ᠴᠠᠭᠠᠨ  ᠪᠠᠯᠭᠠᠰᠤ 2021 ᠤᠨ ᠤ ᠬᠠᠪᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/8
    ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ  ᠱᠠᠭᠠᠷᠳᠠᠯᠭ᠎ᠠ ᠶᠢ ᠦᠨᠳᠦᠰᠦᠯᠡᠨ ᠴᠠᠭᠠᠨ ᠪᠠᠯᠭᠠᠰᠤᠨ ᠎ ᠤ ᠪᠤᠲᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ 3 ᠰᠠᠷ᠎ᠠ ᠶᠢᠨ 30  ᠎ ᠤ ᠡᠳᠦᠷ ᠴᠠᠭᠠᠨ  ᠪᠠᠯᠭᠠᠰᠤ 2021 ᠤᠨ ᠤ ᠬᠠᠪᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠠ‌ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ᠃ ᠴᠠᠭᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ᠂  ᠵᠡᠪᠰᠡᠭᠲᠤ ᠬᠦᠴᠦᠨ ᠤ ᠬᠡᠯᠳᠡᠰ ᠤᠨ ᠲᠠᠷᠤᠭ᠎ᠠ ᠼᠦᠢ ᠵᠠᠨ  ᠵᠢᠶᠦ᠋ᠨ ᠬᠤᠷᠠᠯ ᠡᠷᠬᠢᠯᠡᠵᠤ᠂ ᠴᠠᠭᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠲᠠᠷᠤᠭ᠎ᠠ ᠪᠤᠤ ᠱᠠᠨ ᠪᠤᠤ ᠠᠴᠠ ᠴᠢᠬᠤᠯᠠ ᠵᠢᠭᠠᠪᠤᠷᠢ ᠲᠤᠷᠠᠳᠤᠨ᠂ ᠳᠡᠳ᠋ ᠪᠠᠯᠭᠠᠰᠤᠨ ᠲᠠᠷᠤᠭ᠎ᠠ ᠬᠤᠪᠢᠲᠤ ᠠᠴᠠ ᠭᠠᠯ
᠎ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠰᠢᠭᠤᠯᠤᠯᠲᠠ ᠬᠢᠪᠡ᠃
     ᠬᠤᠷᠠᠯ ᠤᠨ ᠲᠡᠷᠢᠬᠦᠨ ᠳᠤ᠂ ᠳᠡᠳ᠋ ᠪᠠᠯᠭᠠᠰᠤᠨ ᠲᠠᠷᠤᠭ᠎ᠠ ᠬᠤᠪᠢᠲᠤ ᠠᠴᠠ《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠤᠭᠤᠳᠬᠤ ᠭᠠᠵᠠᠷ ‍ᠤᠨ‌ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ》᠂《 ᠴᠠᠭᠠᠨ ᠪᠠᠯᠭᠠᠰᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠲᠦᠰᠦᠪ》᠂《2021 ᠤᠨ ᠤ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠠᠬᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠲᠦᠰᠦᠪ》᠂《ᠴᠠᠭᠠᠨ ᠪᠠᠯᠭᠠᠰᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ  ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠪ》᠂《 ᠴᠠᠭᠠᠨ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠬᠦᠯᠬᠦ ᠲᠦᠰᠦᠪ 》ᠪᠠ《 ᠴᠠᠭᠠᠨ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠵᠢᠯᠤᠭᠤᠳᠬᠤ ᠪᠠᠭ᠎ᠠ ᠲᠤᠭᠤᠶᠢᠯᠠᠩ ᠪᠠᠶᠢᠭᠤᠯᠤᠭᠳᠠᠭᠰᠠᠨ ᠲᠤᠬᠠᠢ ᠮᠡᠳᠡᠭᠳᠡᠯ》ᠵᠡᠷᠭᠡ ᠶᠢ ᠳᠠᠮᠵᠢᠭᠤᠯᠵᠤ᠂ ᠭᠠᠯ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠤᠲᠠᠲᠠᠢ ᠪᠠᠶᠢᠷᠢᠰᠢᠭᠤᠯᠤᠯᠲᠠ ᠬᠢᠪᠡ᠃
