ᠴᠠᠭᠠᠨ ᠪᠠᠯᠭᠠᠰᠤᠨ ᠤ ᠬᠠᠤᠯᠢ ᠬᠡᠷᠡᠭᠵᠢᠬᠦᠯᠬᠦ  ᠪᠠᠶᠢᠭᠤᠯᠭ᠎ᠠ ᠬᠠᠮᠲᠤᠷᠠᠨ ᠵᠢᠭᠠᠰᠤᠨ ᠤ ᠠᠩ ᠴᠠᠭᠠᠵᠠᠯᠠᠬᠤ ᠬᠤᠭᠤᠴᠠᠭᠠᠨ ᠎ ᠳᠠᠬᠢ《ᠬᠠᠤᠯᠢ ᠪᠤᠰᠤ ᠠᠵᠢᠯᠯᠠᠭ᠎ᠠ ᠳᠤ ᠴᠣᠬᠢᠯᠲᠠ》ᠦᠭᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/5/31
      2021 ᠣᠨ ᠤ 5 ᠰᠠᠷ᠎ᠠ ᠶᠢᠨ 18᠎ ᠤ ᠡᠳᠦᠷ᠂ ᠵᠢᠭᠠᠰᠤᠨ ᠠᠩ ᠴᠠᠭᠠᠵᠠᠯᠠᠬᠤ ᠬᠤᠭᠤᠴᠠᠭᠠᠨ ᠳᠠᠬᠢ ᠬᠥᠯᠥᠨ ᠨᠠᠭᠤᠷ ᠤᠨ ᠤᠰᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠴᠠᠭᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠴᠠᠭᠠᠨ ᠪᠠᠯᠭᠠᠰᠤᠨ ᠤ ᠲᠣᠮᠢᠯᠠᠭᠰᠠᠨ ᠰᠠᠯᠪᠤᠷᠢ᠂ ᠬᠥᠯᠥᠨ ᠨᠠᠭᠤᠷ ᠤᠨ ᠬᠠᠮᠢᠶᠠᠷᠴᠤ ᠬᠠᠮᠠᠭᠠᠯᠠᠬᠤ ᠥᠷᠲᠡᠭᠡ ᠲᠠᠢ ᠬᠠᠮᠲᠤᠷᠠᠨ᠂ ᠴᠠᠭᠠᠨ ᠪᠠᠯᠭᠠᠰᠤᠨ ᠤ ᠬᠠᠷᠢᠶᠠᠨ ᠳᠠᠬᠢ ᠬᠥᠯᠥᠨ ᠨᠠᠭᠤᠷ ᠤᠨ ᠤᠰᠤᠨ ᠣᠷᠣᠨ ᠳᠤ 《 ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠵᠥᠷᠢᠴᠡᠭᠰᠡᠨ ᠠᠵᠢᠯᠯᠠᠭ᠎ᠠ ᠶᠢ ᠵᠠᠰᠠᠬᠤ 》 ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ᠃ᠲᠣᠰ ᠤᠳᠠᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠨᠡᠶᠢᠲᠡ 3 ᠬᠠᠤᠯᠢ ᠬᠡᠷᠡᠭᠵᠢᠭᠦᠯᠬᠦ ᠲᠡᠷᠭᠡ᠂ 9 ᠬᠠᠤᠯᠢ ᠬᠡᠷᠡᠭᠵᠢᠭᠦᠯᠬᠦ ᠠᠵᠢᠯᠲᠠᠨ ᠬᠥᠳᠡᠯᠭᠡᠪᠡ᠃ ᠬᠠᠤᠯᠢ ᠠᠴᠠ ᠵᠥᠷᠢᠴᠡᠭᠰᠡᠨ ᠵᠢᠭᠠᠰᠤ ᠠᠩᠨᠠᠬᠤ ᠲᠣᠤᠷ ᠪᠠᠭᠠᠵᠢ 5᠎ ᠶᠢ  ᠴᠡᠪᠡᠷᠯᠡᠵᠦ᠂ ᠵᠤᠭ᠎ᠠ ᠴᠡᠩᠭᠡᠯ ᠤᠨ ᠪᠤᠰᠤ ᠵᠢᠭᠠᠰᠤ ᠭᠥᠬᠢᠳᠡᠬᠦ 4 ᠬᠥᠮᠦᠨ ᠢ ᠢᠳᠬᠠᠨ ᠪᠤᠴᠠᠭᠠᠵᠤ᠂ ᠬᠠᠤᠯᠢ ᠪᠤᠰᠤ ᠪᠠᠷ ᠵᠢᠭᠠᠰᠤ ᠠᠩᠨᠠᠬᠤ ᠭᠤᠮ ᠴᠠᠭᠠᠷᠢᠭ 1᠎ ᠶᠢ ᠪᠠᠶᠢᠴᠠᠭᠠᠨ ᠢᠯᠡᠷᠡᠭᠦᠯᠪᠡ᠃    ᠴᠠᠭᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 2012 ᠣᠨ ᠤ ᠬᠥᠯᠥᠨ ᠨᠠᠭᠤᠷ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ 《 ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠰᠠᠬᠤ 》 ᠠᠵᠢᠯ ᠢ ᠥᠷᠨᠢᠭᠦᠯᠦᠭᠰᠡᠨ ᠠᠴᠠ ᠨᠠᠰᠢ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠪᠠ ᠭᠠᠷᠠᠭ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠴᠠᠭᠳᠠᠨ ᠪᠠᠶᠢᠴᠠᠭᠠᠬᠤ ᠠᠷᠭ᠎ᠠ ᠬᠡᠯᠪᠡᠷᠢ ᠪᠠᠷ᠂ ᠬᠠᠤᠯᠢ ᠪᠤᠰᠤ ᠪᠠᠷ ᠵᠢᠭᠠᠰᠤ ᠠᠩᠨᠠᠬᠤ᠂ ᠬᠤᠤᠷᠲᠤ ᠵᠢᠭᠠᠰᠤ᠂ ᠴᠠᠬᠢᠯᠭᠠᠨᠲᠤ ᠵᠢᠭᠠᠰᠤ᠂ ᠵᠢᠭᠠᠰᠤ ᠳᠡᠯᠪᠡᠴᠢᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠪᠠᠶᠢᠩᠭᠤᠵᠢᠭᠰᠠᠨ ᠬᠠᠤᠯᠢ ᠬᠡᠷᠡᠭᠵᠢᠭᠦᠯᠦᠯᠲᠡ ᠶᠢ ᠪᠣᠶ ᠪᠣᠯᠭᠠᠪᠠ᠃ ᠬᠥᠯᠥᠨ ᠨᠠᠭᠤᠷ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ 《 ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ 》 ᠰᠢᠷᠢᠰ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠪᠠᠶᠢᠭᠠᠯᠢ ᠶᠢᠨ ᠤᠰᠤᠨ ᠣᠷᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠬᠠᠮᠢᠶᠠᠷᠤᠯᠲᠠ ᠶᠢᠨ ᠡᠮᠬᠢ ᠳᠢᠭᠯᠢᠮ ᠢ ᠬᠠᠮᠠᠭᠠᠯᠠᠵᠤ᠂ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠯᠥᠨ ᠨᠠᠭᠤᠷ ᠤᠨ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ ᠰᠠᠶᠢᠨ ᠰᠠᠶᠢᠬᠠᠨ ᠬᠠᠮᠠᠭᠠᠯᠠᠯᠲᠠ ᠶᠢ ᠪᠠᠲᠤᠯᠠᠪᠠ᠃
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号