6 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ ᠳᠥᠷᠪᠡᠳᠦᠭᠡᠷ | ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 214 ᠳ᠋ᠤᠭᠡᠷ ᠬᠤᠷᠠᠯ ᠵᠢᠴᠢ ᠬᠥᠯᠥᠨ | ᠪᠤᠶᠢᠷ ᠬᠤᠲᠠ ᠶᠢᠨ ᠬᠤᠰᠢᠭᠤ ᠬᠤᠲᠠ ᠲᠣᠭᠤᠷᠢᠭ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ | ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠷᠦᠨ ᠰᠢ ᠵᠢᠴᠢ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠷᠦᠩ᠂ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ | ᠸᠠᠩ ᠱᠦ ᠭᠤᠸᠠᠩ ᠨᠠᠷ ᠬᠤᠷᠠᠯ ᠳᠤ ᠰᠤᠯᠠ ᠣᠷᠣᠯᠴᠠᠵᠠᠢ᠃ | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠥᠬᠡᠨᠠᠭᠤᠷ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠪᠥᠬᠦ ᠬᠤᠲᠠ ᠶᠢᠨ ᠡᠯ᠎ᠡ | ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ | ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠯᠥᠨ | ᠪᠤᠶᠢᠷ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ | ᠬᠢᠨᠠᠮᠠᠭᠠᠶ ᠰᠠᠶᠢᠲᠤᠷ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢ ᠪᠠᠲᠤᠲᠠᠶ ᠠᠬᠢᠭᠤᠯᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠶᠡᠭᠡ | ᠲᠠᠯ᠎ᠠ ᠶᠢ ᠪᠠᠲᠤᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠲᠡᠦᠬᠡ ᠶᠢ ᠰᠤᠷᠤᠯᠴᠠᠵᠤ ᠶᠣᠰᠣ | ᠰᠤᠷᠲᠠᠬᠤᠨ ᠢ ᠡᠷᠬᠢᠮᠯᠡᠬᠦ ᠶᠢ ᠦᠨᠡᠨ ᠬᠦ ᠪᠡᠶᠡᠯᠡᠭᠦᠯᠵᠦ᠂ ᠡᠷᠬᠢᠮ ᠳᠡᠭᠡᠳᠦ ᠶᠣᠰᠣ ᠰᠤᠷᠲᠠᠬᠤᠨ ᠵᠠᠩ ᠴᠢᠨᠠᠷ ᠢ ᠦᠷᠭᠦᠯᠵᠢᠯᠡᠨ | ᠬᠠᠳᠠᠭᠠᠯᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ︽ᠠᠮᠢ | ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ︾ ᠵᠠᠮ ᠢᠶᠠᠷ ᠰᠠᠶᠢᠲᠤᠷ ᠵᠠᠮᠨᠠᠬᠤ ᠪᠣᠳᠠᠲᠤ ᠦᠷ᠎ᠡ | ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠭᠤᠴᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠪᠦᠬᠦ ᠬᠤᠳᠠ ᠳᠠᠶᠠᠭᠠᠷ ᠢᠶᠠᠨ ᠤᠯᠤᠰ ᠲᠦᠷᠦ ᠶᠢᠨ | ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠠᠨ ᠤᠯᠤᠰ ᠲᠠᠬᠢ ᠳᠠᠮᠵᠢᠭᠤᠯᠭ᠎ᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠥᠯᠥᠨ ᠪᠤᠶᠢᠷ ᠤᠨ ᠭᠠᠳᠠᠭᠠᠳᠤ | ᠤᠬᠠᠭᠤᠯᠭ᠎ᠠ ᠶᠢᠨ ᠠᠵᠢᠯ ᠢ ᠤᠬᠠᠮᠰᠠᠷ ᠠᠴᠠ ᠪᠠᠨ ᠤᠯᠤᠰ ᠤᠨ ᠭᠠᠳᠠᠭᠠᠳᠤ ᠤᠬᠠᠭᠤᠯᠭ᠎ᠠ ᠶᠢᠨ ᠠᠵᠢᠯ ᠤᠨ ᠶᠡᠭᠡ ᠲᠠᠯ᠎ᠠ ᠳᠤ | ᠠᠭᠤᠰᠤᠯᠴᠠᠭᠤᠯᠬᠤ ᠬᠡᠷᠡᠭᠲᠡᠢ︔ ᠲᠥᠪ ᠶᠣᠰᠣ ᠶᠢ ᠡᠷᠬᠢᠮᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠴᠢᠬᠤᠯᠠ ᠶᠡᠭᠡ | ᠭᠠᠳᠠᠭᠠᠳᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠤ ᠢᠳᠡᠪᠬᠢᠲᠡᠶ ᠣᠷᠣᠯᠴᠠᠵᠤ᠂ | ᠦᠢᠯᠡᠳᠦᠯᠭᠡ ᠶᠢᠨ ᠦᠷ᠎ᠡ ᠪᠦᠲᠦᠭᠡᠯ ᠢᠶᠠᠷ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ | ᠲᠠᠭᠤᠨ ᠢ ᠰᠠᠶᠢᠲᠤᠷ ᠳᠠᠮᠵᠢᠭᠤᠯᠬᠤ ᠳᠤ ᠬᠥᠯᠥᠨ ᠪᠤᠶᠢᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ | ᠴᠢᠬᠤᠯᠠᠴᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠳᠤ᠂ ᠡᠷᠬᠡᠪᠰᠢ ᠨᠠᠮ ᠤᠨ ᠰᠤᠷᠲᠠᠯ | ᠤᠬᠠᠭᠤᠯᠭ᠎ᠠ ᠶᠢᠨ ᠠᠵᠢᠯ ᠳᠠᠬᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ | ᠴᠢᠩᠭ᠎ᠠ᠂ ᠴᠢᠳᠠᠪᠤᠷᠢ ᠰᠠᠶᠢᠨ᠂ ᠰᠤᠷᠲᠠᠯ ᠰᠠᠶᠢᠨ ᠤᠬᠠᠭᠤᠯᠭ᠎ᠠ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ | ᠱᠠᠭᠠᠷᠳᠠᠵᠠᠢ᠃ | ᠬᠤᠷᠠᠯ ᠠᠴᠠ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠥᠬᠦ ᠬᠤᠲᠠ ᠶᠢᠨ ᠡᠯ᠎ᠡ ᠬᠤᠰᠢᠭᠤ ᠬᠤᠲᠠ | ᠲᠣᠭᠤᠷᠢᠭ᠂ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠤᠯᠤᠰ ᠲᠥᠷᠥ ᠶᠢᠨ | ᠵᠣᠭᠰᠣᠯᠲᠠ ᠪᠠᠨ ᠪᠠᠲᠤᠳᠬᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠪᠠᠷᠢᠮᠵᠢᠶᠠᠯᠠᠨ ᠬᠠᠷᠭᠤᠭᠤᠯᠵᠤ᠂ ᠳᠤᠲᠠᠭᠤᠳᠠᠯ ᠢᠶᠠᠨ ᠪᠠᠶᠢᠴᠠᠭᠠᠨ ᠨᠦᠬᠦᠪᠦᠷᠢᠯᠡᠵᠦ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠵᠦᠢᠯ ᠤᠨ ᠠᠵᠢᠯ ᠢ | ᠪᠠᠲᠤᠲᠠᠶ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ ᠪᠥᠬᠦ ᠬᠤᠲᠠ ᠶᠢᠨ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠬᠤᠰᠢᠭᠤ ᠬᠤᠲᠠ ᠲᠣᠭᠤᠷᠢᠭ ᠤᠨ | ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠥᠬᠦ ᠬᠤᠲᠠ ᠶᠢᠨ 106 ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ | ᠠᠵᠢᠯ ᠢ ᠡᠮᠬᠢ ᠵᠢᠷᠤᠮ ᠲᠠᠢ ᠲᠣᠭᠲᠠᠭᠤᠨ ᠢᠶᠠᠷ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠲᠠᠷᠠᠭᠠᠴᠢ ᠶᠢᠨ | ᠠᠯᠬᠤᠮ ᠳᠤ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ | ᠬᠤᠭᠤᠴᠠᠭ᠎ᠠ ᠰᠣᠯᠢᠬᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠰᠠᠬᠢᠯᠭ᠎ᠠ ᠪᠠᠲᠤ ᠶᠢᠨ ᠬᠢᠨᠠᠯᠲᠠ ᠶᠢ | ᠴᠢᠩᠳᠠᠯᠠᠵᠤ᠂ ᠬᠤᠰᠢᠭᠤ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ | ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠡᠶ᠃ | ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠲᠠᠪᠤᠳᠤᠭᠠᠷ | ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠠᠷ ᠪᠡᠯᠡᠳᠬᠡᠬᠦ ᠬᠤᠯᠪᠣᠭᠳᠠᠯ ᠪᠥᠬᠦᠶ ᠵᠦᠢᠯᠡᠰ | ᠵᠢᠴᠢ ᠪᠤᠰᠤᠳ ᠠᠭᠤᠯᠭ᠎ᠠ ᠶᠢ ᠰᠤᠳᠤᠯᠤᠨ ᠬᠢᠨᠠᠨ ᠵᠥᠪᠯᠡᠪᠡ᠃ |