ᠴᠠᠭᠠᠨ ᠪᠠᠯᠭᠠᠰᠤ ᠬᠠᠤᠯᠢ ᠪᠠᠷ ᠵᠠᠰᠠᠬᠤ ᠰᠤᠷᠳᠠᠯ ᠤᠬᠠᠭᠤᠯᠭ᠎ᠠ ᠶᠢᠨ ᠬᠦᠳᠡᠯᠭᠡᠭᠡᠨ ᠦᠷᠨᠢᠬᠦᠯᠪᠡ
ᠨᠡᠶᠢᠲᠡᠯᠡᠭᠰᠡᠨ ᠴᠠᠭ᠄
2021/3/26
    ᠪᠦᠬᠦ ᠪᠠᠯᠭᠠᠰᠤᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠤᠯᠠᠮ ᠡᠷᠴᠢᠮᠲᠡᠢ᠂ ᠦᠷᠬᠡᠨ ᠲᠡᠯᠭᠡᠷ ᠎ ᠢᠶᠠᠷ ᠶᠠᠪᠤᠭᠳᠠᠵᠤ᠂ ᠰᠤᠷᠳᠠᠯ ᠤᠬᠠᠭᠤᠯᠭ᠎ᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠪᠦᠬᠦ ᠲᠠᠯ᠎ᠠ ᠪᠠᠷ ᠨᠡᠶᠢᠭᠡᠮ ᠢ ᠨᠦᠯᠦᠭᠡᠯᠡᠵᠤ᠂ ᠨᠡᠩ ᠤᠯᠠᠨ ᠦᠨᠳᠦᠰᠦᠨ ᠱᠠᠲᠤᠨ ᠤ ᠤᠯᠠᠨ ᠲᠦᠮᠡᠨ ᠬᠠᠤᠯᠢ ᠶᠢ ᠮᠡᠳᠡᠵᠤ᠂ ᠬᠠᠤᠯᠢ ᠎ ᠶᠢ ᠰᠠᠬᠢᠵᠤ᠂ ᠬᠠᠤᠯᠢ ᠶᠢ ᠤᠶᠢᠯᠠᠭᠠᠵᠤ᠂ ᠬᠠᠤᠯᠢ ᠬᠡᠷᠡᠭᠵᠢᠬᠦᠯᠬᠦ ᠶᠢ ᠤᠷᠢᠶᠠᠯᠠᠬᠤ ᠶᠢᠨ ᠲᠤᠯᠠ ᠴᠠᠭᠠᠨ ᠪᠠᠯᠭᠠᠰᠤ ᠡᠯ᠎ᠡ ᠵᠦᠢᠯ ᠤᠨ ᠬᠠᠤᠯᠢ ᠶᠢᠨ ᠲᠤᠬᠠᠢ ᠥᠷᠭᠡᠨ ᠢᠶᠠᠷ ᠤᠬᠠᠭᠤᠯᠭ᠎ᠠ ᠬᠢᠵᠤ᠂ ᠬᠠᠤᠯᠢ ᠪᠠᠷ ᠵᠠᠰᠠᠬᠤ ᠵᠤᠷᠢᠭ ᠰᠠᠨᠠᠭ᠎ᠠ ᠎ ᠶᠢ ᠪᠠᠳᠠᠷᠠᠭᠤᠯᠵᠤ᠂ ᠬᠠᠤᠯᠢ ᠶᠢ ᠨᠡᠶᠢᠭᠡᠮ᠂ ᠰᠤᠷᠭᠠᠭᠤᠯᠢ᠂ ᠠᠵᠤ ᠠᠬᠤᠶᠢᠯᠠᠯ ᠳᠤ ᠲᠦᠭᠡᠮᠡᠯᠵᠢᠬᠦᠯᠵᠤ᠂ ᠰᠢᠨ᠎ᠡ ᠨᠢᠭᠡᠨ ᠪᠦᠬᠦ ᠠᠷᠠᠳ ᠤᠨ ᠬᠠᠤᠯᠢ ᠶᠢ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
    ᠬᠠᠤᠯᠢ ᠶᠢ ᠲᠦᠭᠡᠮᠡᠯᠵᠢᠬᠦᠯᠬᠦ ᠤᠬᠠᠭᠤᠯᠭ᠎ᠠ ᠶᠢ ᠨᠡᠶᠢᠭᠡᠮ ᠲᠤᠭᠤᠷᠢᠭ ᠲᠤ ᠬᠦᠷᠬᠡᠭᠦ ᠬᠦᠳᠡᠯᠬᠡᠬᠡᠨ ᠦᠷᠨᠢᠬᠦᠯᠵᠤ ᠂ ᠬᠡᠷ ᠲᠤ ᠨᠢ ᠬᠦᠷᠴᠦ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠭᠠᠵᠢᠭᠤ ᠨᠤᠮᠨᠠᠯ ᠢ ᠡᠰᠡᠷᠭᠦᠴᠡᠬᠦ᠂ ᠲᠡᠮᠦᠷ ᠵᠠᠮ ᠢ ᠬᠠᠮᠠᠭᠠᠯᠠᠬᠤ᠂ ᠠᠷᠠᠳ ᠤᠨ ᠲᠤᠮᠳᠠᠬᠢ ᠵᠢᠭᠡᠯᠡᠯᠭᠡ ᠵᠡᠷᠬᠡ ᠬᠠᠤᠯᠢ ᠶᠢᠨ ᠦᠢᠯᠡᠴᠢᠯᠡᠭᠡ ᠶᠢ ᠲᠠᠶᠢᠯᠪᠤᠷᠢᠯᠠᠪᠠ᠃ ᠬᠦᠳᠡᠯᠬᠡᠬᠡᠨ ᠳᠤ ᠨᠡᠶᠢᠲᠡ 60 ᠭᠠᠷᠦᠢ ᠤᠬᠠᠭᠤᠯᠭ᠎ᠠ ᠶᠢᠨ ᠪᠤᠳᠠᠰ ᠪᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠠᠶᠢᠨ᠎ᠠ᠃
   ᠦᠨᠦᠳᠦᠷ᠂ ᠮᠠᠨ ᠤ ᠪᠠᠯᠭᠠᠰᠤ ︽ᠦᠨᠳᠦᠰᠦᠨ ᠬᠠᠤᠯᠢ ᠲᠠ ᠪᠢᠳᠡᠨ ᠤ ᠳᠡᠷᠭᠡᠳᠡ︾ ᠬᠡᠬᠦ ᠭᠤᠤᠯ ᠰᠡᠳᠦᠪ ᠎ ᠢᠶᠠᠷ ᠠᠭᠤᠳᠠᠮ ᠲᠠᠯᠠᠪᠠᠢ ᠳᠤ ᠤᠬᠠᠭᠤᠯᠭ᠎ᠠ ᠶᠢᠨ ᠬᠦᠳᠡᠯᠭᠡᠭᠡᠨ ᠦᠷᠨᠢᠬᠦᠯᠪᠡ᠃ ᠡᠨᠡ ᠤᠳᠠᠭᠠᠨ ᠤ ᠬᠦᠳᠡᠯᠭᠡᠭᠡᠨ ᠎ ᠢᠶᠠᠷ ᠪᠢᠳᠡ ᠤᠷᠢᠶ᠎ᠡ ᠡᠯᠬᠦᠨ ᠬᠠᠤᠯᠢ ᠶᠢ ᠲᠦᠭᠡᠮᠡᠯᠵᠢᠬᠦᠯᠬᠦ ᠲᠦᠰᠦᠪ ᠲᠠᠶᠢᠯᠤᠮᠵᠢ ᠶᠢᠨ ᠫᠠᠶᠢᠰᠠ ᠦᠵᠡᠬᠦᠯᠵᠤ᠂ ᠬᠠᠤᠯᠢ ᠶᠢᠨ ᠠᠰᠠᠭᠤᠨ ᠯᠠᠪᠯᠠᠯᠲᠠ ᠵᠡᠷᠬᠡ ᠬᠡᠯᠪᠡᠷᠢ ᠪᠠᠷ ᠶᠠᠪᠤᠭᠳᠠᠭᠤᠯᠵᠤ᠂ ᠠᠷᠠᠳ ᠤᠨ ᠠᠮᠢᠳᠤᠷᠠᠯ  ᠎ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠬᠠᠤᠯᠢ ᠶᠢᠨ ᠤᠬᠠᠮᠰᠠᠷ ᠢ ᠳᠡᠭᠡᠭᠰᠢᠯᠡᠬᠦᠯᠦᠭᠰᠡᠨ ᠪᠠᠶᠢᠨ᠎ᠠ᠃     ᠡᠨᠡ ᠤᠳᠠᠭᠠᠨ ᠤ ᠰᠤᠷᠳᠠᠯ ᠤᠬᠠᠭᠤᠯᠭ᠎ᠠ ᠶᠢᠨ ᠬᠦᠳᠡᠯᠭᠡᠭᠡᠨ ᠢᠶᠠᠷ ᠲᠠᠮᠵᠢᠨ ᠪᠦᠬᠦ ᠪᠠᠯᠭᠠᠰᠤᠨ ᠤ ᠰᠠᠭᠤᠭᠠᠯᠢ ᠠᠷᠠᠳ᠂ ᠮᠠᠯᠴᠢᠨ ᠲᠦᠮᠡᠨ᠂ ᠡᠮᠡᠭᠳᠡᠶᠢᠴᠤᠳ ᠪᠠ ᠬᠡᠤᠬᠡᠳ ᠪᠠᠭᠠᠴᠤᠳ ᠴᠦᠮ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠭᠠᠵᠢᠭᠤ ᠨᠤᠮᠨᠠᠯ ᠢ ᠡᠰᠡᠷᠭᠦᠴᠡᠬᠦ᠂ ᠲᠡᠮᠦᠷ ᠵᠠᠮ ᠢ ᠬᠠᠮᠠᠭᠠᠯᠠᠬᠤ᠂ ᠠᠷᠠᠳ ᠤᠨ ᠲᠤᠮᠳᠠᠬᠢ ᠵᠢᠭᠡᠯᠡᠯᠭᠡ ᠵᠡᠷᠭᠡ ᠬᠠᠤᠯᠢ ᠶᠢᠨ ᠠᠰᠠᠭᠤᠳᠠᠯ ᠳᠤ ᠭᠦᠨ ᠲᠠᠨᠢᠯᠲᠠ ᠲᠠᠢ  ᠪᠤᠯᠤᠭᠰᠠᠨ ᠪᠠᠶᠢᠨ᠎ᠠ᠃
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号