ᠬᠠᠢ ᠴᠢᠩ ᠠᠴᠠ ᠰᠢᠨ᠎ᠡ ᠪᠠᠷᠭᠤ ᠵᠡᠭᠦᠨ ᠬᠤᠰᠢᠭᠤᠨ ᠤ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2021/4/13
    4 ᠰᠠᠷ᠎ᠠ ᠶᠢᠨ9᠎ ᠤ ᠡᠳᠦᠷ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠬᠠᠢ ᠴᠢᠩ ᠠᠴᠠ ᠰᠢᠨ᠎ᠡ ᠪᠠᠷᠭᠤ ᠵᠡᠭᠦᠨ ᠬᠤᠰᠢᠭᠤᠨ ᠤ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠎ ᠶᠢᠨ ᠠᠶᠤᠯ ᠢ ᠰᠡᠷᠭᠡᠶᠢᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠵᠤ᠂ ᠬᠤᠰᠢᠭᠤᠨ ᠤ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠯ᠎ᠠ ᠨᠤᠲᠤᠭ ᠤᠨ ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠢ ᠵᠠᠳᠠᠯᠠᠨ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠬᠤ  ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠶᠠᠪᠤᠳᠠᠯ ᠤᠨ ᠳᠡᠳ᠋ ᠬᠤᠰᠢᠭᠤᠨ ᠳᠠᠷᠤᠭ᠎ᠠ ᠪᠠᠢ ᠵᠧᠨ ᠰᠢᠶᠠᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠬᠤᠰᠢᠭᠤᠨ ᠤ ᠡᠷᠡᠭᠦᠯ ᠬᠠᠮᠠᠭᠠᠯᠠᠯ  ᠡᠷᠡᠭᠦᠯ ᠮᠡᠨᠳᠦ ᠶᠢᠨ ᠵᠥᠪᠯᠡᠯ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ  ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠎ ᠶᠢᠨ ᠭᠤᠣᠯ ᠬᠠᠷᠢᠭᠤᠴᠠᠯᠭᠠᠲᠠᠨ ᠲᠤᠰ ᠲᠤᠰ ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠬᠤ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠦᠯᠲᠡ ᠬᠢᠪᠡ᠃ ᠪᠠᠢ ᠵᠧᠨ ᠰᠢᠶᠠᠨ ᠠᠴᠠ ᠣᠶᠢᠷ᠎ᠠ ᠶᠢᠨ ᠬᠤᠭᠤᠴᠠᠭᠠᠨ ᠳᠤ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠬᠤ ᠠᠵᠢᠯ
