ᠣᠯᠠᠨ ᠲᠦᠮᠡᠨ ᠳᠡᠭᠡᠨ ᠪᠣᠳᠠᠲᠤ ᠶᠠᠪᠤᠳᠠᠯ ᠬᠢᠵᠦ ᠠᠭᠤᠳᠠᠮ ᠲᠠᠯᠠᠪᠠᠢ ᠶᠢᠨ ᠣᠷᠴᠢᠨ ᠲᠣᠭᠤᠷᠢᠨ ᠢ ᠴᠡᠪᠡᠷᠯᠡᠶ᠎ᠡ
ᠨᠡᠶᠢᠲᠡᠯᠡᠭᠰᠡᠨ ᠴᠠᠭ᠄
2021/6/17
     6 ᠰᠠᠷ᠎ᠠ ᠶᠢᠨ 8᠎ ᠤ ᠡᠳᠦᠷ᠂ ᠴᠠᠭᠠᠨ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠡᠷᠳᠡᠨᠢᠠᠭᠤᠯᠠ ᠨᠡᠶᠢᠭᠡᠮ ᠲᠣᠭᠤᠷᠢᠭ ᠲᠠᠢ ᠬᠠᠮᠲᠤᠷᠠᠨ ᠪᠠᠯᠭᠠᠰᠤᠨ ᠤ ᠵᠠᠰᠠᠭ ᠤᠨ ᠣᠷᠳᠣᠨ ᠤ ᠠᠰᠠᠷ ᠤᠨ ᠡᠮᠦᠨᠡᠬᠢ ᠨᠠᠭᠤᠷ ᠤᠨ ᠬᠥᠪᠡᠭᠡᠨ ᠤ ᠠᠭᠤᠳᠠᠮ ᠲᠠᠯᠠᠪᠠᠶ ᠳᠤ  ︽ᠨᠠᠮ ᠤᠨ ᠲᠡᠦᠬᠡ ᠶᠢ ᠰᠤᠷᠤᠯᠴᠠᠨ ᠣᠭ ᠰᠠᠨᠠᠭ᠎ᠠ ᠪᠠᠨ ᠣᠶᠢᠯᠠᠭᠠᠵᠤ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ︾ ᠵᠢᠴᠢ ︽ᠣᠯᠠᠨ ᠲᠦᠮᠡᠨ ᠳᠡᠭᠡᠨ ᠪᠣᠳᠠᠲᠤ ᠶᠠᠪᠤᠳᠠᠯ ᠬᠢᠵᠦ ᠥᠭᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ  ᠃
   ᠠᠵᠢᠯᠯᠠᠭ᠎ᠠ ᠨᠢ ᠭᠤᠤᠯᠳᠠᠭᠤ ᠪᠠᠯᠭᠠᠰᠤᠨ ᠤ ᠠᠭᠤᠳᠠᠮ ᠲᠠᠯᠠᠪᠠᠶ ᠶᠢᠨ ᠡᠪᠡᠰᠦ᠂ ᠶᠠᠪᠠᠭᠠᠨ ᠵᠠᠮ ᠳᠡᠭᠡᠷᠡᠬᠢ ᠡᠪᠡᠰᠦ ᠪᠠ ᠡᠷᠡᠭᠦᠯ ᠬᠠᠮᠠᠭᠠᠯᠠᠯ ᠤᠨ ᠥᠨᠴᠥᠭ ᠪᠤᠯᠤᠩ ᠵᠡᠷᠭᠡ ᠪᠦᠬᠦᠨ ᠢ ᠴᠡᠪᠡᠷᠯᠡᠪᠡ᠃ ᠨᠠᠮ ᠤᠨ ᠭᠡᠰᠢᠭᠦᠳ ᠬᠦᠷᠵᠡ᠂ ᠬᠤᠰᠤᠭᠤᠷ᠂ ᠤᠭᠤᠲᠠ᠂ ᠱᠦᠭᠦᠷ ᠵᠡᠷᠭᠡ ᠶᠢ ᠠᠳᠬᠤᠵᠤ᠂ ᠵᠣᠪᠠᠭᠤᠷᠢ ᠵᠦᠳᠡᠭᠦᠷᠢ᠂ ᠪᠤᠵᠠᠷ ᠪᠤᠷᠲᠠᠭ ᠎ ᠠᠴᠠ ᠠᠶᠤᠬᠤ ᠦᠭᠡᠢ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠠᠭᠤᠳᠠᠮ ᠲᠠᠯᠠᠪᠠᠢ ᠳᠤ ᠰᠡᠳᠬᠢᠯ ᠨᠢᠭᠡᠳᠦᠨ ᠬᠦᠴᠦ ᠎ ᠪᠠᠨ ᠬᠠᠮᠲᠤᠳᠬᠠᠵᠤ ᠠᠷᠢᠭᠤᠨ ᠴᠡᠪᠡᠷ ᠢ ᠪᠡᠶᠡᠯᠡᠭᠦᠯᠪᠡ᠃ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠨᠢᠭᠡ ᠦᠳᠡ ᠎ ᠶᠢᠨ ᠡᠮᠦᠨ᠎ᠡ ᠶᠢᠨ ᠴᠠᠭ ᠢ ᠠᠰᠢᠭᠯᠠᠵᠤ᠂ ᠠᠭᠤᠳᠠᠮ ᠲᠠᠯᠠᠪᠠᠶ ᠪᠣᠯᠤᠨ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠎ ᠶᠢᠨ ᠭᠠᠵᠠᠷ ᠵᠡᠷᠭᠡ ᠣᠷᠴᠢᠨ ᠲᠣᠭᠤᠷᠢᠨ ᠢᠶᠠᠨ ᠰᠢᠨᠡᠳᠬᠡᠪᠡ  ᠃
  ᠲᠤᠰ ᠤᠳᠠᠭ᠎ᠠ ᠶᠢᠨ ᠠᠵᠢᠯᠯᠠᠭ᠎ᠠ ᠨᠢ ᠪᠣᠯᠪᠠᠰᠤᠨ ᠤ ᠦᠢᠯᠡᠳᠦᠯᠭᠡ ᠶᠢᠨ ᠠᠵᠢᠯ ᠳᠤ ᠬᠦᠴᠦᠨ ᠨᠡᠮᠡᠷᠢᠯᠡᠬᠦ ᠪᠠᠷ ᠪᠠᠷᠠᠬᠤ ᠦᠭᠡᠢ᠂ ᠨᠡᠩ ᠴᠤ ᠨᠠᠮ ᠤᠨ ᠭᠡᠰᠢᠭᠦᠨ ᠤ  ︽ᠤᠯᠠᠨ ᠲᠦᠮᠡᠨ ᠳᠡᠭᠡᠨ ᠪᠣᠳᠠᠲᠠᠢ ᠶᠠᠪᠤᠳᠠᠯ ᠬᠢᠵᠦ ᠥᠭᠬᠦ︾ ᠠᠷᠭ᠎ᠠ ᠬᠡᠮᠵᠢᠶ᠎ᠡ ᠶᠢ ᠦᠢᠯᠡᠳᠦᠯᠭᠡᠵᠢᠭᠦᠯᠪᠡ᠃ ᠲᠠᠷᠠᠭᠠᠴᠢ ᠶᠢᠨ ᠠᠯᠬᠤᠮ ᠳᠤ᠂ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ ᠂ ︽ᠣᠯᠠᠨ ᠲᠦᠮᠡᠨ ᠳᠡᠭᠡᠨ ᠪᠣᠳᠠᠲᠤ ᠶᠠᠪᠤᠳᠠᠯ ᠬᠢᠵᠦ ᠥᠭᠬᠦ︾ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠷᠡᠭᠦᠯᠵᠦ ᠣᠯᠠᠨ ᠲᠦᠮᠡᠨ ᠳᠤ ᠦᠢᠯᠡᠴᠢᠯᠡᠵᠦ᠂ ᠣᠯᠠᠨ ᠲᠦᠮᠡᠨ ᠤ ᠪᠣᠳᠠᠲᠠᠶ ᠠᠰᠠᠭᠤᠳᠠᠯ ᠢ ᠰᠢᠶᠳᠪᠦᠷᠢᠯᠡᠵᠦ᠂ ᠰᠢᠨ᠎ᠡ ᠳᠦᠷᠰᠦ ᠪᠠᠶᠢᠳᠠᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ ᠶᠢ ᠪᠡᠯᠡᠭᠯᠡᠨ᠎ᠡ  ᠃
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号