ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/6/28
   6 ᠰᠠᠷ᠎ᠠ ᠶᠢᠨ 22᠎ ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 216 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠷᠦᠨ ᠰᠢ ᠵᠢᠴᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ
ᠵᠢᠢ ᠷᠦᠩ ᠨᠠᠷ ᠬᠤᠷᠠᠯ ᠳᠤ ᠰᠤᠯᠠ ᠣᠷᠣᠯᠴᠠᠵᠠᠢ᠃
   ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ︽︿ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠭᠦᠯᠦᠯᠭᠡ ︾᠎ ᠶᠢ ᠲᠣᠭᠤᠷᠢᠨ ᠦᠵᠡᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠠᠤᠭ᠎ᠠ ᠬᠦᠴᠦᠨ ᠢᠶᠠᠷ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠵᠠᠮ ᠨᠡᠭᠡᠭᠡᠨ ᠤᠷᠤᠭᠰᠢᠯᠠᠵᠤ᠂ ᠮᠠᠨ ᠤ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠲᠦᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠮᠠᠨ ᠤ ᠬᠤᠲᠠ ᠶᠢᠨ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠨ ᠥᠪᠡᠷᠲᠡᠭᠡᠨ ᠵᠠᠰᠠᠬᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠵᠢᠴᠢ ᠦᠨᠳᠦᠰᠦᠲᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠥᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠠᠶᠢᠩᠭᠤᠵᠢᠭᠤᠯᠵᠤ᠂ ᠤᠷᠲᠤ ᠬᠤᠭᠤᠴᠠᠭ᠎ᠠ ᠪᠦᠲᠦᠮᠵᠢᠲᠡᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠳᠠ ᠶᠢᠨ ᠠᠵᠢᠯ ᠤᠨ ᠲᠦᠷᠢᠮ︾᠎ ᠢ ᠰᠤᠷᠤᠯᠴᠠᠭᠰᠠᠨ ᠤ ᠳᠠᠷᠠᠭ᠎ᠠ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠪᠥᠬᠦ ᠬᠤᠲᠠ ᠶᠢᠨ ᠡᠯ᠎ᠡ ᠲᠠᠰ ᠳᠠᠪᠬᠤᠷᠭ᠎ᠠ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠳᠤ ᠦᠨᠡᠨ ᠬᠦ ᠡᠷᠴᠢᠮᠲᠡᠢ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠠ ᠶᠢᠨ ᠲᠣᠰ ᠱᠠᠲᠤᠨ ᠤ ᠪᠠ ᠬᠤᠰᠢᠭᠤ ᠬᠤᠲᠠ ᠲᠣᠭᠤᠷᠢᠭ ᠤᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠤᠯᠤᠰ ᠲᠥᠷᠥ ᠶᠢᠨ ᠱᠤᠭᠤᠮ ᠳᠤ ᠨᠠᠩ ᠰᠠᠶᠢᠲᠤᠷ ᠦᠢᠯᠡᠴᠢᠯᠡᠬᠦ ᠶᠢ ᠠᠬᠢᠭᠤᠯᠬᠤ ᠬᠡᠷᠡᠭᠲᠡᠶ ᠭᠡᠵᠡᠢ᠃     ᠬᠤᠷᠠᠯ ᠠᠴᠠ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠦᠶᠡᠷ ᠢ ᠰᠡᠷᠭᠡᠶᠢᠯᠡᠬᠦ᠂ ᠳᠣᠲᠣᠭᠠᠳᠤ ᠶᠢ ᠬᠠᠮᠠᠭᠠᠯᠠᠬᠤ ᠪᠠ ᠵᠠᠬᠢᠳᠠᠯ ᠰᠤᠷᠪᠤᠯᠵᠢᠯᠠᠯ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠪᠥᠬᠦ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠲᠤᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ     ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠦᠨᠡᠨᠴᠢ ᠰᠢᠳᠤᠷᠭᠤ ᠴᠠᠭᠳᠠᠭᠠᠨ ᠤ ᠰᠦᠷ ᠰᠦᠯᠳᠡ ᠶᠢ ᠪᠠᠲᠤᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠶᠢᠭᠡᠮ ᠤᠨ ᠠᠮᠤᠷ ᠲᠣᠭᠲᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠵᠤ᠂ ᠠᠷᠠᠳ ᠲᠦᠮᠡᠨ ᠤ ᠠᠮᠤᠷ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠨᠤᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠵᠦᠢ ᠶᠤᠰᠤᠨ ᠤ ᠬᠠᠤᠯᠢ ᠶᠣᠰᠣᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠠᠯᠠᠪᠠ᠃     ᠬᠤᠷᠠᠯ ᠠᠴᠠ ᠪᠠᠰᠠ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠢ ᠬᠤᠷᠠᠯᠳᠤᠭᠤᠯᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠪᠦᠬᠦ ᠬᠤᠲᠠ ᠶᠢᠨ ︽ᠬᠤᠶᠠᠷ ᠰᠢᠯᠢᠳᠡᠭ ᠨᠢᠭᠡ ᠲᠡᠷᠢᠬᠦᠨ︾᠎ ᠤ ᠬᠥᠬᠢᠭᠦᠯᠦᠨ ᠰᠠᠶᠢᠰᠢᠶᠠᠭᠳᠠᠭᠰᠠᠳ ᠤᠨ ᠨᠡᠷᠡᠰ ᠵᠡᠷᠭᠡ ᠠᠭᠤᠯᠭ᠎ᠠ ᠶᠢ ᠬᠢᠨᠠᠨ ᠵᠥᠪᠯᠡᠪᠡ᠃    
 
ᠢᠷᠡᠯᠲᠡ᠄ ᠬᠥᠯᠥᠨ ᠪᠣᠶᠢᠷ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号