ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠳᠠ ᠬᠠᠨᠳᠠᠭᠠᠢ ᠰᠤᠮᠤᠨ ᠳᠤ ᠭᠦᠨᠵᠡᠭᠡᠶᠢᠷᠡᠨ ᠬᠢᠯᠢ ᠶᠢᠨ ᠭᠠᠯ ᠰᠡᠷᠭᠡᠶᠢᠯᠡᠯᠲᠡ ᠶᠢᠨ ᠠᠵᠢᠯ ᠢ ᠪᠠᠶᠢᠴᠠᠭᠠᠨ ᠵᠢᠭᠠᠨ ᠵᠢᠯᠣᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2021/4/22
    4 ᠰᠠᠷ᠎ᠠ ᠶᠢᠨ21᠎ ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠳᠠ ᠬᠠᠨᠳᠠᠭᠠᠢ ᠰᠤᠮᠤᠨ ᠳᠤ ᠭᠦᠨᠵᠡᠭᠡᠶᠢᠷᠡᠨ ᠬᠢᠯᠢ ᠶᠢᠨ ᠭᠠᠯ ᠰᠡᠷᠭᠡᠶᠢᠯᠡᠯᠲᠡ ᠶᠢᠨ ᠠᠵᠢᠯ ᠢ ᠪᠠᠶᠢᠴᠠᠭᠠᠨ ᠵᠢᠭᠠᠨ ᠵᠢᠯᠣᠭᠤᠳᠤᠯᠭ᠎ᠠ ᠬᠢᠪᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ
ᠳᠠᠷᠤᠭ᠎ᠠ ᠡᠦ ᠶᠦᠩ ᠵᠸᠦ᠂ ᠬᠠᠨᠳᠠᠭᠠᠢ ᠰᠤᠮᠤᠨ ᠤ ᠨᠠᠮ ᠤᠨ ᠬᠤᠷᠢᠶᠠᠨ ᠤ ᠱᠦᠵᠢ ᠶᠢᠨ ᠭᠠᠩ ᠪᠠᠷ᠎ᠠ  ᠪᠣᠯᠪᠠ᠃
  ᠬᠠᠳᠠ ᠬᠠᠨᠳᠠᠭᠠᠢ ᠰᠤᠮᠤ ᠪᠣᠯᠣᠨ ᠬᠠᠨᠳᠠᠭᠠᠢ ᠶᠢᠨ ᠣᠢ ᠰᠢᠭᠤᠢ ᠶᠢᠨ ᠲᠠᠯᠠᠪᠠᠢ ᠶᠢᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠬᠠᠭᠤᠯᠭ᠎ᠠ ᠬᠥᠮᠥᠵᠢᠯ ᠥᠷᠨᠢᠭᠦᠯᠦᠭᠰᠡᠨ ᠪᠠᠶᠢᠳᠠᠯ ᠪᠣᠯᠣᠨ ᠭᠠᠯ ᠤᠨᠲᠠᠷᠠᠭᠠᠨ ᠠᠶᠤᠯ ᠠᠴᠠ ᠠᠪᠤᠷᠠᠬᠤ ᠪᠡᠯᠡᠳᠬᠡᠯ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠰᠤᠮᠤ ᠪᠣᠯᠣᠨ ᠣᠢ ᠰᠢᠭᠤᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠠᠴᠠ ᠠᠵᠢᠯᠲᠠᠨ᠂ ᠡᠳ᠋ ᠪᠣᠳᠠᠰ ᠤᠨ ᠪᠡᠯᠡᠳᠬᠡᠯ ᠪᠠ ᠬᠤᠯᠪᠣᠭᠠᠯᠠᠨ ᠰᠡᠷᠭᠡᠶᠢᠯᠡᠨ ᠬᠥᠳᠡᠯᠦᠯᠴᠡᠬᠦ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠰᠤᠮᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠳ᠋ ᠪᠣᠳᠠᠰ ᠨᠥᠭᠡᠴᠡᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠦᠨ ᠪᠠᠶᠢᠴᠠᠭᠠᠪᠠ᠃ ᠬᠠᠳᠠ ᠴᠢᠬᠤᠯᠠᠴᠢᠯᠠᠭᠰᠠᠨ ᠨᠢ᠂ ᠡᠳᠦᠭᠡ ᠨᠢᠭᠡᠨᠲᠡ ᠬᠠᠪᠤᠷ ᠤᠨ ᠤᠯᠠᠷᠢᠯ ᠤᠨ ᠣᠢ ᠰᠢᠭᠤᠢ ᠲᠠᠯ᠎ᠠ ᠨᠤᠲᠤᠭ ᠤᠨ ᠭᠠᠯ ᠤᠨ ᠠᠶᠤᠯ ᠠᠮᠠᠷᠬᠠᠨ ᠡᠭᠦᠰᠴᠦ ᠣᠯᠠᠨ ᠡᠭᠦᠰᠬᠦ ᠬᠤᠭᠤᠴᠠᠭ᠎ᠠ ᠪᠣᠯᠪᠠ᠂ ᠰᠤᠮᠤ ᠪᠠ ᠣᠢ ᠰᠢᠭᠤᠢ ᠶᠢᠨ ᠲᠠᠯᠠᠪᠠᠢ ᠬᠠᠷᠢᠶ᠎ᠠ ᠭᠠᠵᠠᠷ ᠣᠷᠣᠨ ᠤ ᠬᠠᠷᠢᠭᠤᠴᠠᠯᠭ᠎ᠠ ᠪᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢᠯᠠᠭᠤᠯᠤᠯᠲᠠ ᠪᠣᠯᠣᠨ ᠲᠣᠬᠢᠷᠠᠭᠤᠯᠤᠯᠲᠠ ᠎ ᠪᠠᠨ ᠪᠦᠬᠦ ᠲᠠᠯ᠎ᠠ ᠪᠠᠷ ᠴᠢᠩᠭᠠᠳᠬᠠᠵᠤ᠂ ᠵᠢᠭᠠᠨ ᠵᠢᠯᠣᠭᠤᠳᠤᠯᠭ᠎ᠠ ᠶᠢᠨ ᠠᠵᠢᠯᠯᠠᠭ᠎ᠠ ᠤᠷᠤᠭᠰᠢᠲᠠᠢ᠂ ᠣᠷᠣᠨ ᠲᠣᠭᠤᠷᠢᠭ ᠢᠶᠠᠷ ᠢᠶᠠᠨ ᠨᠢᠭᠡᠳᠦᠯᠲᠡᠢ ᠲᠥᠯᠥᠪᠯᠡᠨ ᠬᠠᠮᠲᠤᠷᠠᠯᠴᠠᠵᠤ᠂ ᠴᠡᠷᠢᠭ ᠠᠩᠭᠢ ᠶᠢᠨ ᠬᠦᠴᠦᠨ ᠢᠶᠠᠨ ᠲᠥᠪᠯᠡᠷᠡᠭᠦᠯᠦᠨ ᠵᠠᠷᠯᠢᠭ ᠬᠦᠯᠢᠶᠡᠵᠦ᠂ ᠲᠣᠨᠤᠭ ᠲᠥᠬᠦᠭᠡᠷᠦᠮᠵᠢ ᠪᠠᠨ ᠪᠠᠶᠢᠴᠠᠭᠠᠨ ᠰᠡᠯᠪᠢᠨ ᠵᠠᠰᠠᠵᠤ ᠪᠡᠯᠡᠨ ᠪᠣᠯᠭᠠᠵᠤ ᠂ ᠡᠳ᠋ ᠪᠣᠳᠠᠰ ᠤᠨ ᠨᠥᠭᠡᠴᠡ ᠪᠠᠨ ᠭᠦᠢᠴᠡᠳ ᠨᠥᠬᠦᠪᠦᠷᠢᠯᠡᠬᠦ ᠬᠡᠷᠡᠭᠲᠡᠢ᠃ ᠰᠡᠷᠡᠮᠵᠢᠯᠡᠯ ᠤᠨ ᠬᠢᠨᠠᠨ ᠰᠢᠯᠭᠠᠯᠲᠠ ᠪᠠᠨ ᠴᠢᠩᠭᠠᠳᠬᠠᠵᠤ᠂ ᠤᠳᠤᠷᠢᠳᠤᠯᠭ᠎ᠠ ᠳᠠᠶᠢᠴᠢᠯᠠᠨ ᠵᠢᠵᠢᠭᠦᠷᠯᠡᠬᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ᠂ ᠲᠣᠭᠤᠷᠢᠨ ᠬᠠᠮᠠᠭᠠᠯᠠᠬᠤ ᠵᠡᠷᠭᠡ ᠣᠯᠠᠨ ᠵᠦᠢᠯ ᠤᠨ ᠠᠵᠢᠯ ᠤᠨ ᠳᠦᠷᠢᠮ ᠢ ᠪᠦᠬᠦ ᠲᠠᠯ᠎ᠠ ᠪᠠᠷ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠪᠡ᠃
