ᠴᠠᠭᠠᠨ ᠰᠤᠷᠭᠠᠭᠤᠯᠢ《ᠡᠨᠧᠷᠬᠢ ᠠᠷᠪᠢᠯᠠᠵᠤ ᠬᠤᠷᠤᠭᠳᠠᠯ ᠢ  ᠪᠠᠭᠤᠷᠠᠭᠤᠯᠤᠨ᠂ ᠴᠡᠩᠭᠡᠷ ᠤᠭᠲᠠᠷᠭᠤᠢ ᠪᠠᠨ ᠬᠠᠮᠠᠭᠠᠯᠠᠶ᠎ᠠ》ᠭᠡᠭᠦ ᠰᠢᠷᠢᠰ ᠬᠦᠳᠡᠯᠭᠡᠭᠡᠨ ᠦᠷᠨᠢᠬᠦᠯᠪᠡ
ᠨᠡᠶᠢᠲᠡᠯᠡᠭᠰᠡᠨ ᠴᠠᠭ᠄
2021/3/26
    ᠰᠢᠨ᠎ᠡ ᠶᠢ ᠡᠭᠦᠳᠴᠦ᠂ ᠵᠤᠬᠢᠴᠠᠩᠭᠤᠢ᠂  ᠪᠠᠶᠢᠭᠠᠯᠢᠭ᠂ ᠴᠢᠯᠤᠭᠡᠲᠡᠢ  ᠂ ᠬᠠᠮᠲᠤᠪᠠᠷ ᠡᠳ᠋ᠯᠡᠬᠦ ᠬᠦᠭᠵᠢᠯᠲᠡ ᠶᠢᠨ ᠦᠵᠡᠯᠲᠡ ᠶᠢ ᠪᠠᠳᠤᠵᠢᠭᠤᠯᠬᠤ ᠶᠢᠨ ᠲᠦᠯᠦᠭᠡ ᠴᠠᠭᠠᠨ ᠰᠤᠷᠭᠠᠭᠤᠯᠢ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠎ ᠢᠶᠠᠨ ᠵᠤᠬᠢᠶᠠᠨ ᠪᠠᠶᠢᠭᠤᠯᠵᠤ《ᠡᠨᠧᠷᠬᠢ ᠠᠷᠪᠢᠯᠠᠵᠤ ᠬᠤᠷᠤᠭᠳᠠᠯ ᠢ  ᠪᠠᠭᠤᠷᠠᠭᠤᠯᠤᠨ᠂ ᠴᠡᠩᠭᠡᠷ ᠤᠭᠲᠠᠷᠭᠤᠢ ᠪᠠᠨ ᠬᠠᠮᠠᠭᠠᠯᠠᠶ᠎ᠠ》ᠭᠡᠭᠦ ᠰᠢᠷᠢᠰ ᠬᠦᠳᠡᠯᠭᠡᠭᠡᠨ ᠦᠷᠨᠢᠬᠦᠯᠪᠡ᠃ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠤᠬᠠᠭᠤᠯᠭ᠎ᠠ ᠶᠢᠨ ᠪᠢᠴᠢᠭ ᠢ  ᠤᠯᠠᠮᠵᠢᠯᠠᠵᠤ᠂ ᠵᠢᠷᠤᠭ ᠤᠨ ᠦᠵᠡᠬᠦᠯᠬᠡ ᠬᠢᠵᠤ᠂ ᠤᠯᠤᠰ ᠤᠨ ᠲᠤᠭ ᠤᠨ ᠲᠤᠤᠷᠠᠬᠢ ᠶᠠᠷᠢᠶ᠎ᠠ ᠲᠠᠯᠪᠢᠬᠤ ᠵᠡᠷᠭᠡ ᠠᠷᠭ᠎ᠠ ᠬᠡᠯᠪᠡᠷᠢ ᠪᠠᠷ ᠰᠤᠷᠭᠠᠭᠤᠯᠢ ᠶᠢᠨ ᠬᠦᠷᠢᠶᠡᠨ ᠤ ᠡᠯ᠎ᠡ ᠲᠠᠯ᠎ᠠ ᠲᠤ  ᠰᠤᠷᠲᠠᠯᠴᠢᠯᠠᠵᠤ᠂ ᠪᠠᠭᠰᠢ ᠰᠤᠷᠤᠭᠴᠢᠳ ᠤᠨ ᠡᠨᠧᠷᠬᠢ ᠠᠷᠪᠢᠯᠠᠵᠤ ᠬᠤᠷᠤᠭᠳᠠᠯ ᠢ  ᠪᠠᠭᠤᠷᠠᠭᠤᠯᠬᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢ ᠲᠠᠰᠤᠷᠠᠯᠲᠠ ᠦᠬᠡᠢ ᠨᠡᠮᠡᠭᠳᠡᠭᠦᠯᠦᠭᠰᠡᠨ ᠪᠠᠶᠢᠨ᠎ᠠ᠃      ᠡᠨᠡ ᠤᠳᠠᠭᠠᠨ ᠤ ᠡᠨᠧᠷᠬᠢ ᠠᠷᠪᠢᠯᠠᠵᠤ ᠬᠤᠷᠤᠭᠳᠠᠯ ᠢ ᠪᠠᠭᠤᠷᠠᠭᠤᠯᠬᠤ ᠬᠦᠳᠡᠯᠭᠡᠭᠡᠨ ᠢᠶᠠᠷ ᠲᠠᠮᠵᠢᠭᠤᠯᠤᠨ ᠬᠦᠮᠦᠰ ᠢ ᠲᠤᠤᠷ᠎ᠠ ᠪᠤᠬᠢᠷᠲᠠᠯᠲᠤ ᠠᠮᠢᠳᠤᠷᠠᠯ ᠤᠨ ᠲᠠᠳᠬᠠᠯ ᠢ ᠪᠤᠢ ᠪᠤᠯᠭᠠᠵᠤ᠂ ᠡᠨᠧᠷᠬᠢ ᠠᠷᠪᠢᠯᠠᠬᠤ ᠶᠢ ᠦᠪᠡᠷ ᠤᠨ ᠪᠡᠶ᠎ᠡ ᠠᠴᠠ ᠪᠠᠨ ᠡᠬᠢᠯᠡᠨ ᠬᠢᠵᠤ᠂ ᠠᠮᠢ ᠠᠬᠤᠢ ᠪᠠᠨ ᠬᠠᠮᠠᠭᠠᠯᠠᠵᠤ᠂ ᠪᠤᠯᠪᠠᠰᠤᠨ ᠲᠠᠳᠬᠠᠯ ᠲᠠᠢ ᠪᠤᠯᠵᠤ᠂ ᠬᠦᠮᠦᠨ ᠪᠦᠬᠦᠨ ᠡᠭᠡ ᠪᠠᠶᠢᠭᠠᠯᠢ ᠳᠤ ᠪᠠᠨ ᠦᠪᠡᠷ ᠤᠨ ᠬᠠᠶᠢᠷ᠎ᠠ ᠪᠠᠨ ᠰᠢᠩᠭᠡᠭᠡᠬᠦ ᠰᠡᠳᠬᠢᠯ ᠢ ᠪᠤᠢ ᠪᠤᠯᠭᠠᠪᠠ᠃
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号