ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠪᠠ  ᠰᠢ ᠶᠢᠨ ᠫᠢᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/6/2
    ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠤᠨ ᠬᠥᠮᠦᠨ ᠠᠮᠠ ᠶᠢᠨ ᠣᠷᠳᠣ ᠬᠤᠭᠤᠴᠠᠭ᠎ᠠ ᠪᠠᠷ ᠲᠡᠩᠴᠡᠭᠦᠷᠢᠲᠡᠶ ᠬᠦᠭᠵᠢᠬᠦ ᠶᠢ ᠠᠬᠢᠭᠤᠯᠬᠤ ᠲᠤᠬᠠᠶ ᠲᠣᠭᠲᠠᠭᠠᠯ︾᠎ ᠢ ᠬᠢᠨᠠᠨ ᠵᠥᠪᠯᠡᠪᠡ      ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 31᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 5 ᠰᠠᠷ᠎ᠠ ᠶᠢᠨ 31᠎ ᠤ ᠡᠳᠦᠷ ᠬᠤᠷᠠᠯ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠤᠨ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠬᠦᠭᠵᠢᠬᠦ ᠶᠢ ᠠᠬᠢᠭᠤᠯᠬᠤ ᠲᠤᠬᠠᠶ ᠲᠣᠭᠲᠠᠭᠠᠯ︾᠎ ᠢ ᠬᠢᠨᠠᠨ ᠵᠥᠪᠯᠡᠪᠡ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃      ᠬᠤᠷᠠᠯ ᠠᠴᠠ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠨᠢ ᠤᠯᠤᠰ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ ᠤᠯᠤᠰ ᠤᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠣᠯᠤᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠱᠠᠯᠠᠪᠳᠠᠨ ᠪᠦᠷᠢᠨᠰᠢᠬᠦᠯᠵᠤ᠂ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠤᠯᠵᠠᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠢᠰᠲ᠋ᠧᠮ ᠪᠣᠯᠤᠨ ᠲᠦᠷᠢᠮ ᠤᠨ ᠪᠣᠷᠣ ᠲᠥᠯᠥᠪ ᠢ ᠱᠠᠯᠠᠪᠳᠠᠨ ᠪᠠᠶᠢᠭᠤᠯᠵᠤ ᠪᠦᠷᠢᠨᠰᠢᠬᠦᠯᠬᠦ ᠬᠡᠷᠡᠭᠲᠡᠢ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠭᠠᠵᠢᠮ ᠢᠶᠠᠷ ᠤᠷᠲᠤᠳᠬᠠᠬᠤ ᠶᠢ ᠯᠠᠪᠳᠠᠭᠤᠨ ᠢᠶᠠᠷ ᠬᠡᠷᠡᠭᠵᠢᠭᠦᠯᠤᠨ᠂ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠶ ᠲᠥᠯᠥᠪᠵᠢᠭᠦᠯᠬᠦ ᠶᠢ ᠢᠳᠡᠪᠬᠢᠲᠡᠶ ᠠᠬᠢᠭᠤᠯᠵᠤ᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠤᠨ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠪᠣᠷᠣ ᠲᠥᠯᠥᠪ ᠢ ᠰᠦᠪᠡᠭᠴᠢᠯᠡᠨ ᠪᠠᠶᠢᠭᠤᠯᠵᠤ᠂ ᠬᠡᠷ ᠪᠦᠯᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠤᠬᠢᠴᠠᠭᠤᠯᠤᠭᠰᠠᠨ᠂ ᠡᠮᠴᠢᠯᠡᠭᠡᠨ ᠤ ᠰᠤᠪᠢᠯᠠᠯᠲᠠ ᠡᠷᠡᠭᠦᠯᠵᠢᠯ ᠤᠨ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠪᠠ ᠡᠷᠡᠭᠦᠯ ᠮᠡᠨᠳᠦ ᠶᠢᠨ ᠲᠤᠯᠭᠠᠭᠤᠷᠢᠯᠠᠯ ᠤᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠨᠠᠰᠤᠵᠢᠯ ᠤᠨ ᠠᠵᠤ ᠦᠢᠯᠡᠰ ᠢ ᠬᠥᠭᠵᠢᠭᠦᠯᠤᠨ᠂ ᠡᠯ᠎ᠡ ᠬᠦᠷᠢᠶ᠎ᠡ ᠡᠯ᠎ᠡ ᠠᠵᠢᠯ ᠲᠥᠷᠥᠯ ᠤᠨ ᠬᠢᠨ ᠤ ᠨᠠᠰᠤᠵᠢᠯ ᠳᠤ ᠵᠤᠬᠢᠴᠠᠭᠤᠯᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠠᠴᠢᠯᠠᠨ ᠬᠠᠶᠢᠷᠠᠯᠠᠵᠥ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠤᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠠᠰᠤᠵᠢᠯ ᠤᠨ ᠠᠵᠢᠯ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠪᠠ ᠤᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠳᠤ ᠴᠢᠬᠤᠯᠠ ᠪᠦᠬᠦᠢ ᠪᠠᠲᠤᠯᠠᠭ᠎ᠠ ᠬᠠᠩᠭᠠᠬᠤ ᠬᠡᠷᠡᠭᠲᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠮᠠᠨ ᠤ ᠤᠯᠤᠰ ᠤᠨ ᠬᠥᠮᠦᠨ ᠠᠮᠠ ᠶᠢᠨ ᠬᠥᠭᠵᠢᠯᠲᠡ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠤᠷᠢᠳ ᠬᠤᠵᠢᠳ ︽ᠨᠢᠬᠡ ᠭᠠᠭᠴᠠ ᠬᠤᠶᠠᠷ ᠬᠡᠦᠬᠡᠳ ᠠᠪᠴᠤ ᠪᠤᠯᠬᠤ︾᠂ ︽ᠬᠤᠶᠠᠷ ᠬᠡᠦᠬᠡᠳ ᠠᠪᠴᠤ ᠪᠣᠯᠬᠤ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠤᠭᠳᠠᠭᠠᠨ᠂ ᠢᠳᠡᠪᠬᠢᠲᠡᠢ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠮᠠᠨ ᠤ ᠤᠯᠤᠰ ᠤᠨ ᠬᠥᠮᠦᠨ ᠠᠮᠠ ᠶᠢᠨ ᠨᠡᠶᠢᠳᠡ ᠲᠤᠭ᠎ᠠ ᠯᠤᠲᠤ ᠶᠡᠭᠡ ᠪᠠᠶᠢᠵᠤ᠂ ᠣᠶᠢᠷ᠎ᠠ ᠶᠢᠨ ᠵᠢᠯ ᠤᠳ ᠠᠴᠠ ᠬᠥᠮᠦᠨ ᠠᠮᠠ ᠶᠢᠨ ᠨᠠᠰᠤᠵᠢᠯ ᠤᠨ ᠪᠠᠶᠢᠳᠠᠯ ᠬᠡᠴᠡᠭᠦᠳᠡᠵᠠᠢ᠃ ᠦᠷᠡᠵᠢᠯ ᠤᠨ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠤᠨ᠂ ᠨᠢᠬᠡ ᠡᠷ᠎ᠡ ᠡᠮ᠎ᠡ ᠬᠤᠶᠠᠭᠤᠯᠠ ᠭᠤᠷᠪᠠᠨ ᠬᠡᠦᠬᠡᠳ ᠠᠪᠴᠤ ᠪᠣᠯᠬᠤ ᠲᠦᠷᠦ ᠶᠢᠨ ᠪᠤᠳᠤᠯᠭ᠎ᠠ ᠵᠢᠴᠢ ᠢᠵᠢ ᠪᠦᠷᠢᠳᠦᠭᠰᠡᠨ ᠳᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠨᠢ ᠮᠠᠨ ᠤ ᠤᠯᠤᠰ ᠤᠨ ᠬᠥᠮᠦᠨ ᠠᠮᠠ ᠶᠢᠨ ᠪᠦᠲᠦᠴᠡ ᠶᠢ ᠰᠠᠶᠢᠵᠢᠷᠠᠭᠤᠯᠬᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠮᠠᠨ ᠤ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠨᠳᠦᠰᠦᠨ ᠳᠠᠪᠠᠭᠤᠯᠢᠭ ᠢ ᠪᠠᠲᠤᠯᠠᠬᠤ ᠳᠤ ᠠᠰᠢᠭᠲᠠᠢ ᠶᠤᠮ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠢᠭᠡᠳᠦᠯᠲᠡᠶ ᠲᠥᠯᠥᠪᠵᠢᠭᠦᠯᠬᠦ᠂ ᠲᠥᠷᠥ ᠶᠢᠨ ᠪᠣᠳᠣᠯᠭ᠎ᠠ ᠪᠠᠷ ᠵᠣᠬᠢᠴᠠᠭᠤᠯᠬᠤ ᠪᠠ ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠭᠤᠷᠪᠠᠨ ᠬᠡᠦᠬᠡᠳ ᠠᠪᠴᠤ ᠪᠤᠯᠬᠤ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠪᠣᠯᠤᠨ ᠬᠠᠮᠢᠶ᠎ᠠ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠲᠥᠬᠦᠷᠵᠢᠭᠦᠯᠦᠨ ᠵᠣᠯᠭᠠᠭᠤᠯᠬᠤ ᠶᠢ ᠠᠬᠢᠭᠤᠯᠤᠨ᠂ ᠴᠢᠬᠤᠯᠠ ᠶᠡᠭᠡ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢᠨ ᠬᠥᠮᠦᠨ ᠠᠮᠠ ᠳᠠᠬᠢ ᠨᠥᠯᠥᠭᠡ ᠶᠢ ᠦᠨᠡᠯᠡᠨ ᠵᠢᠱᠢᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠤᠷᠤᠭᠯᠠᠬᠤ᠂ ᠬᠥᠩᠭᠡᠵᠢᠬᠦ᠂ ᠥᠰᠬᠡᠬᠦ᠂ ᠰᠤᠷᠭᠠᠨ ᠬᠦᠮᠦᠵᠢᠯ ᠬᠦᠷᠳᠡᠭᠡᠬᠦ ᠶᠢ ᠨᠢᠭᠡ ᠴᠤᠭᠴᠠᠵᠢᠭᠤᠯᠤᠨ ᠪᠣᠳᠣᠯᠬᠢᠯᠠᠵᠤ᠂ ᠤᠷᠤᠭᠯᠠᠬᠤ ᠨᠠᠰᠤᠨ ᠤ ᠵᠠᠯᠠᠭᠤᠴᠤᠳ ᠲᠤ ᠢᠨᠠᠭ ᠤᠷᠤᠭ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢᠨ ᠬᠥᠮᠦᠵᠢᠯ ᠵᠢᠯᠤᠭᠤᠳᠤᠯᠭ᠎ᠠ ᠬᠢᠬᠦ ᠶᠢ ᠴᠢᠩᠭᠠᠳᠬᠠᠨ᠂ ᠤᠷᠤᠭ ᠬᠤᠷᠢᠮ ᠤᠨ ᠮᠠᠭᠤ ᠮᠠᠭᠤᠬᠠᠢ ᠵᠠᠩ ᠵᠠᠩᠰᠢᠯ᠂ ᠬᠡᠳᠦ ᠦᠨᠳᠦᠷ ᠪᠤᠬᠳᠤᠯᠠᠬᠤ ᠪᠡᠯᠡᠭ ᠵᠡᠷᠭᠡ ᠨᠡᠶᠢᠭᠡᠮ ᠤᠨ ᠮᠠᠭᠤ ᠮᠠᠭᠤᠬᠠᠢ ᠬᠡᠪ ᠰᠤᠷᠲᠠᠯ ᠢ ᠵᠠᠰᠠᠵᠤ᠂ ᠴᠢᠨᠠᠷᠯᠢᠭ ᠲᠦᠷᠦᠵᠤ ᠲᠤᠷᠨᠢᠭᠤᠨ ᠦᠰᠭᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠤᠨ᠂ ᠲᠦᠭᠡᠮᠡᠯ ᠬᠠᠷᠠᠭᠠᠯᠵᠠᠯᠳᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠬᠥᠭᠵᠢᠭᠦᠯᠵᠦ᠂ ᠰᠤᠷᠭᠠᠨ ᠬᠥᠮᠦᠵᠢᠯ ᠤᠨ ᠲᠥᠪ ᠭᠤᠣᠯᠴᠢ ᠬᠢᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠠᠬᠢᠭᠤᠯᠤᠨ᠂ ᠭᠡᠷ ᠪᠦᠯᠢ ᠶᠢᠨ ᠰᠤᠷᠭᠠᠨ ᠬᠥᠮᠥᠵᠢᠯ ᠳᠠᠬᠢ ᠵᠠᠷᠤᠯᠭ᠎ᠠ ᠶᠢ ᠪᠠᠭᠤᠷᠠᠭᠤᠯᠬᠤ ᠬᠡᠷᠡᠭᠲᠡᠢ᠃ ᠬᠦᠩᠭᠡᠵᠢᠯᠳᠡ ᠶᠢᠨ ᠠᠮᠠᠷᠠᠯᠲᠠ ᠬᠢᠭᠡᠳ ᠬᠦᠩᠭᠡᠵᠢᠯᠳᠡ ᠶᠢᠨ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠭᠠᠶᠢᠯᠢ ᠲᠠᠲᠠᠪᠤᠷᠢ᠂ ᠣᠷᠣᠨ ᠰᠠᠭᠤᠴᠠ ᠵᠡᠷᠭᠡ ᠲᠠᠯ᠎ᠠ ᠶᠢᠨ ᠳᠡᠮᠵᠢᠬᠦ ᠲᠦᠷᠦ ᠶᠢᠨ ᠪᠤᠳᠤᠯᠭ᠎ᠠ ᠶᠢ ᠴᠢᠩᠭᠠᠳᠬᠠᠨ᠂ ᠡᠮᠡᠭᠲᠡᠶᠢᠴᠦᠳ ᠤᠨ ᠠᠵᠢᠯ ᠤᠯᠬᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠪᠦᠬᠦ ᠳᠠᠯ᠎ᠠ ᠪᠠᠷ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢᠨ ᠳᠤᠬᠢᠷᠠᠭᠤᠯᠤᠯᠳᠠ ᠬᠢᠬᠦ ᠠᠴᠠ ᠡᠮᠦᠨᠡᠬᠢ ᠭᠠᠭᠴᠠ ᠬᠡᠦᠬᠡᠳ ᠲᠠᠢ ᠭᠡᠷ ᠪᠦᠯᠢ ᠪᠣᠯᠤᠨ ᠬᠥᠳᠡᠭᠡ ᠲᠣᠰᠬᠤᠨ ᠤ ᠲᠥᠯᠥᠪᠯᠡᠭᠡᠲᠦ ᠦᠷᠡᠵᠢᠯ ᠤᠨ ᠬᠤᠶᠠᠷ ᠬᠡᠦᠬᠡᠨ ᠲᠠᠢ ᠭᠡᠷ ᠪᠦᠯᠢ ᠳᠤ ᠣᠳᠣ ᠶᠢᠨ ᠬᠡᠷᠡᠭᠵᠢᠭᠦᠯᠵᠦ ᠪᠠᠶᠢᠭ᠎ᠠ ᠡᠯ᠎ᠡ ᠵᠦᠢᠯ ᠤᠨ ᠱᠠᠩᠨᠠᠨ ᠲᠡᠳᠬᠦᠬᠦ ᠳᠦᠷᠢᠮ ᠪᠣᠯᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠶ᠃ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢ ᠪᠦᠬᠦ ᠲᠠᠯ᠎ᠠ ᠪᠠᠷ ᠬᠠᠪᠰᠤᠷᠤᠨ ᠲᠡᠳᠬᠦᠬᠦ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠭᠤᠤᠯᠯᠠᠨ ᠤᠳᠤᠷᠢᠳᠤᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠣᠷᠣᠯᠴᠠᠭᠰᠠᠨ ᠲᠡᠳᠬᠦᠨ ᠬᠠᠯᠠᠮᠵᠢᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠤᠨ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ ᠃ ᠤᠯᠤᠰ ᠤᠨ ᠬᠥᠮᠦᠨ ᠠᠮᠠ ᠶᠢᠨ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢᠨ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠢ ᠬᠥᠭᠵᠢᠬᠦ ᠶᠢ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号