠠᠬᠢ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ | ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠳᠣᠪᠤᠶᠢᠯᠭᠠᠨ ᠬᠡᠷᠡᠭᠯᠡᠬᠦ | ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ | ᠠᠵᠢᠯᠯᠠᠭᠠᠨ ᠤ ᠵᠠᠷᠤᠳᠠᠯ ᠢ ᠪᠠᠲᠤᠯᠠᠬᠤ ᠬᠡᠷᠡᠭᠲᠡᠶ᠃ ᠵᠢᠵᠢᠭ ᠪᠢᠴᠢᠯ ᠠᠵᠤ ᠠᠬᠤᠶᠢᠯᠠᠯ ᠳᠤ ᠴᠢᠭᠯᠡᠭᠦᠯᠦᠭᠰᠡᠨ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠣᠨᠴᠠᠭᠠᠶᠢᠯᠠᠨ ᠪᠦᠲᠦᠴᠡ ᠶᠢᠨ ᠴᠢᠨᠠᠷ ᠲᠠᠢ | ᠭᠠᠶᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶ ᠪᠥᠭᠡᠳ ᠨᠠᠷᠢᠯᠢᠭ | ᠠᠳᠬᠤᠬᠤ ᠬᠡᠷᠡᠭᠲᠡᠢ᠃ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ | ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠱᠠᠯᠠᠪᠳᠠᠭᠤᠯᠤᠨ | ᠬᠡᠷᠡᠭᠵᠢᠭᠦᠯᠵᠦ᠂ ᠳ᠋ᠦᠩᠨᠡᠨ ᠪᠤᠳᠤᠬᠤ ᠬᠤᠭᠤᠴᠠᠭ᠎ᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠲᠤᠬᠠᠶ ᠶᠢᠨ | ᠵᠢᠯ ᠳᠤ ᠪᠠᠨ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠬᠤᠷᠸ᠎ᠠ ᠬᠦᠰᠢᠬᠦᠷᠭᠡ ᠶᠢᠨ ᠨᠤᠷᠮ᠎ᠠ ᠶᠢ | ᠦᠨᠳᠦᠰᠦᠨ ᠳᠤ ᠪᠠᠨ ᠲᠣᠭᠲᠠᠭᠤᠨ ᠪᠠᠶᠢᠯᠭᠠᠵᠤ᠂ ᠵᠠᠰᠠᠭ ᠤᠨ ᠣᠷᠳᠣᠨ ᠤ ᠬᠦᠰᠢᠬᠦᠷᠭᠡ ᠶᠢᠨ ᠨᠤᠷᠮ᠎ᠠ ᠶᠢ ᠵᠣᠬᠢᠬᠤ | ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ | ᠪᠠᠶᠢᠭᠠᠳ ᠪᠣᠳᠠᠲᠠᠶ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ | ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠪᠠᠯᠠ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ | ᠭᠦᠢᠴᠡᠳᠬᠡᠬᠦ ᠬᠡᠷᠡᠭᠲᠡᠢ᠃ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠨᠢ ᠴᠥᠮ | ᠠᠵᠢᠯ ᠣᠯᠭᠤᠯᠲᠠ ᠶᠢ ᠨᠡᠮᠡᠭᠳᠡᠭᠦᠯᠬᠦ ᠶᠢᠨ ᠲᠣᠭᠤᠷᠢᠨ ᠳᠤ ᠬᠠᠮᠵᠢᠯᠴᠠᠨ ᠬᠦᠴᠦᠯᠡᠬᠦ ᠬᠡᠷᠡᠭᠲᠡᠶ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠳ ᠵᠡᠷᠭᠡ | ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠠᠬᠢᠭᠤᠯᠬᠤ ᠪᠠ ᠦᠢᠯᠡᠴᠢᠯᠡᠬᠦ ᠶᠢ ᠴᠢᠩᠭᠠᠳᠬᠠᠨ᠎ᠠ᠃ | ᠬᠥᠳᠡᠯᠮᠦᠷᠢ ᠬᠦᠴᠦᠨ᠂ ᠴᠢᠳᠠᠪᠤᠷᠢᠲᠠᠨ᠂ ᠡᠳᠦᠷ ᠤᠨ ᠬᠦᠴᠦ ᠶᠠᠪᠤᠭᠴᠢ ᠵᠡᠷᠭᠡ ︽ᠭᠤᠷᠪᠠᠨ ᠵᠠᠬ᠎ᠠ ᠳᠡᠯᠭᠡᠭᠦᠷ︾ ᠤᠨ | ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ | ᠭᠤᠷᠪᠠ ᠳᠤ᠂ ᠭᠤᠤᠯᠳᠠᠯᠭ᠎ᠠ ᠲᠠᠢ ᠠᠵᠢᠯ ᠢ ᠵᠠᠳᠠᠯᠤᠨ ᠨᠠᠷᠢᠯᠢᠬᠵᠢᠭᠤᠯᠤᠨ᠎ᠠ᠃ ︽ᠲᠠᠯᠪᠢᠬᠤ᠂ ᠬᠠᠮᠢᠶᠠᠷᠬᠤ᠂ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ | ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ | ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ | ᠪᠠᠭᠠᠰᠬᠠᠬᠤ᠂ ᠵᠠᠷᠤᠳᠠᠯ ᠢ ᠪᠠᠭᠠᠰᠬᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠥᠪ ᠤᠨ | ᠲᠥᠰᠦᠪ ᠤᠨ ᠳᠣᠲᠣᠷᠠᠬᠢ ᠪᠡᠯᠡ ᠣᠷᠣᠭᠤᠯᠬᠤ᠂ ᠰᠢᠯᠵᠢᠭᠦᠯᠦᠨ ᠥᠭᠬᠦ᠂ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠵᠦᠢᠯ ᠤᠨ ᠥᠷᠢ ᠥᠭᠴᠡᠭᠡ ᠵᠡᠷᠭᠡ ᠶᠢᠨ ᠪᠡᠯᠡ ᠮᠥᠩᠭᠦ ᠶᠢ ᠲᠦᠷᠭᠡᠪᠴᠢᠯᠡᠨ ᠪᠠᠭᠤᠯᠭᠠᠬᠤ ᠪᠠ | ᠰᠠᠶᠢᠲᠤᠷ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ ᠵᠡᠷᠭᠡ ᠬᠦᠷᠢᠶᠡᠨ ᠳᠠᠬᠢ | ᠳᠤᠲᠠᠭᠤᠳᠠᠯ ᠢ ᠨᠥᠬᠦᠪᠦᠷᠢᠯᠡᠬᠦ ᠳᠡᠮᠵᠢᠯᠭᠡ ᠪᠠᠨ ᠴᠢᠩᠭᠠᠳᠬᠠᠨ᠎ᠠ᠃ ᠰᠢᠶᠠᠨ ᠰᠢᠶᠠᠩ ᠤᠨ ᠦᠨᠳᠦᠰᠦᠨ ᠱᠠᠲᠤᠨ ᠤ | ᠪᠠᠭᠰᠢ ᠶᠢ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠭ᠎ᠠ ᠶᠢᠨ ᠨᠠᠮᠲᠠᠷ ᠢᠶᠠᠨ | ᠳᠡᠭᠡᠭᠰᠢᠯᠡᠭᠦᠯᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠨ᠎ᠡ᠃ ᠡᠭᠦᠳᠡᠨ ᠡᠮᠨᠡᠯᠭᠡ ᠶᠢᠨ | ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ᠂ ᠡᠭᠦᠳᠡᠨ ᠡᠮᠨᠡᠯᠭᠡ ᠶᠢᠨ ᠡᠮᠴᠢᠯᠡᠭᠡ ᠶᠢᠨ | ᠳᠠᠭᠠᠳᠬᠠᠯ ᠤᠨ ᠲᠠᠩᠰᠠ ᠲᠠᠶᠢᠯᠬᠤ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠮ ᠤᠨ ᠵᠦᠢᠯ ᠤᠨ ᠲᠠᠩᠰᠠ | ᠲᠠᠶᠢᠯᠬᠤ ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠨ᠎ᠡ᠃ ᠭᠠᠶᠢᠯᠢ ᠰᠦᠢᠳᠬᠡᠯ ᠢ | ᠬᠠᠰᠤᠵᠤ ᠬᠥᠩᠭᠡᠯᠡᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠤ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠮᠢᠳᠤᠷᠠᠯ ᠤᠨ ᠦᠢᠯᠡᠴᠢᠯᠡᠭᠡᠨ ᠤ ᠦᠢᠯᠡᠰ | ᠵᠡᠷᠭᠡ ᠶᠢ ᠬᠥᠭᠵᠢᠭᠦᠯᠬᠦ ᠶᠢ ᠳᠡᠮᠵᠢᠨ᠎ᠡ᠃ ᠲᠦᠷᠪᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠶᠢᠨ | ᠰᠢᠮᠳᠠᠭᠤᠯᠤᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠣᠷᠣᠨ | ᠲᠤᠰ ᠰᠠᠯᠠᠭ᠎ᠠ ᠮᠥᠴᠢᠷ ᠤᠨ ᠢᠶᠠᠨ ᠬᠡᠷᠡᠭᠵᠢᠭᠦᠯᠬᠦ ᠲᠥᠰᠦᠯ ᠢ ᠲᠥᠷᠭᠡᠳᠬᠡᠨ ᠲᠣᠭᠲᠠᠭᠠᠵᠤ᠂ ᠡᠯ᠎ᠡ ᠵᠦᠢᠯ ᠤᠨ | ᠠᠵᠢᠯ ᠢᠶᠠᠨ ᠤᠷᠢᠳᠴᠢᠯᠠᠨ ᠬᠢᠬᠦ ᠬᠡᠷᠡᠭᠲᠡᠶ᠃ ᠬᠦᠷᠢᠶ᠎ᠡ ᠴᠠᠷᠠᠭ᠎ᠠ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ | ᠭᠠᠵᠠᠷ ᠣᠷᠣᠨ ᠠᠯᠤᠰᠯᠠᠭᠰᠠᠨ ᠵᠦᠢᠯᠡᠰ ᠲᠤ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ ᠠᠵᠤ | ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ︽14 · 5︾ ᠤᠨ ᠲᠥᠯᠥᠪᠵᠢᠭᠦᠯᠭᠡ ᠰᠠᠶᠢᠨ | ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |