ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 23 ᠤ ᠴᠠᠬᠢᠯᠭᠠᠨ ᠮᠡᠳᠡᠭᠡ 6 ᠰᠠᠷ᠎ᠠ ᠶᠢᠨ 23 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠨᠢᠭᠡ ᠪᠦᠰᠡ ᠨᠢᠭᠡ ᠵᠠᠮ︾ ᠤᠨ ᠠᠽᠢᠶ᠎ᠠ ᠲᠢᠪ ᠨᠣᠮᠣᠬᠠᠨ | ᠲᠡᠯᠡᠶ ᠶᠢᠨ ᠣᠷᠣᠨ ᠤ ᠣᠯᠠᠨ ᠤᠯᠤᠰ ᠤᠨ ᠬᠠᠮᠲᠤᠷᠠᠯᠴᠠᠭᠠᠨ ᠤ ᠳᠡᠭᠡᠳᠦ ᠲᠠᠰ ᠤᠨ ᠬᠤᠷᠠᠯ ᠳᠤ ᠪᠢᠴᠢᠭ ᠤᠨ | ᠬᠡᠯᠪᠡᠷᠢ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠪᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠶᠢ ᠳᠤᠷᠠᠳᠤᠭᠰᠠᠨ ᠨᠢ ᠲᠣᠷᠭᠠᠨ ᠵᠠᠮ ᠤᠨ ᠵᠣᠷᠢᠭ ᠰᠠᠨᠠᠭ᠎ᠠ ᠶᠢ ᠤᠯᠠᠮᠵᠢᠯᠠᠵᠥ᠂ ᠨᠡᠭᠡᠭᠡᠯᠲᠡᠲᠦ | ᠬᠠᠮᠲᠤᠷᠠᠯᠴᠠᠭᠠᠨ ᠤ ᠲᠠᠪᠴᠠᠩ ᠢ ᠭᠠᠷ ᠬᠤᠯᠪᠣᠨ ᠪᠠᠶᠢᠭᠤᠯᠵᠤ᠂ ᠡᠯ᠎ᠡ ᠤᠯᠤᠰ ᠤᠨ ᠬᠠᠮᠲᠤᠷᠠᠯᠴᠠᠨ ᠬᠥᠭᠵᠢᠬᠦ ᠳᠤ | ᠰᠢᠨ᠎ᠡ ᠬᠥᠳᠡᠯᠭᠡᠬᠦ ᠬᠦᠴᠦᠨ ᠬᠠᠩᠭᠠᠬᠤ ᠶᠢ ᠵᠤᠷᠢᠪᠠ᠃ 8 ᠵᠢᠯ ᠤᠨ ᠲᠤᠷᠰᠢ᠂ 140 ᠤᠯᠤᠰ ᠳᠤᠮᠳᠠᠳᠤ | ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ | ᠵᠥᠪᠯᠡᠯᠴᠡᠭᠡᠷ ᠲᠤᠬᠢᠷᠠᠯᠴᠠᠵᠥ᠂ ᠬᠠᠮᠲᠤᠷᠠᠯᠴᠠᠭᠠᠨ ᠤ ᠬᠠᠨᠢᠲᠠᠨ ᠶᠠᠪᠤᠬᠤ ᠲᠤᠳᠤᠮ ᠣᠯᠠᠰᠢᠷᠠᠪᠠ᠃ ᠡᠯ᠎ᠡ | ᠲᠠᠯ᠎ᠠ ᠶᠢᠨ ᠬᠢᠨ ᠲᠦᠷᠦ ᠶᠢᠨ ᠪᠤᠳᠤᠯᠭ᠎ᠠ ᠶᠢᠨ ᠨᠡᠪᠲᠡᠷᠡᠯᠴᠡᠭᠡ᠂ ᠳᠤᠨᠤᠭ ᠲᠥᠬᠦᠭᠡᠷᠦᠮᠵᠢ ᠶᠢᠨ ᠨᠡᠪᠲᠡᠷᠡᠯᠴᠡᠭᠡ᠂ | ᠠᠷᠠᠯᠵᠢᠶ᠎ᠠ ᠬᠤᠳᠠᠯᠳᠤᠭᠠᠨ ᠤ ᠨᠡᠪᠲᠡᠷᠡᠯᠴᠡᠭᠡ᠂ ᠪᠡᠯᠡ ᠮᠥᠩᠭᠦᠨ ᠤ ᠨᠡᠪᠳᠡᠷᠡᠯᠴᠡᠭᠡ᠂ ᠠᠷᠠᠳ ᠤᠨ ᠰᠡᠳᠬᠢᠯ ᠤᠨ | ᠨᠡᠪᠲᠡᠷᠡᠯᠴᠡᠭᠡ ᠶᠢ ᠢᠳᠡᠪᠬᠢᠲᠡᠢ ᠠᠬᠢᠭᠤᠯᠵᠤ᠂ ᠶᠡᠭᠡ ᠬᠡᠮᠵᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ᠂ | ᠠᠷᠠᠳ ᠤᠯᠠᠨ ᠳᠤ ᠪᠤᠶᠠᠨ ᠦᠢᠯᠡᠳᠬᠦ ᠲᠦᠷᠦᠯ ᠵᠦᠢᠯ ᠢ ᠡᠬᠢᠯᠡᠭᠦᠯᠵᠦ᠂ ᠪᠦᠬᠦ ᠲᠠᠯ᠎ᠠ ᠶᠢᠨ᠂ ᠬᠠᠮ ᠬᠡᠯᠪᠡᠷᠢ ᠶᠢᠨ | ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠠᠮᠲᠤ ᠪᠠᠷ ᠬᠥᠭᠵᠢᠬᠦ ᠰᠢᠨ᠎ᠡ | ᠢᠷᠡᠭᠡᠳᠦᠢ ᠶᠢ ᠨᠡᠭᠡᠭᠡᠵᠡᠢ᠃ ᠬᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠪᠢᠳᠡ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ | ᠳᠤᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ | ᠂ ᠳᠡᠯᠡᠬᠡᠶ ᠨᠡᠶᠢᠲᠡ ᠳᠤ ᠢᠲᠡᠭᠡᠯ ᠵᠣᠷᠢᠭ ᠪᠠ ᠬᠦᠴᠦᠨ ᠴᠢᠳᠠᠯ ᠢᠶᠠᠨ ᠳᠠᠮᠵᠢᠭᠤᠯᠵᠤ᠂ ᠪᠥᠬᠦ ᠪᠥᠮᠪᠥᠷᠴᠡᠭ ᠤᠨ | ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠ ᠠᠵᠤ ᠠᠬᠤᠶ ᠶᠢᠨ ᠰᠡᠷᠭᠦᠯᠲᠡ ᠳᠤ ᠴᠢᠬᠤᠯᠠ ᠬᠤᠪᠢ ᠨᠡᠮᠡᠷᠢ | ᠦᠵᠡᠭᠦᠯᠪᠡ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠬᠠᠮᠲᠤ ᠪᠠᠷ | ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠬᠠᠮᠲᠤᠷᠠᠯᠴᠠᠭᠠᠨ ᠤ ᠵᠠᠷᠴᠢᠮ ᠢ ᠪᠠᠷᠢᠮᠲᠠᠯᠠᠵᠤ᠂ ᠨᠡᠭᠡᠭᠡᠯᠲᠡᠲᠦ | ᠂ ᠪᠣᠬᠢᠷᠲᠤᠯ ᠦᠭᠡᠢ᠂ ᠠᠷᠢᠭᠤᠨ ᠴᠢᠬᠡᠴᠢ᠂ ᠬᠠᠮᠲᠤᠷᠠᠯᠴᠠᠭᠠᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ | ᠪᠠᠷᠢᠮᠵᠢᠶ᠎ᠠ ᠲᠠᠢ᠂ ᠠᠷᠠᠳ ᠲᠤ ᠠᠰᠢᠭ ᠬᠦᠷᠲᠡᠭᠡᠬᠦ᠂ ᠦᠷᠭᠦᠯᠵᠢᠯᠡᠬᠦ ᠬᠠᠮᠲᠤᠷᠠᠯᠴᠠᠭᠠᠨ ᠤ ᠬᠠᠷᠠᠯᠲᠠ ᠶᠢᠨ ᠲᠦᠯᠦᠭᠡ | ᠴᠢᠷᠮᠠᠶᠢᠶ᠎ᠠ᠃ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ︽ᠨᠢᠭᠡ ᠪᠦᠰᠡ | ᠨᠢᠭᠡ ᠵᠠᠮ︾ ᠤᠨ ᠬᠠᠮᠲᠤᠷᠠᠯᠴᠠᠭᠠᠨ ᠤ ᠬᠠᠨᠢᠲᠠᠨ ᠳᠤ ᠨᠡᠩ ᠤᠯᠠᠨ ᠵᠠᠬ᠎ᠠ ᠳᠡᠯᠭᠡᠭᠦᠷ ᠤᠨ ᠠᠵᠠ ᠲᠣᠬᠢᠶᠠᠯ᠂ ᠪᠡᠯᠡ | ᠣᠷᠣᠭᠤᠯᠤᠯᠲᠠ ᠶᠢᠨ ᠠᠵᠠ ᠲᠣᠬᠢᠶᠠᠯ᠂ ᠨᠡᠮᠡᠭᠳᠡᠯ ᠤᠨ ᠠᠵᠠ ᠲᠣᠬᠢᠶᠠᠯ ᠬᠠᠩᠭᠠᠪᠠ᠃ ᠳᠤᠮᠳᠠᠳᠤ ᠤᠯᠤᠰ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠨᠡᠩ ᠨᠢᠭᠲᠠ ︽ᠨᠢᠭᠡ ᠪᠦᠰᠡ ᠨᠢᠭᠡ ᠵᠠᠮ︾ ᠤᠨ ᠬᠠᠨᠢᠲᠠᠨ ᠤ | ᠬᠠᠷᠢᠯᠴᠠᠭ᠎ᠠ ᠶᠢ ᠪᠠᠶᠢᠭᠤᠯᠵᠤ᠂ ᠪᠦᠯᠬᠦᠮᠳᠡᠨ ᠬᠠᠮᠲᠤᠷᠠᠯᠴᠠᠬᠤ᠂ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ | ᠬᠥᠭᠵᠢᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ | ᠪᠠᠶᠢᠭᠤᠯᠬᠤ ᠶᠢ ᠬᠠᠮᠲᠤ ᠪᠠᠷ ᠠᠬᠢᠭᠤᠯᠤᠨ᠎ᠠ ᠭᠡᠵᠤ ᠴᠢᠬᠤᠯᠠᠴᠢᠯᠠᠵᠠᠢ᠃ | |