| ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ | ᠲᠣᠭᠲᠠᠭᠠᠭᠰᠠᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ᠂ ᠠᠯᠪᠠᠨ ᠤ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠡᠮᠨᠡᠯᠭᠡ ᠶᠢᠨ ᠠᠵᠢᠯᠲᠠᠨ ᠤ ᠢᠳᠡᠪᠬᠢᠵᠢᠯ ᠢ ᠨᠠᠩ ᠰᠠᠶᠢᠲᠤᠷ | ᠳᠠᠶᠢᠴᠢᠯᠠᠨ ᠠᠷᠠᠳ ᠣᠯᠠᠨ ᠳᠤ ᠨᠠᠩ ᠰᠠᠶᠢᠨ ᠦᠢᠯᠡᠴᠢᠯᠡᠭᠦᠯᠬᠦ ᠪᠠᠷ ᠪᠠᠶᠢᠷᠢᠯᠠᠭᠤᠯᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 9 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ ᠴᠢᠬᠤᠯᠠ ᠶᠡᠭᠡ | ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ᠂ ᠠᠯᠪᠠᠨ ᠤ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ | ᠲᠣᠭᠲᠠᠭᠠᠵᠤ᠂ ᠡᠮᠨᠡᠯᠭᠡ ᠶᠢᠨ ᠠᠵᠢᠯᠲᠠᠨ ᠤ ᠢᠳᠡᠪᠬᠢᠵᠢᠯ ᠢ ᠨᠠᠩ ᠰᠠᠶᠢᠲᠤᠷ ᠳᠠᠶᠢᠴᠢᠯᠠᠨ ᠠᠷᠠᠳ ᠣᠯᠠᠨ ᠳᠤ ᠨᠠᠩ | ᠰᠠᠶᠢᠨ ᠦᠢᠯᠡᠴᠢᠯᠡᠭᠦᠯᠬᠦ ᠪᠠᠷ ᠪᠠᠶᠢᠷᠢᠯᠠᠭᠤᠯᠪᠠ | ᠬᠤᠷᠠᠯ ᠠᠴᠠ ᠵᠢᠭᠠᠬᠤ ᠳᠤ ᠪᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ | ᠬᠥᠲᠥᠯᠪᠦᠷᠢ︾ ᠳᠤ ᠨᠢᠭᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ᠂ ᠬᠦᠳᠦᠯᠦᠨ | ᠳᠠᠭᠠᠭᠤᠯᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠲᠣᠭᠲᠠᠭᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠪᠲᠤᠯᠤᠯᠲᠠ᠂ ᠰᠠᠭᠤᠷᠢ ᠲᠥᠬᠦᠭᠡᠷᠦᠮᠵᠢ᠂ ᠠᠮᠢ ᠠᠬᠤᠢ ᠶᠢᠨ ᠣᠷᠴᠢᠨ ᠲᠣᠭᠤᠷᠢᠨ ᠤ ᠪᠦᠳᠦᠭᠡᠨ | ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ᠂ ᠰᠣᠶᠣᠯ ᠢ ᠤᠯᠠᠮᠵᠢᠯᠠᠨ | ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠬᠤᠯᠪᠣᠭᠳᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠲᠦᠷᠦᠯ ᠵᠦᠢᠯ ᠢ ᠬᠡᠷᠡᠭᠵᠢᠭᠦᠯᠬᠦ ᠪᠡᠯᠡᠳᠬᠡᠯ ᠢ ᠡᠮᠬᠢ ᠵᠢᠷᠤᠮ ᠲᠠᠢ ᠰᠠᠶᠢᠲᠤᠷ ᠬᠢᠵᠦ᠂ ᠳᠡᠮᠵᠢᠬᠦ | ᠲᠦᠷᠦ ᠶᠢᠨ ᠪᠤᠳᠤᠯᠭ᠎ᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠵᠣᠩᠬᠢᠯᠠᠬᠤ ᠤᠯᠠᠨ ᠲᠦᠷᠦᠯ ᠵᠦᠢᠯ ᠢ | ᠵᠠᠯᠭᠠᠭ᠎ᠠ ᠪᠠᠷ ᠡᠬᠢᠯᠡᠭᠦᠯᠪᠡ᠃ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠠᠬᠤᠶ ᠶᠢᠨ | ᠲᠣᠭᠲᠠᠪᠤᠷᠢᠲᠤ ᠪᠤᠰᠤ ᠲᠣᠭᠲᠠᠭᠤᠨ ᠪᠤᠰᠤ ᠬᠦᠴᠦᠨ ᠵᠦᠢᠯ ᠨᠡᠯᠢᠶᠡᠳ ᠤᠯᠠᠨ ᠪᠠᠶᠢᠬᠤ ᠤᠴᠢᠷ ᠠᠴᠠ ︽ᠪᠢᠯᠬᠠᠲᠠᠯ᠎ᠠ | ᠤᠰᠤᠯᠠᠬᠤ︾ ᠦᠭᠡᠢ ᠪᠠᠶᠢᠬᠤ ᠶᠢ ᠪᠠᠷᠢᠮᠲᠠᠯᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠪᠠ | ᠲᠣᠭᠲᠠᠪᠤᠷᠢᠲᠤ ᠴᠢᠨᠠᠷ ᠢ ᠪᠠᠲᠤᠯᠠᠵᠤ᠂ ᠬᠠᠨᠳᠤᠯᠭᠠᠲᠤ ᠴᠢᠨᠠᠷ ᠢ ᠴᠢᠩᠭᠠᠷᠠᠭᠤᠯᠤᠨ᠂ ᠠᠵᠤ ᠠᠬᠤᠶ ᠶᠢᠨ ᠠᠵᠢᠯᠯᠠᠭᠠᠨ ᠢ | ᠵᠣᠬᠢᠰᠲᠠᠶ ᠣᠷᠣᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠪᠡ᠃ ᠬᠤᠷᠠᠯ ᠠᠴᠠ ᠱᠠᠭᠠᠷᠳᠠᠬᠤ ᠳᠤ ᠪᠠᠨ᠂ ᠠᠵᠤ | ᠠᠬᠤᠢ ᠶᠢᠨ ᠵᠢᠮ᠎ᠡ ᠶᠣᠰᠣ ᠶᠢ ᠬᠦᠨᠳᠦᠳᠬᠡᠵᠦ᠂ ᠵᠠᠬ᠎ᠠ ᠳᠡᠯᠭᠡᠭᠦᠷᠴᠢᠯᠡᠬᠦ ᠵᠠᠷᠴᠢᠮ ᠢ ᠵᠢᠷᠤᠮᠯᠠᠵᠤ᠂ ᠰᠠᠭᠤᠷᠢ ᠶᠢ | ᠪᠠᠲᠤᠳᠬᠠᠬᠤ᠂ ᠴᠢᠳᠠᠮᠵᠢ ᠶᠢ ᠨᠡᠮᠡᠭᠳᠡᠭᠦᠯᠬᠦ᠂ ᠠᠯᠤᠰ ᠬᠡᠳᠤ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠭᠡ | ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠡᠷᠡᠭᠯᠡᠭᠡᠨ ᠤ ᠰᠠᠭᠤᠷᠢ ᠪᠣᠯᠬᠤ | ᠦᠢᠯᠡᠳᠦᠯ ᠢ ᠰᠠᠶᠢᠲᠤᠷ ᠪᠠᠳᠠᠷᠠᠭᠤᠯᠬᠤ ᠶᠢᠨ ᠬᠠᠮᠲᠤ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠨᠢᠭᠡ ᠳᠤ᠂ ᠡᠮᠦᠨᠡᠬᠢ ᠬᠤᠭᠤᠴᠠᠭᠠᠨ ᠤ ᠠᠵᠢᠯ ᠢ | ᠴᠢᠩᠭᠠᠳᠬᠠᠬᠤ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠠᠬᠢ ᠴᠢᠬᠤᠯᠠ ᠶᠡᠭᠡ | ᠢᠨᠵᠧᠨᠧᠷᠢᠩ ᠢ ᠪᠣᠳᠠᠲᠠᠶ ᠲᠥᠷᠥᠯ ᠵᠦᠢᠯ ᠳᠤ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠲᠥᠯᠥᠪᠵᠢᠭᠦᠯᠭᠡ ᠳᠤ | ᠤᠷᠢᠳᠠᠪᠠᠷ ᠣᠷᠣᠭᠤᠯᠤᠨ᠂ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠢᠯ ᠬᠤᠪᠢᠶᠠᠨ | ᠡᠮᠬᠢ ᠵᠢᠷᠤᠮ ᠲᠠᠢ ᠪᠠᠷ ᠠᠬᠢᠭᠤᠯᠵᠤ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠠᠰᠢᠭᠯᠠᠯᠲᠠ ᠳᠤ | ᠣᠷᠣᠭᠤᠯᠬᠤ᠂ ᠨᠢᠭᠡ ᠪᠦᠯᠦᠭ ᠢ ᠨᠥᠭᠡᠴᠡᠯᠡᠬᠦ ᠰᠠᠶᠢᠨ ᠣᠷᠴᠢᠯ ᠢ ᠪᠦᠷᠢᠳᠦᠭᠦᠯᠬᠦ ᠬᠡᠷᠡᠭᠲᠡᠢ᠃ ᠲᠠᠩ ᠴᠣᠭᠴᠠᠲᠤ | ᠴᠢᠬᠤᠯᠠ ᠶᠡᠭᠡ ᠲᠦᠷᠦᠯ ᠵᠦᠢᠯ ᠳᠤ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠢ ᠲᠣᠩᠭᠤᠷᠠᠭᠤᠯᠤᠨ | ᠪᠠᠶᠢᠷᠢᠯᠠᠭᠤᠯᠵᠤ᠂ ᠴᠡᠭ ᠢᠶᠠᠷ ᠤᠯᠠᠨ ᠬᠡᠪᠴᠢᠶ᠎ᠡ ᠪᠠᠷ ᠥᠷᠭᠡᠨ ᠪᠠᠷᠢᠯᠭ᠎ᠠ ᠶᠢᠨ ᠲᠦᠷᠦᠯ ᠵᠦᠢᠯ ᠳᠤ ᠭᠤᠣᠯᠳᠠᠯᠭ᠎ᠠ ᠶᠢ | ᠲᠤᠪᠤᠶᠢᠯᠭᠠᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠪᠦᠳᠦᠭᠡᠨ ᠪᠠᠶᠢᠭᠤᠯᠬᠤ ᠳᠤ ᠬᠦᠴᠢᠷ ᠶᠡᠬᠡᠲᠡᠢ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠪᠠᠷ ᠥᠨᠳᠥᠷ ᠴᠢᠬᠤᠯᠠ ᠶᠡᠭᠡ | ᠢᠨᠵᠧᠨᠧᠷᠢᠩ ᠳᠤ ᠬᠠᠶᠢᠨ ᠪᠠᠶᠢᠴᠠᠭᠠᠬᠤ᠂ ᠲᠥᠰᠦᠯ ᠢ ᠬᠠᠷᠢᠴᠠᠭᠤᠯᠤᠨ ᠰᠣᠩᠭᠤᠬᠤ ᠪᠠ ᠪᠣᠯᠣᠮᠵᠢᠲᠤ ᠰᠤᠳᠤᠯᠭᠠᠨ ᠢ | ᠭᠦᠨᠵᠡᠭᠡᠶᠢᠷᠡᠭᠦᠯᠬᠦ ᠬᠡᠷᠡᠭᠲᠡᠢ᠃ ᠬᠤᠶᠠᠷ ᠲᠤ᠂ ᠳᠤᠮᠳᠠ ᠤᠷᠲᠤ ᠬᠤᠭᠤᠴᠠᠭᠠᠨ ᠤ ᠬᠥᠭᠵᠢᠯᠲᠡ ᠪᠠ ᠣᠨ ᠤ ᠠᠵᠤ | ᠠᠬᠤᠶ ᠶᠢᠨ ᠠᠵᠢᠯᠯᠠᠭᠠᠨ ᠢ ᠨᠢᠭᠡᠳᠦᠯᠲᠡᠶ ᠲᠥᠯᠥᠪᠯᠡᠵᠦ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠲᠦᠷᠦ ᠶᠢᠨ ᠪᠤᠳᠤᠯᠭ᠎ᠠ ᠶᠢᠨ | ᠲᠤᠯᠭᠠᠭᠤᠷᠢᠯᠠᠯ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠨᠡ ᠵᠢᠯ ᠪᠠ ᠢᠷᠡᠬᠦ ᠵᠢᠯ ᠤᠨ ᠪᠡᠯᠡ | ᠣᠷᠣᠭᠤᠯᠤᠯᠲᠠ ᠶᠢᠨ ᠡᠷᠴᠢᠮ ᠢ ᠵᠣᠬᠢᠰᠲᠠᠶ ᠡᠵᠡᠮᠳᠡᠬᠦ ᠶᠢᠨ ᠬᠠᠮᠲᠤ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ | ᠴᠠᠭ ᠲᠤ ᠨᠢ ᠲᠠᠭᠠᠷᠠᠭᠤᠯᠤᠨ ᠵᠣᠬᠢᠰᠲᠠᠶ ᠲᠣᠬᠢᠷᠠᠭᠤᠯᠬᠤ ᠬᠡᠷᠡᠭᠲᠡᠢ᠃ ᠭᠤᠷᠪᠠ ᠳᠤ᠂ ᠵᠠᠰᠠᠭ ᠤᠨ ᠣᠷᠳᠣᠨ ᠪᠣᠯᠤᠨ | ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠬᠠᠷᠭᠤᠭᠤᠯᠤᠨ ᠵᠥᠪᠰᠢᠶᠡᠷᠡᠬᠦ ᠲᠠᠰ ᠳᠠᠷᠠᠭᠠᠯᠠᠯ ᠢ | ᠰᠢᠯᠢᠳᠡᠭᠵᠢᠭᠦᠯᠦᠨ᠂ ᠴᠢᠬᠤᠯᠠ ᠪᠤᠰᠤ ᠬᠢᠨᠠᠨ ᠵᠥᠪᠰᠢᠶᠡᠷᠡᠬᠦ ᠶᠢ ᠪᠠᠭᠠᠰᠬᠠᠵᠤ᠂ ᠲᠥᠷᠥᠯ ᠵᠦᠢᠯ ᠢ ᠡᠷᠲᠡᠬᠡᠨ ᠠᠵᠢᠯ | ᠡᠬᠢᠯᠡᠭᠦᠯᠬᠦ᠂ ᠪᠠᠯᠠ ᠮᠥᠩᠭᠦ ᠶᠢ ᠥᠨᠳᠥᠷ ᠦᠷ᠎ᠡ ᠪᠦᠲᠦᠮᠵᠢᠲᠡᠶ ᠪᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ | ᠲᠦᠷᠪᠡ ᠳᠤ᠂ ᠲᠥᠪ ᠤᠨ ᠲᠥᠰᠦᠪ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠵᠦᠢᠯ ᠤᠨ ᠥᠷᠢ ᠥᠭᠴᠡᠭᠡ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠨᠡᠶᠢᠭᠡᠮ ᠤᠨ ᠬᠦᠴᠦᠨ ᠢ | ᠨᠡᠩ ᠭᠦᠢᠴᠡᠳ ᠲᠠᠶᠢᠴᠢᠯᠠᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠣᠷᠣᠯᠴᠠᠭᠤᠯᠬᠤ ᠬᠡᠷᠡᠭᠲᠡᠢ᠃ | ᠲᠠᠪᠤ ᠳᠤ᠂ ᠱᠠᠯᠠᠪᠳᠠᠭᠤᠯᠤᠨ ᠵᠢᠯᠣᠭᠤᠳᠴᠤ ᠵᠣᠬᠢᠴᠠᠭᠤᠯᠬᠤ ᠶᠢ ᠴᠢᠩᠭᠠᠳᠬᠠᠵᠤ᠂ ᠦᠨᠡᠨ ᠬᠦ ᠪᠣᠳᠠᠲᠠᠢ ᠠᠵᠢᠯᠯᠠᠭᠰᠠᠨ | ᠂ ᠦᠷ᠎ᠡ ᠪᠦᠲᠦᠮᠵᠢ ᠪᠠᠷ ᠢᠯᠡᠷᠬᠡᠢ ᠭᠠᠵᠠᠷ ᠣᠷᠣᠨ ᠢ ᠤᠷᠮᠠᠰᠢᠭᠤᠯᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠲᠦᠷᠦᠯ ᠵᠦᠢᠯ ᠢ ᠠᠬᠢᠭᠤᠯᠤᠭᠰᠠᠨ ᠢᠶᠠᠷ ᠠᠨᠠᠢ ᠳᠤ ᠨᠢ ᠱᠠᠯᠠᠪᠳᠠᠭᠤᠯᠬᠤ ᠪᠠᠨ ᠴᠢᠩᠭᠠᠳᠬᠠᠵᠤ᠂ ᠪᠦᠳᠦᠭᠡᠨ | ᠪᠠᠶᠢᠭᠤᠯᠤᠯᠲᠠ ᠳᠤᠮᠳᠠᠬᠢ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠨᠡᠨ ᠬᠦ | ᠪᠠᠲᠤᠯᠠᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠥᠷᠭᠡᠨ ᠤᠯᠠᠨ ᠡᠮᠨᠡᠯᠭᠡ ᠶᠢᠨ ᠠᠵᠢᠯᠲᠠᠳ ᠠᠷᠠᠳ ᠲᠦᠮᠡᠨ ᠤ ᠠᠮᠢ ᠨᠠᠰᠤ | ᠡᠷᠡᠭᠦᠯ ᠮᠡᠨᠳᠤ ᠶᠢ ᠰᠠᠬᠢᠨ ᠬᠠᠮᠠᠭᠠᠯᠠᠵᠤ᠂ ᠬᠢᠵᠢᠭ ᠲᠠᠢ ᠲᠡᠮᠡᠴᠡᠬᠦ ᠳᠤᠮᠳᠠ ᠳᠤᠪᠤᠶᠢᠮ᠎ᠠ ᠬᠤᠪᠢ ᠨᠡᠮᠡᠷᠢ ᠦᠵᠡᠭᠦᠯᠪᠡ᠃ | ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠮᠨᠡᠯᠭᠡ ᠶᠢᠨ ᠠᠵᠢᠯᠲᠠᠨ ᠤ ᠵᠣᠬᠢᠰᠲᠠᠶ ᠴᠠᠯᠢᠩ ᠣᠯᠭᠤᠮᠵᠢ ᠶᠢ ᠪᠠᠲᠤᠯᠠᠨ᠂ ᠡᠮᠨᠡᠯᠭᠡ ᠶᠢᠨ | ᠠᠵᠢᠯᠲᠠᠨ ᠤ ᠣᠯᠠᠨ ᠲᠦᠮᠡᠨ ᠳᠤ ᠦᠢᠯᠡᠴᠢᠯᠡᠬᠦ ᠢᠳᠡᠪᠬᠢᠵᠢᠯ ᠢ ᠨᠢ ᠤᠯᠠᠮ ᠨᠢᠭᠡ ᠠᠯᠬᠤᠮ ᠳᠠᠶᠢᠴᠢᠯᠠᠬᠤ ᠬᠡᠷᠡᠭᠲᠡᠶ᠃ | ᠨᠢᠭᠡ ᠳᠤ᠂ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠲᠦᠪᠰᠢᠨ ᠢ | ᠲᠣᠭᠲᠠᠭᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠯᠠᠨ | ᠲᠦᠮᠡᠨ ᠤ ᠡᠪᠡᠳᠴᠢᠨ ᠦᠵᠡᠭᠦᠯᠬᠦ ᠪᠦᠬᠦᠯᠢ ᠴᠣᠭᠴᠠ ᠶᠢᠨ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ | ᠬᠦ ᠪᠠᠲᠤᠯᠠᠭᠰᠠᠨ ᠰᠠᠭᠤᠷᠢᠨ ᠳᠡᠭᠡᠷ᠎ᠡ᠂ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ | ᠬᠥᠯᠥᠰᠥ ᠶᠢᠨ ᠲᠦᠪᠰᠢᠨ ᠢ ᠬᠥᠳᠡᠯᠦᠩᠭᠦᠶ ᠪᠠᠷ ᠳᠣᠭᠢᠷᠠᠭᠤᠯᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠡᠭᠦᠷᠭᠡ | ᠬᠦᠨᠳᠦ᠂ ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠤᠷᠭᠠᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠵᠡᠷᠭᠡ | ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠵᠣᠬᠢᠰᠲᠠᠢ ᠬᠠᠷᠠᠭᠠᠯᠵᠠᠯ ᠬᠦᠷᠲᠡᠭᠡᠬᠦ ᠬᠡᠷᠡᠭᠲᠡᠢ᠃ ᠡᠯ᠎ᠡ | ᠭᠠᠵᠠᠷ ᠠᠳᠠᠯᠢ ᠪᠤᠰᠤ ᠲᠠᠰ ᠳᠠᠪᠬᠤᠷᠭ᠎ᠠ ᠠᠳᠠᠯᠢ ᠪᠤᠰᠤ ᠰᠢᠨᠵᠢ ᠴᠢᠨᠠᠷ ᠲᠠᠢ ᠡᠮᠨᠡᠯᠭᠡ ᠶᠢᠨ ᠬᠤᠷᠢᠶ᠎ᠠ ᠶᠢᠨ ᠠᠵᠢᠯ ᠤᠨ | ᠬᠡᠮᠵᠢᠶ᠎ᠡ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠴᠠᠯᠢᠩ | ᠬᠥᠯᠥᠰᠥ ᠶᠢᠨ ᠶᠡᠷᠦᠩᠬᠡᠶ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠬᠡᠷᠡᠭᠲᠡᠶ᠃ ᠬᠤᠶᠠᠷ ᠲᠤ᠂ ᠠᠯᠪᠠᠨ ᠤ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠣᠲᠣᠭᠠᠳᠤ ᠬᠤᠪᠢᠶᠠᠷᠢᠯᠠᠯᠲᠠ ᠶᠢᠨ ᠡᠵᠡᠨ ᠮᠡᠳᠡᠬᠦ ᠡᠷᠬᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠴᠠᠯᠢᠩ ᠬᠥᠯᠥᠰᠥ ᠶᠢᠨ ᠶᠡᠷᠦᠩᠬᠡᠶ ᠬᠡᠮᠵᠢᠶ᠎ᠡ ᠵᠢᠴᠢ ᠬᠤᠯᠪᠣᠭᠳᠠᠯ ᠪᠥᠬᠦᠶ ᠬᠦᠴᠦᠨ | ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠵᠢᠯ ᠤᠨ ᠪᠠᠶᠢᠷᠢ ᠶᠢᠨ ᠠᠵᠢᠯ ᠤᠨ ᠪᠦᠲᠦᠮᠵᠢ ᠶᠢᠨ | ᠴᠠᠯᠢᠩ ᠤᠨ ᠲᠦᠷᠢᠮ ᠢ ᠦᠷᠭᠦᠯᠵᠢᠯᠡᠨ ᠪᠦᠷᠢᠨᠰᠢᠭᠦᠯᠬᠦ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠪᠤᠰᠤᠳ ᠨᠠᠩ ᠪᠦᠲᠦᠮᠵᠢᠲᠡᠶ ᠳᠣᠲᠣᠭᠠᠳᠤ ᠬᠤᠪᠢᠶᠠᠷᠢᠯᠠᠯᠲᠠ ᠶᠢᠨ ᠵᠠᠭᠪᠤᠷ ᠢ ᠡᠵᠡᠨ ᠮᠡᠳᠡᠨ ᠲᠣᠭᠲᠠᠭᠠᠵᠤ᠂ | ᠵᠠᠩᠭᠢᠯᠠᠭ᠎ᠠ ᠶᠢᠨ ᠪᠠ ᠣᠯᠠᠨ ᠲᠦᠮᠡᠨ ᠳᠤ ᠪᠠᠴᠢᠮ ᠱᠠᠭᠠᠷᠳᠠᠭᠳᠠᠵᠤ ᠪᠠᠶᠢᠭ᠎ᠠ ᠠᠵᠢᠯ ᠤᠨ ᠪᠠᠶᠢᠷᠢ᠂ ᠠᠵᠢᠯ ᠤᠨ | ᠪᠦᠲᠦᠮᠵᠢ ᠪᠠᠷ ᠲᠣᠪᠤᠶᠢᠮ᠎ᠠ ᠡᠮᠨᠡᠯᠭᠡ ᠶᠢᠨ ᠠᠵᠢᠯᠲᠠᠨ ᠵᠡᠷᠭᠡ ᠳᠠᠰᠢ ᠬᠡᠯᠪᠠᠶᠢᠯᠭᠡᠵᠦ᠂ ᠬᠦᠨᠳᠦ ᠡᠪᠡᠳᠴᠢᠨ ᠵᠡᠷᠭᠡ | ᠲᠠᠯ᠎ᠠ ᠶᠢᠨ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠬᠦ ᠶᠢ | ᠠᠬᠢᠭᠤᠯᠵᠤ ᠴᠤ ᠪᠣᠯᠤᠨ᠎ᠠ᠃ ᠠᠵᠢᠯᠯᠠᠭᠰᠠᠨ ᠣᠨ ᠨᠢ ᠣᠬᠤᠷ ᠡᠮᠴᠢ ᠶᠢᠨ ᠬᠥᠯᠥᠰᠥ ᠣᠯᠭᠤᠮᠵᠢ ᠶᠢᠨ ᠲᠦᠪᠰᠢᠨ ᠢ | ᠵᠣᠬᠢᠰᠲᠠᠶ ᠳᠡᠭᠡᠭᠰᠢᠯᠡᠭᠦᠯᠵᠦ᠂ ᠣᠷᠣᠨ ᠲᠤᠭ᠎ᠠ ᠶᠢᠨ ᠳᠣᠲᠣᠨ᠎ᠠ ᠭᠠᠳᠠᠨᠠᠬᠢ ᠬᠥᠮᠦᠰ ᠤᠨ ᠬᠥᠯᠥᠰᠥ ᠣᠯᠭᠤᠮᠵᠢ ᠶᠢ | ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠬᠡᠷᠡᠭᠲᠡᠢ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ |