《4᠂15》 ᠪᠦᠬᠦ ᠠᠷᠠᠳ ᠤᠯᠤᠰ ᠤᠨ ᠠᠮᠤᠷ ᠲᠦᠪᠰᠢᠨ ᠤ ᠰᠤᠷᠭᠠᠨ ᠬᠦᠮᠦᠵᠢᠯ ᠤᠨ ᠡᠳᠦᠷ ᠢ  ᠲᠤᠬᠢᠶᠠᠯᠳᠤᠭᠤᠯᠤᠨ ᠴᠠᠭᠠᠨ  ᠪᠠᠯᠭᠠᠰᠤ ᠤᠬᠠᠭᠤᠯᠭ᠎ᠠ ᠶᠢᠨ ᠰᠢᠷᠢᠰ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2021/4/22
   2021 ᠤᠨ ᠤ 4 ᠰᠠᠷ᠎ᠠ ᠶᠢᠨ 15᠎ ᠤ ᠡᠳᠦᠷ ᠪᠤᠯ ᠵᠢᠷᠭᠤᠳᠤᠭᠠᠷ ᠤᠳᠠᠭᠠᠨ ᠤ ᠪᠦᠬᠦ ᠠᠷᠠᠳ ᠤᠨ ᠤᠯᠤᠰ ᠎ ᠤᠨ ᠠᠮᠤᠷ ᠲᠦᠪᠰᠢᠨ ᠤ ᠰᠤᠷᠭᠠᠨ ᠬᠦᠮᠦᠵᠢᠯ ᠤᠨ ᠡᠳᠦᠷ ᠪᠤᠯᠤᠨ᠎ᠠ᠃ ᠦᠨᠦ ᠵᠢᠯ ︽ᠪᠦᠬᠦᠯᠢ ᠴᠤᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠬᠦᠯᠵᠤ᠂ ᠬᠦᠭᠵᠢᠯᠲᠡ ᠪᠠ ᠠᠮᠤᠷ ᠲᠦᠪᠰᠢᠨ ᠢ ᠨᠢᠭᠡᠲᠤᠯᠲᠡᠢ ᠲᠦᠯᠦᠪᠯᠡᠵᠤ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ  ᠨᠢᠭᠡᠳᠤᠯᠲᠡᠢ ᠲᠦᠯᠦᠪᠯᠡᠨ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠶ᠎ᠠ︾ ᠬᠡᠭᠦ ᠭᠤᠤᠯ ᠰᠡᠳᠦᠪᠲᠦ ᠤᠬᠠᠭᠤᠯᠭ᠎ᠠ ᠶᠢᠨ ᠬᠦᠳᠡᠯᠭᠡᠭᠡᠨ ᠦᠷᠨᠢᠬᠦᠯᠪᠡ᠃ ᠴᠠᠭᠠᠨ ᠪᠠᠯᠭᠠᠰᠤ ᠤᠯᠤᠰ ᠤᠨ ᠠᠮᠤᠷ ᠲᠦᠪᠰᠢᠨ ᠤ ᠰᠤᠷᠭᠠᠨ ᠬᠦᠮᠦᠵᠢᠯ ᠤᠨ ᠡᠳᠦᠷ ‍ᠤᠨ‌ᠤᠬᠠᠭᠤᠯᠭ᠎ᠠ ᠶᠢᠨ ᠬᠦᠳᠡᠯᠭᠡᠭᠡᠨ ᠢ ᠤᠯᠠᠮ ᠨᠢᠭᠡ ᠲᠦᠯᠬᠢᠨ ᠠᠬᠢᠭᠤᠯᠵᠤ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠲᠡᠭᠡᠭᠰᠢᠬᠦᠯᠬᠦ ᠶᠢᠨ ᠲᠦᠯᠦᠭᠡ᠂ 4 ᠰᠠᠷ᠎ᠠ ᠶᠢᠨ 14  ᠎ ᠤ ᠡᠳᠦᠷ᠂ ᠴᠠᠭᠠᠨ  ᠪᠠᠯᠭᠠᠰᠤᠨ ᠤ ᠬᠡᠪᠴᠢᠶᠡᠨ ᠳᠤ ᠤᠯᠤᠰ ᠤᠨ ᠠᠮᠤᠷ ᠲᠦᠪᠰᠢᠨ ᠤ  ᠲᠤᠬᠠᠢ ᠡᠯ᠎ᠡ ᠲᠠᠯ᠎ᠠ ᠶᠢᠨ ᠤᠬᠠᠭᠤᠯᠭ᠎ᠠ ᠶᠢᠨ ᠰᠢᠷᠢᠰ ᠬᠦᠳᠡᠯᠭᠡᠭᠡᠨ ᠦᠷᠨᠢᠬᠦᠯᠪᠡ᠃
    ᠴᠠᠭᠠᠨ ᠪᠠᠯᠭᠠᠰᠤᠨ ᠤ ᠵᠠᠰᠠᠭ ᠤᠨ ᠤᠷᠳᠤᠨ ᠠᠴᠠ ᠪᠠᠶᠠᠨᠴᠠᠭᠠᠨ ᠨᠡᠶᠢᠭᠡᠮ ᠲᠤᠭᠤᠷᠢᠭ ᠪᠠ ᠡᠷᠳᠡᠨᠢᠠᠭᠤᠯᠠ ᠨᠡᠶᠢᠭᠡᠮ ᠲᠤᠭᠤᠷᠢᠭ ᠤᠨ ᠠᠵᠢᠯᠳᠠᠳ ᠢ ᠵᠤᠬᠢᠶᠠᠨ ᠪᠠᠶᠢᠭᠤᠯᠤᠨ ︽ᠪᠦᠬᠦᠯᠢ ᠴᠤᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠬᠦᠯᠵᠤ᠂ ᠬᠦᠭᠵᠢᠯᠲᠡ ᠪᠠ ᠠᠮᠤᠷ ᠲᠦᠪᠰᠢᠨ ᠢ ᠨᠢᠭᠡᠲᠤᠯᠲᠡᠢ ᠲᠦᠯᠦᠪᠯᠡᠵᠤ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠤᠯᠲᠡᠢ ᠲᠦᠯᠦᠪᠯᠡᠨ᠂ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠶ᠎ᠠ︾ ᠬᠡᠭᠦ ᠭᠤᠤᠯ ᠰᠡᠳᠦᠪᠲᠦ ᠤᠬᠠᠭᠤᠯᠭ᠎ᠠ ᠶᠢᠨ ᠬᠦᠳᠡᠯᠭᠡᠭᠡᠨ ᠦᠷᠨᠢᠬᠦᠯᠵᠤ᠂ ᠤᠬᠠᠭᠤᠯᠭ᠎ᠠ ᠶᠢᠨ ᠬᠠᠭᠤᠳᠠᠰᠤ ᠵᠢᠴᠢ ᠤᠬᠠᠭᠤᠯᠭ᠎ᠠ ᠶᠢᠨ ᠪᠤᠳᠠᠰ 100 ᠭᠠᠷᠤᠢ ᠬᠤᠪᠢ ᠲᠠᠷᠬᠠᠭᠠᠪᠠ᠃     ᠴᠠᠭᠠᠨ ᠪᠠᠯᠭᠠᠰᠤᠨ ᠤ ᠡᠮᠡᠭᠲᠡᠶᠢᠴᠤᠳ ᠤᠨ ᠬᠤᠯᠪᠤᠭᠠᠨ ᠠᠴᠠ ︽ᠲᠤᠮᠲᠠᠲᠤ ᠤᠯᠤᠰ ᠤᠨ ᠬᠠᠤᠯᠢ ᠲᠦᠬᠡᠮᠡᠯᠵᠢᠬᠦᠯᠬᠦ︾ ᠸᠢᠴᠠᠲ ᠲᠠᠪᠴᠠᠩ ᠢᠶᠠᠷ ᠲᠠᠮᠵᠢᠨ᠂ ᠪᠦᠬᠦ ᠠᠷᠠᠳ ᠤᠯᠤᠰ ᠤᠨ ᠠᠮᠤᠷ ᠲᠦᠪᠰᠢᠨ ᠤ ᠰᠤᠷᠭᠠᠨ ᠬᠦᠮᠦᠵᠢᠯ ᠤᠨ ᠡᠳᠦᠷ ᠤᠨ ᠱᠠᠩᠨᠠᠯᠲᠤ ᠮᠦᠷᠦᠶᠢᠴᠡᠭᠡᠨ ᠳᠤ ᠤᠷᠤᠯᠴᠠᠬᠤ ᠶᠢᠨ ᠬᠠᠮᠲᠤ᠂ ᠤᠶᠤᠨ ᠤᠬᠠᠭᠠᠨ ᠲᠦᠭᠡᠮᠡᠯᠵᠢᠬᠦᠯᠬᠦ ᠲᠠᠪᠴᠠᠩ ᠠᠴᠠ ᠤᠬᠠᠭᠤᠯᠭ᠎ᠠ ᠶᠢᠨ ᠬᠠᠨ᠎ᠠ ᠶᠢᠨ ᠵᠢᠷᠤᠭ ᠪᠠᠭᠤᠯᠭᠠᠬᠤ ᠵᠡᠷᠭᠡ ᠤᠯᠠᠨ ᠶᠠᠩᠵᠤ ᠶᠢᠨ ᠠᠷᠭ᠎ᠠ ᠬᠡᠯᠪᠡᠷᠢ ᠪᠠᠷ ᠬᠦᠳᠡᠯᠬᠡᠬᠡᠨ ᠦᠷᠨᠢᠬᠦᠯᠪᠡ᠃  ᠬᠦᠳᠡᠯᠭᠡᠭᠡᠨ ᠳᠤ ᠨᠡᠶᠢᠲᠡ 120 ᠭᠠᠷᠦᠢ ᠬᠦᠮᠦᠰ ᠤᠷᠤᠯᠴᠠᠪᠠ᠃     ᠴᠠᠭᠠᠨ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠲᠤ ︽ᠤᠯᠤᠰ ᠤᠨ ᠠᠮᠤᠷ ᠲᠦᠪᠰᠢᠨ ᠢ ᠲᠠ ᠪᠢᠳᠡᠨ ᠬᠠᠮᠲᠤᠪᠠᠷ ᠬᠠᠮᠠᠭᠠᠯᠠᠶ᠎ᠠ︾ ᠬᠡᠬᠦ ᠰᠡᠳᠦᠪ ᠢᠶᠠᠷ ᠲᠤᠰᠬᠠᠢ ᠶᠠᠷᠢᠶ᠎ᠠ ᠢᠯᠡᠳᠬᠡᠯ ᠬᠢᠬᠦ ᠶᠢᠨ ᠬᠠᠮᠲᠤ ᠪᠦᠬᠦ ᠪᠠᠭᠰᠢ ᠰᠤᠷᠤᠭᠴᠢᠳ ᠪᠠᠴᠢᠮ ᠪᠠᠶᠢᠳᠠᠯ ᠳᠤ ᠲᠠᠷᠬᠠᠬᠤ ᠰᠤᠷᠢᠯᠲᠠ ᠬᠢᠵᠤ ᠡᠨᠡᠬᠦ ᠰᠤᠷᠢᠯᠲᠠ ᠶᠢᠨ ᠭᠡᠷᠡᠭᠯᠡᠭᠰᠡᠨ ᠴᠠᠭ ᠨᠢ 56.4 ᠰᠸᠺᠦ᠋ᠨ᠋ᠳ᠋ ᠪᠠᠶᠢᠪᠠ᠃ ᠰᠤᠷᠤᠭᠴᠢᠳ ᠡᠮᠬᠢ ᠵᠠᠮᠪᠠᠷᠠᠭ᠎ᠠ ᠲᠠᠢ ᠪᠠᠷ ᠵᠢᠭᠠᠨ ᠰᠤᠷᠭᠠᠯᠲᠠ ᠶᠢᠨ ᠠᠰᠠᠷ ᠠᠴᠠ ᠭᠠᠷᠴᠤ ᠂ ᠲᠠᠷᠤᠢ ᠲᠦᠷᠬᠡᠨ ᠲᠠᠮᠢᠷ ᠤᠨ ᠲᠠᠯᠠᠪᠤᠷ ᠲᠤ ᠴᠤᠭᠯᠠᠷᠠᠪᠠ᠃ ᠡᠨᠡᠭᠦ ᠬᠦᠳᠡᠯᠭᠡᠭᠡᠨ ᠨᠢ ᠰᠤᠷᠤᠭᠴᠢᠳ ᠤᠨ ᠤᠯᠤᠰ ᠎ ᠤᠨ ᠠᠮᠤᠷ ᠲᠦᠪᠰᠢᠨ ᠤ ᠴᠢᠬᠤᠯᠠ ᠴᠢᠨᠠᠷ ᠵᠢᠴᠢ ᠵᠠᠯᠠᠭᠤ ᠪᠠᠭᠠᠴᠤᠳ ᠤᠨ ᠬᠤᠪᠢ ᠪᠡᠶ᠎ᠡ ᠶᠢᠨ ᠬᠠᠷᠢᠭᠤᠴᠠᠯᠭ᠎ᠠ ᠶᠢ ᠮᠡᠳᠡᠬᠦᠯᠪᠡ᠃    ᠡᠨᠡ ᠤᠳᠠᠭᠠᠨ ᠤ ᠬᠦᠳᠡᠯᠭᠡᠭᠡᠨ ᠢᠶᠠᠷ ᠲᠠᠮᠵᠢᠨ ᠦᠷᠭᠡᠨ ᠤᠯᠠᠨ ᠮᠠᠯᠴᠢᠨ ᠲᠦᠮᠡᠨ᠂ ᠪᠠᠭᠰᠢ ᠰᠤᠷᠤᠭᠴᠢᠳ ᠲᠤ ᠤᠯᠤᠰ ᠤᠨ ᠠᠮᠤᠷ ᠲᠦᠪᠰᠢᠨ ᠤ ᠬᠠᠤᠯᠢ ᠶᠢ ᠤᠬᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠨᠢ ᠬᠦᠮᠦᠨ ᠪᠦᠬᠦᠨ ᠤ ᠡᠭᠦᠷᠬᠡ ᠬᠠᠷᠢᠭᠤᠴᠠᠯᠭ᠎ᠠ ᠪᠤᠯᠬᠤ ᠶᠢ ᠤᠯᠠᠮ ᠲᠠᠨᠢᠭᠤᠯᠪᠠ᠃
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号