ᠬᠦᠯᠦᠨ ᠪᠤᠶᠢᠷ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠸᠠᠩ ᠱᠤ᠋ ᠭᠤᠸᠠᠩ ᠮᠠᠨ ᠎ ᠤ ᠬᠤᠰᠢᠭᠤᠨ ᠳᠤ ᠢᠷᠡᠵᠦ ᠠᠵᠢᠯ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2021/6/7
     6 ᠰᠠᠷᠠᠶᠢᠨ 3᠎ ᠤ ᠡᠳᠦᠷ᠂ ᠬᠦᠯᠦᠨ ᠪᠤᠶᠢᠷ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠸᠠᠩ ᠱᠤ᠋ ᠭᠤᠸᠠᠩ ᠮᠠᠨ ᠤ ᠬᠤᠰᠢᠭᠤᠨ ᠳᠤ ᠢᠷᠡᠵᠦ ᠠᠵᠢᠯ ᠪᠠᠶᠢᠴᠠᠭᠠᠨ ᠵᠢᠯᠤᠭᠤᠳᠴᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠬᠦᠮᠦᠵᠢᠯ ᠴᠡᠭᠴᠡᠯᠡᠯᠳᠡ᠂ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ᠂ ᠬᠠᠮᠤᠭ ᠤᠨ ᠬᠦᠴᠦᠷᠬᠡᠭ ᠨᠠᠮ ᠤᠨ ᠡᠬᠦᠷ ᠤᠨ ᠪᠦᠳᠦᠬᠡᠨ ᠪᠠᠶᠢᠭᠤᠯᠤᠯᠳᠠ ᠵᠡᠷᠬᠡ ᠠᠵᠢᠯ ᠳᠤ ᠲᠤᠬᠠᠢ ᠎ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠳᠠ ᠬᠢᠭᠰᠡᠨ ᠤ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠪᠠᠶᠠᠷ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠤᠯᠠᠭᠠᠨᠳᠤᠶᠠᠭ᠎ᠠ ᠪᠠᠷ᠎ᠠ ᠪᠤᠯᠤᠯᠴᠠᠪᠠ᠃       ᠰᠠᠭᠤᠳᠠᠯ ᠤᠨ ᠬᠤᠷᠠᠯ ᠲᠡᠬᠡᠷ᠎ᠡ᠂ ᠸᠠᠩ ᠱᠤ᠋ ᠭᠤᠸᠠᠩ ᠠᠴᠠ ᠰᠢᠨ᠎ᠡ ᠪᠠᠷᠭᠤ ᠵᠡᠬᠦᠨ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠬᠦᠮᠦᠵᠢᠯ ᠴᠡᠭᠴᠡᠯᠡᠯᠳᠡ ᠪᠠ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ ᠠᠵᠢᠯ ᠤᠨ ᠦᠷᠨᠢᠯᠳᠡ ᠪᠠ ᠲᠠᠷᠠᠭ᠎ᠠ ᠠᠯᠬᠤᠮ ᠤᠨ ᠠᠵᠯ ᠤᠨ ᠪᠠᠶᠢᠷᠢᠯᠠᠭᠤᠯᠤᠯᠳᠠ ᠶᠢᠨ ᠲᠠᠯ᠎ᠠ ᠪᠠᠷ ᠬᠢ ᠬᠠᠷᠢᠭᠤ ᠮᠡᠳᠡᠬᠦᠯᠦᠯᠳᠡ ᠶᠢ ᠰᠤᠨᠤᠰᠪᠠ᠃ ᠬᠠᠷᠢᠭᠤ ᠮᠡᠳᠡᠬᠦᠯᠦᠯᠳᠡ ᠶᠢ ᠰᠤᠨᠤᠰᠤᠭᠰᠠᠨ ᠤ ᠲᠠᠷᠠᠭ᠎ᠠ᠂ ᠸᠠᠩ ᠱᠤ᠋ ᠭᠤᠸᠠᠩ ᠠᠴᠠ ᠰᠢᠨ᠎ᠡ ᠪᠠᠷᠭᠤ ᠵᠡᠬᠦᠨ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠬᠦᠮᠦᠵᠢᠯ ᠴᠡᠭᠴᠡᠯᠡᠯᠳᠡ ᠪᠠ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ ᠠᠵᠢᠯ ᠤᠨ ᠲᠠᠯ᠎ᠠ ᠪᠠᠷ ᠤᠯᠤᠭᠰᠠᠨ ᠦᠷ᠎ᠡ ᠪᠦᠳᠦᠮᠵᠢ ᠳᠤ ᠦᠨᠳᠦᠷ ᠦᠨᠡᠯᠯᠡᠳᠡ ᠦᠭᠴᠦ᠂ ᠵᠢᠭᠠᠬᠤ ᠳᠠᠭᠠᠨ᠄ ᠤᠳᠤᠬᠠᠨ ᠳᠤ ᠬᠦᠮᠦᠵᠢᠯ ᠴᠡᠭᠴᠡᠯᠡᠯᠳᠡ ᠶᠢᠨ ᠠᠵᠢᠯ ᠨᠢ ᠨᠢᠬᠡᠨᠳᠡ ᠪᠠᠶᠢᠴᠠᠭᠠᠨ ᠵᠠᠯᠠᠷᠠᠭᠤᠯᠬᠤ ᠭᠤᠭᠴᠤᠭᠠᠨ ᠳᠤ ᠤᠷᠤᠵᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠦᠴᠢᠷ ᠨᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠎ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠤᠰᠤᠭᠠᠷ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠬᠡ ᠠᠯᠬᠤᠮ ᠪᠤᠲᠠᠲᠠᠶᠢᠵᠢᠭᠤᠯᠤᠨ᠂ ᠠᠵᠢᠯ ᠤᠨ ᠬᠦᠴᠦᠯᠡᠴᠡ ᠪᠠᠨ ᠦᠷᠬᠡᠳᠬᠡᠵᠦ᠂ ᠴᠠᠭ ᠤᠨ ᠬᠢᠵᠠᠭᠠᠷ ᠶᠤᠰᠤᠭᠠᠷ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ᠂ ᠬᠡᠷᠡᠭ ᠵᠠᠷᠭᠤ ᠶᠢ ᠪᠠᠶᠢᠴᠠᠭᠠᠨ ᠰᠢᠢᠳᠪᠤᠷᠢᠯᠡᠬᠦ ᠵᠢᠴᠢ ᠠᠷᠬᠠᠭ ᠬᠡᠮ ᠢ ᠴᠡᠭᠴᠡᠯᠡᠨ ᠵᠠᠯᠠᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠬᠦ ᠬᠡᠷᠡᠭᠳᠡᠢ᠃ ᠡᠬᠦᠨ ᠤ ᠬᠠᠮᠳᠤ ᠨᠢᠬᠡᠳᠦᠯᠳᠡᠢ ᠲᠦᠯᠦᠪᠯᠡᠨ ᠵᠤᠬᠢᠴᠠᠭᠤᠯᠬᠤ ᠶᠢ ᠰᠠᠶᠢᠳᠤᠷ ᠬᠢᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠎ ᠲᠠᠢ ᠤᠶᠠᠯᠳᠤᠭᠤᠯᠤᠨ᠂ ᠬᠦᠮᠦᠵᠢᠯ ᠴᠡᠭᠴᠡᠯᠡᠯᠳᠡ ᠶᠢᠨ ᠠᠵᠢᠯ ᠢ ᠤᠯᠠᠮ ᠬᠦᠨᠵᠡᠬᠡᠢ ᠤᠯᠠᠮ ᠪᠤᠲᠠᠲᠠᠢ ᠦᠷᠨᠢᠬᠦᠯᠵᠦ᠂ ᠪᠤᠲᠠᠲᠠᠢ ᠦᠷ᠎ᠡ ᠪᠦᠳᠦᠮᠵᠢ ᠭᠠᠷᠬᠤ ᠶᠢ ᠲᠦᠯᠬᠢᠨ ᠠᠬᠢᠭᠤᠯᠬᠤ ᠬᠡᠷᠡᠭᠳᠡᠢ ᠬᠡᠰᠡᠨ ᠪᠠᠶᠢᠨ᠎ᠠ᠃       ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ ᠠᠵᠢᠯ ᠤᠨ ᠲᠠᠯ᠎ᠠ ᠪᠠᠷ ᠸᠠᠩ ᠱᠤ᠋ ᠭᠤᠸᠠᠩ ᠴᠢᠩᠭᠠᠳᠬᠠᠬᠤ ᠳᠠᠭᠠᠨ᠄ ᠭᠤᠤᠯ ᠬᠦᠴᠦᠨ ᠤ ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ ᠱᠠᠳᠤ ᠲᠠᠷᠠᠭᠠᠯᠠᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠦ᠂ ᠬᠠᠮᠤᠭ ᠤᠨ ᠦᠨᠳᠦᠷ ᠬᠠᠷᠠᠯᠳᠠ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠪᠤᠲᠠᠲᠠᠢ ᠠᠷᠭ᠎ᠠ ᠠᠪᠴᠠᠯ ᠢᠶᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠠᠮᠤᠷ ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠨ ᠪᠡᠯᠬᠡᠯᠡᠬᠦ ᠳᠤ ᠠᠮᠤᠷ ᠲᠤᠭᠳᠠᠭᠤᠨ ᠤᠯᠤᠰ ᠲᠦᠷᠦ ᠨᠡᠶᠢᠬᠡᠮ ᠤᠨ ᠤᠷᠴᠢᠨ ᠲᠤᠭᠤᠷᠢᠨ ᠶᠢ ᠡᠬᠦᠳᠦᠨ ᠦᠭᠬᠦ ᠬᠡᠷᠡᠭᠳᠡᠢ ᠬᠡᠵᠡᠢ᠃          ᠬᠤᠷᠠᠯ ᠤᠨ ᠲᠠᠷᠠᠭ᠎ᠠ᠂ ᠸᠠᠩ ᠱᠤ᠋ ᠭᠤᠸᠠᠩ ᠨᠠᠷ ᠠᠮᠤᠭᠤᠯᠠᠩ ᠪᠠᠯᠭᠠᠰᠤᠨ ᠤ ᠪᠠᠶᠠᠠᠪᠤᠯᠠᠭ ᠭᠠᠴᠠᠭᠠᠨ ᠤ ᠬᠦᠳᠡᠯᠬᠡᠬᠡᠨ ᠤ ᠬᠡᠷ ᠢᠶᠠᠷ ᠬᠦᠷᠴᠦ᠂ ︽ᠬᠠᠮᠤᠭ ᠤᠨ ᠬᠦᠴᠦᠷᠬᠡᠭ ᠨᠠᠮ ᠤᠨ ᠡᠬᠦᠷ︾᠎ ᠢ ᠡᠬᠦᠳᠦᠨ ᠪᠠᠶᠢᠭᠤᠯᠬᠤ ᠠᠵᠢᠯ ᠤᠨ ᠪᠠᠶᠢᠳᠠᠯ ᠢ ᠨᠠᠷᠢᠯᠢᠭ ᠦᠢᠯᠠᠭᠠᠭᠰᠠᠨ ᠤ ᠬᠠᠮᠳᠤ ᠰᠤᠮᠤ ᠪᠠᠯᠭᠠᠰᠤ᠂ ᠭᠠᠴᠠᠭ᠎ᠠ ᠵᠢᠴᠢ ᠨᠢᠬᠡᠳᠦᠬᠡᠷ ᠱᠦᠵᠢ᠂ ᠨᠠᠮ ᠤᠨ ᠬᠡᠰᠢᠬᠦᠨ ᠤ ᠭᠤᠤᠯᠯᠯᠠᠬᠤ ᠡᠷᠦᠬᠡ ᠲᠠᠢ ᠭᠠᠴᠠᠭᠠᠨ ᠤ ᠨᠡᠶᠢᠳᠡ ᠶᠢᠨ ᠠᠵᠦ ᠠᠬᠤᠢ ᠶᠢᠨ ᠬᠦᠭᠵᠢᠯᠳᠡ᠂ ᠨᠠᠮ ᠤᠨ ᠬᠡᠰᠢᠬᠦᠨ ᠤ ᠲᠠᠭᠤᠷᠢᠶᠠᠯ ᠦᠵᠡᠬᠦᠯᠬᠦ ᠦᠢᠯᠡᠳᠦᠯ ᠢ ᠪᠠᠳᠠᠷᠠᠭᠤᠯᠬᠤ ᠵᠢᠴᠢ ᠤᠳᠤᠬᠠᠨ ᠤ ᠤᠷᠤᠰᠢᠵᠦ ᠪᠠᠶᠢᠭ᠎ᠠ ᠬᠦᠴᠢᠷᠳᠡᠯ ᠤᠨ ᠲᠠᠯ᠎ᠠ ᠪᠠᠷ ᠬᠦᠨᠵᠡᠬᠡᠢ ᠰᠤᠳᠤᠯᠤᠨ ᠶᠠᠷᠢᠯᠴᠠᠪᠠ᠃ ᠸᠠᠩ ᠱᠤ᠋ ᠭᠤᠸᠠᠩ ᠲᠠᠷᠠᠭ᠎ᠠ ᠠᠯᠬᠤᠮ ᠎ ᠳᠤ ︽ᠬᠠᠮᠤᠭ ᠤᠨ ᠬᠦᠴᠦᠷᠬᠡᠭ ᠨᠠᠮ ᠤᠨ ᠡᠬᠦᠷ︾᠎ ᠤᠨ ᠪᠦᠳᠦᠬᠡᠨ ᠪᠠᠶᠢᠭᠤᠯᠤᠯᠳᠠ ᠶᠢᠨ ᠬᠢᠷᠢ  ᠲᠦᠪᠰᠢᠨ ᠶᠢ ᠬᠦᠴᠦ ᠲᠠᠯᠪᠢᠨ ᠲᠡᠬᠡᠭᠰᠢᠯᠡᠬᠦᠯᠵᠦ᠂ ᠨᠠᠮ ᠤᠨ ᠡᠬᠦᠷ ᠤᠨ ᠬᠦᠭᠵᠢᠯᠳᠡ ᠶᠢ ᠲᠠᠶᠢᠴᠢᠯᠠᠨ ᠲᠠᠭᠠᠭᠤᠯᠬ᠎ᠠ ᠪᠠ ᠪᠠᠶᠢᠯᠳᠤᠭᠠᠨ ᠤ ᠪᠠᠬᠢᠯᠡᠯᠳᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠪᠤᠲᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠤᠨᠴᠠᠯᠢᠭᠳᠦ ᠠᠵᠦ ᠦᠢᠯᠡᠰ ᠢ ᠰᠦᠪᠡᠭᠴᠢᠯᠡᠵᠦ᠂ ᠬᠦᠭᠵᠢᠯᠳᠡ ᠶᠢ ᠰᠠᠭᠤᠷᠢ ᠶᠢ ᠪᠠᠳᠤᠵᠢᠭᠤᠯᠤᠨ᠂ ᠨᠡᠶᠢᠳᠡ ᠶᠢᠨ ᠠᠵᠦ ᠠᠬᠤᠢ ᠶᠢᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠬᠡᠢ ᠨᠡᠮᠡᠭᠳᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠮᠵᠢ ᠶᠢ ᠪᠠᠬᠢᠵᠢᠬᠦᠯᠦᠨ ᠦᠷᠬᠡᠳᠬᠡᠵᠦ᠂ ᠰᠠᠭᠤᠭᠠᠯᠢ ᠠᠷᠠᠳ ᠮᠠᠯᠴᠢᠨ ᠲᠦᠮᠡᠨ ᠤ ᠵᠤᠯ ᠵᠢᠷᠭᠠᠯᠳᠤ ᠰᠡᠳᠬᠢᠯᠬᠡ᠂ ᠠᠮᠤᠷ ᠲᠦᠪᠰᠢᠨ ᠰᠡᠳᠬᠢᠯᠬᠡ ᠪᠠ ᠬᠦᠷᠳᠡᠮᠵᠢ ᠶᠢᠨ ᠨᠤᠷᠮ᠎ᠠ ᠶᠢ ᠦᠨᠡᠨᠬᠦ ᠲᠡᠬᠡᠭᠰᠢᠯᠡᠬᠦᠯᠬᠦ ᠶᠢ ᠬᠦᠰᠡᠵᠦ ᠪᠠᠶᠢᠨ᠎ᠠ ᠬᠡᠪᠡ᠃       ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠸᠠᠩ ᠱᠤ᠋ ᠭᠤᠸᠠᠩ ᠪᠠᠰᠠ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠠᠯᠪᠠᠨ ᠪᠠᠶᠢᠭᠤᠯᠭ᠎ᠠ ᠪᠠᠷ ᠬᠦᠷᠴᠦ᠂ ᠰᠤᠶᠤᠯ ᠲᠡᠤᠬᠡ ᠶᠢᠨ ᠤᠷᠳᠤᠨ ᠢᠶᠠᠷ ᠲᠤᠭᠤᠷᠢᠨ ᠦᠵᠡᠬᠦ᠂ ᠲᠤᠬᠠᠢ ᠶᠢᠨ ᠲᠠᠯᠠᠪᠤᠷ ᠲᠤ ᠬᠠᠷᠢᠭᠤ ᠮᠡᠳᠡᠬᠦᠯᠦᠯᠳᠡ ᠰᠤᠨᠤᠰᠬᠤ ᠬᠡᠯᠪᠡᠷᠢ ᠪᠠᠷ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠭᠤᠤᠯ ᠠᠷᠭ᠎ᠠ ᠬᠢᠳᠡᠯ᠂ ᠤᠨᠴᠠᠯᠢᠭᠳᠦ ᠬᠢᠯᠠᠰ ᠴᠢᠭ᠂ ᠤᠳᠤᠬᠢ ᠪᠠᠶᠢᠳᠠᠯ ᠵᠢᠴᠢ ᠲᠠᠷᠠᠭ᠎ᠠ ᠠᠯᠬᠤᠮ ᠤᠨ ᠠᠵᠢᠯ ᠤᠨ ᠲᠦᠯᠦᠪᠯᠡᠭᠡ ᠵᠡᠷᠬᠡ ᠶᠢ ᠦᠢᠯᠠᠭᠠᠭᠰᠠᠨ ᠪᠠᠶᠢᠨ᠎ᠠ᠃ ᠲᠡᠷᠡ᠂ ᠰᠢᠨ᠎ᠡ ᠪᠠᠷᠭᠤ ᠵᠡᠬᠦᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠨᠢ ᠲᠤᠰ ᠪᠡᠶ᠎ᠡ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠦᠨᠳᠦᠰᠦᠨ ᠱᠠᠳᠤᠨ ᠤ ᠬᠤᠷᠢᠶᠠᠨ ᠤ ᠠᠵᠢᠯᠯᠠᠬᠤ ᠲᠠᠰᠤᠭ ᠢ ᠲᠦᠷᠬᠡᠳᠬᠡᠨ ᠪᠦᠳᠦᠬᠡᠨ ᠪᠠᠶᠢᠭᠤᠯᠬᠤ ᠶᠢᠨ ᠵᠡᠷᠬᠡᠪᠡᠷ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠠᠬᠢᠭᠤᠯᠬᠤ᠂ ᠲᠤᠮᠳᠠᠳᠤ ᠎ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠬᠦᠯᠬᠦ᠂ ᠦᠨᠳᠦᠰᠦᠨ ᠱᠠᠳᠤᠨ ᠤ  ᠠᠷᠠᠳᠴᠢᠯᠠᠯ ᠢᠶᠠᠷ ᠵᠦᠪᠯᠡᠬᠦ ᠵᠡᠷᠬᠡ ᠲᠠᠯ᠎ᠠ ᠳᠤ ᠬᠦᠴᠦ ᠲᠠᠯᠪᠢᠨ᠂ ᠰᠢᠨ᠎ᠡ ᠪᠠᠷᠭᠤ ᠵᠡᠬᠦᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠰᠢᠨ᠎ᠡ ᠲᠦᠷᠢ ᠲᠦᠷᠬᠦ ᠶᠢ ᠲᠠᠰᠤᠷᠠᠯᠳᠠ ᠦᠬᠡᠢ ᠡᠬᠦᠳᠰᠦᠬᠡᠢ ᠬᠡᠵᠡᠢ᠃
 
ᠢᠷᠡᠯᠲᠡ᠄ ᠲᠧᠯᠸᠢᠰ ᠦᠨ ᠬᠣᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号