ᠰᠢᠨ᠎ᠡ ᠪᠠᠷᠭᠤ ᠵᠡᠬᠦᠨ ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶ᠎ᠠ ᠨᠢ ᠮᠤᠩᠭᠤᠯ ᠠᠨᠠᠭᠠᠬᠤ ᠤᠬᠠᠭᠠᠨ ᠤ ᠷᠢᠳᠢ ᠰᠢᠳᠢ ᠪᠠᠷ ᠠᠷᠠᠳ ᠲᠦᠮᠡᠨ ᠤ ᠡᠷᠡᠬᠦᠯ ᠡᠩᠬᠡ ᠳᠤ ᠦᠢᠯᠡᠴᠢᠯᠡᠵᠦ ᠪᠤᠢ
ᠨᠡᠶᠢᠲᠡᠯᠡᠭᠰᠡᠨ ᠴᠠᠭ᠄
2021/6/7
ᠰᠢᠨ᠎ᠡ ᠪᠠᠷᠭᠤ ᠵᠡᠬᠦᠨ ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶ᠎ᠠ ᠨᠢ ᠮᠤᠩᠭᠤᠯ ᠠᠨᠠᠭᠠᠬᠤ ᠤᠬᠠᠭᠠᠨ ᠤ ᠷᠢᠳᠢ ᠰᠢᠳᠢ ᠪᠠᠷ ᠠᠷᠠᠳ ᠲᠦᠮᠡᠨ ᠤ ᠡᠷᠡᠬᠦᠯ ᠡᠩᠬᠡ ᠳᠤ ᠦᠢᠯᠡᠴᠢᠯᠡᠵᠦ ᠪᠤᠢ                                                   ᠰᠠᠴᠤᠷᠠ    ᠤᠶᠠᠬᠠᠨ    ᠸᠠᠩ ᠵᠢᠶᠦ᠋ᠨ ᠬᠤᠣ       ᠤᠳᠤᠷᠢᠳᠬᠠᠯ᠄ ᠮᠤᠩᠭᠤᠯ ᠠᠨᠠᠭᠠᠬᠤ ᠤᠬᠠᠭᠠᠨ ᠤ ᠲᠠᠪᠤᠨ ᠵᠠᠰᠠᠯ ᠨᠢ ᠴᠦᠮ ᠮᠤᠩᠭᠤᠯ ᠠᠮᠢᠳᠤᠷᠠᠯ ᠤᠨ ᠤᠨᠴᠠᠯᠢᠭ ᠰᠢᠨᠵᠢ ᠲᠠᠢ ᠨᠢᠭᠳᠠ ᠬᠠᠷᠢᠴᠠᠭ᠎ᠠ ᠲᠠᠢ ᠶᠤᠮ᠃ ᠮᠤᠩᠭᠤᠯᠴᠤᠤᠳ ᠮᠠᠯ ᠮᠠᠯᠵᠢᠬᠤ᠂ ᠠᠩ ᠠᠩᠨᠠᠬᠤ ᠪᠠᠷ ᠠᠮᠢᠳᠤᠷᠠᠯ ᠤᠨ ᠦᠨᠳᠤᠰᠤᠨ ᠠᠷᠭ᠎ᠠ ᠬᠡᠯᠪᠡᠷᠢ ᠪᠠᠨ ᠪᠤᠯᠭᠠᠵᠦ᠂ ᠤᠷᠤᠨ ᠨᠤᠳᠤᠭ᠂ ᠤᠷᠴᠢᠨ ᠠᠬᠤᠢ᠂ ᠦᠪᠡᠷᠮᠢᠴᠠ ᠠᠮᠢᠳᠤᠷᠠᠯ ᠳᠠᠭᠠᠨ ᠲᠤᠬᠢᠷᠠᠭᠰᠠᠨ ᠤᠯᠠᠮᠵᠢᠯᠠᠯᠳᠤ ᠵᠠᠰᠠᠯ ᠤᠳ ᠢ ᠡᠬᠦᠳᠤᠨ ᠪᠦᠳᠦᠭᠡᠵᠦ᠂ ᠦᠷᠬᠦᠯᠵᠢ ᠲᠤᠬᠢᠶᠠᠯᠳᠤᠳᠠᠭ ᠡᠪᠡᠳᠴᠢᠨ ᠬᠠᠭᠤᠴᠢᠨ ᠢᠶᠠᠨ ᠤᠯᠠᠮᠵᠢᠯᠠᠯᠳᠦ ᠠᠷᠭ᠎ᠠ ᠮᠠᠶ᠋ᠢᠭ ᠢᠶᠠᠷ ᠡᠮᠨᠡᠨ ᠵᠠᠰᠠᠭᠰᠠᠭᠠᠷ ᠢᠷᠡᠭᠰᠡᠨ ᠶᠤᠮ᠃       ᠦᠨᠦ ᠵᠢᠯ ᠤᠨ ᠬᠠᠪᠤᠷ ᠤᠨ ᠠᠭᠤᠷ ᠤᠷᠤᠭᠰᠠᠨ ᠠᠴᠠ ᠨᠠᠰᠢ᠂ ᠰᠢᠨ᠎ᠡ ᠪᠠᠷᠭᠤ ᠵᠡᠬᠦᠨ ᠬᠤᠰᠢᠭᠤᠨ ᠤ ᠴᠠᠭ ᠠᠭᠠᠷ ᠲᠡᠭᠰᠢ ᠦᠬᠡᠢ᠂ ᠴᠠᠰᠤ ᠪᠤᠷᠤᠭᠠᠨ ᠲᠠᠢ᠂ ᠶᠡᠭᠡ ᠰᠠᠯᠬᠢᠨ ᠲᠠᠢ ᠴᠠᠭ ᠠᠭᠤᠷ ᠢᠯᠡᠷᠡᠵᠦ᠂ ᠬᠦᠢᠲᠡᠨ ᠬᠠᠯᠠᠭᠤᠨ ᠲᠡᠭᠰᠢ ᠦᠬᠡᠢ ᠪᠤᠯᠤᠭᠰᠠᠨ ᠠᠴᠠ ᠮᠠᠯᠴᠢᠳ ᠪᠠ ᠰᠠᠭᠤᠭᠠᠯᠢ ᠠᠷᠠᠳ ᠤᠨ ᠦᠶ᠎ᠡ ᠬᠡᠰᠢᠭᠦᠤ᠂ ᠬᠤᠶᠠᠩ ᠰᠢᠷ᠎ᠠ ᠵᠡᠷᠬᠡ ᠡᠪᠡᠳᠴᠢᠨ ᠬᠠᠭᠤᠴᠢᠨ ᠢ ᠨᠢ ᠬᠦᠳᠡᠯᠬᠡᠵᠦ᠂ ᠲᠠᠷᠴᠢᠯᠭᠠᠵᠦ ᠪᠠᠶᠢᠯ᠎ᠠ᠃ ᠦᠢᠷ᠎ᠠ ᠳᠤ ᠦᠪᠦᠷᠪᠤᠯᠠᠭ ᠰᠤᠮᠤᠨ ᠤ ᠰᠠᠷᠠᠭᠤᠯᠳᠦ᠋ᠪ ᠭᠠᠴᠠᠭᠠᠨ ᠤ ᠮᠠᠯᠴᠢᠨ ᠤᠷᠳᠤᠨᠠᠰᠤᠨ ᠤ ᠬᠥᠯ ᠨᠢᠷᠤᠭᠤ ᠡᠪᠡᠳᠬᠦ ᠠᠷᠬᠠᠭ ᠨᠢ ᠬᠦᠳᠡᠯᠵᠦ ᠂ ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶᠠᠨ ᠳᠤ ᠢᠷᠡᠵᠦ᠂ ᠡᠯᠡᠰᠦᠨ ᠵᠠᠰᠠᠯ ᠬᠢᠭᠰᠡᠨ ᠳᠤ ᠶᠡᠭᠡ ᠰᠠᠶᠢᠨ ᠢᠯᠡᠷᠡᠯ ᠭᠠᠷᠴᠦ᠂  ᠲᠠᠬᠢᠨ ᠨᠢᠬᠡ ᠤᠳᠠᠭᠠᠨ ᠤ ᠡᠮᠴᠢᠯᠡᠭᠡ ᠬᠢᠬᠦ ᠪᠠᠷ ᠪᠤᠯᠵᠦᠵᠦ ᠪᠠᠶᠢᠯ᠎ᠠ᠃              ※  ᠮᠤᠩᠭᠤᠯ ᠰᠤᠷᠪᠤᠯᠵᠢᠯᠠᠭ᠎ᠠ᠄  ᠮᠠᠯᠴᠢᠨ   ᠤᠷᠳᠤᠨᠠᠰᠤᠨ      ᠰᠢᠨ᠎ᠠ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠨᠢ 2020 ᠤᠨ ᠤ 9 ᠳ᠋ᠤᠬᠡᠷ ᠰᠠᠷ᠎ᠠ ᠳᠤ ᠰᠢᠨ᠎ᠡ ᠪᠠᠶᠢᠷᠢᠰᠢᠯ ᠳᠤ ᠨᠡᠬᠦᠨ ᠤᠴᠢᠭᠰᠠᠨ ᠠᠴᠠ ᠨᠠᠰᠢ᠂ ᠮᠤᠩᠭᠤᠯ ᠠᠨᠠᠭᠠᠬᠤ ᠤᠬᠠᠭᠠᠨ ᠤ ᠤᠯᠠᠮᠵᠢᠯᠠᠯᠳᠦ ᠲᠠᠪᠤᠨ ᠵᠠᠰᠠᠯ ᠤᠨ ᠡᠮᠴᠢᠯᠡᠭᠡ ᠪᠠᠨ ᠰᠢᠰᠲ᠋ᠧᠮ ᠲᠠᠢ ᠶᠠᠪᠤᠭᠳᠠᠭᠤᠯᠵᠤ᠂ ᠦᠷᠬᠡᠨ ᠤᠯᠠᠨ ᠮᠠᠯᠴᠢᠨ ᠲᠦᠮᠡᠨ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠢ ᠤᠯᠪᠠ᠃ ᠰᠢᠨ᠎ᠠ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠳᠠᠪᠤᠨ ᠵᠠᠰᠠᠯ ᠤᠨ ᠰᠠᠯᠠᠭ᠎ᠠ ᠨᠢ ᠬᠤᠳᠠ ᠶᠢᠨ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠠᠶᠢᠵᠤ᠂ ᠡᠮᠴᠢᠯᠡᠭᠡᠨ ᠤ ᠳᠤᠮᠳᠠ ᠪᠠᠨ ᠪᠠᠶᠢᠭᠠᠭᠠᠯᠢᠭ ᠤᠯᠠᠮᠵᠢᠯᠠᠯᠳᠤ ᠵᠠᠰᠠᠯ ᠪᠠᠷ ᠭᠤᠣᠯᠯᠠᠨ᠂ ᠮᠣᠩᠭᠤᠯ ᠡᠮ ᠪᠣᠯᠤᠨ ᠴᠢᠰᠤ ᠲᠠᠯᠪᠢᠬᠤ᠂ ᠬᠠᠨᠠᠬᠤ᠂  ᠬᠠᠳᠬᠤᠬᠤ᠂ ᠲᠦᠭᠡᠨᠡᠯᠭᠡ᠂ ᠮᠦᠩᠭᠦᠨ ᠵᠡᠭᠦᠦ ᠶᠢᠨ ᠵᠠᠰᠠᠯ ᠂ ᠡᠮᠲᠤ ᠤᠬᠢᠶᠠᠯᠭ᠎ᠠ᠂ ᠰᠠᠮ ᠰᠣᠷᠤᠭᠤᠯ ᠂ ᠢᠯᠢᠵᠦ ᠨᠤᠬᠤᠯᠠᠬᠤ᠂  ᠴᠡᠭᠡ ᠶᠢᠨ ᠵᠠᠰᠠᠯ ᠵᠡᠷᠭᠡ ᠬᠡᠳᠤᠨ ᠠᠷᠪᠠᠨ ᠲᠦᠷᠦᠯ ᠤᠨ ᠮᠣᠩᠭᠤᠯ ᠡᠮᠨᠡᠯᠭᠡ ᠳᠤ ᠲᠣᠬᠢᠷᠠᠭᠰᠠᠨ ᠮᠡᠷᠭᠡᠵᠢᠯ ᠢᠶᠠᠷ ᠬᠦᠵᠦᠭᠦᠨ ᠤ ᠡᠪᠡᠳᠴᠢᠨ᠂ ᠨᠢᠷᠤᠭᠤᠨ ᠳᠠᠪᠠᠭ ᠭᠦᠳᠦᠶᠢᠬᠦ᠂ ᠤᠳᠠᠭᠠᠨ ᠴᠢᠨᠠᠷᠲᠠᠢ ᠬᠦᠯ ᠨᠢᠷᠤᠭᠤᠨ ᠤ ᠬᠡᠮ᠂ ᠤᠳᠠᠭᠠᠨ ᠴᠢᠨᠡᠷᠲᠡᠢ ᠬᠤᠶᠠᠩ ᠰᠢᠷ᠎ᠠ ᠬᠦᠳᠡᠯᠬᠦ᠂ ᠨᠤᠶᠢᠷ ᠬᠤᠯᠵᠢᠬᠤ᠂ ᠬᠡᠷᠦᠬᠦ ᠴᠢᠨᠡᠷᠲᠡᠢ ᠦᠶ᠎ᠡ ᠬᠡᠰᠢᠬᠦᠨ ᠤ ᠦᠷᠪᠢᠰᠤᠯ᠂ ᠲᠤᠯᠠᠢ ᠡᠪᠡᠳᠴᠢᠨ ᠵᠡᠷᠬᠡ ᠶᠢ ᠡᠮᠨᠡᠨ ᠵᠠᠰᠠᠨ ᠡᠳᠡᠬᠡᠷᠡᠬᠦᠯᠵᠦ ᠪᠤᠢ᠃             ※ ᠮᠤᠩᠭᠤᠯ ᠰᠤᠷᠪᠤᠯᠵᠢᠯᠠᠭ᠎ᠠ  ᠄ ᠰᠢᠨ᠎ᠠ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠲᠠᠪᠤᠨ ᠵᠠᠰᠠᠯ ᠤᠨ ᠰᠠᠯᠠᠭᠠᠨ ᠤ ᠭᠤᠤᠯᠯᠠᠭᠴᠢ ᠡᠮᠴᠢ   ᠰᠠᠷᠠᠩᠭᠤᠸ᠎ᠠ         ᠦᠢᠯᠠᠭᠠᠭᠰᠠᠨ ᠢᠶᠠᠷ᠂ ᠰᠢᠨ᠎ᠠ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠡ ᠪᠣᠯ ᠤᠤᠯ ᠤᠨ ᠷᠠᠰᠢᠶᠠᠨ ᠮᠣᠩᠭᠤᠯ ᠡᠮ ᠤᠨ ᠦᠢᠯᠡᠳᠪᠦᠷᠢ ᠶᠢᠨ ᠰᠠᠭᠤᠷᠢᠨ ᠳᠡᠭᠡᠷ᠎ᠡ ᠤᠯᠠᠷᠢᠨ ᠬᠦᠭᠵᠢᠵᠤ ᠢᠷᠡᠭᠰᠡᠨ ᠶᠤᠮ᠃ ᠮᠤᠩᠭᠤᠯ ᠡᠮᠨᠡᠯᠬᠡ ᠨᠢ ᠷᠠᠰᠢᠶᠠᠨ ᠰᠦᠮ᠎ᠡ ᠶᠢᠨ ᠮᠤᠩᠭᠤᠯ ᠡᠮ ᠡᠮᠨᠡᠯᠬᠡ ᠶᠢᠨ ᠰᠤᠶᠤᠯ ᠢ ᠤᠯᠠᠮᠵᠢᠯᠠᠨ᠂ ᠲᠠᠩᠰᠠᠯᠠᠭᠰᠠᠨ ᠮᠤᠩᠭᠤᠯ ᠡᠮ ᠤᠨ ᠵᠤᠷ 134 ᠪᠠᠶᠢᠵᠦ᠂ ᠰᠠᠮᠫᠧᠯ᠂ ᠵᠠᠴᠤᠩ᠂ ᠳ᠋ᠢᠭᠳᠡ-13᠂ ᠷᠦᠳᠡ-13 ᠵᠡᠷᠬᠡ ᠡᠮᠴᠢᠯᠡᠬᠡᠨ ᠤ ᠦᠷ᠎ᠡ ᠠᠰᠢᠭ ᠢᠶᠠᠷ ᠲᠤᠪᠤᠶᠢᠮ᠎ᠠ ᠤᠯᠠᠨ ᠲᠦᠷᠦᠯ ᠤᠨ ᠲᠤᠷᠰᠢᠯᠭᠠᠳᠤ ᠵᠤᠷ ᠪᠤᠢ᠃ ᠲᠠᠷᠠᠭ᠎ᠠ ᠠᠯᠬᠤᠮ ᠳᠤ ᠰᠢᠨ᠎ᠠ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠡ ᠨᠢ ᠡᠯ᠎ᠡ ᠰᠠᠯᠠᠭ᠎ᠠ ᠲᠠᠰᠤᠭ ᠤᠨ ᠡᠮᠴᠢ ᠠᠵᠢᠯᠳᠠᠳ ᠢᠶᠠᠨ ᠵᠤᠬᠢᠶᠠᠨ ᠪᠠᠶᠢᠭᠤᠯᠵᠦ᠂ ᠵᠠᠭᠤᠨ ᠲᠦᠷᠦᠯ ᠤᠨ ᠡᠮᠳᠦ ᠤᠷᠭᠤᠮᠠᠯ ᠲᠠᠷᠢᠵᠦ ᠤᠷᠭᠤᠭᠤᠯᠬᠤ ᠠᠵᠢᠯ ᠢ ᠦᠷᠨᠢᠬᠦᠯᠵᠦ᠂ ᠮᠤᠩᠭᠤᠯ ᠡᠮ ᠤᠨ ᠨᠠᠶᠢᠷᠠᠯᠭ᠎ᠠ ᠶᠢᠨ ᠠᠵᠢᠯ ᠳᠤ ᠳᠥᠭᠦᠮ ᠦᠵᠡᠭᠦᠯᠤᠨ᠂ ᠡᠨᠡ ᠨᠢ ᠮᠤᠩᠭᠤᠯ ᠡᠮ ᠡᠮᠨᠡᠯᠬᠡ ᠶᠢᠨ ᠬᠦᠭᠵᠢᠯᠳᠡ ᠶᠢ ᠨᠡᠩ ᠢᠯᠡᠬᠦᠤ ᠲᠦᠯᠬᠢᠨ ᠠᠬᠢᠭᠤᠯᠬᠤ ᠪᠤᠯᠤᠨ᠎ᠠ᠃       ᠰᠢᠨ᠎ᠠ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠡ ᠬᠦᠭᠵᠢᠯᠲᠡ ᠶᠢᠨ ᠲᠤᠮᠳᠠ ᠪᠠᠨ ᠲᠠᠰᠤᠷᠠᠯᠳᠠ ᠦᠬᠡᠢ ᠬᠠᠶᠢᠨ ᠰᠦᠪᠡᠭᠴᠢᠯᠡᠵᠦ᠂ ᠣᠨᠴᠠᠯᠢᠭ ᠢ ᠲᠣᠪᠣᠶᠢᠯᠭᠠᠨ᠂ ᠳᠠᠪᠠᠭᠤᠯᠢᠭ ᠪᠠᠨ ᠪᠠᠳᠠᠷᠠᠭᠤᠯᠬᠤ ᠪᠠᠷ ᠡᠮᠨᠡᠯᠭᠡ ᠶᠢᠨ ᠬᠤᠷᠢᠶ᠎ᠡ ᠶᠢᠨ ᠬᠦᠭᠵᠢᠯᠲᠡ ᠶᠢᠨ ᠪᠠᠶᠢᠯᠳᠤᠬᠤ ᠪᠣᠳᠤᠯᠭ᠎ᠠ ᠪᠣᠯᠭᠠᠵᠤ᠂ ᠲᠤᠰᠬᠠᠢ ᠡᠪᠡᠳᠴᠢᠨ ᠤ ᠲᠤᠰᠬᠠᠢ ᠰᠠᠯᠠᠭ᠎ᠠ ᠶᠢᠨ ᠪᠠᠶᠢᠭᠤᠯᠤᠯᠲᠠ ᠪᠠᠷ ᠡᠮᠨᠡᠯᠭᠡ ᠶᠢᠨ ᠬᠤᠷᠢᠶ᠎ᠡ ᠶᠢᠨ ᠬᠦᠭᠵᠢᠯᠲᠡ ᠶᠢᠨ  ᠴᠢᠭᠯᠡᠯ  ᠢ ᠲᠣᠭᠳᠠᠭᠠᠵᠤ᠂ ᠳᠡᠭᠡᠳᠤ ᠬᠡᠪ ᠪᠣᠯᠪᠠᠰᠤᠷᠠᠯ ᠪᠦᠬᠦᠢ ᠡᠮᠴᠢᠯᠡᠭᠡᠨ ᠤ ᠶᠠᠰᠤ ᠴᠢᠨᠠᠷ᠂ ᠣᠳᠤᠬᠢᠴᠢᠯᠠᠭᠰᠠᠨ ᠳᠡᠭᠡᠳᠤ ᠵᠡᠷᠭᠡ ᠶᠢᠨ ᠬᠠᠮᠢᠶᠠᠷᠤᠯᠲᠠ᠂ ᠬᠦᠮᠦᠨᠴᠢᠯᠡᠭᠰᠡᠨ ᠡᠮᠴᠢᠯᠡᠭᠡᠨ ᠤ ᠦᠢᠯᠡᠴᠢᠯᠡᠭᠡ ᠪᠠᠷ ᠡᠪᠡᠳᠴᠢᠲᠠᠨ ᠬᠠᠨᠤᠮᠵᠢᠲᠠᠢ᠂ ᠠᠷᠠᠳ ᠤᠯᠠᠨ ᠢᠳᠡᠬᠡᠮᠵᠢᠲᠠᠢ ᠶᠡᠷᠦᠩᠬᠡᠶᠢᠯᠡᠭᠰᠡᠨ ᠮᠤᠩᠭᠤᠯ ᠡᠮᠨᠡᠯᠭᠡ ᠶᠢᠨ ᠬᠤᠷᠢᠶ᠎ᠡ ᠶᠢ ᠴᠤᠭᠴᠠᠯᠠᠵᠤ ᠪᠣᠢ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号