    ᠬᠤᠷᠠᠯ ᠤᠨ ᠬᠤᠶᠠᠲᠤᠭᠠᠷ ᠲᠤ᠂ ᠡᠯ᠎ᠡ ᠭᠠᠴᠠᠭ᠎ᠠ᠂ ᠨᠡᠶᠢᠭᠡᠮ ᠲᠤᠭᠤᠷᠢᠭ᠂ ᠦᠢᠯᠡᠳᠪᠦᠷᠢᠯᠡᠯ ᠤᠨ ᠪᠠᠷᠢᠭᠠᠲᠠ ᠎ ᠶᠢᠨ ᠬᠠᠷᠢᠶ᠎ᠠ ᠭᠠᠵᠠᠷ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠳ ᠴᠠᠭᠠᠨ ᠪᠠᠯᠭᠠᠰᠤᠨ ᠤ 2021 ᠤᠨ ᠤ《ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠤᠨ ᠪᠢᠴᠢᠭ》ᠪᠠ《ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠤᠨ ᠪᠢᠴᠢᠭ》᠎ ᠲᠤ ᠭᠠᠷ ᠤᠨ ᠦᠰᠦᠭ ᠵᠢᠷᠤᠪᠠ᠃
   
    ᠬᠠᠮᠤᠭ ᠰᠡᠭᠦᠯ ᠳᠤ᠂ ᠴᠠᠭᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠲᠠᠷᠤᠭ᠎ᠠ ᠪᠤᠤ ᠱᠠᠨ ᠪᠤᠤ ᠠᠴᠠ ᠤᠳᠤᠬᠠᠨ ᠤ ᠴᠠᠭᠠᠨ ᠪᠠᠯᠭᠠᠰᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ  ᠠᠵᠢᠯ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠳᠠᠯᠤᠨ᠂ ᠲᠤᠤᠷᠠᠬᠢ ᠮᠡᠳᠦ ᠭᠡᠳᠤᠨ ᠲᠠᠯ᠎ᠠ ᠶᠢ ᠴᠢᠩᠭᠠᠳᠬᠠᠪᠠ᠃ ᠨᠢᠭᠡ ᠳᠤ᠂ ᠬᠠᠪᠤᠷ ᠤᠨ ᠰᠠᠯᠬᠢ ᠶᠡᠭᠡ᠂ ᠠᠭᠤᠷ ᠠᠮᠢᠰᠬᠤᠯ ᠭᠠᠩ ᠬᠠᠭᠤᠷᠠᠢ ᠪᠠᠶᠢᠳᠠᠯ ᠳᠤ ᠴᠢᠭᠯᠡᠭᠦᠯᠦᠨ ᠬᠠᠩᠰᠢ ᠶᠢᠨ ᠠᠮᠠᠷᠠᠯᠲᠠ ᠶᠢᠨ ᠭᠠᠯ ᠢ ᠰᠡᠷᠭᠡᠶᠢᠯᠡᠬᠦ ᠠᠵᠢᠯ ᠢ ᠡᠷᠴᠢᠮᠲᠡᠢ ᠪᠠᠶᠢᠷᠢᠯᠠᠭᠤᠯᠵᠤ᠂ ᠦᠵᠡᠯ ᠰᠠᠨᠠᠭ᠎ᠠ ᠪᠠ ᠪᠤᠳᠠᠰ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠤᠢ ᠰᠢᠭᠤᠢ ᠲᠠᠯ᠎ᠠ ᠨᠤᠲᠤᠭ ᠎ ᠤᠨ ᠭᠠᠯ ᠢ ᠰᠡᠷᠭᠡᠶᠢᠯᠡᠬᠦ ᠲᠤᠬᠠᠢ ᠤᠬᠠᠭᠤᠯᠭ᠎ᠠ ᠶᠢ ᠰᠠᠶᠢᠨ ᠬᠢᠵᠤ᠂ ᠨᠡᠪᠳᠡᠷᠡᠭᠦᠯᠬᠡ᠂ ᠸᠡᠶᠢᠴᠠᠲ᠂ ᠨᠡᠶᠢᠲᠡ ᠶᠢᠨ ᠲᠠᠪᠴᠠᠩ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠠᠪᠴᠢᠯ ᠢ ᠬᠡᠷᠡᠭᠯᠡᠨ ᠪᠦᠬᠦ ᠪᠠᠯᠭᠠᠰᠤᠨ ᠤ ᠮᠠᠯᠴᠢᠨ ᠲᠦᠮᠡᠨ ᠤ ᠭᠠᠯ ᠢ ᠰᠡᠷᠭᠡᠶᠢᠯᠡᠬᠦ ᠠᠵᠢᠯ ᠤᠨ ᠤᠬᠠᠮᠰᠠᠷ ᠢ ᠳᠡᠭᠡᠭᠰᠢᠯᠡᠬᠦᠯᠬᠦ ᠬᠡᠷᠡᠭᠲᠡᠢ᠃ ᠭᠤᠷᠪᠠ ᠳᠤ᠂ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠬᠦᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠨ ᠡᠯ᠎ᠡ ᠵᠦᠢᠯ ᠤᠨ ᠠᠵᠢᠯ ᠤᠨ ᠠᠶᠤᠯᠬᠦᠢ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ ᠭ᠊
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号