ᠤᠯᠠᠨ ᠤ ᠪᠤᠳᠤᠯᠭ᠎ᠠ ᠬᠠᠮᠲᠤ ᠶᠢᠨ ᠬᠦᠴᠦᠨ ᠢᠶᠠᠷ ᠬᠢᠵᠢᠭ ᠢ ᠦᠯᠦ  ᠬᠠᠯᠳᠠᠭᠠᠬᠤ ᠬᠠᠯᠬᠠᠪᠴᠢ ᠶᠢ ᠪᠠᠶᠢᠭᠤᠯᠤᠶ᠎ᠠ —  ᠴᠠᠭᠠᠨ ᠪᠠᠯᠭᠠᠰᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠡᠺᠼᠢᠨ ᠤ ᠲᠠᠷᠢᠯᠭ᠎ᠠ ᠶᠢᠨ ᠠᠵᠢᠯ ᠢ ᠱᠠᠯᠠᠪᠳᠠᠭᠤᠯᠤᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/4/8
    ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠡᠺᠼᠢᠨ ᠤ ᠲᠠᠷᠢᠯᠭ᠎ᠠ ᠶᠢᠨ ᠠᠵᠢᠯ ᠢ ᠱᠠᠯᠠᠪᠳᠠᠭᠤᠯᠤᠨ ᠶᠠᠪᠤᠭᠳᠠᠭᠤᠯᠬᠤ ᠶᠢᠨ ᠲᠤᠯᠠ ᠴᠠᠭᠠᠨ ᠪᠠᠯᠭᠠᠰᠤ ᠨᠢ ᠪᠦᠬᠦᠯᠢ 18 —25  ᠨᠠᠰᠤᠨ ᠤ ᠬᠦᠮᠦᠰ ᠲᠤ ᠸᠡᠺᠼᠢᠨ ᠤ ᠲᠠᠷᠢᠯᠭ᠎ᠠ ᠬᠢᠭᠰᠡᠨ ᠪᠠᠶᠢᠨ᠎ᠠ᠃
    ᠪᠠᠯᠭᠠᠰᠤᠨ ᠤ ᠵᠠᠰᠠᠭ ᠤᠨ ᠤᠷᠲᠤᠨ ᠠᠴᠠ ᠵᠤᠬᠢᠶᠠᠨ ᠪᠠᠶᠢᠭᠤᠯᠤᠨ ᠡᠯ᠎ᠡ ᠭᠠᠴᠠᠭ᠎ᠠ᠂ ᠨᠡᠶᠢᠭᠡᠮ ᠲᠤᠭᠤᠷᠢᠭ᠂ ᠦᠢᠯᠡᠳᠪᠦᠷᠢᠯᠡᠯ ᠤᠨ ᠪᠠᠷᠢᠭᠠᠲᠠ ᠪᠠ ᠡᠷᠡᠭᠦᠯ ᠬᠠᠮᠠᠭᠠᠯᠠᠯ ᠤᠨ ᠬᠤᠷᠢᠶ᠎ᠠ‌ᠤᠯᠠᠨ ᠤ ᠪᠤᠳᠤᠯᠭ᠎ᠠ ᠬᠠᠮᠲᠤ ᠶᠢᠨ ᠬᠦᠴᠦᠨ ᠎ ᠢᠶᠠᠨ ᠲᠦᠪᠯᠡᠷᠡᠭᠦᠯᠦᠨ ᠸᠡᠺᠼᠢᠨ ᠤ ᠲᠠᠷᠢᠯᠭ᠎ᠠ ᠬᠢᠬᠦ ᠰᠠᠨᠠᠭᠠᠲᠠᠢ ᠠᠷᠠᠳ ᠤᠯᠠᠨ ᠳᠤ ᠨᠠᠷᠢᠯᠢᠭ ᠪᠠᠶᠢᠴᠠᠭᠠᠯᠲᠠ ᠬᠢᠵᠤ᠂ ᠸᠡᠺᠼᠢᠨ ᠤ ᠲᠠᠷᠢᠯᠭ᠎ᠠ ᠬᠢᠬᠦ  ᠎ ᠶᠢ  ᠤᠬᠠᠭᠤᠯᠤᠨ   ᠵᠢᠯᠤᠭᠤᠳᠬᠤ ᠵᠡᠷᠭᠡ ᠠᠵᠢᠯ ᠢ ᠰᠠᠶᠢᠲᠤᠷ ᠬᠢᠪᠡ  ᠃ 《ᠤᠷᠢᠳᠠᠪᠠᠷ ᠪᠠᠶᠢᠭᠤᠯᠭ᠎ᠠ᠂ ᠲᠠᠷᠠᠭ᠎ᠠ ᠨᠢ ᠭᠠᠴᠠᠭ᠎ᠠ᠂ ᠨᠡᠶᠢᠭᠡᠮ ᠲᠤᠭᠤᠷᠢᠭ᠂ ᠦᠢᠯᠡᠳᠪᠦᠷᠢᠯᠡᠯ ᠤᠨ ᠪᠠᠷᠢᠭᠠᠲᠠ》 ᠬᠡᠬᠦ ᠲᠠᠷᠠᠭᠠᠯᠠᠯ ᠢᠶᠠᠷ  ᠪᠠᠯᠭᠠᠰᠤᠨ ᠤ ᠬᠠᠷᠢᠶᠠᠨ ᠳᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠡᠶᠢᠭᠡᠮ ᠤᠨ ᠪᠦᠯᠬᠦᠮ᠂ ᠰᠤᠷᠭᠠᠭᠤᠯᠢ  ᠬᠡᠤᠬᠡᠳ ᠤᠨ ᠴᠡᠴᠡᠷᠯᠢᠭ  ᠵᠡᠷᠭᠡ ᠠᠵᠢᠯᠲᠠᠨ᠂ ᠠᠵᠢᠯ ᠡᠷᠬᠢᠯᠡᠭᠴᠢᠳ ᠲᠠᠢ ᠢᠳᠡᠪᠬᠢᠲᠠᠢ ᠎ ᠪᠠᠷ  ᠬᠠᠷᠢᠯᠴᠠᠪᠠ᠃ ᠪᠠᠯᠭᠠᠰᠤᠨ ᠤ ᠵᠠᠰᠠᠭ ᠤᠨ ᠤᠷᠲᠤᠨ ᠤ ᠬᠤᠪᠢᠶᠠᠷᠢ  ᠬᠠᠮᠢᠶᠠᠷᠤᠯᠲᠠ ᠵᠢᠨ‌‍ᠲ᠋ᠡᠳ᠋ ᠪᠠᠯᠭᠠᠰᠤᠨ ᠲᠠᠷᠤᠭ᠎ᠠ  ᠸᠡᠺᠼᠢᠨ ᠤ ᠲᠠᠷᠢᠯᠭ᠎ᠠ ᠬᠢᠬᠦ ᠲᠤᠬᠠᠢ ᠶᠢᠨ ᠲᠠᠯᠠᠪᠤᠷ ᠲᠤ ᠠᠵᠢᠯ ᠢ ᠵᠢᠯᠤᠭᠤᠳᠴᠤ᠂ ᠨᠠᠮ ᠤᠨ ᠭᠡᠰᠢᠬᠦᠨ᠂ ᠺᠠᠳ᠋ᠷ ᠤᠯᠠᠨ ᠤᠷᠢᠳᠠᠪᠠᠷ ᠸᠡᠺᠼᠢᠨ ᠤ ᠲᠠᠷᠢᠯᠭ᠎ᠠ ᠬᠢᠬᠦ ᠶᠢᠨ ᠬᠠᠮᠲᠤ ᠤᠯᠠᠨ ᠲᠦᠮᠡᠨ ᠳᠤ ᠤᠬᠠᠭᠤᠯᠤᠨ᠂ ᠪᠠᠯᠭᠠᠰᠤᠨ ᠎ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠡᠺᠼᠢᠨ ᠤ ᠲᠠᠷᠢᠯᠭ᠎ᠠ ᠶᠢᠨ ᠠᠵᠢᠯ ᠢ ᠱᠠᠯᠠᠪᠳᠠᠭᠤᠯᠤᠨ ᠶᠠᠪᠤᠭᠳᠠᠭᠤᠯᠪᠠ᠃    ᠴᠠᠭᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠲᠤᠰᠬᠠᠢ ᠸᠡᠺᠼᠢᠨ ᠤ ᠲᠠᠷᠢᠯᠭ᠎ᠠ ᠬᠢᠬᠦ ᠭᠠᠵᠠᠷ ᠢ ᠲᠤᠭᠲᠠᠭᠠᠵᠤ᠂ ᠠᠵᠢᠯᠯᠠᠬᠤ ᠬᠦᠮᠦᠨ ᠪᠠ ᠠᠵᠢᠯᠯᠠᠬᠤ ᠴᠠᠭ ᠢᠶᠠᠨ  ᠨᠡᠮᠡᠬᠦ ᠵᠡᠷᠭᠡ ᠠᠷᠭ᠎ᠠ ᠬᠡᠮᠵᠢᠶ᠎ᠡ ᠠᠪᠤᠪᠠ᠃ 4 ᠰᠠᠷ᠎ᠠ ᠶᠢᠨ 1᠎ ᠳᠤ ᠸᠡᠺᠼᠢᠨ ᠤ ᠲᠠᠷᠢᠯᠭ᠎ᠠ ᠬᠢᠬᠦ ᠰᠠᠭᠤᠭᠠᠯᠢ ᠠᠷᠳ ᠮᠠᠯᠴᠢᠨ ᠲᠦᠮᠡᠨ ᠲᠠᠰᠤᠷᠠᠯ ᠦᠬᠡᠢ ᠢᠷᠡᠵᠤ᠂ ᠡᠮᠴᠢ ᠶᠢᠨ ᠵᠢᠯᠤᠭᠤᠳᠤᠯᠭ᠎ᠠ ᠲᠤᠤᠷ᠎ᠠ ᠪᠡᠶ᠎ᠡ ᠶᠢᠨ ᠲᠤᠯᠠᠭᠠᠨ ᠢᠶᠠᠨ ᠬᠡᠮᠵᠢᠵᠤ᠂ ᠡᠷᠡᠬᠦᠯ ᠡᠩᠬᠡ ᠶᠢᠨ ᠮᠡᠷᠭᠡᠨ ᠴᠤᠬᠤᠷ ᠎ ᠢ ᠰᠢᠷᠪᠢᠨ ᠪᠠᠶᠢᠴᠠᠭᠠᠵᠤ᠂ ᠡᠪᠡᠳᠴᠢᠨ ᠪᠠᠶᠢᠬᠤ ᠡᠰᠡᠬᠦ ᠶᠢ ᠠᠰᠠᠭᠤᠨ ᠯᠠᠪᠯᠠᠵᠤ᠂ ᠵᠦᠪᠰᠢᠶᠡᠷᠡᠬᠦ ᠪᠢᠴᠢᠭ ᠢ  ᠭᠠᠷᠳᠠᠭᠤᠯᠤᠨ ᠬᠢᠨᠠᠮᠠᠭᠠᠢ ᠲᠠᠭᠯᠠᠨ᠂ ᠤᠷᠢᠳᠴᠢᠯᠠᠨ ᠪᠠᠶᠢᠴᠠᠭᠠᠬᠤ᠂ ᠪᠡᠶ᠎ᠡ ᠶᠢᠨ ᠦᠨᠡᠮᠯᠡᠯ ᠤᠨ ᠰᠤᠷᠠᠭ ᠵᠠᠩᠬᠢ ᠶᠢ ᠬᠠᠷᠭᠠᠭᠤᠯᠬᠤ  ᠪᠠ ᠺᠤᠮᠫᠢᠦ᠋ᠲ᠋ᠧᠷ ᠲᠤ ᠤᠷᠤᠭᠤᠯᠬᠤ᠂ ᠸᠡᠺᠼᠢᠨ ᠤ ᠲᠠᠷᠢᠯᠭ᠎ᠠ ᠬᠢᠬᠦ᠂ 30 ᠮᠢᠨᠤᠲ ᠠᠵᠢᠭᠯᠠᠬᠤ ᠵᠡᠷᠬᠡ ᠠᠯᠬᠤᠮ ᠲᠠᠷᠠᠭ᠎ᠠ ᠪᠠᠷ  ᠠᠵᠢᠯ ᠢᠶᠠᠨ ᠨᠠᠷᠢᠯᠢᠭ ᠶᠠᠪᠤᠭᠳᠠᠭᠤᠯᠪᠠ᠃    2021  ᠤᠨ ᠤ 4 ᠰᠠᠷ᠎ᠠ  ᠎ ᠶᠢᠨ 2  ᠎ ᠤ ᠡᠳᠦᠷ  ᠪᠤᠯᠲᠠᠯ᠎ᠠ᠂ 280 ᠬᠦᠮᠦᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠡᠺᠼᠢᠨ ᠤ ᠲᠠᠷᠢᠯᠭ᠎ᠠ  ᠬᠢᠵᠤ᠂ ᠤᠳᠤᠬᠠᠨ  ᠪᠤᠯᠲᠠᠯ᠎ᠠ ᠪᠦᠬᠦ ᠪᠠᠯᠭᠠᠰᠤᠨ ᠤ ᠨᠡᠶᠢᠲᠡ 639 ᠬᠦᠮᠦᠨ ᠲᠠᠷᠢᠯᠭ᠎ᠠ ᠬᠢᠭᠰᠡᠨ ᠪᠠᠶᠢᠨ᠎ᠠ᠃  
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号