ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠳᠠ ᠠᠯᠲᠠᠨ ᠤᠰᠤᠨ ᠴᠥᠭᠦᠷᠥᠮ ᠢ  ᠴᠠᠭᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2021/5/11
     2021 ᠣᠨ ᠤ5 ᠰᠠᠷ᠎ᠠ ᠶᠢᠨ8᠎ ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤ ᠱᠠᠲᠤᠨ ᠤ ᠭᠤᠣᠯ ᠤᠨ ᠳᠠᠷᠤᠭ᠎ᠠ ᠬᠠᠳᠠ ᠭᠤᠣᠯ ᠪᠠ ᠤᠰᠤᠨ ᠴᠥᠭᠦᠷᠥᠮ ᠢ ᠴᠠᠭᠳᠠᠨ ᠪᠠᠶᠢᠴᠠᠭᠠᠪᠠ᠃
     ᠲᠣᠭᠤᠷᠢᠨ ᠪᠠᠶᠢᠴᠠᠭᠠᠬᠤ ᠶᠠᠪᠤᠴᠠ ᠳᠤ᠂  ᠳᠡᠳ᠋ ᠬᠤᠰᠢᠭᠤᠨ ᠳᠠᠷᠤᠭ᠎ᠠ ᠬᠠᠳᠠ ᠠᠯᠲᠠᠨ ᠤᠰᠤᠨ ᠴᠥᠭᠦᠷᠥᠮ ᠎ ᠤᠨ ᠬᠠᠮᠢᠶᠠᠷᠤᠯᠲᠠ ᠶᠢᠨ ᠥᠷᠲᠡᠭᠡ ᠶᠢᠨ ᠡᠳᠦᠷ ᠲᠤᠲᠤᠮ ᠤᠨ ᠴᠠᠭᠳᠠᠨ ᠪᠠᠶᠢᠴᠠᠭᠠᠯᠲᠠ ᠬᠠᠮᠢᠶᠠᠷᠤᠯᠲᠠ ᠬᠠᠮᠠᠭᠠᠯᠠᠯᠲᠠ ᠪᠠ ᠣᠳᠣ ᠶᠢᠨ ᠤᠰᠤᠨ ᠲᠦᠪᠰᠢᠨ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠤᠰᠤᠨ ᠴᠥᠭᠦᠷᠥᠮ ᠤᠨ ᠬᠠᠮᠢᠶᠠᠷᠤᠯᠲᠠ ᠶᠢᠨ ᠥᠷᠲᠡᠭᠡ ᠶᠢᠨ ᠬᠠᠮᠢᠶᠠᠷᠴᠤ  ᠬᠠᠮᠠᠭᠠᠯᠠᠭᠰᠠᠨ ᠠᠵᠢᠯ ᠤᠨ ᠨᠠᠷᠢᠨ ᠳᠠᠩᠰᠠ ᠶᠢ ᠪᠠᠶᠢᠴᠠᠭᠠᠵᠤ᠂ ᠡᠭᠦᠨ ᠤ ᠬᠠᠮᠲᠤ ᠲᠤᠬᠠᠢ ᠶᠢᠨ ᠭᠠᠵᠠᠷ ᠲᠤᠨᠢ ᠬᠦᠷᠴᠦ ᠠᠯᠲᠠᠨ ᠤᠰᠤᠨ ᠴᠥᠭᠦᠷᠥᠮ᠂ ᠪᠠᠷᠠᠭᠤᠨ ᠮᠣᠭᠠᠢ ᠶᠢᠨ ᠭᠤᠣᠯ ᠤᠨ ᠣᠷᠴᠢᠨ ᠲᠣᠭᠤᠷᠢᠨ ᠤ ᠠᠮᠢ ᠠᠬᠤᠢ ᠶᠢ ᠪᠠᠶᠢᠴᠠᠭᠠᠪᠠ᠃ ᠳᠡᠳ᠋ ᠬᠤᠰᠢᠭᠤᠨ ᠳᠠᠷᠤᠭ᠎ᠠ ᠬᠠᠳᠠ ᠱᠠᠭᠠᠷᠳᠠᠭᠰᠠᠨ ᠨᠢ᠄ ᠤᠰᠤᠨ ᠴᠥᠭᠦᠷᠥᠮ ᠤᠨ ᠬᠠᠮᠢᠶᠠᠷᠤᠯᠲᠠ ᠶᠢᠨ ᠶᠠᠪᠤᠴᠠ ᠳᠠᠬᠢ ᠡᠳᠦᠷ ᠲᠤᠲᠤᠮ ᠤᠨ ᠪᠠᠶᠢᠴᠠᠭᠠᠯᠲᠠ ᠬᠠᠮᠢᠶᠠᠷᠤᠯᠲᠠ ᠬᠠᠮᠠᠭᠠᠯᠠᠯᠲᠠ ᠢᠶᠠᠨ ᠴᠢᠩᠭᠠᠳᠬᠠᠵᠤ᠂  ᠠᠵᠢᠯ ᠤᠨ ᠨᠠᠷᠢᠨ ᠳᠠᠩᠰᠠ ᠪᠠᠨ ᠰᠠᠶᠢᠲᠤᠷ ᠬᠢᠵᠦ᠂ ᠣᠨᠴᠠᠭᠠᠶᠢᠯᠠᠨ ᠬᠠᠰᠢᠯᠭ᠎ᠠ ᠶᠢᠨ ᠣᠷᠴᠢᠮ ᠤᠨ ᠣᠷᠴᠢᠨ ᠲᠣᠭᠤᠷᠢᠨ ᠤ ᠵᠠᠰᠠᠨ ᠴᠡᠭᠴᠡᠯᠡᠯᠲᠡ ᠪᠠ ᠬᠤᠭ ᠨᠣᠪᠰᠢ ᠶᠢ ᠴᠡᠪᠡᠷᠯᠡᠬᠦ ᠠᠵᠢᠯ ᠢᠶᠠᠨ ᠴᠢᠩᠭᠠᠳᠬᠠᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号