ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ | ᠠᠯᠬᠤᠮ ᠰᠠᠶᠢᠲᠤᠷ ᠬᠡᠷᠡᠭᠵᠢᠭᠦᠯᠬᠦ ᠲᠤᠬᠠᠶᠪᠠᠶᠢᠷᠢᠯᠠᠭᠤᠯᠵᠤ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ | ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠦᠶ᠋ᠯᠡᠳᠦᠯ ᠢ ᠨᠠᠩ ᠰᠠᠶᠢᠲᠤᠷ ᠪᠠᠳᠠᠷᠠᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢᠣᠷᠣᠭᠤᠯᠬᠤ ᠲᠥᠰᠦᠯ︶︾ ᠢ ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 21 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠳ᠋ ᠤᠨ | ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡᠠᠯᠬᠤᠮ ᠰᠠᠶᠢᠲᠤᠷ | ᠬᠡᠷᠡᠭᠵᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ | ᠦᠶ᠋ᠯᠡᠳᠦᠯ ᠢ ᠨᠠᠩ ᠰᠠᠶᠢᠲᠤᠷᠪᠠᠳᠠᠷᠠᠭᠤᠯᠬᠤ ᠲᠤᠬᠠᠶ ᠪᠠᠶᠢᠷᠢᠯᠠᠭᠤᠯᠪᠠ︔ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠵᠢᠬᠡᠷᠡᠭᠵᠢᠭᠦᠯᠬᠦ ᠲᠦᠷᠢᠮ ︵ᠵᠠᠰᠠᠪᠤᠷᠢ | ᠣᠷᠣᠭᠤᠯᠬᠤ ᠲᠥᠰᠦᠯ︶︾ ᠢ ᠪᠠᠲᠤᠯᠠᠵᠠᠢ᠃ | ᠬᠤᠷᠠᠯ ᠳᠤ ᠵᠢᠭᠠᠨ ᠭᠠᠷᠭᠠᠬᠤ ᠳᠤ ᠪᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ | ᠲᠣᠭᠲᠠᠴᠠ ᠶᠢ ᠬᠡᠷᠡᠭᠵᠢᠭᠦᠯᠬᠦ ᠪᠣᠯ ᠬᠤᠷᠸ᠎ᠠ ᠡᠵᠡᠮᠰᠢᠯᠲ᠋ᠤᠬᠢᠷᠠᠭᠤᠯᠭᠠ ᠶᠢᠨ ᠰᠢᠨ᠎ᠡ ᠶᠢ ᠡᠭᠦᠳᠬᠦ ᠴᠢᠬᠤᠯᠠ ᠶᠡᠭᠡ | ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤᠪᠠᠶᠢᠷᠢᠯᠠᠭᠤᠯᠤᠯᠲᠠ | ᠶᠣᠰᠣᠭᠠᠷ᠂ ᠨᠢᠳᠤᠨᠤᠨ ᠲᠥᠪ ᠤᠨ ᠡᠳ᠋ ᠤᠨ ᠵᠠᠰᠠᠭ ᠰᠢᠭᠤᠳ ᠬᠦᠷᠭᠡᠬᠦ ᠪᠠᠯᠠ ᠮᠥᠩᠭᠦ 1.7 ᠲᠦᠮᠡᠨ ᠳ᠋ᠦᠩᠰᠢᠭᠤᠷ | ᠲᠥᠭᠦᠷᠢᠭ ᠪᠠᠭᠤᠯᠭᠠᠵᠤ᠂ᠬᠤᠲᠠ ᠰᠢᠶᠠᠨ ᠤ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ ᠰᠦᠶ᠋ᠳᠬᠡᠯ ᠢ | ᠪᠠᠭᠤᠷᠠᠭᠤᠯᠬᠤ ᠳᠤ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠦᠶ᠋ᠯᠡᠳᠦᠯᠪᠠᠳᠠᠷᠠᠭᠤᠯᠵᠤ᠂ ᠠᠵᠤ ᠠᠬᠤᠶ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ︽ | ᠵᠠᠰᠠᠭ ᠤᠨᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠰᠢᠭᠤᠳ ᠬᠦᠷᠭᠡᠬᠦ | ᠲᠣᠭᠲᠠᠴᠠ ᠶᠢ ᠪᠠᠶᠢᠩᠭᠤᠵᠢᠭᠤᠯᠬᠤ ᠨᠢ ᠨᠢᠳᠤᠨᠤᠨ ᠤ ᠰᠢᠭᠤᠳᠬᠦ᠋ᠷᠭᠡᠬᠦ ᠪᠡᠯᠡ ᠮᠥᠩᠭᠦ ᠶᠢ ᠪᠦᠬᠦᠨ ᠢ ᠨᠡᠮᠡᠭᠳᠡᠯ ᠪᠡᠯᠡ | ᠮᠥᠩᠭᠦ ᠪᠣᠯᠭᠠᠭᠰᠠᠨ ᠲᠠᠢ ᠠᠳᠠᠯᠢ ᠦᠭᠡᠢ᠂ ᠡᠨᠡ ᠵᠢᠯ ᠭᠤᠣᠯᠳᠠᠭᠤ ᠦᠯᠡᠳᠡᠭᠡᠯ ᠪᠡᠯᠡ ᠮᠥᠩᠭᠦ ᠪᠣᠯᠭᠠᠨ᠎ᠠ᠂ᠪᠡᠯᠡ | ᠮᠥᠩᠭᠦ ᠶᠢᠨ ᠬᠤᠪᠢᠶᠠᠷᠢᠯᠠᠯᠲᠠ ᠶᠢᠨ ᠠᠰᠢᠭ ᠲᠤᠰᠠ ᠶᠢᠨ ᠪᠠᠶᠢᠷᠢᠰᠢᠯ ᠢ ᠥᠭᠡᠷᠡᠴᠢᠯᠡᠨ ᠲᠣᠬᠢᠷᠠᠭᠤᠯᠬᠤ ᠪᠠᠷ | ᠳᠠᠮᠵᠢᠭᠤᠯᠤᠨ᠂ ᠲᠥᠪ ᠤᠨ ᠡᠳ᠋ ᠤᠨ ᠵᠠᠰᠠᠭ ᠤᠨᠠᠷᠠᠳ ᠤᠨ ᠠᠮᠢᠳᠤᠷᠠᠯ ᠤᠨ ᠨᠥᠬᠦᠪᠥᠷᠢ ᠶᠢᠨ ᠡᠯ᠎ᠡ ᠵᠦᠢᠯ ᠤᠨ | ᠪᠡᠯᠡ ᠮᠥᠩᠭᠦ ᠶᠢ ᠪᠦᠬᠦᠨ ᠢ ᠨᠢ ᠰᠢᠭᠤᠳ ᠬᠦᠷᠭᠡᠬᠦ ᠬᠡᠪᠴᠢᠶᠡᠨ ᠳᠤ ᠣᠷᠣᠭᠤᠯᠵᠤ᠂ ᠪᠡᠯᠡ ᠮᠥᠩᠭᠦ ᠶᠢᠨ ᠶᠡᠷᠦᠩᠬᠡᠶ | ᠬᠡᠮᠵᠢᠶ᠎ᠡ ᠶᠢ 2.8 ᠲᠦᠮᠡᠨ ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠣᠳᠣᠬᠠᠨ ᠳᠤ ᠲᠥᠪ ᠤᠨ ᠡᠳ᠋ ᠤᠨ | ᠵᠠᠰᠠᠭ ᠠᠴᠠ ᠰᠢᠭᠤᠳᠪᠠᠭᠤᠯᠭᠠᠭᠰᠠᠨ ᠪᠠᠯᠠ ᠮᠥᠩᠭᠦ 2.6 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ | 2.2 ᠲᠦᠮᠡᠨ ᠳ᠋ᠦᠩᠰᠢᠭᠤᠷ ᠭᠠᠷᠤᠢ ᠲᠥᠭᠦᠷᠢᠭ ᠢ ᠨᠢᠭᠡᠨᠲᠡ ᠪᠠᠯᠠᠮᠥ᠋ᠩᠭᠦ ᠬᠡᠷᠡᠭᠯᠡᠬᠦ ᠨᠢᠭᠡᠴᠢ ᠳᠤ ᠪᠠᠭᠤᠯᠭᠠᠭᠰᠠᠨ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ ᠰᠢᠭᠤᠳ ᠬᠦᠷᠭᠡᠬᠦ ᠪᠠᠯᠠ ᠮᠥᠩᠭᠦ ᠶᠢᠨ | ᠬᠡᠷᠡᠭᠯᠡᠯᠲᠡ ᠵᠢᠨᠭᠤᠤᠯᠳᠠᠯᠭᠠ ᠶᠢ ᠳᠣᠪᠤᠶᠢᠯᠭᠠᠨ᠎ᠠ᠃ ᠠᠵᠤ ᠠᠬᠤᠶ ᠶᠢ ᠲᠣᠭᠲᠠᠭᠤᠨ ᠪᠠᠶᠢᠯᠭᠠᠬᠤ ᠶᠢᠨ ᠳᠠᠭᠠᠤ | ᠪᠠᠬᠢᠵᠢᠭᠦᠯᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ ᠰᠢᠭᠤᠳᠬᠦ᠋ᠷᠭᠡᠬᠦ ᠪᠠᠯᠠ ᠮᠥᠩᠭᠦ ᠶᠢ ᠬᠡᠰᠡᠭ ᠱᠠᠲᠤ | ᠦᠶᠡᠴᠢ ᠴᠢᠨᠠᠷᠲᠠᠶ ᠲᠥᠷᠥ ᠶᠢᠨ ᠪᠣᠳᠣᠯᠭ᠎ᠠ ᠶᠢᠨ ︽ᠪᠠᠭᠤᠷᠠᠯᠲᠠ︾ ᠶᠢᠨ ᠨᠥᠯᠥᠭᠡ ᠶᠢ ᠠᠷᠢᠯᠭᠠᠬᠤ ᠴᠢᠬᠤᠯᠠ | ᠠᠷᠭ᠎ᠠᠪᠠᠷᠢᠯ ᠤᠨ ᠨᠢᠭᠡ ᠨᠢ ᠪᠣᠯᠭᠠᠵᠤ᠂ ᠲᠠᠭᠦᠨ ᠢ ᠭᠤᠤᠯᠳᠠᠭᠤ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ | ᠠᠮᠢᠳᠤᠷᠠᠯ ᠢ ᠪᠠᠲᠤᠯᠠᠬᠤ᠂ ᠵᠠᠬ᠎ᠠᠲ᠋ᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠶᠢ ᠳᠡᠮᠵᠢᠬᠦ ᠳᠤ ᠦᠷᠭᠦᠯᠵᠢᠯᠡᠨ | ᠬᠡᠷᠡᠭᠯᠡᠵᠦ᠂ ᠪᠠᠯᠠ ᠮᠥᠩᠭᠦ ᠶᠢ ᠣᠯᠠᠨ ᠲᠦᠮᠡᠨ ᠤ ᠬᠦᠰᠡᠯ ᠡᠷᠡᠮᠡᠯᠵᠡᠯ᠂ ᠠᠵᠤᠠᠬᠤᠶᠢᠯᠠᠯ ᠤᠨ ᠬᠦᠰᠡᠵᠦ ᠪᠠᠶᠢᠭ᠎ᠠ | ᠴᠢᠭᠯᠡᠯ ᠪᠠ ᠬᠦᠷᠢᠶ᠎ᠡ ᠵᠢᠴᠢ ᠦᠨᠳᠦᠰᠦᠨ ᠱᠠᠲᠤᠨ ᠤ ᠴᠠᠯᠢᠩ ᠢ ᠪᠠᠲᠤᠯᠠᠬᠤ ᠪᠠ ᠡᠷᠭᠢᠯᠲᠡ ᠶᠢ ᠪᠠᠲᠤᠯᠠᠬᠤ ᠳᠤ | ᠬᠡᠷᠡᠭᠯᠡᠨ᠂ ᠨᠠᠩᠣᠯᠠᠨ ᠡᠳ᠋ ᠤᠨ ᠬᠦᠴᠦᠨ ᠢ ᠲᠥᠪᠯᠡᠷᠡᠭᠦᠯᠦᠨ ᠠᠯᠪᠠᠨ ᠵᠢᠷᠤᠮ ᠤᠨ ᠰᠤᠷᠭᠠᠨ ᠬᠥᠮᠦᠵᠢᠯ᠂ | ᠦᠨᠳᠦᠰᠦᠨ ᠡᠮᠴᠢᠯᠡᠭᠡ᠂ ᠦᠨᠳᠦᠰᠦᠨ ᠣᠷᠣᠨᠰᠠᠭᠤᠴᠠ ᠵᠡᠷᠭᠡ ᠠᠷᠠᠳ ᠤᠨ ᠦᠨᠳᠦᠰᠦᠨ ᠠᠮᠢᠳᠤᠷᠠᠯ ᠤᠨ | ᠣᠷᠣᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠩ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ | ᠳᠡᠮᠵᠢᠨ᠎ᠡ᠃ ᠬᠤᠶᠠᠷ ᠲᠤ᠂ ᠣᠷᠣᠨ ᠨᠤᠲᠤᠭ ᠢ ᠰᠢᠪᠠᠳᠠᠵᠤ ᠪᠠᠶᠢᠭᠠᠳ ᠦᠯᠡᠳᠡᠭᠳᠡᠯ ᠰᠢᠭᠤᠳ ᠬᠦᠷᠭᠡᠬᠦ ᠪᠡᠯᠡ | ᠮᠥᠩᠭᠦ ᠶᠢ ᠪᠠᠭᠤᠯᠭᠠᠬᠤ ᠪᠠ ᠬᠡᠷᠡᠭᠯᠡᠬᠦ ᠠᠵᠢᠯ ᠢᠰᠠᠶᠢᠲᠤᠷ ᠬᠢᠯᠭᠡᠵᠦ᠂ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢ ᠴᠠᠭ ᠲᠤᠬᠠᠢ ᠳᠤ ᠨᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠨ᠎ᠠ᠃ ᠣᠷᠣᠨᠨᠤᠲᠤᠭ ᠢ | ᠵᠢᠯᠣᠭᠤᠳᠴᠤ ᠪᠠᠶᠢᠭᠠᠳ ᠲᠥᠪ ᠤᠨ ᠰᠢᠭᠤᠳ ᠬᠦᠷᠭᠡᠬᠦ ᠪᠡᠯᠡ ᠮᠥᠩᠭᠦ ᠶᠢᠨ ᠰᠠᠭᠤᠷᠢᠨ ᠳᠡᠭᠡᠷ᠎ᠡ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳ᠋ᠤ᠋ᠲ᠋ᠣᠬᠢᠷᠠᠭᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ | ᠰᠢᠭᠤᠳ ᠬᠦᠷᠬᠦ ᠬᠡᠪᠴᠢᠶ᠎ᠡ ᠶᠢ ᠥᠷᠭᠡᠳᠬᠡᠨ᠎ᠡ᠃ ᠮᠤᠵᠢ ᠶᠢᠨ ᠱᠠᠲᠤᠨ ᠤ ᠵᠠᠰᠠᠭ ᠤᠨᠣᠷᠳᠣᠨ ᠦᠷᠭᠦᠯᠵᠢᠯᠡᠨ ︽ | ᠵᠠᠮ ᠤᠨ ᠨᠠᠮᠰᠠᠷᠠᠢ ᠪᠤᠷᠬᠠᠨ︾ ᠪᠣᠯᠬᠤ ᠠᠴᠠ ᠪᠢᠰᠢ ︽ᠨᠢᠷᠤᠭᠤ ᠪᠠᠨ ᠡᠭᠦᠷᠦᠭᠰᠡᠨ ᠨᠣᠶᠠᠨ︾ ᠪᠣᠯᠵᠤ ᠪᠣᠯᠬᠤ ᠦᠭᠡᠢ | ᠂ ᠨᠠᠩ ᠣᠯᠠᠨ ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠵᠤ᠂ ᠦᠨᠳᠦᠰᠦᠨ ᠱᠠᠲᠤᠨ ᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠶᠢ ᠨᠢᠴᠢᠩᠭᠠᠷᠠᠭᠤᠯᠬᠤ ᠬᠡᠷᠡᠭᠲᠡᠶ᠃ ᠭᠤᠷᠪᠠ ᠳᠤ᠂ | ᠰᠢᠭᠤᠳ ᠬᠦᠷᠭᠡᠬᠦ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠳᠠᠯᠠᠨ᠎ᠠ᠃ ᠡᠳ᠋ ᠤᠨ ᠵᠠᠰᠠᠭ᠂ | ᠬᠢᠨᠠᠨᠪᠤᠳᠤᠯᠲᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ ᠬᠢᠨᠠᠯᠲᠠ ᠪᠠᠨ ᠴᠢᠩᠭᠠᠳᠬᠠᠵᠤ᠂ ᠣᠷᠣᠨ | ᠨᠤᠲᠤᠭ ᠤᠨ ᠪᠠᠯᠠ ᠮᠥᠩᠭᠦ ᠬᠤᠪᠢᠶᠠᠷᠢᠯᠠᠭᠰᠠᠨ᠂ ᠰᠠᠯᠭᠠᠨᠥᠭᠭᠦᠭᠰᠡᠨ ᠪᠠ ᠬᠡᠷᠡᠭᠯᠡᠭᠰᠡᠨ ᠪᠠᠶᠢᠳᠠᠯ ᠢ | ᠬᠥᠳᠡᠯᠦᠩᠭᠦᠶ ᠪᠠᠷ ᠮᠥᠷᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ | ᠵᠠᠯᠠᠷᠠᠭᠤᠯᠵᠤ᠂ᠬᠠᠮᠢᠶ᠎ᠠ ᠪᠥᠬᠦᠶ ᠣᠷᠣᠨ ᠨᠤᠲᠤᠭ ᠵᠢᠴᠢ ᠬᠠᠷᠢᠭᠤᠴᠠᠯᠭᠠᠲᠠᠳ ᠲᠠᠢ ᠪᠠᠶᠢᠳᠠᠯ ᠢ ᠨᠢ ᠦᠵᠡᠵᠦ | ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ ᠬᠤᠳᠠᠯ ᠢᠶᠠᠷ ᠮᠡᠳᠡᠭᠦᠯᠵᠦᠬᠠᠭᠤᠷᠮᠠᠭᠯᠠᠨ ᠠᠪᠤᠭᠰᠠᠨ᠂ ᠳᠤᠮᠳᠠ ᠠᠴᠠ ᠨᠢ | ᠦᠯᠡᠳᠡᠭᠡᠵᠦ ᠨᠡᠭᠦᠯᠭᠡᠨ ᠬᠡᠷᠡᠭᠯᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ | ᠠᠵᠢᠯᠯᠠᠭ᠎ᠠ ᠨᠤᠭᠤᠳ ᠢᠨᠢᠭᠡ ᠶᠢ ᠣᠯᠵᠤ ᠮᠡᠳᠡᠪᠡᠯ ᠨᠢᠭᠡ ᠶᠢ ᠲᠦᠢᠯᠪᠤᠷᠢᠲᠠᠶ ᠪᠠᠶᠢᠴᠠᠭᠠᠵᠤ᠂ ᠴᠢᠩᠭ᠎ᠠ ᠬᠠᠷᠢᠭᠤᠴᠠᠯᠭ᠎ᠠ | ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ ᠰᠢᠭᠤᠳ ᠪᠠᠯᠠ ᠮᠥᠩᠭᠦ ᠵᠢᠣᠨᠢᠨ ᠳᠡᠭᠡᠷ᠎ᠡ ᠨᠢ ᠬᠡᠷᠡᠭᠯᠡᠬᠦ ᠶᠢ ᠦᠨᠡᠨ ᠬᠦ | ᠪᠠᠲᠤᠯᠠᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠨᠠᠩ | ᠰᠠᠶᠢᠨᠪᠠᠳᠠᠷᠠᠭᠤᠯᠬᠤ ᠬᠡᠷᠡᠭᠲᠡᠶ ᠭᠡᠵᠡᠢ᠃ | ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ᠃ | ᠲᠥᠰᠦᠯ ᠳᠤ ᠲᠠᠷᠢᠶᠠᠨ ᠭᠠᠵᠠᠷ ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ | ᠰᠠᠬᠢᠵᠤ᠂ ᠲᠠᠷᠢᠶᠠᠯᠠᠩ ᠳᠤ ᠬᠡᠷᠡᠭᠯᠡᠬᠦᠭᠠᠵᠠᠷ ᠢᠯᠠᠩᠭᠤᠶ᠎ᠠ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ᠂ᠲᠠᠷᠢᠶᠠᠨ ᠭᠠᠵᠠᠷ ᠢ ᠣᠶᠢᠲᠤ | ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠤᠯᠠᠮ | ᠨᠢᠭᠡ ᠠᠯᠬᠤᠮᠲ᠋ᠣᠳᠣᠷᠬᠠᠶ ᠬᠢᠵᠠᠭᠠᠷᠯᠠᠵᠤ᠂ ᠲᠠᠷᠢᠶᠠᠨ ᠭᠠᠵᠠᠷ ᠤᠨ ︽ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ | ᠪᠠᠶᠢᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠪᠡ᠃ ᠲᠥᠰᠦᠯ ᠨᠢ ᠭᠠᠵᠠᠷ ᠰᠢᠷᠣᠶ ᠲᠠᠲᠠᠪᠤᠷᠢᠯᠠᠬᠤ ᠳᠡᠰ | ᠳᠠᠷᠠᠭᠠᠯᠠᠯ ᠢ ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠶᠢ ᠤᠷᠢᠳᠴᠢᠯᠠᠨ ᠵᠠᠷᠯᠠᠬᠤ ᠳᠦᠷᠢᠮ ᠢ | ᠲᠣᠭᠲᠠᠭᠠᠵᠤ᠂ᠲᠠᠲᠠᠪᠤᠷᠢᠯᠠᠯᠲᠠ ᠶᠢᠨ ᠨᠥᠬᠦᠪᠥᠷᠢ ᠶᠢ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠷᠤᠳᠠᠯ ᠢ ᠭᠦᠢᠴᠡᠳ | ᠲᠤᠭ᠎ᠠ ᠪᠠᠷ ᠪᠣᠳᠠᠲᠠᠶᠢᠵᠢᠭᠤᠯᠤᠭᠰᠠᠨ ᠦᠭᠡᠶ ᠪᠣᠯ ᠭᠠᠵᠠᠷᠰᠢᠷᠣᠶ ᠲᠠᠲᠠᠪᠤᠷᠢᠯᠠᠬᠤ ᠶᠢ ᠵᠥᠪᠰᠢᠶᠡᠷᠡᠵᠦ ᠪᠣᠯᠬᠤ ᠦᠭᠡᠶ | ᠭᠡᠵᠦ ᠲᠣᠭᠲᠠᠭᠠᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ᠣᠷᠣᠯᠴᠠᠬᠤ | ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠠᠢ᠃ ᠲᠥᠰᠦᠯ ᠳᠤ ᠲᠠᠷᠢᠶᠠᠴᠢᠳ ᠤᠨ ᠵᠦᠢ ᠵᠣᠬᠢᠰᠲᠠᠢ ᠣᠷᠣᠨ | ᠰᠠᠭᠤᠴᠠ ᠶᠢᠨ ᠭᠠᠵᠠᠷ ᠤᠨᠬᠡᠷᠡᠭᠴᠡᠭᠡ ᠶᠢ ᠪᠠᠲᠤᠯᠠᠵᠤ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠲᠠᠷᠢᠶᠠᠴᠢᠳ ᠤᠨ ᠬᠠᠤᠯᠢ ᠶᠣᠰᠣᠭᠠᠷ ᠣᠯᠤᠭᠰᠠᠨ ᠣᠷᠣᠨᠰᠠᠭᠤᠴᠠ ᠶᠢᠨ ᠭᠠᠵᠠᠷ ᠤᠨ ᠡᠷᠬᠡ | ᠠᠰᠢᠭ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ ᠳᠤ ᠪᠠᠰᠠ ᠭᠠᠵᠠᠷ ᠰᠢᠷᠣᠶ ᠶᠢ ᠰᠢᠪᠠᠳᠠᠨ | ᠪᠠᠶᠢᠴᠠᠭᠠᠬᠤᠲ᠋ᠦ᠋ᠷᠢᠮ ᠢ ᠨᠠᠷᠢᠯᠢᠬᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠂ | ᠬᠥᠳᠡᠯᠦᠩᠭᠦᠶ ᠲᠣᠭᠤᠷᠢᠨ ᠪᠠᠶᠢᠴᠠᠭᠠᠬᠤ ᠵᠡᠷᠭᠡ ᠲᠣᠭᠲᠠᠴᠠ ᠶᠢ ᠪᠠᠶᠢᠭᠤᠯᠬᠤ ᠶᠢᠨ ᠵᠡᠷᠭᠡᠴᠡᠭᠡ ᠲᠠᠷᠢᠶᠠᠨ ᠭᠠᠵᠠᠷ ᠢ | ᠡᠪᠳᠡᠬᠦ᠂ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠬᠦ᠂ ᠭᠠᠵᠠᠷ ᠰᠢᠷᠣᠶ ᠶᠢ ᠳᠠᠬᠢᠨᠬᠠᠭᠠᠯᠪᠤᠷᠢᠯᠠᠬᠤ ᠡᠭᠦᠷᠭᠡ ᠪᠠᠨ | ᠭᠦᠶ᠋ᠴᠡᠳᠬᠡᠬᠦ ᠶᠢ ᠲᠡᠪᠴᠢᠬᠦ ᠵᠡᠷᠭᠡ ᠬᠠᠤᠯᠢ ᠶᠢ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠰᠢᠢᠳᠭᠡᠬᠦ | ᠡᠷᠴᠢᠮ ᠵᠶ᠋ᠠᠨᠴᠢᠩᠭᠠᠷᠠᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠢᠢᠳᠭᠡᠬᠦ ᠲᠤᠬᠠᠶ | ᠲᠣᠭᠲᠠᠭᠠᠯ ᠨᠡᠮᠡᠭᠰᠡᠨ ᠪᠠᠶᠢᠨ᠎ᠠ᠃ |