ᠴᠠᠭᠠᠨ ᠪᠠᠯᠭᠠᠰᠤ  ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠰᠢᠨ᠎ᠡ ᠲᠢᠳᠢᠮᠯᠢᠭᠠᠭᠤᠰᠬᠢᠨ ᠦᠷᠪᠢᠰᠦᠯ ᠤᠨ ᠸᠡᠺᠼᠢᠨ ᠤ ᠲᠠᠷᠢᠯᠭ᠎ᠠ ᠶᠢᠨ ᠠᠵᠢᠯ ᠢ  ᠶᠠᠪᠤᠭᠳᠠᠭ᠋᠊
ᠨᠡᠶᠢᠲᠡᠯᠡᠭᠰᠡᠨ ᠴᠠᠭ᠄
2021/4/28
   ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠡᠺᠼᠢᠨ ᠤ ᠲᠠᠷᠢᠯᠭ᠎ᠠ ᠶᠢᠨ ᠠᠵᠢᠯ ᠢ ᠱᠠᠯᠠᠪᠳᠠᠭᠤᠯᠤᠨ ᠶᠠᠪᠤᠭᠳᠠᠭᠤᠯᠬᠤ ᠶᠢᠨ ᠲᠤᠯᠠ ᠴᠠᠭᠠᠨ ᠪᠠᠯᠭᠠᠰᠤ 4 ᠰᠠᠷ᠎ᠠ  ᠎ ᠶᠢᠨ21 —24  ᠪᠤᠯᠲᠠᠯ᠎ᠠ ᠪᠠᠯᠭᠠᠰᠤᠨ ᠤ ᠡᠯ᠎ᠡ ᠭᠠᠴᠠᠭ᠎ᠠ᠂ ᠨᠡᠶᠢᠭᠡᠮ ᠲᠤᠭᠤᠷᠢᠭ᠂ ᠦᠢᠯᠡᠳᠪᠦᠷᠢᠯᠡᠯ ᠤᠨ ᠪᠠᠷᠢᠭᠠᠲᠠ ᠶᠢᠨ ᠰᠠᠭᠤᠭᠠᠯᠢ ᠠᠷᠠᠳ ᠪᠠ ᠮᠠᠯᠴᠢᠳ ᠲᠤ  
ᠸᠡᠺᠼᠢᠨ ᠤ ᠲᠠᠷᠢᠯᠭ᠎ᠠ ᠬᠢᠪᠡ᠃
   ᠸᠡᠺᠼᠢᠨ ᠤ ᠲᠠᠷᠢᠯᠭ᠎ᠠ ᠶᠢᠨ ᠠᠵᠢᠯ ᠢ ᠠᠮᠤᠷ ᠲᠦᠪᠰᠢᠨ ᠶᠠᠪᠤᠭᠳᠠᠭᠤᠯᠬᠤ ᠶᠢᠨ ᠲᠥᠯᠥᠭᠡ ᠴᠠᠭᠠᠨ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠠᠪᠤᠪᠠ᠃ ᠤᠷᠢᠳᠠᠪᠠᠷ᠂ ᠸᠡᠺᠼᠢᠨ ᠤ ᠲᠠᠷᠢᠯᠭ᠎ᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠤᠨ ᠴᠢᠩᠭᠠᠳᠬᠠᠵᠤ᠂ ᠸᠡᠺᠼᠢᠨ ᠢ ᠵᠦᠢ ᠵᠤᠬᠢᠰᠲᠠᠢ ᠪᠠᠷ ᠭᠡᠷᠡᠭᠯᠡᠵᠤ᠂ ᠸᠡᠺᠼᠢᠨ ᠤ ᠲᠠᠷᠢᠯᠭ᠎ᠠ ᠶᠢᠨ ᠴᠠᠭ ᠢ ᠵᠤᠬᠢᠴᠠᠭᠤᠯᠵᠤ᠂ ᠡᠳᠦᠷ ᠪᠦᠷᠢ ᠬᠦᠳᠡᠯᠤᠩᠭᠦᠢ ᠪᠠᠶᠢᠳᠠᠯ ᠤᠨ ᠲᠤᠬᠢᠷᠠᠭᠤᠯᠤᠯᠲᠠ ᠪᠠᠷ ᠸᠡᠺᠼᠢᠨ ᠤ ᠬᠠᠩᠭᠠᠯᠭ᠎ᠠ ᠶᠢ ᠪᠠᠲᠤᠯᠠᠪᠠ᠃ ᠲᠠᠷᠠᠭ᠎ᠠ ᠨᠢ᠂ ᠸᠡᠶᠢᠴᠠᠲ ᠲᠠᠪᠴᠠᠩ ᠢ ᠠᠰᠢᠭᠯᠠᠨ᠂ ᠸᠡᠺᠼᠢᠨ ᠲᠠᠷᠢᠭᠤᠯᠤᠭᠰᠠᠨ ᠬᠦᠮᠦᠰ ᠤᠨ ᠠᠩᠬᠠᠷᠤᠬᠤ ᠴᠢᠬᠤᠯᠲᠠᠢ ᠵᠦᠢᠯ ᠪᠠ ᠤᠬᠤᠷ ᠹᠢᠯᠢᠮ ᠤᠨ ᠬᠡᠯᠪᠡᠷᠢ ᠪᠠᠷ ᠸᠡᠺᠼᠢᠨ ᠤ ᠲᠠᠷᠢᠯᠭ᠎ᠠ ᠶᠢᠨ ᠲᠦᠷᠦ ᠶᠢᠨ ᠪᠤᠳᠤᠯᠭ᠎ᠠ᠂ ᠠᠯᠬᠤᠮ ᠲᠠᠷᠠᠭ᠎ᠠ᠂ ᠴᠡᠭᠡᠷᠯᠡᠬᠦ ᠵᠦᠢᠯ᠂ ᠡᠷᠡᠭᠦᠯ ᠮᠡᠨᠲᠤ ᠶᠢ ᠲᠦᠭᠡᠮᠡᠯᠵᠢᠬᠦᠯᠬᠦ ᠲᠤᠬᠠᠢ ᠮᠡᠳᠡᠯᠭᠡ᠂ ᠠᠷᠠᠳ ᠤᠨ ᠰᠡᠳᠬᠢᠯ ᠳᠠᠬᠢ ᠡᠷᠡᠭᠡᠯᠵᠡᠭᠡ ᠶᠢ ᠲᠠᠶᠢᠯᠠᠬᠤ ᠵᠡᠷᠭᠡ ᠤᠯᠠᠨ ᠲᠠᠯ᠎ᠠ ᠪᠠᠷ ᠤᠬᠠᠭᠤᠯᠭ᠎ᠠ ᠬᠢᠵᠤ᠂ ᠸᠡᠺᠼᠢᠨ ᠤ ᠲᠠᠷᠢᠯᠭ᠎ᠠ ᠬᠢᠬᠦ ᠠᠵᠢᠯ ᠤᠨ ᠠᠮᠤᠷ ᠲᠦᠪᠰᠢᠨ᠂ ᠲᠡᠰ ᠲᠠᠷᠠᠭ᠎ᠠ ᠲᠠᠢ᠂ ᠦᠨᠳᠦᠷ ᠪᠦᠲᠦᠮᠵᠢᠲᠠᠢ ᠪᠠᠷ ᠶᠠᠪᠤᠭᠳᠠᠬᠤ ᠶᠢ ᠠᠬᠢᠭᠤᠯᠪᠠ᠃
    ᠴᠠᠭᠠᠨ ᠪᠠᠯᠭᠠᠰᠤᠨ ᠤ ᠰᠠᠭᠤᠭᠠᠯᠢ ᠠᠷᠠᠳ ᠪᠠ ᠮᠠᠯᠴᠢᠳ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠡᠺᠼᠢᠨ ᠤ ᠲᠠᠷᠢᠯᠭ᠎ᠠ ᠬᠢᠬᠦ ᠳᠤ ᠢᠳᠡᠪᠬᠢᠲᠠᠢ ᠤᠪᠤᠷ ᠢᠶᠠᠷ ᠬᠠᠨᠳᠤᠵᠤ᠂ ᠴᠠᠭᠠᠨ ᠪᠠᠯᠭᠠᠰᠤᠨ ᠤ ᠵᠠᠰᠠᠭ ᠤᠨ ᠤᠷᠳᠤᠨ ᠵᠢᠴᠢ  ᠡᠷᠡᠬᠦᠯ ᠬᠠᠮᠠᠭᠠᠯᠠᠯ ᠤᠨ ᠠᠵᠢᠯᠳᠠᠳ ᠴᠠᠭ ᠤᠷᠲᠤᠳᠬᠠᠨ ᠠᠵᠢᠯᠯᠠᠵᠤ᠂ ᠤᠯᠠᠨ ᠵᠦᠢᠯ ᠤᠨ ᠠᠷᠭ᠎ᠠ ᠬᠡᠯᠪᠡᠷᠢ ᠠᠪᠴᠤ᠂ ᠰᠠᠭᠤᠭᠠᠯᠢ ᠠᠷᠠᠳ ᠪᠠ ᠮᠠᠯᠴᠢᠳ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠡᠺᠼᠢᠨ ᠎ ᠤ ᠲᠠᠷᠢᠯᠭ᠎ᠠ ᠠᠮᠵᠢᠯᠲᠠ ᠲᠠᠢ ᠶᠠᠪᠤᠭᠳᠠᠬᠤ ᠳᠤ ᠪᠠᠳᠤᠯᠠᠭ᠎ᠠ  ᠬᠠᠩᠭᠠᠪᠠ᠃
    ᠡᠨᠡ ᠤᠳᠠᠭᠠᠨ ᠤ ᠸᠡᠺᠼᠢᠨ ᠤ ᠲᠠᠷᠢᠯᠭ᠎ᠠ ᠶᠢᠨ ᠠᠵᠢᠯ ᠤᠯᠠᠨ ᠵᠦᠢᠯ ᠤᠨ ᠬᠦᠴᠢᠷ ᠢ ᠲᠠᠪᠠᠨ ᠤᠷᠢᠳᠴᠢᠯᠠᠨ ᠲᠦᠰᠦᠪᠯᠡᠭᠰᠡᠨ ᠴᠠᠭ ᠠᠴᠠ ᠪᠠᠨ ᠬᠠᠭᠠᠰ ᠡᠳᠦᠷ ᠤᠷᠢᠳᠴᠢᠯᠠᠨ ᠠᠵᠢᠯ ᠢᠶᠠᠨ ᠲᠠᠭᠤᠰᠬᠠᠪᠠ᠃ 2021ᠤᠨ ᠤ 4 ᠰᠠᠷ᠎ᠠ ᠶᠢᠨ 21 —24 ᠪᠤᠯᠲᠠᠯ᠎ᠠ ᠴᠠᠭᠠᠨ ᠪᠠᠯᠭᠠᠰᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠡᠺᠼᠢᠨ ᠎ ᠤ ᠲᠠᠷᠢᠯᠭ᠎ᠠ ᠬᠢᠭᠰᠡᠨ 960 ᠬᠦᠮᠦᠨ᠂ ᠤᠳᠤ ᠪᠤᠯᠲᠠᠯ᠎ᠠ ᠪᠦᠬᠦ ᠪᠠᠯᠭᠠᠰᠤᠨ ᠤ ᠨᠡᠶᠢᠲᠡ1599 ᠬᠦᠮᠦᠨ ᠲᠠᠷᠢᠯᠭ᠎ᠠ ᠬᠢᠵᠤ᠂ ᠡᠬᠦᠨ ᠤ ᠲᠤᠳᠤᠷ᠎ᠠ ᠸᠡᠺᠼᠢᠨ ᠤ ᠬᠤᠶᠠᠷ ᠲᠠᠷᠢᠯᠭ᠎ᠠ ᠶᠢ ᠬᠢᠭᠰᠡᠨ 359 ᠬᠦᠮᠦᠨ᠂ ᠨᠢᠭᠡᠳᠦᠭᠡᠷ ᠲᠠᠷᠢᠯᠭ᠎ᠠ ᠎ ᠪᠠᠨ ᠬᠢᠭᠰᠡᠨ 1240 ᠬᠦᠮᠦᠨ ᠪᠠᠶᠢᠨ᠎ᠠ᠃
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号