ᠰᠢᠨ᠎ᠡ ᠪᠠᠷᠭᠤ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠪᠣᠯᠣᠨ ᠠᠵᠢᠯ ᠤᠨ ᠡᠷᠭᠢᠯᠲᠡ ᠶᠢ ᠪᠠᠲᠤᠯᠠᠪ᠊
ᠨᠡᠶᠢᠲᠡᠯᠡᠭᠰᠡᠨ ᠴᠠᠭ᠄
2021/3/18
        ᠰᠢᠨ᠎ᠡ ᠪᠠᠷᠭᠤ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠦᠢᠯᠡᠰ ᠪᠣᠰᠬᠠᠬᠤ ᠵᠢᠭᠡᠯᠡᠯᠭᠡ᠂ ᠦᠢᠯᠡᠰ ᠪᠣᠰᠬᠠᠬᠤ ᠨᠥᠬᠦᠪᠦᠷᠢ᠂ ᠠᠵᠤ ᠠᠬᠤᠶᠢᠯᠠᠯ ᠢ ᠳᠡᠮᠵᠢᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠨᠢᠭᠡ ᠳᠤ ᠲᠠᠷᠢᠶᠠᠴᠢᠨ ᠮᠠᠯᠴᠢᠨ ᠠᠵᠢᠯᠴᠢᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠲᠡᠢ ᠬᠥᠮᠥᠰ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠤᠨ ᠲᠣᠭᠤᠷᠢᠨ ᠳᠤ ᠠᠵᠢᠯ ᠣᠯᠭᠤᠯᠬᠤ ᠲᠡᠷᠢᠭᠦᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷ᠎ᠠ ᠮᠡᠷᠭᠡᠵᠢᠯ ᠢ ᠳᠡᠭᠡᠭᠰᠢᠯᠡᠭᠦᠯᠬᠦ ᠠᠵᠢᠯᠯᠠᠭᠠᠨ ᠢ ᠦᠷᠭᠦᠯᠵᠢᠯᠡᠨ ᠲᠦᠯᠬᠢᠨ ᠠᠬᠢᠭᠤᠯᠵᠤ᠂ ᠠᠵᠢᠯ ᠣᠯᠬᠤ ᠠᠷᠭ᠎ᠠ ᠵᠠᠮ ᠢ ᠥᠷᠭᠡᠳᠬᠡᠪᠡ᠃ ᠬᠤᠶᠠᠷ ᠲᠤ ᠦᠨᠳᠦᠰᠦᠨ ᠠᠷᠠᠳ ᠤᠨ ᠠᠮᠢᠳᠤᠷᠠᠯ ᠎ ᠤᠨ ᠵᠠᠷᠤᠯᠭ᠎ᠠ ᠶᠢ ᠪᠠᠲᠤᠯᠠᠬᠤ ᠶᠢ ᠲᠡᠷᠢᠭᠦᠨ ᠳᠤ ᠲᠠᠯᠪᠢᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠪᠦᠷᠬᠦᠴᠡ ᠶᠢ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ᠂ ᠬᠥᠯᠥᠨ ᠪᠣᠶᠢᠷ ᠬᠤᠲᠠ ᠶᠢᠨ ᠱᠠᠭᠠᠷᠳᠠᠯᠭ᠎ᠠ ᠪᠠᠷ ᠠᠵᠢᠯ ᠠᠴᠠ ᠠᠮᠠᠷᠠᠭᠰᠠᠨ ᠬᠥᠮᠥᠰ ᠤᠨ ᠨᠠᠰᠤᠵᠢᠯ ᠤᠨ ᠮᠥᠩᠭᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠤᠰᠠᠯᠠᠮᠵᠢ ᠶᠢ ᠬᠢᠨᠠᠨ ᠵᠥᠪᠰᠢᠶᠡᠷᠡᠬᠦ ᠡᠷᠬᠡ ᠶᠢ ᠪᠠᠭᠤᠯᠭᠠᠬᠤ ᠥᠭᠡᠷᠡᠴᠢᠯᠡᠯᠲᠡ ᠶᠢᠨ ᠲᠤᠷᠰᠢᠬᠤ ᠴᠡᠭ ᠢ ᠭᠦᠨᠵᠡᠭᠡᠢ ᠬᠡᠷᠡᠭᠵᠢᠭᠦᠯᠦᠨ᠎ᠡ᠃ ᠳᠥᠷᠪᠡ ᠳᠤ᠂ ᠦᠨᠳᠦᠰᠦᠨ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠶᠢ ᠰᠠᠶᠢᠲᠤᠷ ᠬᠢᠵᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂  ᠪᠣᠳᠠᠰ ᠤᠨ ᠦᠨ᠎ᠡ ᠶᠢ ᠳᠤᠷ᠎ᠠ ᠪᠠᠷ ᠳᠡᠭᠡᠭᠰᠢᠯᠡᠭᠦᠯᠬᠦ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号