ᠯᠢ ᠺᠧ ᠴᠢᠶᠠᠩ ᠬᠤᠶᠠᠳᠤᠭᠠᠷ ᠬᠤᠭᠤᠴᠠᠭᠠᠨ ᠤ ᠪᠦᠬᠦ ᠪᠥᠮᠪᠥᠷᠴᠡᠭ ᠤᠨ ᠪᠣᠬᠢᠷᠲᠤᠯ ᠦᠭᠡᠢ ᠬᠠᠷᠠᠯᠲᠠᠲᠤ ᠬᠠᠨᠢᠲᠠᠨ ᠤ 2030 ᠲᠦᠷᠦᠭᠦᠴᠦᠳ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/6/3
     ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 30᠎ ᠤ ᠡᠳᠦᠷ ᠸᠢᠳᠢᠣ᠋ ᠶᠢᠨ ᠬᠡᠯᠪᠡᠷᠢ ᠪᠠᠷ ᠬᠤᠶᠠᠳᠤᠭᠠᠷ ᠬᠤᠭᠤᠴᠠᠭᠠᠨ ᠤ ᠪᠦᠬᠦ ᠪᠥᠮᠪᠥᠷᠴᠡᠭ ᠤᠨ ᠪᠣᠬᠢᠷᠲᠤᠯ ᠦᠭᠡᠢ ᠬᠠᠷᠠᠯᠲᠠᠲᠤ ᠬᠠᠨᠢᠲᠠᠨ ᠤ 2030 ᠲᠦᠷᠦᠭᠦᠴᠦᠳ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
     ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠣᠳᠣᠬᠠᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠤᠨ ᠬᠡᠪᠴᠢᠶᠡᠨ ᠳᠤ ᠥᠷᠪᠢᠰᠦᠨ ᠳᠡᠯᠭᠡᠷᠡᠵᠦ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠪᠤᠰᠤ ᠴᠢᠨᠠᠷ᠂ ᠲᠣᠭᠲᠠᠪᠤᠷᠢ ᠦᠭᠡᠢ ᠴᠢᠨᠠᠷ ᠨᠡᠮᠡᠭᠳᠡᠵᠦ᠂ ᠪᠦᠬᠦ ᠪᠥᠮᠪᠥᠷᠴᠡᠭ ᠤᠨ ᠪᠣᠬᠢᠷᠲᠤᠯ ᠦᠭᠡᠢ ᠪᠠ ᠦᠷᠭᠦᠯᠵᠢᠯᠡᠬᠦᠶᠢᠴᠡ ᠬᠥᠭᠵᠢᠯᠲᠡ ᠬᠦᠨᠳᠦ ᠨᠣᠴᠢᠲᠠᠢ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠬᠦᠴᠢᠷ ᠪᠡᠷᠬᠡᠰᠢᠶᠡᠯ ᠪᠠ ᠲᠠᠭᠠᠷᠢᠯᠳᠠ ᠶᠢᠨ ᠡᠮᠦᠨ᠎ᠡ᠂ ᠳᠡᠯᠡᠬᠡᠢ ᠨᠡᠶᠢᠭᠡᠮ ᠢᠶᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠥ᠂ ᠬᠥᠭᠵᠢᠯᠲᠡ ᠶᠢ ᠡᠷᠬᠢᠮᠯᠡᠬᠦ ᠪᠠ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠵᠡᠷᠭᠡ ᠪᠠᠷ ᠶᠠᠪᠤᠭᠳᠠᠭᠤᠯᠬᠤ ᠪᠠ ᠬᠠᠷᠢᠯᠴᠠᠨ ᠠᠬᠢᠭᠤᠯᠬᠤ ᠶᠢ ᠴᠢᠷᠮᠠᠶᠢᠨ ᠪᠡᠶᠡᠯᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠳᠡᠯᠡᠬᠡᠢ ᠳᠡᠭᠡᠷᠡᠬᠢ ᠬᠠᠮᠤᠭ ᠤᠨ ᠲᠤᠮᠤ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠲᠤᠰ ᠵᠠᠭᠤᠨ ᠤ ᠳᠤᠮᠳᠠᠴᠢ ᠪᠠᠷ ᠣᠳᠣᠬᠢᠴᠢᠯᠠᠯᠲᠠ ᠶᠢ ᠪᠡᠶᠡᠯᠡᠭᠦᠯᠵᠦ ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠬᠦ ᠶᠠᠪᠤᠴᠠ ᠳᠤ ᠳᠣᠣᠷ᠎ᠠ ᠨᠡᠭᠦᠷᠡᠰᠦᠳᠦ᠋ᠷᠦᠭᠴᠢᠲᠦ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠪᠠᠷ ᠪᠣᠢ᠃ ᠡᠨᠡ ᠨᠢ ᠬᠥᠮᠦᠨ ᠲᠥᠷᠥᠯᠬᠢᠲᠡᠨ ᠤ ᠲᠡᠦᠬᠡᠨ ᠳᠤ ᠤᠷᠢᠳᠤ ᠡᠮᠦᠨ᠎ᠡ ᠪᠠᠶᠢᠭ᠎ᠠ ᠦᠭᠡᠢ ᠠᠤᠭ᠎ᠠ ᠦᠢᠯᠡᠰ ᠪᠠᠶᠢᠵᠤ᠂ ᠡᠷᠬᠡᠪᠰᠢ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠᠯ ᠰᠠᠶ᠋ᠢ ᠪᠡᠶᠡᠯᠡᠭᠳᠡᠵᠦ ᠴᠢᠳᠠᠨ᠎ᠠ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠶᠢ ᠪᠡᠶᠡᠯᠡᠭᠦᠯᠵᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠨᠡᠶᠢᠲᠡᠯᠡᠪᠡ᠃ ᠳᠤᠮᠳᠠᠳᠤ ᠤᠯᠤᠰ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠡᠷᠬᠢᠯᠳᠡᠳᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ︔ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠴᠢᠭᠯᠡᠯ ᠪᠣᠯᠭᠠᠵᠤ᠂ ᠪᠣᠬᠢᠷᠲᠤᠯ ᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠳᠤᠮᠳᠠᠳᠤ ᠤᠯᠤᠰ ᠡᠨᠡ ᠵᠢᠯ ᠤᠨ 10 ᠳ᠋ᠤᠭᠠᠷ ᠰᠠᠷ᠎ᠠ ᠳᠤ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃      ᠯᠢ ᠺᠧ ᠴᠢᠶᠠᠩ ᠭᠤᠷᠪᠠᠨ ᠲᠠᠯ᠎ᠠ ᠶᠢᠨ ᠰᠠᠨᠠᠭᠤᠯᠭ᠎ᠠ ᠳᠤᠷᠠᠳᠪᠠ᠄      ᠨᠢᠭᠡ ᠳᠤ᠂ ᠪᠦᠯᠬᠦᠮᠳᠡᠨ ᠬᠠᠮᠵᠢᠯᠴᠠᠵᠤ᠂ ᠪᠦᠬᠦ ᠪᠥᠮᠪᠥᠷᠴᠡᠭ ᠤᠨ ᠬᠢᠵᠢᠭ ᠢ ᠡᠰᠡᠷᠭᠦᠴᠡᠵᠦ ᠬᠤᠷᠢᠭᠯᠠᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠬᠠᠮᠲᠤ ᠪᠠᠷ ᠣᠯᠤᠨ᠎ᠠ᠃ ᠬᠢᠵᠢᠭ ᠤᠨ ᠪᠠᠶᠢᠳᠠᠯ ᠲᠤᠶᠢᠯᠪᠤᠷᠢᠲᠠᠢ ᠳᠠᠭᠤᠰᠬᠤ ᠦᠭᠡᠢ ᠪᠣᠯ ᠡᠯ᠎ᠡ ᠤᠯᠤᠰ ᠰᠠᠨᠠᠭ᠎ᠠ ᠠᠮᠤᠷ ᠬᠥᠭᠵᠢᠵᠦ ᠴᠢᠳᠠᠬᠤ ᠦᠭᠡᠢ ᠶᠤᠮ᠃ ᠸᠢᠷᠦ᠋ᠰ ᠭᠡᠬᠦ ᠡᠨᠡ ᠬᠦ ᠬᠠᠮᠲᠤ ᠶᠢᠨ ᠳᠠᠶᠢᠰᠤᠨ ᠤ ᠡᠮᠦᠨ᠎ᠡ᠂ ᠠᠯᠢ ᠴᠤ ᠤᠯᠤᠰ ᠭᠡᠳ ᠵᠥᠪᠬᠡᠨ ᠥᠪᠡᠷ ᠤᠨ ᠪᠡᠶ᠎ᠡ ᠪᠠᠨ ᠯᠠ ᠪᠣᠳᠣᠯᠬᠢᠯᠠᠵᠤ ᠴᠢᠳᠠᠬᠤ ᠦᠭᠡᠢ ᠶᠤᠮ᠃ ᠪᠦᠯᠬᠦᠮᠳᠡᠨ ᠬᠠᠮᠵᠢᠯᠴᠠᠬᠤ ᠪᠣᠯ ᠬᠢᠵᠢᠭ ᠤᠨ ᠪᠠᠶᠢᠳᠠᠯ ᠢ ᠢᠯᠠᠨ ᠳᠠᠪᠠᠭ᠋ᠤ ︽ᠵᠥᠪ ᠵᠠᠮ︾ ᠮᠥᠨ᠃ ᠪᠢᠳᠡ ᠬᠢᠵᠢᠭ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠡᠷᠡᠭᠦᠯ ᠬᠠᠮᠠᠭᠠᠯᠠᠯ ᠤᠨ ᠵᠠᠰᠠᠯᠲᠠ ᠶᠢᠨ ᠲᠣᠭᠲᠠᠯᠴᠠᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠬᠠᠮᠲᠤ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ︽ᠲᠦᠷᠭᠡᠨ ᠨᠡᠪᠲᠡᠷᠡᠬᠦ ᠵᠠᠮ︾᠂ ︽ᠰᠠᠭᠠᠳ ᠦᠭᠡᠢ ᠨᠡᠪᠲᠡᠷᠡᠬᠦ ᠵᠠᠮ︾ ᠵᠡᠷᠭᠡ ᠠᠮᠢᠳᠤᠯᠢᠭ ᠠᠷᠭ᠎ᠠ ᠬᠡᠯᠪᠡᠷᠢ ᠪᠠᠷ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠥᠭᠡᠳ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ᠃      ᠬᠤᠶᠠᠷ ᠲᠤ᠂ ᠰᠡᠳᠬᠢᠴᠡ ᠪᠠᠨ ᠬᠤᠪᠢᠷᠠᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠡᠯ᠎ᠡ ᠤᠯᠤᠰ ᠬᠢᠵᠢᠭ ᠤᠨ ᠳᠠᠷᠠᠭ᠎ᠠ ᠰᠡᠷᠭᠦᠯᠲᠡ ᠬᠢᠬᠦ ᠳᠤ ᠶᠠᠭᠠᠬᠢᠭᠰᠠᠨ ᠴᠦ ᠪᠣᠬᠢᠷᠲᠤᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ ᠬᠥᠭᠵᠢᠯᠲᠡ ᠶᠢᠨ ᠬᠠᠭᠤᠴᠢᠨ ᠵᠠᠮ ᠳᠤ ᠪᠠᠨ ᠳᠠᠬᠢᠨ ᠣᠷᠣᠵᠤ ᠪᠣᠯᠬᠤ ᠦᠭᠡᠢ᠂ ᠠᠵᠤ ᠠᠬᠤᠶ ᠶᠢᠨ ᠬᠥᠭᠵᠢᠯᠲᠡ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤ ᠪᠠᠷ ᠠᠰᠢᠭ ᠬᠦᠷᠳᠡᠬᠦ ᠶᠢ ᠯᠠᠪᠳᠠᠭᠤᠨ ᠪᠠᠲᠤᠲᠠᠢ ᠬᠥᠭᠡᠭᠡᠴᠡᠯᠳᠦᠵᠦ᠂ ᠪᠦᠳᠦᠭᠦᠯᠢᠭ ᠬᠡᠯᠪᠡᠷᠢ ᠶᠢᠨ ᠨᠡᠮᠡᠭᠳᠡᠯ ᠤᠨ ᠬᠥᠭᠡᠷᠦᠯ ᠢ ᠡᠷᠡᠰ ᠬᠤᠷᠢᠭᠯᠠᠬᠤ ᠬᠡᠷᠡᠭᠲᠡᠶ᠃ ᠬᠢᠵᠢᠭ ᠤᠨ ᠪᠠᠶᠢᠳᠠᠯ ᠠᠴᠠ ᠪᠣᠯᠤᠭᠰᠠᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠴᠢᠩᠭ᠎ᠠ ᠡᠵᠡᠮᠳᠡᠵᠦ᠂ ᠲᠣᠭᠠᠴᠢᠯᠠᠭᠰᠠᠨ ᠬᠡᠯᠪᠡᠷᠢ ᠬᠤᠪᠢᠷᠠᠭᠤᠯᠤᠯᠲᠠ ᠶᠢ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠵᠡᠷᠭᠡ ᠰᠢᠨ᠎ᠡ ᠠᠵᠠ ᠲᠣᠬᠢᠶᠠᠯ ᠢ ᠬᠥᠭᠵᠢᠭᠡᠵᠦ᠂ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃      ᠭᠤᠷᠪᠠ ᠳᠤ ᠂ ᠬᠥᠭᠵᠢᠵᠦ ᠪᠠᠶᠢᠭ᠎ᠠ ᠤᠯᠤᠰ ᠤᠳ ᠤᠨ ᠣᠨᠴᠠᠭᠠᠶ ᠬᠦᠴᠢᠷᠳᠡᠯ ᠢ ᠬᠠᠷᠠᠭᠠᠯᠵᠠᠨ᠎ᠠ᠃ ᠳᠡᠯᠡᠬᠡᠢ ᠨᠡᠶᠢᠭᠡᠮ ᠢᠶᠠᠷ ᠢᠶᠠᠨ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠩᠬᠠᠷᠤᠯ ᠪᠣᠯᠤᠨ ᠬᠦᠰᠡᠯ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠷᠭᠡᠵᠢᠯ᠂ ᠪᠡᠯᠡ ᠮᠥᠩᠭᠦ᠂ ᠴᠢᠳᠠᠪᠤᠷᠢ ᠶᠢᠨ ᠳᠡᠮᠵᠢᠯᠭᠡ ᠪᠠᠨ ᠨᠡᠮᠡᠭᠳᠡᠭᠦᠯᠵᠦ᠂ ᠲᠡᠳᠡᠨ ᠢ ᠬᠠᠪᠰᠤᠷᠤᠨ ᠳᠣᠣᠷ᠎ᠠ ᠨᠡᠭᠦᠷᠡᠰᠦᠳᠦ᠋ᠷᠦᠭᠴᠢᠲᠦ ᠬᠡᠯᠪᠡᠷᠢ ᠬᠤᠪᠢᠷᠠᠭᠤᠯᠤᠯᠲᠠ ᠶᠢ ᠪᠡᠶᠡᠯᠡᠭᠦᠯᠬᠦ ᠬᠡᠷᠡᠭᠲᠡᠢ᠃ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠲᠦᠷᠢᠮ ᠤᠨ ᠲᠣᠭᠲᠠᠯᠴᠠᠭ᠎ᠠ ᠶᠢ ᠬᠠᠮᠠᠭᠠᠯᠠᠵᠤ᠂ ᠪᠣᠬᠢᠷᠲᠤᠯ ᠦᠭᠡᠢ ᠰᠢᠨ᠎ᠡ ᠠᠷᠠᠯᠵᠢᠶᠠᠨ ᠤ ᠪᠠᠬᠢᠯᠡᠯᠲᠡ ᠠᠴᠠ ᠰᠡᠷᠡᠮᠵᠢᠯᠡᠵᠦ᠂ ᠭᠠᠭᠴᠠ ᠲᠠᠯᠠᠲᠤ ᠦᠵᠡᠯ ᠪᠠ ᠠᠷᠠᠯᠵᠢᠶᠠᠨ ᠤ ᠬᠠᠮᠠᠭᠠᠯᠠᠬᠤ ᠦᠵᠡᠯ ᠢ ᠡᠰᠡᠷᠭᠦᠴᠡᠬᠦ ᠬᠡᠷᠡᠭᠲᠡᠶ᠃      ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠪᠣᠬᠢᠷᠲᠤᠯ ᠦᠭᠡᠢ ᠪᠠᠶᠢᠭ᠎ᠠ ᠨᠢ ᠢᠷᠡᠭᠡᠳᠦᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠲᠣᠭᠲᠠᠭᠠᠳᠠᠭ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠭᠠᠷ ᠭᠠᠷ ᠢᠶᠠᠨ ᠬᠤᠯᠪᠣᠯᠴᠠᠨ ᠪᠣᠬᠢᠷᠲᠤᠯ ᠦᠭᠡᠢ ᠰᠡᠷᠭᠦᠯᠲᠡ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠭᠡᠪᠡ᠃      ᠬᠤᠶᠠᠳᠤᠭᠠᠷ ᠬᠤᠭᠤᠴᠠᠭᠠᠨ ᠤ ᠪᠦᠬᠦ ᠪᠥᠮᠪᠥᠷᠴᠡᠭ ᠤᠨ ᠪᠣᠬᠢᠷᠲᠤᠯ ᠦᠭᠡᠢ ᠬᠠᠷᠠᠯᠲᠠᠲᠤ ᠬᠠᠨᠢᠲᠠᠨ ᠤ 2030 ᠲᠦᠷᠦᠭᠦᠴᠦᠳ ᠤᠨ ᠬᠤᠷᠠᠯ ᠢ ᠺᠣᠷᠢᠶᠠ ᠤᠯᠤᠰ ᠭᠤᠣᠯᠯᠠᠨ ᠡᠷᠬᠢᠯᠡᠵᠦ᠂ ᠸᠢᠳᠢᠣ᠋ ᠶᠢᠨ ᠬᠡᠯᠪᠡᠷᠢ ᠪᠠᠷ ᠶᠠᠪᠤᠭᠳᠠᠭᠤᠯᠵᠠᠢ ᠃ 60 ᠭᠠᠷᠤᠢ ᠤᠯᠤᠰ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号