   ᠳᠠᠷᠠᠭ᠎ᠠ ᠨᠢ᠂ ᠬᠠᠳᠠ ᠨᠢᠭᠡ ᠪᠦᠯᠦᠭ ᠬᠥᠮᠥᠰ ᠳᠤᠮᠳᠠᠳᠤ ᠮᠣᠩᠭᠤᠯ ᠤᠨ ᠬᠢᠯᠢ ᠱᠤᠭᠤᠮ ᠢᠶᠠᠷ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠦᠰᠡ ᠪᠠᠶᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠬᠢᠯᠢ ᠠᠯᠤᠰᠯᠠᠭᠰᠠᠨ ᠭᠠᠯ ᠢ ᠴᠢᠩᠭ᠎ᠠ ᠰᠡᠷᠭᠡᠶᠢᠯᠡᠬᠦ ᠠᠵᠢᠯ ᠢ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠪᠣᠯᠭᠠᠵᠤ᠂ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠰᠠᠶᠢᠲᠤᠷ ᠨᠡᠭᠡᠭᠡᠵᠦ ᠬᠠᠮᠠᠭᠠᠯᠠᠨ᠂ ᠬᠢᠯᠢ ᠲᠣᠭᠤᠷᠢᠨ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠵᠤ᠂ ᠭᠠᠯ ᠤᠨ ᠪᠠᠶᠢᠳᠠᠯ ᠢ ᠨᠠᠷᠢᠨ ᠠᠩᠬᠠᠷᠬᠤ ᠶᠢᠨ ᠬᠠᠮᠲᠤ ᠴᠠᠭ ᠲᠤᠬᠠᠢ ᠳᠤᠨᠢ ᠮᠡᠳᠡᠵᠦ ᠭᠠᠯ ᠢ ᠤᠨᠲᠠᠷᠠᠭᠠᠵᠤ᠂ ᠬᠢᠯᠢ ᠠᠯᠤᠰᠯᠠᠭᠰᠠᠨ ᠭᠠᠯ ᠎ ᠤᠨ ᠠᠶᠤᠯ ᠡᠭᠦᠰᠬᠡᠬᠦ ᠦᠭᠡᠢ ᠶᠢ ᠪᠠᠲᠤᠯᠠᠬᠤ ᠬᠡᠷᠡᠭᠲᠡᠢ᠃
   ᠡᠨᠡ ᠬᠤᠭᠤᠴᠠᠭᠠᠨ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠨᠳᠠᠭᠠᠢ ᠰᠤᠮᠤᠨ ᠳᠤ 8 ᠰᠠᠤᠷᠢ ᠰᠠᠯᠬᠢᠨ ᠬᠦᠴᠦᠨ ᠤ ᠭᠠᠯ ᠤᠨᠲᠠᠷᠠᠭᠠᠭᠤᠷ ᠲᠣᠬᠢᠷᠠᠭᠤᠯᠤᠨ ᠥᠭᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠨᠢ ᠬᠡᠷᠡᠭᠯᠡᠬᠦ  ᠪᠠ ᠠᠷᠠᠴᠢᠯᠠᠵᠤ ᠬᠠᠮᠠᠭᠠᠯᠠᠬᠤ ᠠᠷᠭ᠎ᠠ ᠶᠢ ᠵᠢᠭᠠᠵᠤ᠂ ᠰᠤᠮᠤᠨ ᠤ ᠬᠡᠷᠡᠭᠯᠡᠬᠦ ᠬᠥᠮᠥᠰ ᠲᠡᠭᠡᠨ ᠲᠤᠰᠬᠠᠢ ᠪᠣᠯᠪᠠᠰᠤᠷᠠᠯ ᠬᠢᠵᠦ᠂ ᠲᠤᠰᠬᠠᠢ ᠬᠥᠮᠥᠨ ᠲᠣᠮᠢᠯᠠᠨ ᠠᠷᠠᠴᠢᠯᠠᠵᠤ ᠬᠠᠮᠠᠭᠠᠯᠠᠬᠤ ᠪᠠ ᠬᠠᠮᠢᠶᠠᠷᠴᠤ᠂ ᠴᠠᠭ ᠲᠤᠬᠠᠢ ᠳᠤᠨᠢ ᠬᠡᠷᠡᠭᠯᠡᠯᠲᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠂ ᠡᠨᠡ ᠨᠢ ᠦᠨᠳᠦᠰᠦᠨ ᠱᠠᠲᠤᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠮᠤᠨ ᠤ ᠣᠢ ᠰᠢᠭᠤᠢ ᠲᠠᠯ᠎ᠠ ᠨᠤᠲᠤᠭ ᠤᠨ ᠭᠠᠯ ᠤᠨ ᠠᠶᠤᠯ ᠢ ᠰᠡᠷᠭᠡᠶᠢᠯᠡᠵᠦ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号