ᠲᠦᠷᠦ ᠬᠠᠤᠯᠢ ᠶᠢᠨ ᠠᠵᠢᠯ ᠤᠨ ᠭᠠᠷᠤᠭᠠᠨ ᠳᠤ ᠬᠤᠰᠢᠭᠤᠷᠠᠵᠦ ᠶᠠᠪᠤᠭ᠎ᠠ ᠴᠠᠬᠢᠷᠮ᠎ᠠ ᠴᠡᠴᠡᠭ — ᠤᠶᠤᠨᠬᠡᠷᠡᠯ
ᠨᠡᠶᠢᠲᠡᠯᠡᠭᠰᠡᠨ ᠴᠠᠭ᠄
2021/6/7
       ᠲᠦᠷᠦ ᠬᠠᠤᠯᠢ ᠶᠢᠨ ᠠᠵᠢᠯ ᠤᠨ ᠭᠠᠷᠤᠭᠠᠨ ᠳᠤ ᠬᠤᠰᠢᠭᠤᠷᠠᠵᠦ ᠶᠠᠪᠤᠭ᠎ᠠ ᠴᠠᠬᠢᠷᠮ᠎ᠠ ᠴᠡᠴᠡᠭ — ᠤᠶᠤᠨᠬᠡᠷᠡᠯ                                            ᠤᠶᠠᠬᠠᠨ   ᠵᠤᠤ ᠵᠧ  ᠸᠠᠩ ᠵᠢᠶᠦ᠋ᠨ ᠬᠤᠤ          ᠤᠳᠤᠷᠢᠳᠬᠠᠯ᠄ ᠴᠠᠬᠢᠷᠮ᠎ᠠ ᠴᠡᠴᠡᠭ ᠪᠤᠯ ᠴᠡᠪᠡᠷ ᠠᠷᠢᠭᠤᠨ᠂ ᠲᠦᠪ ᠭᠤᠤᠯᠴᠢ ᠶᠢᠨ ᠪᠡᠯᠬᠡ ᠲᠡᠮᠳᠡᠭ ᠪᠤᠯᠵᠦ ᠪᠠᠶᠢᠳᠠᠭ᠃ ᠰᠢᠨ᠎ᠡ ᠪᠠᠷᠭᠤ ᠵᠡᠬᠦᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠦᠪ ᠴᠢᠩᠭ᠎ᠠ ᠰᠢᠬᠦᠨ ᠲᠠᠰᠤᠯᠬᠤ ᠠᠯᠪᠠᠨ ᠪᠠᠶᠢᠭᠤᠯᠭ᠎ᠠ ᠳᠤ ᠲᠠᠷᠤᠢ ᠡᠶᠢᠮᠦᠷᠬᠦᠤ ᠨᠢᠬᠡᠨ ᠴᠠᠬᠢᠷᠮ᠎ᠠ ᠴᠡᠴᠡᠭ ᠰᠢᠭ ᠲᠦᠪ ᠴᠢᠬᠡᠴᠢ ᠎ ᠶᠢ ᠡᠷᠬᠢᠮᠯᠡᠨ᠂ ᠦᠨᠡᠨᠴᠢ ᠰᠢᠳᠤᠷᠭᠤ ᠪᠠᠷ ᠠᠵᠢᠯᠯᠠᠵᠦ᠂ ᠰᠢᠬᠦᠨ ᠲᠠᠰᠤᠯᠬᠤ ᠠᠵᠢᠯ ᠤᠨ ᠡᠩᠨᠡᠬᠡᠨ ᠳᠤ ᠦᠪᠡᠷ ᠤᠨ ᠦᠨ᠎ᠡ ᠴᠡᠨ᠎ᠡ ᠪᠠᠨ ᠪᠠᠳᠠᠷᠠᠭᠤᠯᠵᠦ ᠶᠠᠪᠤᠭ᠎ᠠ ᠨᠢᠭᠡᠨ ᠠᠵᠢᠯᠳᠠᠨ ᠪᠠᠶᠢᠳᠠᠭ᠃ ᠲᠡᠷᠡ ᠪᠤᠯ ᠲᠠᠷᠤᠢ ᠰᠢᠨ᠎ᠡ ᠪᠠᠷᠭᠤ ᠵᠡᠬᠦᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠡᠷᠡᠬᠦᠤ ᠶᠢᠨ ᠬᠡᠷᠡᠭ ᠤᠨ ᠰᠢᠬᠦᠨ ᠲᠠᠰᠤᠯᠬᠤ ᠲᠢᠩᠬᠢᠮ ᠎ ᠤᠨ ᠲᠠᠷᠤᠭ᠎ᠠ ᠤᠶᠤᠨᠬᠡᠷᠡᠯ ᠪᠤᠯᠤᠨ᠎ᠠ᠃        ᠲᠦᠪ ᠶᠤᠰᠤ ᠶᠢ ᠢᠯᠡᠷᠬᠡᠶᠢᠯᠡᠭᠰᠡᠨ ᠬᠠᠤᠯᠢ ᠶᠢᠨ ᠠᠵᠢᠯ ᠤᠨ ᠬᠤᠪᠴᠠᠰᠤ ᠪᠠᠷ ᠭᠤᠶᠤᠭᠰᠠᠨ ᠤᠶᠤᠨᠬᠡᠷᠡᠯ ᠎ ᠢ ᠠᠩᠬ᠎ᠠ ᠬᠠᠷᠠᠬᠤ ᠳᠤ ᠠᠷᠠᠳ ᠤᠨ ᠰᠢᠬᠦᠭᠴᠢ ᠶᠢᠨ ᠲᠦᠪ ᠴᠢᠬᠡᠴᠢ ᠲᠦᠷᠢ ᠲᠦᠷᠬᠦ ᠢᠯᠡᠬᠡᠨ ᠲᠤᠳᠤᠷᠠᠨ᠎ᠠ᠃ ᠲᠡᠷᠡ ᠰᠤᠷᠪᠤᠯᠵᠢᠯᠠᠭᠴᠢ ᠳᠤ ︽ᠲᠦᠪ ᠭᠤᠤᠯᠴᠢ ᠰᠢᠳᠤᠷᠭᠤ ᠶᠤᠰᠤ ᠪᠠ ᠠᠷᠠᠳ ᠲᠦᠮᠡᠨ ᠤ ᠰᠠᠬᠢᠨ ᠬᠠᠮᠠᠭᠠᠯᠠᠭᠴᠢ ᠪᠤᠯᠬᠤ ᠪᠤᠯ ᠮᠢᠨᠤ ᠬᠦᠰᠡᠯ ᠬᠦᠬᠡᠬᠡᠴᠡᠯᠳᠦᠯ᠂ ᠪᠠᠰᠠ ᠴᠤ ᠮᠢᠨᠤ ᠴᠢᠷᠮᠠᠶᠢᠨ ᠦᠢᠯᠡᠳᠦᠯᠬᠡᠵᠢᠬᠦᠯᠵᠦ ᠶᠠᠪᠤᠳᠠᠭ ᠢᠳᠡᠬᠡᠯ ᠵᠤᠷᠢᠯᠳᠠ ᠮᠦᠨ᠃︾ ᠬᠡᠵᠦ ᠪᠠᠶᠢᠪᠠ᠃        ᠤᠶᠤᠨᠬᠡᠷᠡᠯ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠳᠤ ᠠᠵᠢᠯᠯᠠᠭᠰᠠᠨ 12 ᠵᠢᠯ ᠤᠨ ᠲᠤᠷᠰᠢ᠂ ︽ᠬᠠᠤᠯᠢ ᠴᠠᠭᠠᠵᠠ ᠶᠢ ᠬᠦᠨᠳᠦᠳᠬᠡᠬᠦ᠂ ᠲᠦᠪ ᠭᠤᠤᠯᠴᠢ ᠪᠠᠶᠢᠬᠤ ᠶᠢ ᠬᠠᠮᠠᠭᠠᠯᠠᠬᠤ᠂ ᠠᠷᠠᠳ ᠤᠨ ᠲᠦᠯᠦᠬᠡ ᠬᠠᠤᠯᠢ ᠬᠡᠷᠡᠭᠵᠢᠬᠦᠯᠬᠦ︾ ᠵᠠᠷᠴᠢᠮ ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠬᠡᠵᠦ᠂ ᠲᠡᠬᠡᠳᠦ ᠬᠡᠮᠵᠢᠶᠡᠨ ᠤ ᠬᠠᠷᠢᠭᠤᠴᠠᠯᠭᠠᠳᠤ ᠰᠡᠳᠬᠢᠯᠬᠡ ᠪᠠᠷ ᠬᠠᠤᠯᠢ ᠴᠠᠭᠠᠵᠠ ᠶᠢᠨ ᠠᠵᠢᠯ ᠳᠤ ᠪᠦᠬᠦ ᠰᠡᠳᠬᠢᠯ ᠪᠦᠬᠦ ᠵᠤᠷᠢᠭ ᠢᠶᠠᠨ ᠠᠭᠤᠰᠬᠠᠭᠰᠠᠨ ᠶᠤᠮ᠃ ᠲᠡᠷᠡ ᠤᠯᠠᠨ ᠲᠦᠮᠡᠨ ᠲᠠᠢ ᠰᠡᠳᠬᠢᠯ ᠵᠢᠷᠦᠬᠡ ᠢᠶᠠᠨ ᠬᠤᠯᠪᠤᠵᠦ᠂ ᠰᠢᠳᠤᠷᠭᠤ ᠪᠠᠷᠢᠮᠳᠠᠯᠠᠯ ᠢ ᠰᠠᠬᠢᠵᠦ᠂  ᠵᠦᠪᠬᠡᠨ ᠲᠦᠪ ᠭᠤᠤᠯᠴᠢ᠂ ᠵᠦᠪ ᠤᠨᠤᠪᠴᠢᠳᠠᠢ ᠰᠢᠬᠦᠨ ᠲᠠᠰᠤᠯᠤᠯᠳᠠ ᠶᠢᠨ ᠲᠦᠯᠦᠬᠡ᠂ ᠶᠠᠳᠠᠷᠠᠯ ᠵᠦᠳᠡᠷᠡᠯ ᠢ ᠬᠠᠶᠢᠬᠤᠷᠤᠯ ᠦᠬᠡᠢ᠂ ᠴᠠᠭ ᠨᠡᠮᠡᠵᠦ ᠠᠵᠢᠯᠯᠠᠨ᠂ ᠵᠢᠷ ᠤᠨ ᠨᠢᠬᠡᠨ ᠠᠵᠢᠯ ᠤᠨ ᠪᠠᠶᠢᠷᠢᠨ ᠲᠡᠬᠡᠷ᠎ᠡ ᠶᠡᠷᠦ ᠪᠤᠰᠤ ᠶᠢᠨ ᠠᠵᠢᠯ ᠤᠨ ᠬᠢᠷᠢ ᠪᠦᠳᠦᠮᠵᠢ ᠶᠢ ᠤᠯᠵᠦ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠠᠵᠢᠯᠳᠠᠳ ᠤᠨ ᠲᠤᠮᠳᠠ ᠎ ᠪᠠᠨ ᠵᠢᠱᠢᠶᠡᠴᠢ ᠲᠠᠭᠤᠷᠢᠶᠠᠯ ᠪᠤᠯᠤᠭᠰᠠᠭᠠᠷ ᠢᠷᠡᠵᠡᠢ᠃            ※ ᠰᠤᠷᠪᠤᠯᠵᠢᠯᠠᠭ᠎ᠠ᠄ ᠰᠢᠨ᠎ᠡ ᠪᠠᠷᠭᠤ ᠵᠡᠬᠦᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠡᠷᠡᠬᠦᠤ ᠶᠢᠨ ᠬᠡᠷᠡᠭ ᠤᠨ ᠰᠢᠬᠦᠨ ᠲᠠᠰᠤᠯᠬᠤ ᠲᠢᠩᠬᠢᠮ ᠤᠨ ᠳᠡᠳ᠋ ᠲᠠᠷᠤᠭ᠎ᠠ   ᠮᠧᠢ ᠯᠢᠩ   ︵ᠤᠶᠤᠨᠬᠡᠷᠡᠯ ᠪᠤᠯ ᠡᠷᠡᠬᠦᠤ ᠶᠢᠨ ᠬᠡᠷᠡᠭ ᠤᠨ ᠰᠢᠬᠦᠨ ᠲᠠᠰᠤᠯᠬᠤ ᠲᠢᠩᠬᠢᠮ ᠤᠨ ᠲᠠᠷᠤᠭ᠎ᠠ᠂ ᠲᠡᠷᠡ ᠠᠵᠢᠯ ᠳᠤ ᠪᠠᠨ ᠶᠡᠭᠡ ᠨᠠᠷᠢᠨ ᠬᠢᠨᠠᠮᠠᠭᠠᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠡᠭᠡ ᠰᠠᠶᠢᠨ᠂ ᠡᠩ ᠤᠨ ᠴᠠᠭ ᠲᠤ ᠪᠠᠨ ᠬᠠᠮᠳᠤ ᠠᠵᠢᠯᠳᠠᠳ ᠎ ᠲᠠᠢ ᠶᠡᠭᠡ ᠲᠤᠳᠤᠨᠤᠰᠤᠭ ᠶᠠᠪᠤᠯᠴᠠᠳᠠᠭ ᠪᠠᠷ ᠪᠠᠷᠠᠬᠤ ᠦᠬᠡᠢ ᠬᠠᠮᠳᠤ ᠠᠵᠢᠯᠳᠠᠳ ᠤᠨ ᠴᠢᠳᠠᠬᠤ ᠦᠬᠡᠢ ᠮᠡᠳᠡᠬᠦ ᠦᠬᠡᠢ ᠵᠦᠢᠯ ᠢ ᠬᠠᠯᠠᠭᠤᠨ ᠰᠡᠳᠬᠢᠯ ᠢᠶᠠᠷ ᠬᠠᠪᠰᠤᠷᠳᠠᠭ᠂ ᠲᠡᠷᠡ ᠪᠤᠯ ᠮᠠᠨ ᠤ ᠵᠠᠯᠠᠭᠤ ᠨᠢᠬᠡ ᠦᠶ᠎ᠡ ᠶᠢᠨ ᠰᠢᠬᠦᠭᠴᠢ ᠶᠢᠨ ᠰᠤᠷᠤᠯᠴᠠᠬᠤ ᠲᠠᠭᠤᠷᠢᠶᠠᠯ ᠮᠦᠨ᠃︶        ᠤᠶᠤᠨᠬᠡᠷᠡᠯ ᠦᠪᠡᠷ ᠤᠨ ᠪᠤᠲᠠᠲᠠᠢ ᠦᠢᠯᠡ ᠠᠵᠢᠯᠯᠠᠭ᠎ᠠ ᠪᠠᠷ ᠢᠶᠠᠨ ︽ᠠᠷᠠᠳ ᠤᠨ ᠰᠢᠬᠦᠭᠴᠢ ᠠᠷᠠᠳ ᠤᠨ ᠲᠦᠯᠦᠬᠡ︾ ᠬᠡᠬᠦ ᠲᠠᠷᠬᠠᠨ ᠲᠤᠰᠢᠶᠠᠯ ᠬᠠᠷᠢᠭᠤᠴᠠᠯᠭ᠎ᠠ ᠪᠠᠨ ᠨᠢᠮᠪᠠᠢ ᠦᠢᠯᠡᠳᠦᠯᠬᠡᠵᠢᠬᠦᠯᠵᠦ᠂ ᠲᠡᠬᠦᠨ ᠤ ᠠᠵᠢᠯ ᠤᠨ ᠰᠢᠷᠡᠬᠡᠨ ᠲᠡᠬᠡᠷ᠎ᠡ ᠤᠪᠤᠭᠠᠯᠠᠰᠤᠳᠠᠢ ᠮᠠᠲ᠋ᠧᠷᠢᠶᠠᠯ᠂ ᠲᠠᠪᠬᠤᠷᠯᠠᠭᠰᠠᠨ ᠤᠯᠠᠨ ᠱᠠᠩᠨᠠᠯ ᠬᠦᠬᠢᠬᠦᠯᠦᠯ ᠠᠴᠠ ᠲᠡᠬᠦᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠠᠵᠢᠯ ᠳᠤ ᠦᠵᠡᠬᠦᠯᠦᠭᠰᠡᠨ ᠬᠦᠴᠦ ᠬᠦᠯᠦᠰᠦ᠂ ᠠᠷᠠᠳ ᠤᠨ ᠲᠦᠯᠦᠬᠡ ᠪᠤᠲᠠᠳᠤ ᠶᠠᠪᠤᠳᠠᠯ ᠬᠢᠵᠦ ᠦᠭᠬᠦ ᠤᠷᠬᠢᠯᠤᠮ᠎ᠠ ᠬᠠᠯᠠᠭᠤᠨ ᠰᠡᠳᠬᠢᠯᠬᠡ ᠬᠦᠢᠴᠡᠳ ᠢᠯᠡᠷᠡᠵᠦ ᠪᠠᠶᠢᠪᠠ᠃        ᠠᠵᠢᠯ ᠤᠨ ᠰᠢᠨᠵᠢ ᠴᠢᠨᠠᠷ ᠠᠴᠠ ᠪᠤᠯᠵᠦ ᠲᠡᠷᠡ ᠦᠷᠬᠦᠯᠵᠢ ᠴᠠᠭ ᠤᠷᠳᠤᠳᠬᠠᠵᠦ ᠠᠵᠢᠯᠯᠠᠳᠠᠭ ᠠᠴᠠ ᠠᠷᠤ ᠬᠡᠷ᠂ ᠠᠴᠢᠷ ᠦᠷ᠎ᠡ ᠢᠶᠠᠨ ᠬᠠᠷᠭᠠᠯᠵᠠᠵᠦ ᠴᠢᠳᠠᠬᠤ ᠦᠬᠡᠢ ᠪᠠᠶᠢᠳᠠᠭ ᠨᠢ ᠲᠡᠬᠦᠨ ᠳᠤ ᠶᠡᠭᠡ ᠬᠠᠷᠠᠮᠰᠠᠯᠳᠠᠢ ᠰᠠᠨᠠᠳᠠᠭ ᠪᠤᠯᠪᠠᠴᠤ ᠲᠡᠷᠡ ᠨᠢᠬᠡᠨ ᠠᠷᠠᠳ ᠤᠨ ᠰᠢᠬᠦᠭᠴᠢ ᠪᠤᠯᠤᠭᠰᠠᠨ ᠤ ᠬᠤᠪᠢ ᠳᠤ ︽ᠪᠠᠭ᠎ᠠ ᠬᠡᠷ ᠢ ᠤᠮᠠᠷᠳᠠᠠ᠂ ᠶᠡᠭᠡ ᠬᠡᠷ ᠤᠨ ᠲᠦᠯᠦᠬᠡ ᠵᠢᠳᠬᠦᠵᠦ ᠶᠠᠪᠤᠬᠤ ᠨᠢ ᠮᠢᠨᠤ ᠲᠠᠷᠬᠠᠨ ᠡᠬᠦᠷᠬᠡ︾ ᠬᠡᠵᠦ ᠢᠳᠡᠬᠡᠯ ᠲᠡᠬᠦᠯᠳᠡᠷ ᠶᠠᠷᠢᠵᠦ ᠪᠠᠶᠢᠯ᠎ᠠ᠃            ※ ᠰᠤᠷᠪᠤᠯᠵᠢᠯᠠᠭ᠎ᠠ᠄ ᠰᠢᠨ᠎ᠡ ᠪᠠᠷᠭᠤ ᠵᠡᠬᠦᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠡᠷᠡᠬᠦᠤ ᠶᠢᠨ ᠬᠡᠷᠡᠭ ᠤᠨ ᠰᠢᠬᠦᠨ ᠲᠠᠰᠤᠯᠬᠤ ᠲᠢᠩᠬᠢᠮ ᠤᠨ ᠲᠠᠷᠤᠭ᠎ᠠ   ᠤᠶᠤᠨᠬᠡᠷᠡᠯ      ᠲᠦᠪ ᠴᠢᠩᠭ᠎ᠠ ᠤᠯᠤᠰ ᠤᠨ ᠰᠦᠯᠳᠡ ᠶᠢᠨ ᠲᠤᠤᠷᠠᠬᠢ ᠰᠢᠬᠦᠨ ᠲᠠᠰᠤᠯᠤᠯᠳᠠ ᠶᠢᠨ ᠰᠢᠷᠡᠭᠡ ᠨᠢ ᠲᠡᠬᠦᠨ ᠤ ᠬᠠᠤᠯᠢ ᠪᠠᠷ ᠵᠠᠰᠠᠬᠤ ᠡᠷᠡᠰ ᠴᠢᠩᠭ᠎ᠠ ᠬᠦᠰᠡᠯ ᠡᠷᠡᠮᠡᠯᠵᠡᠯ ᠢ ᠠᠴᠢᠶᠠᠯᠠᠵᠦ ᠪᠠᠶᠢᠳᠠᠭ᠃ ᠲᠡᠷᠡ ᠴᠢᠩᠭ᠎ᠠ ᠨᠢᠮᠪᠠᠢ ᠰᠢᠬᠦᠨ ᠲᠠᠰᠤᠯᠵᠦ᠂ ᠡᠬᠦᠷᠬᠡ ᠬᠠᠷᠢᠭᠤᠴᠠᠯᠭ᠎ᠠ ᠶᠢ ᠵᠤᠷᠢᠭᠳᠠᠢ ᠡᠬᠦᠷᠬᠡᠯᠡᠨ᠂ ᠶᠡᠭᠡ ᠲᠠᠯ᠎ᠠ ᠳᠤ ᠦᠢᠯᠡᠴᠢᠯᠡᠬᠦ ᠤᠪᠤᠷ ᠰᠤᠷᠳᠠᠯ ᠢᠶᠠᠷ ᠰᠢᠨ᠎ᠡ ᠪᠠᠷᠭᠤ ᠵᠡᠬᠦᠨ ᠬᠤᠰᠢᠭᠤᠨ ᠤ ᠬᠠᠤᠯᠢ ᠴᠠᠭᠠᠵᠠ ᠶᠢᠨ ᠪᠦᠳᠦᠬᠡᠨ ᠪᠠᠶᠢᠭᠤᠯᠤᠯᠳᠠ ᠳᠤ ᠬᠦᠴᠦᠨ ᠴᠢᠳᠠᠯ ᠢᠶᠠᠨ ᠡᠷᠬᠦᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠬᠤᠰᠢᠭᠤᠴᠢ ᠪᠤᠯᠵᠦ ᠶᠠᠪᠤᠨ᠎ᠠ᠃        
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号