ᠯᠦᠸᠧ ᠸᠧᠢ ᠰᠢᠨ᠎ᠡ ᠪᠠᠷᠭᠤ ᠵᠡᠭᠦᠨ ᠬᠤᠰᠢᠭᠤ ᠬᠢᠭᠡᠳ ᠭᠤᠸᠠᠩᠵᠧᠦ ᠶᠢᠨ ᠮᠠᠰᠢᠨ ᠲᠡᠷᠭᠡᠨ ᠤ ᠪᠦᠯᠦᠭᠯᠡᠯ ᠎ ᠲᠠᠢ ᠭᠠᠵᠠᠷ ᠣᠷᠣᠨ ᠪᠠ ᠠᠵᠤ ᠠᠬᠤᠶᠢᠯᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2021/5/11
   ᠯᠦᠸᠧ ᠸᠧᠢ ᠰᠢᠨ᠎ᠡ ᠪᠠᠷᠭᠤ ᠵᠡᠭᠦᠨ ᠬᠤᠰᠢᠭᠤ ᠬᠢᠭᠡᠳ ᠭᠤᠸᠠᠩᠵᠧᠦ ᠶᠢᠨ ᠮᠠᠰᠢᠨ ᠲᠡᠷᠭᠡᠨ ᠤ ᠪᠦᠯᠦᠭᠯᠡᠯ ᠲᠠᠢ ᠭᠠᠵᠠᠷ ᠣᠷᠣᠨ ᠪᠠ ᠠᠵᠤ ᠠᠬᠤᠶᠢᠯᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠪᠠ
   5 ᠰᠠᠷ᠎ᠠ ᠶᠢᠨ11᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤ ᠬᠢᠭᠡᠳ ᠭᠤᠸᠠᠩᠵᠧᠦ ᠶᠢᠨ ᠮᠠᠰᠢᠨ ᠲᠡᠷᠭᠡᠨ ᠎ ᠤ ᠪᠦᠯᠦᠭᠯᠡᠯ ᠭᠠᠵᠠᠷ ᠣᠷᠣᠨ ᠤ ᠠᠵᠤ ᠠᠬᠤᠶᠢᠯᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠠᠭᠤᠳᠠᠯ ᠤᠨ ᠬᠤᠷᠠᠯ ᠢ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠳᠤ ᠬᠤᠷᠠᠯᠳᠤᠪᠠ᠂ ᠰᠢᠨ᠎ᠡ ᠪᠠᠷᠭᠤ ᠵᠡᠭᠦᠨ ᠬᠤᠰᠢᠭᠤᠨ ᠤ ᠳᠡᠳ᠋ ᠳᠠᠷᠤᠭ᠎ᠠ ᠯᠥᠸᠧ ᠸᠧᠢ ᠬᠤᠷᠠᠯ ᠳᠤ ᠣᠷᠣᠯᠴᠠᠬᠤ ᠶᠢᠨ ᠬᠠᠮᠲᠤ ᠬᠤᠷᠠᠯ ᠢ ᠡᠷᠬᠢᠯᠡᠪᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠰᠠᠭᠤᠳᠠᠯ ᠤᠨ ᠬᠤᠷᠠᠯ ᠳᠡᠭᠡᠷ᠎ᠡ᠂ ᠯᠥᠸᠧ ᠸᠧᠢ ᠭᠤᠸᠠᠩᠵᠧᠦ ᠶᠢᠨ ᠮᠠᠰᠢᠨ ᠲᠡᠷᠭᠡᠨ ᠤ ᠪᠦᠯᠦᠭᠯᠡᠯ ᠠᠴᠠ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠯ ᠢᠶᠠᠨ ᠢᠯᠡᠳᠬᠡᠵᠦ᠂ ᠬᠤᠶᠠᠷ ᠡᠲᠡᠭᠡᠳ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠦᠵᠡᠯᠲᠡ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠵᠤ᠂  ᠣᠷᠣᠨ ᠨᠤᠲᠤᠭ ᠤᠨ ᠠᠵᠤ ᠠᠬᠤᠢ ᠶᠢᠨ ᠰᠠᠶᠢᠨ ᠰᠠᠶᠢᠬᠠᠨ ᠬᠠᠷᠢᠴᠠᠭ᠎ᠠ ᠪᠠᠨ ᠢᠳᠡᠪᠬᠢᠲᠡᠢ ᠪᠠᠶᠢᠭᠤᠯᠬᠤ ᠶᠢ ᠬᠦᠰᠡᠨ ᠵᠥᠩᠨᠡᠪᠡ᠃    ᠯᠦᠸᠧ ᠸᠧᠢ ᠢᠯᠡᠳᠬᠡᠭᠰᠡᠨ ᠨᠢ᠄ ᠰᠢᠨ᠎ᠡ ᠬᠥᠭᠵᠢᠯᠲᠡ ᠶᠢᠨ ᠠᠬᠤᠢ ᠪᠠᠶᠢᠳᠠᠯ ᠳᠣᠣᠷ᠎ᠠ᠂ ᠭᠠᠵᠠᠷ ᠣᠷᠣᠨ ᠪᠣᠯᠣᠨ ᠠᠵᠤ ᠠᠬᠤᠶᠢᠯᠠᠯ ᠰᠢᠨ᠎ᠡ ᠬᠠᠭᠤᠴᠢᠨ ᠬᠥᠳᠡᠯᠭᠡᠬᠦ ᠬᠦᠴᠦᠨ ᠬᠠᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠴᠢᠬᠤᠯᠠ ᠶᠡᠭᠡ ᠡᠭᠦᠷᠭᠡ᠂ ᠬᠠᠮᠲᠤ ᠶᠢᠨ ᠬᠥᠭᠵᠢᠯᠲᠡ ᠶᠢᠨ ᠬᠦᠰᠡᠯ᠂ ᠴᠢᠭᠯᠡᠯ ᠳᠡᠭᠡᠳᠦ ᠬᠡᠮᠵᠢᠶ᠎ᠡ ᠪᠠᠷ ᠨᠢᠭᠡᠳᠦᠯ ᠲᠠᠢ᠂ ᠰᠢᠨ᠎ᠡ ᠪᠠᠷᠭᠤ ᠵᠡᠭᠦᠨ ᠬᠤᠰᠢᠭᠤ  ᠭᠤᠸᠠᠩᠵᠧᠦ ᠶᠢᠨ ᠮᠠᠰᠢᠨ ᠲᠡᠷᠭᠡᠨ ᠤ ᠪᠦᠯᠦᠭᠯᠡᠯ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠳᠡᠮᠵᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠡᠷᠬᠡᠪᠰᠢ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠤᠷᠲᠤ ᠤᠳᠠᠭᠠᠨ ᠬᠥᠭᠵᠢᠯᠲᠡ ᠎ ᠶᠢᠨ ᠳᠡᠭᠡᠳᠦ ᠬᠡᠮᠵᠢᠶ᠎ᠡ ᠪᠠᠷ ᠦᠢᠯᠡᠴᠢᠯᠡᠭᠡ ᠶᠢᠨ ᠴᠢᠨᠠᠷ ᠴᠢᠨᠰᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠣᠬᠢᠶᠠᠯᠳᠤᠭᠰᠠᠨ ᠠᠰᠠᠭᠤᠳᠠᠯ ᠢ ᠢᠳᠡᠪᠬᠢᠲᠡᠢ ᠰᠠᠨᠠᠭᠠᠴᠢᠯᠠᠭ᠎ᠠ ᠎ ᠠᠴᠠ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ᠂ ᠰᠠᠶᠢᠨ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠭᠠᠵᠠᠷ ᠣᠷᠣᠨ ᠪᠣᠯᠣᠨ ᠠᠵᠤ ᠠᠬᠤᠶᠢᠯᠠᠯ ᠤᠨ ᠬᠤᠶᠠᠷ ᠡᠲᠡᠭᠡᠳ ᠢᠶᠠᠷ ᠢᠶᠠᠨ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ︾᠎ ᠶᠢᠨ ᠦᠵᠡᠯᠲᠡ ᠶᠢ ᠪᠠᠷᠢᠮᠲᠠᠯᠠᠵᠤ᠂ ᠭᠠᠵᠠᠷ ᠣᠷᠣᠨ ᠪᠠ ᠠᠵᠤ ᠠᠬᠤᠶᠢᠯᠠᠯ ᠶᠢᠨ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ᠃   ᠭᠤᠸᠠᠩᠵᠧᠦ ᠶᠢᠨ ᠮᠠᠰᠢᠨ ᠲᠡᠷᠭᠡᠨ ᠤ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠡᠭᠡᠷ᠎ᠡ ᠢᠯᠡᠳᠬᠡᠭᠰᠡᠨ᠂  ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠬᠠᠪᠰᠤᠷᠤᠯᠭ᠎ᠠ ᠪᠠ ᠳᠡᠮᠵᠢᠯᠭᠡ ᠎ ᠳᠤ ᠮᠠᠰᠢ ᠲᠠᠯᠠᠷᠬᠠᠵᠤ ᠪᠠᠶᠢᠨ᠎ᠠ᠂ ᠭᠤᠸᠠᠩᠵᠧᠦ ᠶᠢᠨ ᠮᠠᠰᠢᠨ ᠲᠡᠷᠭᠡᠨ ᠤ ᠪᠦᠯᠦᠭᠯᠡᠯ ᠭᠠᠵᠠᠷ ᠣᠷᠣᠨ ᠯᠤᠭ᠎ᠠ ᠶᠢᠨ ᠵᠥᠪᠳᠡᠯᠴᠡᠭᠡ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠭᠠᠵᠠᠷ ᠣᠷᠣᠨ  ᠪᠣᠯᠣᠨ ᠠᠵᠤ ᠠᠬᠤᠶᠢᠯᠠᠯ ᠤᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠣᠯᠬᠤ ᠶᠢ ᠪᠡᠶᠡᠯᠡᠭᠦᠯᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠎ ᠤᠨ ᠬᠥᠭᠵᠢᠯᠲᠡ ᠳᠤ ᠨᠡᠩ ᠶᠡᠭᠡ ᠦᠢᠯᠡᠳᠦᠯ ᠦᠵᠡᠭᠦᠯᠦᠨ᠎ᠡ᠃   ᠲᠤᠰ ᠤᠳᠠᠭᠠᠨ ᠤ ᠰᠠᠭᠤᠳᠠᠯ ᠤᠨ ᠬᠤᠷᠠᠯ ᠭᠠᠵᠠᠷ ᠣᠷᠣᠨ ᠪᠠ ᠠᠵᠤ ᠠᠬᠤᠶᠢᠯᠠᠯ ᠤᠨ ᠬᠠᠷᠢᠯᠴᠠᠭ᠎ᠠ ᠬᠤᠯᠪᠣᠭ᠎ᠠ ᠎ ᠶᠢ ᠪᠦᠲᠦᠮᠵᠢᠲᠡᠢ ᠠᠬᠢᠭᠤᠯᠵᠤ᠂ ᠳᠠᠷᠠᠭᠠᠴᠢ ᠶᠢᠨ ᠠᠯᠬᠤᠮ ᠬᠠᠮᠲᠤ ᠪᠠᠷ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠪᠠ ᠬᠢᠵᠠᠭᠠᠷᠯᠠᠯ ᠢ ᠳᠠᠪᠠᠵᠤ᠂ ᠭᠠᠵᠠᠷ ᠣᠷᠣᠨ ᠪᠠ ᠠᠵᠤ ᠠᠬᠤᠶᠢᠯᠠᠯ ᠤᠨ ᠬᠠᠮᠲᠤ ᠪᠠᠷ ᠠᠰᠢᠭ ᠬᠦᠷᠲᠡᠵᠦ ᠬᠥᠭᠵᠢᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号