ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠡᠨᠧᠷᠭᠢ ᠶᠢᠨ ᠠᠶᠤᠯᠭᠦᠢ ᠲᠣᠭᠲᠠᠭᠤᠨ ᠬᠠᠩᠭᠠᠯᠭ᠎ᠠ ᠶᠢ ᠪᠠᠲᠤᠯᠠᠵᠤ ᠤᠯᠠᠨ ᠲᠦᠮᠡᠨ ᠤ ᠳᠤᠯᠠᠭᠠᠨ ᠡᠪᠦᠯᠵᠢᠬᠦ ᠶᠢ | ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ | ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠶ ᠠᠬᠢᠭᠤᠯᠬᠤ ᠲᠤᠬᠠᠶ ᠪᠠᠶᠢᠷᠢᠯᠠᠭᠤᠯᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 8 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠡᠨᠧᠷᠭᠢ ᠶᠢᠨ ᠠᠶᠤᠯᠭᠦᠶ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ | ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠵᠠᠶ︔ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ | ᠠᠵᠢᠯ ᠢ ᠢᠳᠡᠪᠬᠢᠲᠡᠶ ᠠᠬᠢᠭᠤᠯᠬᠤ ᠲᠤᠬᠠᠢ ᠪᠠᠶᠢᠷᠢᠯᠠᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠪᠦᠯ ᠤᠨ ᠠᠭᠤᠷ ᠣᠷᠣᠭᠰᠠᠨ ᠠᠴᠠ ᠨᠠᠭᠠᠰᠢ ᠠᠭᠠᠷ ᠤᠨ ᠳᠤᠯᠠᠭᠠᠨ | ᠥᠷᠭᠡᠨ ᠬᠡᠪᠴᠢᠶ᠎ᠡ ᠪᠠᠷ ᠪᠠᠭᠤᠷᠠᠭᠰᠠᠨ ᠵᠡᠷᠭᠡ ᠣᠯᠠᠨ ᠵᠦᠶ᠋ᠯ ᠤᠨ ᠬᠦᠴᠦᠨ ᠵᠦᠶ᠋ᠯ ᠤᠨ ᠨᠥᠯᠥᠭᠡ ᠠᠴᠠ ᠪᠣᠯᠵᠣ᠂ | ᠪᠥᠬᠦ ᠤᠯᠤᠰ ᠤᠨ ᠨᠡᠭᠦᠷᠡᠰᠦ᠂ ᠴᠠᠬᠢᠯᠭᠠᠨ᠂ ᠰᠢᠲᠠᠮᠠᠬᠠᠶ ᠬᠡᠶ ᠶᠢᠨ ᠬᠡᠷᠡᠭᠯᠡᠭᠡ ᠶᠡᠭᠡ ᠪᠠᠷ ᠨᠡᠮᠡᠭᠳᠡᠪᠡ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠨᠡᠭᠦᠷᠡᠰᠦ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠭᠠᠯᠭ᠎ᠠ ᠪᠠ | ᠬᠠᠩᠭᠠᠯᠭ᠎ᠠ ᠶᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠡᠳᠦᠷ ᠪᠦᠷᠢ ᠶᠢᠨ | ᠨᠡᠭᠦᠷᠡᠰᠦᠨ ᠤ ᠭᠠᠷᠤᠯᠲᠠ ᠥᠨᠳᠥᠷ ᠪᠠᠶᠢᠷᠢ ᠪᠠᠨ ᠪᠠᠲᠤᠯᠠᠵᠤ᠂ ᠴᠠᠬᠢᠯᠭᠠᠨ ᠭᠠᠷᠭᠠᠬᠤ ᠬᠡᠮᠵᠢᠶ᠎ᠡ᠂ ᠰᠢᠲᠠᠮᠠᠬᠠᠢ ᠬᠡᠢ | ᠬᠠᠩᠭᠠᠬᠤ ᠬᠡᠮᠵᠢᠶ᠎ᠡ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠷᠠᠳ ᠤᠨ ᠠᠮᠢᠳᠤᠷᠠᠯ ᠪᠣᠯᠤᠨ | ᠭᠤᠣᠯᠳᠠᠯᠭ᠎ᠠ ᠲᠠᠢ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠤᠨ | ᠬᠠᠮᠤᠭ ᠤᠨ ᠳᠣᠤᠷ᠎ᠠ ᠠᠭᠠᠷ ᠤᠨ ᠳᠤᠯᠠᠭᠠᠴᠠ ᠲᠡᠮᠳᠡᠭᠯᠡᠯ ᠲᠠᠢ ᠪᠣᠯᠤᠭᠰᠠᠨ ᠠᠴᠠ ᠨᠠᠭᠠᠰᠢᠬᠢ ᠲᠡᠦᠬᠡ ᠶᠢᠨ ᠲᠦᠢᠯ ᠤᠨ | ᠬᠡᠮᠵᠢᠭᠳᠡᠯ ᠢ ᠡᠭᠦᠳᠴᠦ᠂ ᠣᠳᠣᠬᠠᠨ ᠳᠤ ᠪᠠᠰᠠ ︽ᠭᠤᠷᠪᠠ ᠶᠢᠰᠦ︾ ᠣᠷᠣᠪᠠ᠂ ᠴᠠᠭ ᠠᠭᠤᠷ ᠤᠨ ᠰᠠᠯᠠᠭ᠎ᠠ | ᠮᠥᠴᠢᠷ ᠤᠨ ᠵᠢᠱᠢᠯᠲᠡ ᠶᠢ ᠦᠨᠳᠦᠰᠦᠯᠡᠪᠡᠯ᠂ ᠨᠢᠭᠡᠳᠦᠭᠡᠷ ᠰᠠᠷ᠎ᠠ ᠶᠢᠨ ᠳᠤᠮᠳᠠᠴᠢ ᠦᠶ᠎ᠡ ᠪᠠᠷ ᠪᠠᠰᠠ ᠬᠦᠢᠲᠡᠷᠡᠮᠡᠷ | ᠪᠠᠶᠢᠨ᠎ᠠ᠃ ᠬᠤᠷᠠᠯ ᠠᠴᠠ ᠡᠨᠧᠷᠭᠢ ᠶᠢᠨ ᠠᠶᠤᠯᠭᠦᠢ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ | ᠠᠮᠤᠷ ᠲᠦᠪᠰᠢᠨ ᠳᠤᠯᠠᠭᠠᠨ ᠡᠪᠦᠯᠵᠢᠬᠦ ᠶᠢ ᠲᠡᠷᠢᠭᠦᠨ ᠳᠤ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ | ᠱᠠᠭᠠᠷᠳᠠᠪᠠ᠃ ᠨᠡᠭᠦᠷᠡᠰᠦ ᠳᠤ ᠲᠤᠬᠢᠷᠠᠪᠠᠯ ᠨᠡᠭᠦᠷᠡᠰᠦ ᠬᠠᠩᠭᠠᠵᠤ᠂ ᠴᠠᠬᠢᠯᠭᠠᠨ ᠳᠤ ᠲᠤᠬᠢᠷᠠᠪᠠᠯ ᠴᠠᠬᠢᠯᠭᠠᠨ ᠬᠠᠩᠭᠠᠵᠤ | ᠂ ᠰᠢᠲᠠᠮᠠᠬᠠᠢ ᠬᠡᠢ ᠳᠤ ᠲᠤᠬᠢᠷᠠᠪᠠᠯ ᠰᠢᠲᠠᠮᠠᠬᠠᠢ ᠬᠡᠢ ᠬᠠᠩᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠳᠤᠯᠠᠭᠠᠯᠠᠭ᠎ᠠ | ᠢᠯᠠᠩᠭᠤᠶ᠎ᠠ ᠤᠮᠠᠷᠠᠲᠤ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠡᠨᠧᠷᠭᠢ ᠶᠢᠨ ᠪᠠᠲᠤᠯᠠᠭ᠎ᠠ ᠶᠢ ᠦᠷᠭᠦᠯᠵᠢᠯᠡᠨ | ᠰᠠᠶᠢᠲᠤᠷ ᠬᠢᠬᠦ ᠬᠡᠷᠡᠭᠲᠡᠢ᠃ ᠨᠢᠭᠡ ᠳᠤ ᠰᠢᠲᠠᠮᠠᠬᠠᠶ ᠬᠡᠶ ᠶᠢᠨ ᠠᠶ ᠰᠠᠪᠠ ᠶᠢᠨ ᠠᠮᠤᠷ ᠲᠦᠪᠰᠢᠨ ᠳᠠᠭᠠᠭᠠᠴᠠ | ᠳᠦᠭᠦᠷᠡᠩ ᠦᠶ᠋ᠯᠡᠳᠪᠦᠷᠢᠯᠡᠯ ᠢ ᠵᠣᠬᠢᠶᠠᠨ ᠪᠠᠶᠢᠭᠤᠯᠵᠤ᠂ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ ᠪᠠᠴᠢᠮ | ᠪᠠᠶᠢᠳᠠᠯ ᠢ ᠠᠷᠭᠠᠴᠠᠭᠠᠨ᠂ ᠬᠠᠩᠭᠠᠯᠭ᠎ᠠ ᠶᠢ ᠪᠠᠲᠤᠯᠠᠬᠤ ᠦᠶ᠋ᠯᠡᠳᠦᠯ ᠢ ᠨᠢ ᠭᠦᠶ᠋ᠴᠡᠳ ᠪᠠᠳᠠᠷᠠᠭᠤᠯᠵᠤ᠂ | ᠲᠣᠬᠢᠷᠠᠭᠤᠯᠤᠯᠲᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠳᠤᠯᠠᠭᠠᠯᠠᠬᠤ ᠳᠤ | ᠬᠡᠷᠡᠭᠯᠡᠬᠦ ᠰᠢᠲᠠᠮᠠᠬᠠᠢ ᠬᠡᠶ ᠶᠢ ᠪᠦᠲᠦᠮᠵᠢᠲᠡᠶ ᠪᠠᠲᠤᠯᠠᠬᠤ ᠬᠡᠷᠡᠭᠲᠡᠶ᠃ ᠬᠤᠶᠠᠷ ᠲᠤ ᠨᠡᠭᠦᠷᠡᠰᠦᠨ ᠤ ᠭᠤᠤᠯ | ᠭᠠᠷᠤᠯᠲᠠ ᠶᠢᠨ ᠣᠷᠣᠨ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ | ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ ᠳᠠᠯᠳᠠ ᠬᠦᠴᠦᠨ ᠢ ᠠᠭᠤᠳᠠᠯᠠᠨ ᠭᠠᠷᠤᠯᠲᠠ ᠨᠡᠮᠡᠭᠳᠡᠭᠦᠯᠵᠦ | ᠂ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠂ ᠨᠥᠭᠡᠴᠡ ᠪᠠᠨ ᠡᠮᠬᠢ ᠵᠢᠷᠤᠮ ᠲᠠᠢ ᠪᠠᠷ ᠬᠥᠳᠡᠯᠭᠡᠨ | ᠬᠡᠷᠡᠭᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠵᠢᠭᠦᠯᠵᠦ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ | ᠲᠡᠩᠴᠡᠭᠦᠷᠢ ᠶᠢ ᠪᠠᠲᠤᠯᠠᠬᠤ ᠬᠡᠷᠡᠭᠲᠡᠶ᠃ ᠭᠤᠷᠪᠠ ᠳᠤ ᠣᠯᠠᠨ ᠵᠦᠶ᠋ᠯ ᠤᠨ ᠴᠠᠬᠢᠯᠭᠠᠨ ᠡᠭᠦᠰᠭᠡᠭᠴᠢ ᠶᠢᠨ ᠮᠠᠰᠢᠨ ᠢᠶᠠᠨ | ᠨᠡᠭᠡᠭᠡᠵᠦ ᠣᠷᠭᠢᠯ ᠦᠶ᠎ᠡ ᠶᠢᠨ ᠴᠠᠬᠢᠯᠭᠠᠨ ᠬᠦᠴᠦᠨ ᠤ ᠬᠡᠷᠡᠭᠴᠡᠭᠡ ᠶᠢ ᠠᠷᠭᠠᠴᠠᠬᠤ ᠶᠢ ᠰᠠᠶᠢᠲᠤᠷ ᠲᠣᠬᠢᠷᠠᠭᠤᠯᠵᠤ᠂ | ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠭᠠᠵᠠᠷ ᠣᠷᠣᠨ ᠠᠴᠠ | ᠪᠤᠰᠤᠳ ᠭᠠᠵᠠᠷ ᠣᠷᠣᠨ ᠳᠤ ᠴᠠᠬᠢᠯᠭᠠᠨ ᠬᠦᠷᠭᠡᠬᠦ ᠶᠢ ᠳᠡᠮᠵᠢᠬᠦ ᠪᠠᠨ ᠴᠢᠩᠭᠠᠳᠬᠠᠵᠤ᠂ ᠴᠠᠬᠢᠯᠭᠠᠨ ᠬᠦᠴᠦᠨ ᠤ | ᠢᠯᠡᠭᠦᠦ ᠳᠤᠲᠠᠭᠤ ᠶᠢ ᠬᠠᠷᠢᠯᠴᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠶ᠃ ᠲᠦᠷᠪᠡ ᠳᠤ ᠡᠯ᠎ᠡ | ᠲᠠᠯ᠎ᠠ ᠶᠢᠨ ᠬᠢᠨ ᠤ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠵᠤ᠂ ᠭᠡᠷ᠎ᠡ ᠶᠣᠰᠣᠭᠠᠷ | ᠨᠡᠭᠦᠷᠡᠰᠦ᠂ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠩᠭᠠᠯᠭ᠎ᠠ ᠶᠢ ᠪᠠᠲᠤᠯᠠᠬᠤ ᠶᠢ | ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ | ᠬᠠᠩᠰᠢ ᠶᠢᠨ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠲᠠᠪᠤ ᠳᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠤᠷᠲᠤ ᠬᠤᠭᠤᠴᠠᠭᠠᠨ ᠤ ᠬᠦᠴᠦᠨ | ᠪᠦᠬᠦᠢ ᠲᠣᠭᠲᠠᠴᠠ ᠶᠢ ᠪᠦᠷᠢᠨᠰᠢᠭᠦᠯᠵᠦ᠂ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡ | ᠪᠣᠷᠣᠯᠠᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ | ᠬᠠᠳᠠᠭᠠᠯᠠᠬᠤ᠂ ᠨᠡᠭᠦᠷᠡᠰᠦ ᠬᠠᠳᠠᠭᠠᠯᠠᠬᠤ ᠪᠡᠯᠡᠳᠬᠡᠮᠵᠢ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠴᠠᠬᠢᠯᠭᠠᠨ | ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠨ ᠴᠠᠬᠢᠯᠭᠠᠨ ᠭᠠᠷᠭᠠᠯᠲᠠ ᠶᠢᠨ ᠣᠷᠭᠢᠯ | ᠦᠶ᠎ᠡ ᠶᠢᠨ ᠴᠠᠬᠢᠯᠭᠠᠨ ᠬᠡᠷᠡᠭᠯᠡᠭᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠨᠢ ᠰᠢᠨᠵᠢᠯᠡᠬᠦ ᠤᠬᠠᠭᠠᠨᠴᠢ ᠪᠠᠷ | ᠪᠠᠳᠠᠷᠠᠭᠤᠯᠵᠤ᠂ ᠡᠨᠧᠷᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠬᠠᠯᠠᠭᠤᠨ ᠬᠦᠶ᠋ᠲᠡᠨ ᠳᠤ ᠪᠠᠭ᠎ᠠ ᠶᠠᠪᠤᠳᠠᠯ ᠭᠡᠵᠦ | ᠥᠬᠡᠶ᠃ ᠠᠷᠠᠳ ᠤᠨ ᠠᠮᠢᠳᠤᠷᠠᠯ ᠳᠤ ᠬᠡᠷᠡᠭᠯᠡᠬᠦ ᠰᠢᠲᠠᠮᠠᠬᠠᠶ ᠬᠡᠢ᠂ ᠴᠠᠬᠢᠯᠭᠠᠨ᠂ ᠨᠡᠭᠦᠷᠡᠰᠦ ᠶᠢᠨ ᠬᠠᠩᠭᠠᠯᠭ᠎ᠠ ᠶᠢ | ᠦᠨᠡᠨ ᠬᠦ ᠰᠠᠶᠢᠲᠤᠷ ᠪᠠᠲᠤᠯᠠᠬᠤ ᠬᠡᠷᠡᠭᠲᠡᠶ᠂ ᠬᠥᠮᠥᠨ ᠤ ᠤᠷᠰᠢᠭ ᠠᠴᠠ ᠪᠣᠯᠵᠤ ᠬᠠᠩᠭᠠᠯᠭ᠎ᠠ ᠲᠠᠰᠤᠷᠠᠬᠤ ᠪᠠᠶᠢᠳᠠᠯ | ᠭᠠᠷᠬᠤ ᠶᠢ ᠣᠭᠲᠣ ᠵᠥᠪᠰᠢᠶᠡᠷᠡᠵᠦ ᠪᠣᠯᠬᠤ ᠦᠭᠡᠶ ᠪᠥᠭᠡᠳ ᠰᠢᠮᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ | ᠡᠷᠴᠢᠮ ᠢᠶᠠᠨ ᠨᠡᠮᠡᠭᠳᠡᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠪᠦᠲᠦᠮᠵᠢᠲᠡᠶ ᠰᠢᠶ᠋ᠳᠪᠦᠷᠢᠯᠡᠵᠦ | ᠂ ᠠᠷᠠᠳ ᠣᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠨᠢ | ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ | ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠳᠤ ᠬᠤᠯᠪᠣᠭᠳᠠᠨ᠎ᠠ᠃ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠲᠠᠢ ᠲᠡᠮᠡᠴᠡᠬᠦ ᠦᠢᠯᠡᠳᠦᠯᠭᠡ ᠲᠠᠢ ᠤᠶᠠᠯᠳᠤᠭᠤᠯᠵᠤ᠂ ᠬᠤᠯᠪᠣᠭᠳᠠᠯ ᠪᠦᠬᠦᠢ ᠬᠠᠤᠯᠢ | ᠴᠠᠭᠠᠵᠠ ᠶᠢ ᠴᠠᠭ ᠲᠤᠬᠠᠢ ᠳᠤ ᠨᠢ ᠪᠦᠷᠢᠨᠰᠢᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠨᠡᠩ | ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ ᠬᠤᠷᠠᠯ ᠠᠴᠠ ᠱᠠᠭᠠᠷᠳᠠᠭᠰᠠᠨ ᠨᠢ ᠬᠠᠤᠯᠢ | ᠲᠣᠭᠲᠠᠭᠠᠬᠤ ᠲᠥᠯᠥᠪᠯᠡᠭᠡ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ ᠶᠢ ᠢᠳᠡᠪᠬᠢᠲᠡᠶ ᠠᠬᠢᠭᠤᠯᠬᠤ ᠶᠢᠨ ᠬᠠᠮᠲᠤ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠢ ᠵᠣᠯᠭᠠᠭᠤᠯᠬᠤ ᠬᠡᠷᠡᠭᠲᠡᠶ | ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠶᠢ | ᠳᠣᠪᠤᠶᠢᠯᠭᠠᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ | ᠴᠢᠩᠳᠠᠯᠠᠨ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠬᠦ ᠪᠠ ᠢᠯᠡ ᠪᠠᠷ | ᠨᠡᠶᠢᠲᠡᠯᠡᠬᠦ ᠲᠦᠷᠢᠮ ᠢ ᠰᠠᠶᠢᠵᠢᠷᠠᠭᠤᠯᠵᠤ᠂ ᠬᠠᠯᠳᠠᠪᠤᠷᠢᠲᠤ ᠡᠪᠡᠳᠴᠢᠨ ᠤ ᠲᠦᠷᠦᠯ ᠵᠦᠢᠯ ᠢ ᠲᠣᠭᠲᠠᠭᠠᠬᠤ ᠪᠠ | ᠪᠠᠴᠢᠮ ᠬᠠᠮᠢᠶᠠᠷᠤᠨ ᠬᠤᠷᠢᠭᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠣᠭᠲᠠᠭᠠᠯ ᠢ ᠪᠦᠷᠢᠨᠰᠢᠭᠦᠯᠵᠦ᠂ | ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠨ ᠢ ᠡᠮᠨᠡᠨ | ᠵᠠᠰᠠᠬᠤ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠬᠠᠤᠯᠢ ᠶᠢ ᠵᠥᠷᠢᠴᠡᠭᠰᠡᠨ | ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠠᠤᠯᠢ ᠴᠠᠭᠠᠵᠠ ᠳᠤ | ᠵᠠᠰᠠᠪᠤᠷᠢ ᠣᠷᠣᠭᠤᠯᠤᠨ ᠪᠦᠷᠢᠨᠰᠢᠭᠦᠯᠦᠭᠰᠡᠨ ᠤ ᠳᠠᠷᠠᠭ᠎ᠠ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠤᠨ᠂ ᠳᠡᠰ | ᠳᠠᠷᠠᠭᠠᠯᠠᠯ ᠶᠣᠰᠣᠭᠠᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ | ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠴᠢᠨᠠᠭᠰᠢᠯᠠᠪᠠᠯ ᠬᠡᠰᠡᠭ | ᠭᠠᠵᠠᠷ ᠲᠤ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠪᠡ᠃ ᠦᠷᠭᠦᠯᠵᠢᠯᠡᠨ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠠᠳᠬᠤᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ | ᠲᠣᠭᠲᠠᠴᠠ ᠶᠢᠨ ᠬᠢᠨ ᠣᠷᠣᠨ ᠨᠤᠲᠤᠭ ᠪᠣᠯᠤᠨ ᠬᠠᠮᠢᠶ᠎ᠠ ᠪᠥᠬᠦᠶ ᠲᠠᠯ᠎ᠠ ᠳᠤ ᠵᠢᠯᠣᠭᠤᠳᠤᠨ ᠵᠣᠬᠢᠴᠠᠭᠤᠯᠬᠤ ᠪᠠᠨ | ᠴᠢᠩᠭᠠᠳᠬᠠᠵᠤ᠂ ︽ᠳᠥᠷᠪᠡᠨ ᠡᠷᠲᠡ︾ ᠶᠢ ᠪᠠᠷᠢᠮᠲᠠᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠮᠴᠢᠯᠡᠭᠡ ᠪᠠᠷ ᠠᠪᠤᠷᠠᠨ ᠵᠠᠰᠠᠬᠤ | ᠂ ᠡᠪᠡᠳᠴᠢᠨ ᠤ ᠡᠬᠢ ᠰᠤᠷᠪᠤᠯᠵᠢ ᠶᠢ ᠮᠥᠷᠳᠡᠬᠦ ᠵᠡᠷᠭᠡ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ | ᠰᠢᠶ᠋ᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠦᠨᠡᠨ ᠠᠴᠠ ᠵᠥᠪ ᠢ ᠡᠷᠢᠵᠦ᠂ ᠮᠡᠳᠡᠭᠡ ᠵᠠᠩᠭᠢ ᠶᠢ ᠢᠯᠡ | ᠲᠣᠳᠣ ᠨᠡᠶᠢᠲᠡᠯᠡᠵᠦ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | |