ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠤᠭ ᠰᠠᠨᠠᠭ᠎ᠠ ᠪᠠᠨ ᠥᠯᠥ ᠮᠠᠷᠲᠠᠨ᠂ ᠣᠯᠠᠨ ᠲᠦᠮᠡᠨ ᠳᠤ ᠪᠣᠳᠠᠲᠠᠢ  ᠦᠢᠯᠡᠴᠢᠯᠡᠪᠡ
ᠨᠡᠶᠢᠲᠡᠯᠡᠭᠰᠡᠨ ᠴᠠᠭ᠄
2021/4/26
    ᠨᠠᠮ ᠤᠨ ᠲᠡᠦᠬᠡ ᠬᠥᠳᠡᠯᠭᠡᠨ ᠥᠷᠨᠢᠭᠦᠯᠦᠭᠰᠡᠨ ᠠᠴᠠ ᠨᠠᠭᠠᠰᠢ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠶᠢᠨ ᠥᠷᠭᠡᠨ ᠣᠯᠠᠨ ᠨᠠᠮ ᠤᠨ ᠭᠡᠰᠢᠭᠦᠨ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠠᠵᠢᠯ ᠎ ᠢᠶᠠᠨ ᠬᠠᠶᠢᠷᠠᠯᠠᠨ ᠬᠦᠨᠳᠦᠳᠬᠡᠵᠦ᠂ ᠰᠢᠷᠭᠠᠭᠤ ᠠᠵᠢᠯᠯᠠᠨ᠂ ᠦᠨᠡᠨᠴᠢ ᠪᠠᠷ ᠬᠠᠨᠳᠤᠵᠤ᠂ ᠪᠦᠯᠬᠦᠮᠳᠡᠨ ᠬᠠᠮᠵᠢᠯᠴᠠᠵᠤ᠂ ᠨᠠᠮ ᠤᠨ ᠭᠡᠰᠢᠭᠦᠨ ᠤ ᠵᠢᠱᠢᠶᠡᠴᠢ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠪᠣᠳᠠᠲᠠᠢ ᠦᠢᠯᠡ ᠠᠵᠢᠯᠯᠠᠭ᠎ᠠ ᠪᠠᠷ ᠎ ᠢᠶᠠᠨ ᠤᠭ ᠰᠠᠨᠠᠭ᠎ᠠ ᠪᠠᠨ ᠦᠯᠦ ᠮᠠᠷᠲᠠᠬᠤ ᠡᠭᠦᠷᠭᠡ ᠬᠠᠷᠢᠭᠤᠴᠠᠯᠭ᠎ᠠ ᠶᠢ ᠰᠤᠷᠤᠯᠴᠠᠬᠤ ᠪᠠ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠣᠯᠠᠨ ᠲᠦᠮᠡᠨ ᠳᠤ ᠪᠣᠳᠠᠲᠠᠢ ᠦᠢᠯᠡᠴᠢᠯᠡᠵᠦ᠂ ᠰᠠᠶᠢᠨ ᠬᠡᠷᠡᠭ ᠦᠢᠯᠡᠳᠦᠨ᠎ᠡ᠃2021 ᠣᠨ ᠤ4 ᠰᠠᠷ᠎ᠠ ᠶᠢᠨ20᠎ ᠤ ᠡᠳᠦᠷ-24᠎ ᠤ ᠡᠳᠦᠷ᠂ ᠲᠤᠰᠬᠠᠢ ᠮᠡᠷᠭᠡᠵᠢᠯᠲᠡᠨ ᠲᠣᠮᠢᠯᠠᠨ ᠰᠢᠨᠡᠪᠤᠯᠠᠭ ᠰᠤᠮᠤᠨ ᠤ  ᠮᠣᠳᠤᠨᠬᠮᠵᠢ ᠭᠠᠴᠠᠭ᠎ᠠ ᠪᠣᠯᠣᠨ ᠣᠯᠠᠨᠨᠠᠭᠤᠷ ᠭᠠᠴᠠᠭ᠎ᠠ ᠭᠦᠨᠵᠡᠭᠡᠶᠢᠷᠡᠨ ᠲᠦᠭᠡᠮᠡᠯ ᠤᠰᠤᠨ ᠤ ᠬᠤᠭᠤᠯᠠᠢ ᠶᠢ ᠰᠡᠯᠪᠢᠨ ᠵᠠᠰᠠᠵᠤ᠂ ᠰᠠᠭᠤᠭᠠᠯᠢ ᠮᠠᠯᠴᠢᠨ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠪᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号