ᠦᠪᠦᠷᠪᠤᠯᠠᠭ ᠰᠤᠮᠤᠨ  ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠤᠳᠠᠭᠠᠨ ᠤ ᠬᠤᠷᠠᠯ ᠠᠮᠵᠢᠯᠲᠠᠲᠠᠢ ᠬᠤᠷᠠᠯᠳᠤᠪᠠ
ᠨᠡᠶᠢᠲᠡᠯᠡᠭᠰᠡᠨ ᠴᠠᠭ᠄
2021/4/15
        4 ᠰᠠᠷ᠎ᠠ ᠶᠢᠨ14᠎ ᠤ ᠡᠳᠦᠷ ᠤᠨ ᠦᠳᠡ ᠶᠢᠨ ᠡᠮᠦᠨ᠎ᠡ᠂ ᠦᠪᠦᠷᠪᠤᠯᠠᠭ ᠰᠤᠮᠤᠨ  ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠤᠳᠠᠭᠠᠨ ᠤ ᠬᠤᠷᠠᠯ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠠᠶᠠᠰ ᠤᠨ ᠳᠤᠮᠳᠠ ᠡᠬᠢᠯᠡᠪᠡ᠂ ᠡᠯ᠎ᠡ ᠭᠠᠴᠠᠭ᠎ᠠ ᠨᠡᠶᠢᠭᠡᠮ ᠲᠣᠭᠤᠷᠢᠭ᠂ ᠡᠯ᠎ᠡ ᠹᠷᠤᠨᠲ ᠤᠨ ᠠᠷᠠᠳ ᠤᠨ ᠲᠥᠯᠥᠭᠡᠯᠡᠭᠴᠢᠳ ᠰᠤᠮᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠎ ᠶᠢ ᠬᠦᠯᠢᠶᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠴᠤᠭᠯᠠᠷᠠᠨ ᠰᠠᠭᠠᠲᠠᠵᠤ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠎ᠡ᠃ ᠲᠤᠰ ᠬᠤᠷᠠᠯ ᠳᠤ423 ᠲᠥᠯᠥᠭᠡᠯᠡᠭᠴᠢᠳ ᠣᠷᠣᠯᠴᠠᠬᠤ ᠶᠣᠰᠣᠲᠠᠢ᠂ ᠪᠣᠳᠠᠲᠠᠢ35
ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃
       ᠬᠤᠷᠠᠯ ᠤᠨ ᠵᠥᠪᠯᠡᠬᠦ ᠵᠦᠢᠯ ᠤᠨ ᠶᠣᠰᠣᠭᠠᠷ ᠳᠡᠰ ᠳᠠᠷᠠᠭ᠎ᠠ ᠲᠠᠢ ᠬᠤᠷᠠᠯ ᠢᠶᠠᠨ ᠶᠠᠪᠤᠭᠳᠠᠭᠤᠯᠵᠤ᠂ ᠬᠤᠷᠠᠯ ᠎ ᠳᠤ ᠣᠷᠣᠯᠴᠠᠭᠰᠠᠨ ᠲᠥᠯᠥᠭᠡᠯᠡᠭᠴᠢᠳ ᠨᠠᠷᠢᠨ ᠬᠢᠨᠠᠮᠠᠭᠠᠢ ᠬᠤᠷᠠᠯ ᠰᠣᠨᠣᠰᠬᠤ ᠶᠢᠨ ᠬᠠᠮᠲᠤ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠪᠣᠯᠣᠷ ᠠᠴᠠ ᠬᠢᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠣᠶᠣᠯᠲᠤ ᠶᠢᠨ ᠬᠢᠭᠰᠡᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠎ ᠢ ᠬᠢᠨᠠᠨ ᠵᠥᠪᠯᠡᠵᠦ ᠵᠥᠪᠰᠢᠶᠡᠷᠡᠪᠡ᠃        ᠳᠤᠭᠤᠶᠢᠯᠠᠩ ᠬᠤᠪᠢᠶᠠᠨ ᠶᠠᠷᠢᠯᠴᠠᠬᠤ ᠶᠠᠪᠤᠴᠠ ᠳᠤ᠂ ᠲᠥᠯᠥᠭᠡᠯᠡᠭᠴᠢᠳ ᠥᠪᠡᠷ ᠥᠪᠡᠷ ᠤᠨ ᠰᠠᠨᠠᠯ ᠢᠶᠠᠨ ᠳᠤᠷᠠᠳᠴᠤ᠂ ᠢᠳᠡᠪᠬᠢᠲᠡᠢ ᠠᠷᠭ᠎ᠠ ᠪᠣᠳᠣᠯᠭ᠎ᠠ ᠭᠠᠷᠭᠠᠵᠤ᠂ ᠰᠤᠮᠤᠨ ᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠰᠠᠭᠤᠷᠢ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠪᠡᠯᠡ ᠣᠷᠣᠭᠤᠯᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠢ ᠨᠡᠶᠢᠭᠡᠮ ᠤᠨ ᠨᠥᠭᠡᠴᠡ ᠲᠠᠢ ᠬᠥᠭᠵᠢᠯᠲᠡ ᠵᠡᠷᠭᠡ ᠲᠠᠯ᠎ᠠ ᠪᠠᠷ 37 ᠵᠤᠷᠪᠤᠰ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠪᠠ᠃
       ᠲᠤᠰ ᠤᠳᠠᠭᠠᠨ ᠤ ᠬᠤᠷᠠᠯ ᠪᠦᠬᠦ ᠲᠥᠯᠥᠭᠡᠯᠡᠭᠴᠢᠳ᠂ ᠰᠤᠯᠠ ᠣᠷᠣᠯᠴᠠᠭᠰᠠᠳ ᠵᠢᠴᠢ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ ᠡᠯ᠎ᠡ ᠲᠥᠷᠥᠯ ᠤᠨ ᠵᠥᠪᠯᠡᠬᠦ ᠵᠦᠢᠯ ᠢᠶᠠᠨ ᠠᠮᠵᠢᠯᠲᠠ ᠲᠠᠢ ᠪᠡᠶᠡᠯᠡᠭᠦᠯᠵᠦ᠂ ᠰᠤᠮᠤᠨ ᠤ ᠡᠯ᠎ᠡ ᠲᠥᠷᠥᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠬᠠᠷᠠᠯᠲᠠ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠠᠭᠤᠯᠪᠠ᠃ ᠶᠡᠭᠡ ᠬᠤᠷᠠᠯ ᠠᠴᠠ ᠪᠦᠬᠦ ᠠᠷᠠᠳ ᠤᠨ ᠲᠥᠯᠥᠭᠡᠯᠡᠭᠴᠢᠳ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠣᠭᠤᠳᠤᠯᠭ᠎ᠠ ᠳᠣᠣᠷ᠎ᠠ᠂ ᠠᠷᠠᠳ ᠤᠨ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠷᠠᠳ ᠠᠴᠠ ᠣᠯᠭᠤᠭᠰᠠᠨ ᠡᠷᠬᠡ ᠪᠠᠨ ᠨᠠᠨᠳᠢᠩᠨᠠᠨ᠂ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠦᠢᠯᠡ ᠠᠵᠢᠯᠯᠠᠭ᠎ᠠ ᠪᠠᠨ ᠡᠭᠦᠷᠭᠡᠯᠡᠨ᠂ ᠲᠤᠰᠢᠶᠠᠯ ᠢᠶᠠᠨ ᠬᠠᠤᠯᠢ ᠶᠣᠰᠣᠭᠠᠷ ᠢᠶᠠᠷ ᠪᠦᠲᠦᠮᠵᠢᠲᠡᠢ ᠭᠦᠢᠴᠡᠳᠬᠡᠵᠦ᠂ ᠰᠤᠮᠤᠨ ᠤ ᠲᠣᠭᠲᠠᠭᠤᠨ ᠬᠥᠭᠵᠢᠯᠲᠡ ᠪᠠ ᠠᠷᠠᠳᠴᠢᠯᠠᠯᠲᠤ ᠬᠠᠤᠯᠢ ᠵᠠᠰᠠᠯᠲᠠ ᠶᠢᠨ ᠪᠠᠶᠢᠭᠤᠯᠤᠯᠲᠠ ᠳᠤ ᠵᠣᠬᠢᠬᠤ ᠬᠤᠪᠢ ᠨᠡᠮᠡᠭᠦᠷᠢ ᠪᠠᠨ ᠦᠵᠡᠭᠦᠯᠵᠡᠭᠡᠶ᠎ᠡ ᠬᠡᠮᠡᠨ ᠤᠷᠢᠶᠠᠯᠠᠪᠠ᠃
 
ᠢᠷᠡᠯᠲᠡ᠄ ᠰᠢᠨ᠎ᠡ ᠪᠠᠷᠭᠤ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号