ᠴᠠᠭᠠᠨ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ ᠶᠢᠨ ᠬᠦᠮᠦᠵᠢᠯ ᠤᠨ ᠲᠤᠰᠬᠠᠢ ᠰᠡᠳᠦᠪᠲᠤ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2021/4/8
    3  ᠰᠠᠷ᠎ᠠ ᠶᠢᠨ 30  ᠎ ᠤ ᠡᠳᠦᠷ᠂ ᠴᠠᠭᠠᠨ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ ᠶᠢᠨ ᠬᠦᠮᠦᠵᠢᠯ ᠎ ᠤᠨ ᠲᠤᠰᠬᠠᠢ ᠰᠡᠳᠦᠪᠲᠤ ᠰᠤᠷᠤᠯᠴᠠᠯᠭ᠎ᠠ ᠶᠢᠨ ᠬᠤᠷᠠᠯ ᠬᠢᠵᠤ᠂ ᠴᠠᠭᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠢ ᠴᠦᠨ ᠮᠸᠢ ᠠᠴᠠ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃
    ᠰᠤᠷᠤᠯᠴᠠᠯᠭ᠎ᠠ ᠶᠢᠨ ᠬᠤᠷᠠᠯ ᠲᠡᠭᠡᠷ᠎ᠡ᠂ ᠴᠠᠭᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠢ ᠴᠦᠨ ᠮᠸᠢ ᠠᠴᠠ ᠰᠢ ᠶᠢᠨ ᠫᠢᠩ ᠶᠡᠷᠦᠩᠬᠡᠢ ᠱᠦᠵᠢ ᠵᠢᠨ‌ᠨᠠᠮ ᠤᠨ ᠲᠡᠤᠬᠡ ᠶᠢᠨ ᠰᠤᠷᠤᠯᠴᠠᠯᠭ᠎ᠠ ᠶᠢᠨ ᠬᠦᠮᠦᠵᠢᠯ ᠢ  ᠦᠷᠨᠢᠬᠦᠯᠬᠦ ᠲᠦᠰᠦᠪ ᠪᠠ ᠴᠢᠬᠤᠯᠠ ᠠᠴᠢ ᠬᠤᠯᠪᠤᠭᠳᠠᠯ ᠢ ᠤᠯᠠᠮᠵᠢᠯᠠᠵᠤ᠂ ᠴᠠᠭᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ  ᠲᠠᠷᠤᠭ᠎ᠠ ᠪᠤᠤ ᠱᠠᠨ ᠪᠤᠤ ᠡᠴᠠ‌‍ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠠᠷᠪᠠᠨ ᠭᠤᠷᠪᠠᠲᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠪᠦᠬᠦᠲᠡ ᠬᠤᠷᠠᠯᠳᠤᠭᠠᠨ ᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ  ᠎ ᠲᠠᠢ ᠶᠠᠷᠢᠯᠴᠠᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠪᠠ᠃
    ᠪᠠᠢ ᠴᠦᠨ ᠮᠸᠢ ᠠᠴᠠ ᠨᠠᠮ ᠤᠨ ᠲᠡᠤᠬᠡ ᠶᠢ ᠰᠤᠷᠤᠯᠴᠠᠵᠤ ᠶᠤᠰᠤ ᠤᠴᠢᠷ ᠢ ᠤᠶᠢᠯᠠᠭᠠᠵᠤ᠂ ᠲᠡᠤᠬᠡ ᠶᠢ ᠰᠤᠷᠤᠯᠴᠠᠵᠤ ᠢᠳᠡᠭᠡᠯ ᠢᠶᠠᠨ ᠨᠡᠮᠡᠭᠳᠡᠬᠦᠯᠵᠤ᠂ ᠲᠡᠤᠬᠡ ᠶᠢ ᠰᠤᠷᠤᠯᠴᠠᠵᠤ  ᠴᠢᠷᠮᠠᠶᠢᠨ ᠦᠢᠯᠡᠳᠦᠯᠭᠡᠵᠢᠬᠦᠯᠵᠤ᠂ ᠨᠠᠮ ᠎ ᠤᠨ ᠲᠡᠤᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠵᠤ᠂ ᠪᠤᠲᠠᠲᠤ ᠶᠠᠪᠤᠳᠠᠯ ᠬᠢᠵᠤ᠂ ᠰᠢᠨ᠎ᠡ ᠪᠠᠶᠢᠳᠠᠯ ᠢ ᠡᠭᠦᠳᠬᠦ ᠭᠡᠷᠡᠭᠲᠡᠢ᠃ ᠡᠳᠦᠷ ᠲᠤᠲᠤᠮ ᠤᠨ ᠠᠮᠢᠳᠤᠷᠠᠯ ᠠᠵᠢᠯ ᠤᠨ ᠲᠤᠮᠲᠠ ᠦᠷᠬᠦᠯᠵᠢ ᠰᠤᠷᠤᠯᠴᠠᠯᠭ᠎ᠠ ᠎ ᠪᠠᠨ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠲᠤᠮᠲᠠ ᠰᠤᠷᠤᠯᠴᠠᠯᠭ᠎ᠠ ᠪᠠᠨ ᠦᠢᠯᠡᠳᠦᠯᠭᠡᠵᠢᠬᠦᠯᠬᠦ ᠬᠡᠷᠡᠭᠲᠡᠢ ᠬᠡᠪᠡ᠃     ᠪᠠᠢ ᠴᠦᠨ ᠮᠸᠢ ᠴᠢᠬᠤᠯᠴᠢᠯᠠᠭᠰᠠᠨ ᠨᠢ᠂ ᠨᠠᠮ ᠤᠨ ᠲᠡᠤᠬᠡ ᠶᠢᠨ ᠰᠤᠷᠤᠯᠴᠠᠯᠭ᠎ᠠ ᠶᠢᠨ ᠬᠦᠮᠦᠵᠢᠯ ᠤᠨ ᠲᠤᠮᠲᠠ ᠲᠠᠪᠤᠨ ᠵᠦᠢᠯ ᠤᠨ ᠠᠵᠢᠯ`᠎ ᠤᠨ ᠡᠭᠦᠷᠭᠡ ᠶᠢ ᠪᠡᠶᠡᠯᠡᠬᠦᠯᠬᠦ ᠭᠡᠷᠡᠭᠲᠡᠢ᠃ ᠨᠢᠬᠡ ᠳᠤ᠂ ᠲᠤᠰᠬᠠᠢ ᠰᠡᠳᠤᠪᠲᠤ ᠰᠤᠷᠤᠯᠴᠠᠯᠭ᠎ᠠ ᠶᠢ ᠦᠷᠨᠢᠬᠦᠯᠬᠦ ᠬᠡᠷᠡᠭᠲᠡᠢ᠃ ᠡᠯ᠎ᠡ ᠨᠠᠮ ᠤᠨ ᠡᠭᠦᠷ ᠨᠠᠮ ᠤᠨ  ᠭᠡᠰᠢᠭᠦᠳ ᠢᠶᠠᠨ ᠵᠢᠯᠤᠭᠤᠳᠴᠤ᠂ ᠦᠪᠡᠷ ᠤᠨ ᠰᠤᠷᠤᠯᠴᠠᠯᠭ᠎ᠠ ᠪᠠᠷ ᠭᠤᠤᠯ  ᠪᠤᠯᠭᠠᠭᠰᠠᠨ ᠰᠠᠭᠤᠷᠢᠨ ᠳᠡᠭᠡᠷ᠎ᠡ᠂ ᠲᠤᠰᠬᠠᠢ ᠰᠡᠳᠤᠪᠲᠤ ᠰᠤᠷᠤᠯᠴᠠᠯᠭ᠎ᠠ ᠶᠢ  ᠢᠳᠡᠪᠬᠢᠲᠠᠢ ᠦᠷᠨᠢᠬᠦᠯᠦᠨ ᠨᠠᠮ ᠤᠨ ᠭᠡᠰᠢᠬᠦᠳ ᠤᠨ ᠰᠤᠷᠤᠯᠴᠠᠯᠭ᠎ᠠ ᠶᠢᠨ ᠴᠢᠨᠠᠷ ᠢ ᠪᠠᠲᠤᠯᠠᠬᠤ ᠬᠡᠷᠡᠭᠲᠡᠢ᠃ ᠬᠤᠶᠠᠷ ᠲᠤ᠂ ᠤᠯᠤᠰ ᠲᠦᠷᠦ ᠶᠢᠨ ᠤᠷᠤᠷᠢᠳᠤᠭᠴᠢ ᠶᠢ ᠴᠢᠩᠭᠠᠳᠬᠠᠬᠤ ᠬᠡᠷᠡᠭᠲᠡᠢ᠃ ᠨᠠᠮ ᠤᠨ ᠲᠡᠤᠬᠡ ᠶᠢᠨ ᠰᠤᠷᠤᠯᠴᠠᠯᠭ᠎ᠠ ᠶᠢᠨ ᠤᠬᠠᠭᠤᠯᠭ᠎ᠠ  ᠲᠠᠶᠢᠯᠪᠦᠷᠢᠯᠠᠯᠲᠠ ᠶᠢ ᠰᠠᠶᠢᠲᠤᠷ ᠬᠢᠵᠤ᠂ ᠵᠠᠯᠠᠭᠤᠴᠤᠳ ᠪᠠᠭᠠᠴᠤᠳ ᠤᠨ  ᠰᠤᠷᠤᠯᠴᠠᠯᠭ᠎ᠠ ᠶᠢ ᠴᠢᠩᠭ᠎ᠠ  ᠠᠳᠬᠤᠵᠤ᠂ ᠪᠦᠬᠦ ᠨᠡᠶᠢᠭᠡᠮ ᠳᠠᠶᠠᠭᠠᠷ ᠲᠤ ᠨᠠᠮ ᠤᠨ ᠲᠡᠤᠬᠡ  ᠎ ᠪᠠᠷ ᠭᠤᠤᠯ ᠪᠤᠯᠭᠠᠭᠰᠠᠨ ︽ᠲᠦᠷᠪᠡᠨ ᠲᠡᠤᠬᠡ︾᠎ ᠶᠢᠨ ᠬᠦᠮᠦᠵᠢᠯ ᠢ ᠤᠬᠠᠭᠤᠯᠵᠤ᠂ ᠰᠦᠯᠵᠢᠶᠡᠨ  ᠎ ᠳᠠᠬᠢ ᠰᠤᠷᠤᠯᠴᠠᠯᠭ᠎ᠠ ᠶᠢᠨ ᠦᠢᠯᠡᠳᠦᠯ ᠢ ᠠᠰᠢᠭᠯᠠᠬᠤ ᠭᠡᠷᠡᠭᠲᠡᠢ᠃ ᠭᠤᠷᠪᠠ ᠳᠤ᠂ ᠲᠤᠰᠬᠠᠢ ᠰᠡᠳᠦᠪᠲᠤ ᠪᠤᠯᠪᠠᠰᠤᠷᠠᠯ ᠢ ᠵᠤᠬᠢᠶᠠᠨ ᠪᠠᠶᠢᠭᠤᠯᠬᠤ ᠭᠡᠷᠡᠭᠲᠡᠢ᠃ ᠲᠤᠮᠲᠠᠲᠤ ᠤᠯᠤᠰ ᠤᠨ ᠡᠪ ᠬᠠᠮᠲᠤ ᠨᠠᠮ ᠤᠨ ᠨᠠᠮ ᠤᠨ ᠲᠡᠤᠬᠡ ᠶᠢᠨ ᠰᠤᠷᠭᠠᠨ ᠬᠦᠮᠦᠵᠢᠯ ᠨᠢ ᠤᠳᠠᠯ ᠦᠬᠡᠢ ᠪᠤᠯᠪᠠᠰᠤᠷᠠᠯ ᠰᠤᠷᠤᠯᠴᠠᠯᠭ᠎ᠠ ᠶᠢᠨ ᠲᠦᠯᠦᠪᠯᠡᠭᠡᠨ ᠳᠤ ᠤᠷᠤᠵᠤ ᠲᠤᠰᠬᠠᠢ ᠰᠡᠳᠦᠪᠲᠤ ᠪᠤᠯᠪᠠᠰᠤᠷᠠᠯ ᠢ ᠵᠤᠬᠢᠶᠠᠨ  ᠪᠠᠶᠢᠭᠤᠯᠵᠤ᠂ ᠡᠯ᠎ᠡ ᠲᠠᠪᠬᠤᠷᠭ᠎ᠠ ᠶᠢᠨ ᠨᠠᠮ ᠤᠨ ᠬᠡᠰᠢᠭᠦᠳ ᠴᠦᠮ ᠨᠠᠮ ᠤᠨ ᠲᠡᠤᠬᠡ ᠶᠢ ᠰᠠᠶᠢᠲᠤᠷ ᠰᠤᠷᠤᠯᠴᠠᠨ᠎ᠠ᠃  ᠲᠦᠷᠪᠡ ᠳᠤ᠂ ︽ᠪᠢ ᠤᠯᠠᠨ ᠲᠦᠮᠡᠨ ᠳᠤ ᠪᠤᠲᠠᠲᠤ ᠶᠠᠪᠤᠳᠠᠯ ᠬᠢᠨ᠎ᠡ︾ ᠬᠡᠬᠦ ᠦᠢᠯᠡᠳᠦᠯᠬᠡ ᠶᠢᠨ ᠬᠦᠳᠡᠯᠭᠡᠭᠡᠨ ᠦᠷᠨᠢᠬᠦᠯᠦᠨ᠎ᠡ᠃ ᠠᠷᠠᠳ ᠲᠦᠮᠡᠨ ᠤ ᠵᠢᠩᠬᠢᠨᠢ ᠲᠤᠯᠭᠠᠷᠠᠵᠤ ᠪᠠᠶᠢᠭ᠎ᠠ ᠪᠠᠴᠢᠮ ᠠᠰᠠᠭᠤᠳᠠᠯ ᠢ ᠬᠦᠯᠢᠶᠡᠨ ᠠᠪᠴᠤ᠂ ᠬᠢᠨᠠᠮᠠᠭᠠᠢ ᠰᠤᠳᠤᠯᠤᠨ ᠠᠰᠠᠭᠤᠳᠠᠯ ᠢ ᠰᠢᠢᠳᠪᠦᠷᠢᠯᠡᠵᠤ᠂ ᠠᠵᠢᠯ ᠤᠨ ᠠᠷᠭ᠎ᠠ ᠠᠪᠴᠠᠯ  ᠎ ᠢᠶᠠᠨ ᠬᠤᠪᠢᠷᠠᠭᠤᠯᠬᠤ ᠬᠡᠷᠡᠭᠲᠡᠢ᠃ ᠲᠠᠪᠤ ᠳᠤ᠂ ᠲᠤᠰᠬᠠᠢ ᠰᠡᠳᠦᠪᠲᠤ ᠠᠷᠠᠳᠴᠢᠯᠠᠯ  ᠠᠮᠢᠲᠤᠷᠠᠯ ᠤᠨ ᠬᠤᠷᠠᠯ ᠪᠠ ᠵᠤᠬᠢᠶᠠᠨ ᠪᠠᠶᠢᠭᠤᠯᠤᠯᠲᠠ ᠎ ᠶᠢᠨ ᠠᠷᠠᠳᠴᠢᠯᠠᠯ ᠠᠮᠢᠳᠤᠷᠠᠯ ᠤᠨ ᠬᠤᠷᠠᠯ  ᠦᠷᠨᠢᠬᠦᠯᠦᠨ᠎ᠡ᠃ ᠲᠦᠪ ᠤᠨ ᠪᠠᠶᠢᠷᠢᠯᠠᠭᠤᠯᠤᠯᠲᠠ ᠶᠢ ᠦᠨᠳᠦᠰᠦᠯᠡᠨ ᠦᠪᠡᠷ ᠤᠨ ᠪᠤᠲᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠦᠪ ᠬᠢᠨᠠᠮᠠᠭᠠᠢ ᠲᠤᠰᠬᠠᠢ ᠰᠡᠳᠦᠪᠲᠤ ᠠᠷᠠᠳᠴᠢᠯᠠᠯ ᠠᠮᠢᠳᠤᠷᠠᠯ  ᠎ ᠤᠨ ᠬᠤᠷᠠᠯ ᠪᠠ ᠵᠤᠬᠢᠶᠠᠨ ᠪᠠᠶᠢᠭᠤᠯᠤᠯᠲᠠ ᠶᠢᠨ ᠠᠷᠠᠳᠴᠢᠯᠠᠯ  ᠠᠮᠢᠳᠤᠷᠠᠯ ᠤᠨ ᠬᠤᠷᠠᠯ ᠬᠢᠵᠤ᠂ ᠨᠠᠮᠴᠢ ᠴᠢᠨᠠᠷ ᠤᠨ ᠵᠠᠳᠠᠯᠤᠯᠲᠠ᠂ ᠰᠤᠷᠤᠯᠴᠠᠯᠭ᠎ᠠ ᠶᠢᠨ ᠤᠶᠢᠯᠠᠭᠠᠯᠲᠠ ᠪᠠᠨ ᠰᠤᠯᠢᠯᠴᠠᠨ᠂ ᠬᠠᠮᠲᠤᠪᠠᠷ ᠰᠡᠳᠬᠢᠨ ᠰᠤᠷᠤᠯᠴᠠᠵᠤ᠂ ᠯᠠᠪᠳᠠᠭᠤᠨ ᠪᠠᠲᠤᠲᠠᠢ ᠠᠮᠵᠢᠯᠲᠠ ᠤᠯᠬᠤ ᠪᠠᠷ ᠴᠢᠷᠮᠠᠶᠢᠨ᠎ᠠ᠃     ᠰᠤᠷᠤᠯᠴᠠᠯᠭ᠎ᠠ ᠪᠠᠷ ᠲᠠᠮᠵᠢᠨ ᠡᠯ᠎ᠡ ᠨᠠᠮ ᠤᠨ  ᠭᠡᠰᠢᠭᠦᠳ ᠨᠠᠮ ᠤᠨ ᠲᠡᠤᠬᠡ ᠶᠢᠨ ᠬᠦᠭᠵᠢᠯᠲᠡ ᠶᠢᠨ ᠲᠤᠬᠠᠢ ᠤᠯᠠᠮ ᠤᠶᠢᠯᠠᠭᠠᠵᠤ᠂ ᠡᠭᠦᠷᠭᠡ ᠪᠠᠨ ᠬᠠᠷᠢᠭᠤᠴᠠᠵᠤ᠂ ᠨᠠᠮᠴᠢ ᠴᠢᠨᠠᠷ ᠢᠶᠠᠨ ᠪᠤᠯᠪᠠᠰᠤᠷᠠᠭᠤᠯᠵᠤ᠂ ᠠᠵᠢᠯ ᠢᠶᠠᠨ ᠨᠡᠩ ᠰᠠᠶᠢᠲᠤᠷ ᠦᠷᠨᠢᠬᠦᠯᠦᠨ᠂ ᠪᠤᠲᠠᠲᠠᠢ ᠠᠰᠠᠭᠤᠳᠠᠯ ᠢᠶᠠᠨ ᠨᠡᠩ  ᠰᠠᠶᠢᠳᠤᠷ ᠪᠡᠶᠡᠯᠡᠬᠦᠯᠬᠦ ᠢᠳᠡᠬᠡᠯ ᠵᠤᠷᠢᠭ ᠲᠠᠢ ᠪᠤᠯᠪᠠ᠃
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号