3 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ᠂ ᠬᠤᠲᠠ | ᠬᠤᠰᠢᠭᠤ ᠬᠤᠶᠠᠷ ᠱᠠᠲᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠵᠡᠷᠭᠡ ᠭᠠᠵᠠᠷ ᠲᠤ ᠭᠦᠨᠵᠡᠭᠡᠶᠢᠷᠡᠨ᠂ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᡁᠢ ᠨᠡᠷ ᠪᠠᠷ᠎ᠠ | ᠪᠤᠯᠵᠦ ᠪᠠᠶᠢᠴᠠᠭᠠᠨ ᠰᠤᠳᠤᠯᠤᠯᠲᠠ ᠬᠢᠵᠡᠢ᠃ | ᠢᠦᠢ ᠯᠢ ᠰᠢᠨ ᠨᠡᠷ ᠤᠷᠢᠳ ᠬᠤᠵᠢᠳ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠳᠠ ᠶᠢᠨ ᠨᠠᠮ ᠤᠨ ᠬᠤᠷᠢᠶ᠎ᠠ ᠶᠢᠨ | ᠰᠢᠭᠤᠳ ᠬᠠᠷᠢᠶ᠎ᠠ ᠪᠠᠶᠢᠭᠤᠯᠭ᠎ᠠ ᠶᠢᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠦᠪᠯᠡᠯ᠂ ᠬᠤᠳᠠ ᠶᠢᠨ | ᠨᠠᠮ ᠤᠨ ᠬᠤᠶᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠪᠣᠯᠤᠨ ᠡᠸᠡᠩᠬᠢ ᠬᠤᠰᠢᠭᠤᠨ ᠤ ᠨᠠᠮ ᠤᠨ ᠬᠤᠷᠢᠶ᠎ᠠ ᠶᠢᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠬᠦᠷᠴᠦ᠂ | ᠮᠠᠲ᠋ᠧᠷᠢᠶᠠᠯ ᠪᠠᠶᠢᠴᠠᠭᠠᠬᠤ᠂ ᠨᠣᠮ ᠤᠨ ᠭᠠᠷᠴᠠᠭ ᠢ ᠦᠵᠡᠬᠦ᠂ ᠠᠬᠢᠴᠠ ᠶᠢ ᠠᠰᠠᠭᠤᠬᠤ᠂ ᠲᠠᠨᠢᠯᠴᠠᠭᠤᠯᠭ᠎ᠠ ᠶᠢ | ᠰᠣᠨᠣᠰᠬᠤ᠂ ᠬᠤᠪᠢᠰᠬᠠᠯ ᠤᠨ ᠡᠬᠢ ᠪᠠᠶᠠᠯᠢᠭ ᠢ ᠭᠦᠨ ᠠᠭᠤᠳᠠᠯᠬᠤ᠂ ᠤᠬᠠᠭᠤᠯᠭ᠎ᠠ ᠬᠥᠮᠦᠵᠢᠯ ᠤᠨ ᠲᠠᠪᠴᠠᠩ ᠢ | ᠰᠠᠶᠢᠲᠤᠷ ᠬᠢᠬᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠵᠡᠷᠭᠡ ᠠᠵᠢᠯ ᠤᠨ ᠲᠣᠭᠤᠷᠢᠨ ᠳᠤ ᠠᠵᠢᠯᠲᠠᠳ ᠲᠠᠢ ᠭᠦᠨᠵᠡᠭᠡᠢ ᠰᠠᠨᠠᠯ ᠢᠶᠠᠨ ᠰᠣᠯᠢᠯᠴᠠᠬᠤ ᠶᠢᠨ | ᠬᠠᠮᠲᠤ ᠠᠵᠢᠯ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ | ᠳᠤᠷᠠᠳᠪᠠ᠃ | | ᠢᠦᠶ ᠯᠢ ᠰᠢᠨ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠣᠯᠠᠨ ᠨᠠᠮ ᠤᠨ ᠭᠡᠰᠢᠬᠦᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠤᠯᠤᠰ ᠲᠥᠷᠥ ᠶᠢᠨ ᠬᠠᠷᠠᠴᠠ ᠪᠠ ᠬᠠᠷᠠᠭᠠᠰᠤ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢᠨ ᠲᠦᠢᠯ ᠤᠨ ᠴᠢᠬᠤᠯᠠ ᠴᠢᠨᠠᠷ ᠢ ᠲᠠᠨᠢᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠬᠦ | ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠪᠠ ᠬᠤᠲᠠ ᠶᠢᠨ | ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠭᠤᠤᠯᠳᠠᠯᠭ᠎ᠠ ᠲᠠᠢ ᠡᠭᠦᠷᠭᠡ ᠪᠠ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠵᠤ᠂ ᠨᠠᠮ ᠤᠨ ᠲᠡᠤᠬᠡ ᠭᠡᠬᠦ ᠡᠨᠡ ᠬᠦ ᠤᠯᠤᠰ ᠲᠥᠷᠥ ᠶᠢᠨ | ︽ᠵᠠᠪᠠᠯ ᠰᠤᠷᠬᠤ ᠬᠢᠴᠢᠶᠡᠯ︾ ᠢ ᠦᠨᠡᠨ ᠬᠦ ᠰᠠᠶᠢᠲᠤᠷ ᠰᠤᠷᠴᠤ᠂ ᠲᠡᠤᠬᠡ ᠶᠢ ᠰᠤᠷᠤᠯᠴᠠᠵᠤ ᠶᠣᠰᠣ ᠤᠴᠢᠷ ᠢ | ᠣᠶᠢᠯᠠᠭᠠᠬᠤ᠂ ᠲᠡᠤᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠤᠬᠡ ᠶᠢ ᠰᠤᠷᠤᠯᠴᠠᠵᠤ ᠶᠣᠰᠣ | ᠰᠤᠷᠲᠠᠬᠤᠨ ᠢ ᠡᠷᠬᠢᠮᠯᠡᠬᠦ᠂ ᠲᠡᠤᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ ᠶᠢ ᠪᠡᠶᠡᠯᠡᠭᠦᠯᠵᠦ᠂ ᠨᠠᠮ ᠤᠨ | ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠥᠯᠥᠨ ᠪᠤᠶᠢᠷ ᠲᠤ ᠪᠠᠲᠤᠲᠠᠶ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ | | ᠢᠦᠢ ᠯᠢ ᠰᠢᠨ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠤᠯᠠᠨ ᠨᠠᠮ ᠤᠨ ᠭᠡᠰᠢᠭᠦᠨ ᠡᠷᠬᠡᠪᠰᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠪᠣᠯᠤᠨ | ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠪᠤᠢ ᠪᠦᠬᠦᠢ ︽ᠲᠤᠭᠲᠠᠭᠰᠠᠨ ᠬᠦᠳᠡᠯᠦᠯ︾ ᠤᠨ | ᠴᠢᠨᠠᠷ ᠬᠡᠮᠵᠢᠶ᠎ᠡ ᠶᠢ ᠪᠠᠲᠤᠯᠠᠵᠦ᠂ ᠱᠠᠭᠠᠷᠳᠠᠯᠭ᠎ᠠ ᠶᠣᠰᠣᠭᠠᠷ ︽ᠥᠪᠡᠰᠦᠪᠡᠨ ᠰᠣᠩᠭᠤᠬᠤ ᠬᠦᠳᠡᠯᠦᠯ︾ ᠤᠨ | ᠰᠢᠨ᠎ᠡ ᠶᠢ ᠡᠭᠦᠳᠬᠦ ᠬᠡᠷᠡᠭᠲᠡᠢ︔ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠬᠠᠮᠲᠤ᠂ ᠲᠤᠷᠰᠢᠯᠭ᠎ᠠ ᠪᠠᠨ | ᠳ᠋ᠦᠩᠨᠡᠬᠦ ᠪᠠ ᠳᠤᠲᠠᠭᠤᠳᠠᠯ ᠢᠶᠠᠨ ᠡᠷᠢᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢ | ᠪᠠᠲᠤᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ︔ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠦᠭᠰᠡᠨ | ᠰᠠᠭᠤᠷᠢᠨ ᠳᠡᠭᠡᠷ᠎ᠡ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠦᠢᠯᠡᠴᠢᠯᠡᠬᠦ ᠡᠲᠡᠭᠡᠳ ᠪᠣᠯᠤᠨ | ᠤᠯᠠᠨ ᠲᠦᠮᠡᠨ ᠤ ︽ᠲᠤᠯᠭᠠᠮ᠎ᠠ ᠲᠦᠪᠡᠭᠳᠡᠢ ᠵᠤᠪᠠᠭᠤᠷᠢᠳᠠᠢ ᠬᠦᠰᠡᠵᠦ ᠪᠠᠶᠢᠭ᠎ᠠ︾ ᠠᠰᠠᠭᠤᠳᠠᠯ ᠢ ᠴᠠᠭ | ᠲᠤᠬᠠᠢ ᠳᠤᠨᠢ ᠡᠵᠡᠮᠰᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠢ ᠭᠡᠵᠡᠢ᠃ | | ᠢᠦᠢ ᠯᠢ ᠰᠢᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠨᠢᠭᠡᠪᠦᠷᠢ ᠨᠢ ᠴᠥᠮ | ᠮᠠᠰᠢ ᠴᠢᠬᠤᠯᠠ ᠶᠤᠮ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠪᠠᠷᠠᠬᠤ ᠦᠭᠡᠢ ᠪᠠᠰᠠ | ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠠᠮᠲᠤ ᠪᠠᠷ ᠤᠷᠤᠭᠰᠢᠯᠠᠵᠤ᠂ ᠰᠤᠷᠤᠯᠴᠠᠯᠭ᠎ᠠ | ᠬᠥᠮᠦᠵᠢᠯ ᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ︔ ᠡᠯ᠎ᠡ ᠱᠠᠲᠤᠨ ᠤ | ᠪᠠᠶᠢᠴᠠᠭᠠᠵᠤ ᠬᠢᠨᠠᠨ ᠵᠢᠯᠣᠭᠤᠳᠬᠤ ᠶᠢ ᠴᠢᠩᠭᠠᠳᠬᠠᠵᠤ᠂ ᠬᠢᠨᠠᠨ ᠵᠢᠯᠣᠭᠤᠳᠬᠤ ᠳᠤᠭᠤᠶᠢᠯᠠᠩ ᠤᠨ ᠬᠢᠨ | ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠢ ᠳᠤᠨᠢ ᠵᠢᠭᠠᠨ | ᠭᠠᠷᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠵᠢᠷᠤᠮᠵᠢᠯ ᠪᠠ ᠪᠠᠷᠢᠮᠵᠢᠶ᠎ᠠ ᠲᠠᠢ ᠥᠷᠨᠢᠭᠦᠯᠬᠦ ᠶᠢ | ᠪᠠᠲᠤᠯᠠᠬᠤ ᠬᠡᠷᠡᠭᠲᠡᠢ︔ ᠪᠣᠳᠠᠲᠤ ᠪᠠᠶᠢᠳᠠᠯ ᠳᠤ ᠰᠠᠭᠤᠷᠢᠯᠠᠵᠤ᠂ ᠬᠦᠴᠦᠨ ᠢᠶᠠᠨ ᠲᠠᠰᠤᠷᠠᠯᠲᠠ ᠦᠭᠡᠢ ᠨᠢᠭᠡᠳᠬᠡᠵᠦ᠂ | ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠹᠷᠤᠨᠲ ᠢᠶᠠᠨ ᠥᠷᠭᠡᠳᠬᠡᠵᠦ᠂ ᠤᠯᠠᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃ | |