ᠴᠠᠭᠠᠨ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠬᠥᠮᠦᠵᠢᠯ ᠳᠤ ᠨᠣᠮ ᠤᠩᠰᠢᠬᠤ ᠠᠩᠭᠢ ᠨᠡᠭᠡᠭᠡᠪᠡ
ᠨᠡᠶᠢᠲᠡᠯᠡᠭᠰᠡᠨ ᠴᠠᠭ᠄
2021/6/18
           ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ 6 ᠰᠠᠷ᠎ᠠ ᠶᠢᠨ 7᠎ ᠤ ᠡᠳᠦᠷ᠂ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠩᠰᠢᠯᠭ᠎ᠠ ᠶᠢᠨ ᠠᠩᠭᠢ  ᠨᠡᠭᠡᠭᠡᠪᠡ᠃
    ᠥᠪᠡᠰᠦᠪᠡᠨ ᠰᠤᠷᠤᠯᠴᠠᠭᠰᠠᠨ ᠰᠠᠭᠤᠷᠢᠨ ᠳᠡᠭᠡᠷ᠎ᠡ᠂ ᠪᠠᠶᠢᠭᠤᠯᠭ᠎ᠠ ᠶᠢᠨ ᠨᠠᠮ ᠤᠨ ᠡᠭᠦᠷ ᠴᠠᠭ ᠢᠶᠠᠨ ᠲᠥᠪᠯᠡᠷᠡᠭᠦᠯᠦᠨ ᠤᠭ ᠪᠦᠲᠦᠭᠡᠯ ᠢ ᠨᠢ ᠤᠩᠰᠢᠵᠤ᠂ ᠤᠭ ᠵᠣᠬᠢᠶᠠᠯ ᠢ ᠨᠢ ᠰᠤᠷᠤᠯᠴᠠᠵᠤ᠂ ᠤᠭ ᠶᠣᠰᠣ ᠶᠢ ᠨᠢ ᠣᠶᠢᠯᠠᠭᠠᠵᠤ᠂ ︽ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠢ ᠥᠭᠦᠯᠡᠭᠰᠡᠨ ᠎ ᠨᠢ︾ ᠭᠡᠬᠦ ᠨᠣᠮ ᠤᠨ ᠲᠤᠬᠠᠢ ᠣᠶᠢᠯᠠᠭᠠᠯᠲᠠ ᠪᠠ ᠲᠦᠷᠦᠭᠳᠡᠯ ᠢᠶᠠᠨ ᠴᠢᠨᠠᠭᠰᠢᠳᠠ ᠴᠢᠩᠭᠠᠳᠬᠠᠪᠠ᠃ ᠨᠣᠮ ᠤᠩᠰᠢᠬᠤ ᠠᠩᠬᠢ ᠳᠤ᠂ ᠤᠯᠠᠨ ᠢᠶᠠᠷ ᠢᠶᠠᠨ ︽ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠢ ᠥᠭᠦᠯᠡᠭᠰᠡᠨ ᠨᠢ︾ ᠭᠡᠬᠦ ᠨᠣᠮ ᠠᠴᠠ ᠥᠪᠡᠷ ᠤᠨ ᠪᠠᠭ᠋ᠠᠷᠬᠠᠳᠠᠭ ᠵᠣᠬᠢᠶᠠᠯ ᠢᠶᠠᠨ ᠬᠤᠪᠢᠶᠠᠯᠴᠠᠵᠤ᠂ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ  ᠃     ᠭᠦᠨᠵᠡᠭᠡᠶ ᠰᠣᠯᠢᠯᠴᠠᠬᠤ ᠪᠠᠷ ᠳᠠᠮᠵᠢᠭᠤᠯᠤᠨ ᠨᠠᠮ ᠤᠨ ᠭᠡᠰᠢᠭᠦᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢ ᠭᠦᠨᠵᠡᠭᠡᠶ ᠣᠶᠢᠯᠠᠭᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠠᠴᠠ ᠢᠲᠡᠭᠡᠯ ᠪᠢᠰᠢᠷᠡᠯ ᠤᠨ ᠬᠦᠴᠦᠨ ᠢ ᠰᠢᠩᠭᠡᠭᠡᠨ ᠠᠪᠴᠤ᠂ ᠤᠷᠤᠭᠰᠢᠯᠠᠬᠤ ᠴᠢᠭᠯᠡᠯ ᠢ ᠣᠨᠣᠪᠴᠢᠲᠠᠶ ᠲᠣᠭᠲᠠᠭᠠᠨ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠣᠨᠣᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠢᠯ ᠬᠢᠵᠦ ᠦᠶᠯᠡᠰ ᠴᠣᠭᠴᠠᠯᠠᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠤᠨ᠎ᠠ  ᠃     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ᠂ ᠡᠯ᠎ᠡ ᠨᠠᠮ ᠤᠨ ᠭᠡᠰᠢᠭᠦᠨ ᠺᠠᠳ᠋ᠷ ᠢ ᠲᠡᠦᠬᠡ ᠠᠴᠠ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠴᠤ᠂ ᠢᠲᠡᠭᠡᠯ ᠪᠢᠰᠢᠷᠡᠯ ᠤᠨ ᠰᠠᠭᠤᠷᠢ ᠪᠠᠨ ᠤᠯᠠᠮ ᠴᠢᠨᠠᠭᠰᠢᠳᠠ ᠪᠠᠬᠢᠵᠢᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠶᠠᠨ ᠵᠠᠮ ᠤᠨ ᠳ᠋ᠧᠩ ᠪᠣᠯᠭᠠᠵᠤ᠂ ᠡᠭᠦᠨ ᠤ ᠤᠯᠠᠮ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠥᠭᠵᠢᠭᠡᠭᠰᠡᠨ ᠬᠠᠯᠠᠭᠤᠨ ᠰᠡᠳᠬᠢᠯᠭᠡ ᠶᠢ ᠲᠤᠰ ᠲᠤᠰ ᠤᠨ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂᠂ ᠡᠪ ᠬᠠᠮᠲᠤ ᠨᠠᠮ ᠤᠨ ᠭᠡᠰᠢᠭᠦᠨ ᠤ ᠬᠠᠷᠢᠭᠤᠴᠠᠯᠭ᠎ᠠ ᠪᠣᠯᠤᠨ ᠡᠭᠦᠷᠭᠡ ᠪᠠᠨ ᠪᠠᠲᠤ ᠴᠡᠭᠡᠵᠢᠯᠡᠵᠦ᠂ ᠲᠡᠦᠬᠡ ᠶᠢ ᠰᠤᠷᠤᠯᠴᠠᠵᠦ ᠶᠣᠰᠣ ᠶᠢ ᠣᠶᠢᠯᠠᠭᠠᠨ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠵᠦ᠂ ᠲᠡᠦᠬᠡ ᠶᠢ ᠰᠤᠷᠤᠯᠴᠠᠵᠦ ᠮᠣᠷᠠᠯ ᠢ ᠡᠷᠬᠢᠮᠯᠡᠨ᠂ ᠲᠡᠦᠬᠡ ᠎ ᠶᠢ ᠰᠤᠷᠤᠯᠴᠠᠵᠦ ᠬᠦᠴᠦᠯᠡᠨ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠵᠦ ᠴᠢᠳᠠᠨ᠎ᠠ  ᠃
 
ᠢᠷᠡᠯᠲᠡ᠄ ᠴᠠᠭᠠᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号