ᠥᠷᠨᠢᠭᠦᠯᠦᠭᠰᠡᠨ ᠪᠠᠶᠢᠳᠠᠯ ᠳᠤ ᠰᠠᠨᠠᠯ ᠰᠠᠨᠠᠭᠤᠯᠭ᠎ᠠ ᠳᠤᠷᠠᠳᠪᠠ᠃
     ᠠᠵᠢᠯ ᠤᠨ ᠬᠠᠷᠢᠭᠤ ᠮᠡᠳᠡᠭᠦᠯᠦᠯᠲᠡ ᠰᠣᠨᠣᠰᠤᠭᠰᠠᠨ ᠤ ᠳᠠᠷᠠᠭ᠎ᠠ᠂ ᠬᠠᠢ ᠴᠢᠩ᠂ ᠡᠳᠦᠭᠡ ᠪᠣᠯ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠬᠤ ᠵᠠᠩᠭᠢᠯᠠᠭ᠎ᠠ ᠶᠢᠨ ᠴᠠᠭ ᠪᠣᠯᠣᠨ᠎ᠠ᠂ ᠡᠯ᠎ᠡ ᠰᠠᠯᠠᠭ᠎ᠠ ᠮᠥᠴᠢᠷ ᠲᠤᠯᠭᠠᠷᠠᠵᠤ ᠪᠠᠶᠢᠭ᠎ᠠ ᠪᠠᠶᠢᠳᠠᠯ ᠢ ᠭᠦᠢᠴᠡᠳ ᠲᠠᠨᠢᠵᠤ ᠮᠡᠳᠡᠬᠦ ᠬᠡᠷᠡᠭᠲᠡᠢ᠂ ᠳᠡᠭᠡᠳᠦ ᠬᠡᠮᠵᠢᠶᠡᠨ ᠤ ᠤᠯᠤᠰ ᠲᠥᠷᠥ ᠪᠠ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠴᠠᠭ ᠢ ᠠᠮᠵᠢᠨ ᠬᠥᠳᠡᠯᠦᠯᠴᠡᠵᠦ᠂ ᠬᠠᠪᠤᠷ ᠤᠨ ᠤᠯᠠᠷᠢᠯ ᠎ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠠᠶᠤᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠣᠳᠠᠲᠠᠢ ᠪᠠᠶᠢᠳᠠᠯ ᠎ ᠢ ᠦᠨᠳᠦᠰᠦᠯᠡᠨ ᠠᠮᠢᠳᠤ ᠪᠣᠳᠠᠰ᠂ ᠬᠢᠮᠢ ᠶᠢᠨ ᠠᠷᠭ᠎ᠠ ᠪᠠᠷ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠤᠭᠰᠠᠨ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠮᠠᠨ ᠤ ᠬᠤᠰᠢᠭᠤᠨ ᠤ ᠲᠠᠯ᠎ᠠ ᠨᠤᠲᠤᠭ ᠤᠨ
ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠳᠤ ᠥᠷᠨᠢᠭᠦᠯᠬᠦ ᠬᠡᠷᠡᠭᠲᠡᠢ ᠭᠡᠪᠡ᠃
     ᠬᠠᠢ ᠴᠢᠩ ᠴᠢᠬᠤᠯᠠᠴᠢᠯᠠᠭᠰᠠᠨ ᠨᠢ᠄ ᠨᠢᠭᠡ ᠳᠤ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠭᠤᠣᠯ ᠬᠠᠷᠢᠭᠤᠴᠠᠯᠭᠠᠲᠠᠨ ᠡᠭᠦᠷᠭᠡ ᠪᠠᠨ ᠬᠠᠷᠢᠭᠤᠴᠠᠵᠤ᠂ ᠭᠤᠣᠯᠳᠠᠯᠭ᠎ᠠ ᠎ ᠲᠠᠢ ᠰᠡᠷᠭᠡᠶᠢᠯᠡᠨ ᠡᠵᠡᠮᠳᠡᠬᠦ ᠣᠷᠣᠨ ᠢ ᠴᠢᠩᠭ᠎ᠠ ᠬᠠᠮᠢᠶᠠᠷᠴᠤ᠂ ᠬᠡᠰᠡᠭ ᠬᠤᠪᠢᠶᠠᠨ ᠪᠡᠶᠡᠯᠡᠭᠦᠯᠵᠦ᠂ ᠬᠥᠮᠥᠨ ᠪᠦᠬᠦᠨ ᠎ ᠳᠤ ᠬᠠᠷᠢᠭᠤᠴᠠᠭᠤᠯᠵᠤ᠂ ᠭᠠᠵᠠᠷ ᠰᠢᠷᠣᠢ ᠪᠠᠨ ᠬᠠᠮᠠᠭᠠᠯᠠᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠎ ᠪᠠᠨ ᠪᠡᠶᠡᠯᠡᠭᠦᠯᠬᠦ ᠬᠡᠷᠡᠭᠲᠡᠢ᠃ ᠬᠤᠶᠠᠷ ᠲᠤ ᠪᠡᠯᠡ ᠮᠥᠩᠭᠦ᠂ ᠡᠳ᠋ ᠪᠣᠳᠠᠰ ᠢ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠣᠯᠠᠨ ᠵᠦᠢᠯ ᠤᠨ ᠠᠷᠭ᠎ᠠ ᠠᠪᠴᠢᠯ ᠢᠶᠠᠷ ᠪᠡᠯᠡ ᠮᠥᠩᠭᠦ ᠪᠠ ᠡᠳ᠋ ᠪᠣᠳᠠᠰ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠵᠠᠰᠠᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠭᠤᠷᠪᠠ ᠳᠤ ᠬᠤᠯᠤᠭᠠᠨ᠎ᠠ ᠶᠢᠨ ᠬᠢᠵᠢᠭ ᠢ ᠰᠢᠯᠭᠠᠨ ᠬᠡᠮᠵᠢᠬᠦ ᠠᠵᠢᠯ᠃ ᠬᠤᠯᠤᠭᠠᠨ᠎ᠠ ᠶᠢᠨ ᠬᠢᠵᠢᠭ ᠤᠨ ᠰᠢᠯᠭᠠᠨ ᠬᠡᠮᠵᠢᠯᠲᠡ ᠶᠢ ᠴᠢᠩᠭᠠᠳᠬᠠᠵᠤ᠂ ᠡᠳᠦᠷ ᠳᠣᠳᠥᠮ ᠤᠨ ᠬᠢᠨᠠᠨ ᠬᠡᠮᠵᠢᠯᠲᠡ ᠶᠢ ᠰᠠᠨᠠᠭᠠᠴᠢᠯᠠᠭ᠎ᠠ ᠎ ᠲᠠᠢ ᠰᠠᠶᠢᠲᠤᠷ ᠬᠢᠵᠦ᠂ ᠡᠷᠲᠡ ᠮᠡᠳᠡᠵᠦ ᠡᠷᠲᠡ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠡᠷᠡᠭᠦᠯ ᠬᠠᠮᠠᠭᠠᠯᠠᠯ ᠤᠨ ᠵᠥᠪᠯᠡᠯ ᠬᠢᠭᠡᠳ ᠬᠢᠵᠢᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠰᠠᠯᠠᠭ᠎ᠠ ᠮᠥᠴᠢᠷ ᠰᠠᠨᠠᠭᠠᠴᠢᠯᠠᠭ᠎ᠠ ᠲᠠᠢ ᠬᠠᠷᠢᠯᠴᠠᠨ ᠲᠣᠬᠢᠷᠠᠯᠴᠠᠵᠤ  ᠂ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠬᠠᠮᠵᠢᠨ᠂ ᠬᠦᠴᠦᠨ ᠎ ᠢᠶᠠᠨ ᠨᠢᠭᠡᠳᠬᠡᠵᠦ᠂ ᠬᠤᠯᠤᠭᠠᠨ᠎ᠠ ᠶᠢᠨ ᠬᠢᠵᠢᠭ ᠢ ᠰᠢᠯᠭᠠᠨ ᠬᠡᠮᠵᠢᠵᠦ ᠰᠡᠷᠭᠡᠶᠢᠯᠡᠨ ᠡᠵᠡᠮᠳᠡᠬᠦ ᠠᠵᠢᠯ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ  ᠬᠤᠯᠤᠭᠠᠨ᠎ᠠ ᠶᠢ ᠤᠰᠠᠳᠬᠠᠬᠤ ᠠᠵᠢᠯ ᠢ ᠨᠠᠷᠢᠨ ᠣᠨᠣᠪᠴᠢᠲᠠᠢ ᠪᠦᠲᠦᠮᠵᠢᠲᠡᠢ ᠥᠷᠨᠢᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠮᠡᠷᠭᠡᠵᠢᠯ ᠤᠨ ᠵᠢᠯᠣᠭᠤᠳᠤᠯᠭ᠎ᠠ ᠰᠠᠶᠢᠲᠤᠷ ᠬᠢᠵᠦ᠂ ᠨᠢᠭᠲᠠ ᠬᠠᠮᠵᠢᠯᠴᠠᠨ᠂ ᠮᠡᠷᠭᠡᠵᠢᠯ ᠤᠨ ᠳᠦᠷᠢ᠊ ᠲᠣᠭᠲᠠᠭᠠᠯ ᠢᠶᠠᠷ ᠬᠢᠵᠦ᠂ ᠬᠤᠯᠤᠭᠠᠨ᠎ᠠ ᠤᠰᠠᠳᠬᠠᠬᠤ ᠠᠵᠢᠯ ᠵᠢᠱᠢᠭᠰᠡᠨ ᠪᠦᠲᠦᠮᠵᠢ ᠳᠡᠭᠡᠨ ᠬᠦᠷᠴᠦ᠂ ᠬᠤᠯᠤᠭᠠᠨ᠎ᠠ ᠤᠰᠠᠳᠬᠠᠬᠤ ᠠᠵᠢᠯ ᠪᠣᠳᠠᠲᠠᠢ ᠠᠮᠵᠢᠯᠲᠠ ᠠᠯᠬᠤ ᠶᠢ ᠪᠠᠲᠤᠯᠠᠬᠤ ᠬᠡᠷᠡᠭᠲᠡᠢ᠃ ᠲᠠᠪᠤ ᠳᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠳᠠᠶᠢᠴᠢᠯᠠᠭ᠎ᠠ ᠶᠢ ᠴᠢᠩᠭᠠᠳᠬᠠᠬᠤ ᠬᠡᠷᠡᠭᠲᠡᠢ᠃ ᠲᠠᠯ᠎ᠠ ᠨᠤᠲᠤᠭ ᠤᠨ ᠬᠤᠯᠤᠭᠠᠨ᠎ᠠ ᠶᠢᠨ ᠠᠶᠤᠯ ᠤᠨ ᠤᠬᠠᠭᠤᠯᠭ᠎ᠠ ᠎ ᠶᠢᠨ ᠬᠦᠴᠦᠯᠡᠴᠡ ᠪᠠᠨ ᠴᠢᠩᠭᠠᠳᠬᠠᠵᠤ᠂ ᠣᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠥᠷᠭᠡᠨ ᠣᠯᠠᠨ ᠮᠠᠯᠴᠢᠨ ᠲᠦᠮᠡᠨ ᠢ ᠥᠷᠭᠡᠨ ᠢᠶᠠᠷ ᠳᠠᠶᠢᠴᠢᠯᠠᠨ ᠲᠠᠯ᠎ᠠ ᠨᠤᠲᠤᠭ ᠤᠨ ᠬᠤᠯᠤᠭᠠᠨ᠎ᠠ ᠶᠢᠨ ᠠᠶᠤᠯ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠸᠢᠴᠠᠲ᠂ ᠵᠠᠭᠤᠴᠢ ᠶᠢᠨ ᠲᠠᠪᠴᠠᠩ ᠵᠡᠷᠭᠡ ᠪᠠᠷ ᠳᠠᠮᠵᠢᠵᠤ ᠮᠠᠯᠵᠢᠬᠤ ᠡᠷᠦᠬᠡ ᠳᠤ ᠬᠤᠯᠤᠭᠠᠨ᠎ᠠ ᠶᠢᠨ ᠠᠶᠤᠯ ᠤᠨ ᠮᠡᠳᠡᠯᠭᠡ ᠶᠢᠨ ᠤᠬᠠᠭᠤᠯᠭ᠎ᠠ ᠬᠥᠮᠥᠵᠢᠯ ᠬᠢᠵᠦ᠂ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠮᠠᠯᠴᠢᠨ ᠲᠦᠮᠡᠨ ᠤ ᠬᠤᠯᠤᠭᠠᠨ᠎ᠠ ᠎ ᠶᠢᠨ ᠬᠢᠵᠢᠭ ᠢ ᠰᠡᠷᠭᠡᠶᠢᠯᠡᠬᠦ ᠤᠬᠠᠮᠰᠠᠷ ᠪᠣᠯᠣᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃᠂      ᠡᠭᠦᠨ ᠤ ᠬᠠᠮᠲᠤ ᠬᠠᠢ ᠴᠢᠩ ᠳᠠᠷᠤᠭ᠎ᠠ ᠠᠴᠠ ᠬᠠᠪᠤᠷ ᠤᠨ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠳᠤ ᠪᠠᠶᠢᠷᠢᠯᠠᠭᠤᠯᠤᠯᠲᠠ ᠬᠢᠪᠡ᠃
 
ᠢᠷᠡᠯᠲᠡ᠄ ᠬᠤᠰᠢᠭᠠᠨ ᠤ ᠠᠷᠠᠳ  ᠤᠨ ᠵᠠᠰᠠᠭ  ᠤᠨ ᠤᠷᠳᠤᠨ  ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号