ᠬᠥᠯᠥᠨ ᠪᠣᠶᠢᠷ ᠤᠨ ᠭᠦᠸᠧ ᠯᠢᠶᠠᠩ ᠵᠢᠭᠤᠯᠴᠢᠯᠠᠯ ᠤᠨ ᠦᠢᠯᠡᠴᠢᠯᠡᠨ ᠤ  ᠭᠠᠵᠠᠷ ᠵᠢᠩᠬᠢᠨᠢ ᠪᠠᠷ ᠠᠰᠢᠭᠯᠠᠯᠲᠠ ᠪᠠᠷ ᠣᠷᠣᠪᠠ
ᠨᠡᠶᠢᠲᠡᠯᠡᠭᠰᠡᠨ ᠴᠠᠭ᠄
2021/3/26
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠥᠪᠰᠢᠶᠡᠷᠡᠯ ᠢᠶᠠᠷ᠂ ᠬᠥᠯᠥᠨ ᠪᠣᠶᠢᠷ ᠤᠨ ᠭᠦᠸᠧ ᠯᠢᠶᠠᠩ ᠵᠢᠭᠤᠯᠴᠢᠯᠠᠯ ᠤᠨ ᠦᠢᠯᠡᠴᠢᠯᠡᠨ ᠤ ᠬᠠᠷᠢᠭᠤᠴᠠᠯᠭᠠᠲᠤ ᠺᠣᠮᠫᠠᠨᠢ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠳᠤ ᠳᠠᠩᠰᠠᠯᠠᠪᠠ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠠᠵᠢᠯ᠂ ᠬᠢᠯᠢ ᠶᠢᠨ ᠵᠢᠭᠤᠯᠴᠢᠯᠠᠯ ᠤᠨ ᠠᠵᠢᠯ ᠢ ᠡᠵᠡᠩᠨᠡᠵᠦ᠂ ᠰᠢᠨ᠎ᠡ ᠪᠠᠷᠭᠤ ᠵᠡᠭᠦᠨ ᠬᠤᠰᠢᠭᠤᠨ ᠳᠤ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠦᠭᠡᠢ ᠪᠠᠶᠢᠳᠠᠯ ᠢ ᠨᠥᠬᠦᠪᠦᠷᠢᠯᠡᠪᠡ᠃ ᠡᠳᠦᠭᠡ ᠲᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠪᠡᠭᠡᠵᠢᠩ᠂ ᠬᠥᠬᠡᠨᠠᠭᠤᠷ ᠵᠡᠷᠭᠡ ᠭᠠᠵᠠᠷ ᠬᠦᠷᠴᠦ ᠵᠢᠭᠤᠯᠴᠢᠯᠠᠬᠤ ᠬᠤᠶᠠᠷ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠪᠠ᠃      
   ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ ᠠᠴᠠ ᠲᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠎ ᠤᠨ ᠡᠵᠡᠩᠨᠡᠬᠦ ᠠᠵᠢᠯᠯᠠᠭᠠᠨ ᠳᠤ ᠴᠢᠩᠭ᠎ᠠ ᠬᠢᠨᠠᠯᠲᠠ ᠲᠠᠯᠪᠢᠵᠤ᠂ ︽ᠶᠠᠰᠤ ᠴᠢᠨᠠᠷ ᠢ ᠠᠳᠬᠤᠬᠤ᠂ ᠦᠢᠯᠡᠴᠢᠯᠡᠭᠡᠨ ᠢ ᠠᠬᠢᠭᠤᠯᠬᠤ᠂ ᠳᠡᠰ ᠢ ᠳᠡᠪᠰᠢᠭᠦᠯᠬᠦ᠂ ᠬᠢᠷᠢ ᠲᠦᠪᠰᠢᠨ ᠢ ᠳᠡᠭᠡᠭᠰᠢᠯᠡᠭᠦᠯᠬᠦ᠂ ᠨᠡᠷᠡᠲᠦ ᠲᠡᠮᠳᠡᠭ ᠢ ᠡᠭᠦᠳᠬᠦ︾ ᠵᠠᠷᠴᠢᠮ ᠢᠶᠠᠷ᠂ ᠦᠢᠯᠡᠴᠢᠯᠡᠭᠡᠨ ᠤ ᠪᠠᠷᠢᠮᠵᠢᠶ᠎ᠠ ᠶᠢ ᠳᠦᠷᠢᠮᠵᠢᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠵᠤᠭᠠᠴᠠᠭᠤᠯᠤᠭᠴᠢ ᠶᠢᠨ ᠬᠡᠪ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠤᠷ ᠬᠥᠭᠵᠢᠯᠲᠡ ᠳᠤ ᠵᠣᠬᠢᠬᠤ ᠬᠤᠪᠢ ᠨᠡᠮᠡᠭᠦᠷᠢ ᠪᠠᠨ ᠦᠵᠡᠭᠦᠯᠦᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